ᠮᠠᠨ ᠤ ᠤᠷᠤᠨ 1007 ᠠᠵᠢᠯ ᠲᠦᠷᠦᠯ ᠤᠨ ᠴᠠᠯᠢᠩ ᠤᠨ ᠵᠢᠯᠣᠭᠤᠳᠬᠤ ᠲᠤᠭ᠎ᠠ ᠬᠡᠮᠵᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2015/11/10
      ᠤᠶᠢᠷ᠎ᠠ ᠶᠢᠨ ᠡᠳᠦᠷ᠂ ᠮᠠᠨ ᠤ ᠤᠷᠤᠨ 2015 ᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠴᠠᠯᠢᠩ ᠤᠨ ᠵᠢᠯᠣᠭᠤᠳᠬᠤ ᠲᠤᠭ᠎ᠠ ᠬᠡᠮᠵᠢᠶ᠎ᠡ ᠪᠠ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ᠠᠩᠬ᠎ᠠ ᠠᠵᠢᠯ ᠣᠯᠤᠭᠰᠠᠨ ᠴᠠᠯᠢᠩ ᠤᠨ ᠵᠢᠯᠣᠭᠤᠳᠬᠤ ᠲᠤᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠤᠷᠤᠨ ᠤ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠵᠡᠷᠭᠡ 18 ᠠᠵᠢᠯ ᠮᠡᠷᠭᠡᠵᠢᠯ ᠤᠨ 1007 ᠠᠵᠢᠯ ᠲᠦᠷᠦᠯ ᠢ ᠬᠠᠮᠤᠷᠴᠤ᠂ ᠮᠠᠨ ᠤ ᠤᠷᠤᠨ ᠤ ᠠᠵᠤ ᠠᠬᠤᠶᠢᠯᠠᠯ ᠳᠤ ᠬᠦᠳᠡᠯᠮᠦᠷᠢᠴᠢᠳ ᠤ ᠴᠠᠯᠢᠩ ᠤᠨ ᠬᠢᠷᠢ ᠬᠡᠮᠵᠢᠶ᠎ᠡ ᠶᠢ ᠵᠣᠬᠢᠰᠲᠠᠢ ᠲᠣᠭᠲᠠᠭᠠᠬᠤ ᠵᠢᠴᠢ ᠴᠠᠯᠢᠩ ᠢ ᠬᠠᠮᠲᠤᠪᠠᠷ ᠵᠥᠪᠳᠡᠯᠴᠡᠬᠦ ᠶᠢ ᠦᠷᠨᠢᠭᠦᠯᠬᠦ ᠳᠤ ᠴᠢᠬᠤᠯᠠ ᠦᠨᠳᠦᠰᠦᠯᠡᠯ ᠬᠠᠩᠭᠠᠪᠠ᠃      ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠴᠠᠯᠢᠩ ᠤᠨ ᠵᠢᠯᠣᠭᠤᠳᠬᠤ ᠲᠤᠭ᠎ᠠ ᠬᠡᠮᠵᠢᠶ᠎ᠡ ᠶᠢ ᠨᠡᠶᠢᠲᠡᠯᠡᠭᠰᠡᠨ ᠠᠶᠢᠮᠠᠭ ᠬᠤᠲᠠ ᠶᠢᠨ ᠪᠠᠶᠢᠳᠠᠯ ᠠᠴᠠ ᠦᠵᠡᠪᠡᠯ᠂ ᠠᠵᠢᠯ ᠮᠡᠷᠭᠡᠵᠢᠯ ᠢᠶᠠᠷ ᠠᠩᠭᠢᠯᠠᠪᠠᠯ᠂ ᠮᠥᠩᠭᠦᠨ ᠭᠦᠢᠯᠭᠡᠭᠡᠨ ᠤ ᠠᠵᠢᠯ ᠮᠡᠷᠭᠡᠵᠢᠯ ᠮᠥᠨ ᠯᠡ ᠨᠡᠯᠢᠶᠡᠳ ᠥᠨᠳᠥᠷ ᠪᠠᠶᠢᠵᠤ᠂ ᠵᠢᠯ ᠤᠨ ᠴᠠᠯᠢᠩ ᠨᠢ ᠦᠨᠳᠦᠰᠦᠨ ᠳᠡᠭᠡᠨ ᠪᠠᠷᠤᠭ 10 ᠲᠦᠮᠡᠨ ᠲᠦᠭᠦᠷᠢᠭ ᠬᠦᠷᠬᠦ ᠪᠣᠯᠤᠨ᠎ᠠ᠃ ᠲᠤᠭ᠎ᠠ ᠬᠡᠮᠵᠢᠶ᠎ᠡ ᠪᠠᠷ ᠬᠠᠮᠤᠭ ᠤᠨ ᠳᠣᠣᠷ᠎ᠠ ᠨᠢ ᠲᠠᠷᠢᠶᠠᠯᠠᠩ᠂ ᠤᠢ ᠰᠢᠭᠤᠢ᠂ ᠵᠢᠭᠠᠰᠤᠨ ᠠᠵᠤ ᠠᠬᠤᠢ᠂ ᠤᠰᠤᠨ ᠠᠰᠢᠭᠯᠠᠯᠲᠠ ᠶᠢᠨ ᠦᠢᠯᠡᠳᠪᠦᠷᠢᠯᠡᠭᠴᠢ ᠵᠢᠴᠢ ᠬᠦᠳᠡᠯᠮᠦᠷᠢ ᠬᠦᠴᠦ ᠨᠢᠭᠲᠠ ᠪᠦᠭᠡᠮᠨᠡᠷᠡᠭᠰᠡᠨ ᠠᠵᠢᠯ ᠮᠡᠷᠭᠡᠵᠢᠯ ᠤᠨ ᠲᠤᠭ᠎ᠠ ᠬᠡᠮᠵᠢᠶ᠎ᠡ ᠨᠢ 5 ᠲᠦᠮᠡᠨ ᠲᠦᠭᠦᠷᠢᠭ ᠪᠣᠶᠤ 5 ᠲᠦᠮᠡᠨ ᠲᠦᠭᠦᠷᠢᠭ ᠠᠴᠠ ᠳᠣᠷᠤᠭᠰᠢ ᠪᠠᠶᠢᠵᠤ᠂ ᠡᠯ᠎ᠡ ᠠᠵᠢᠯ ᠮᠡᠷᠭᠡᠵᠢᠯ ᠤᠨ ᠵᠦᠷᠢᠶ᠎ᠡ ᠮᠦᠨ ᠮᠠᠰᠢ ᠢᠯᠡᠳᠲᠡ ᠪᠠᠶᠢᠨ᠎ᠠ᠃      ᠨᠢᠭᠡᠴᠡ ᠶᠢᠨ ᠬᠠᠷᠢᠭᠤᠴᠠᠯᠭᠠᠲᠠᠨ ᠤ ᠴᠠᠯᠢᠩ ᠤᠨ ᠵᠢᠯᠤᠭᠤᠳᠬᠤ ᠲᠤᠭ᠎ᠠ ᠬᠡᠮᠵᠢᠶ᠎ᠡ ᠶᠢᠨ ᠲᠠᠯ᠎ᠠ ᠪᠠᠷ᠂ ᠠᠵᠤ ᠠᠬᠤᠶᠢᠯᠠᠯ ᠤᠨ ᠬᠡᠷᠡᠭ ᠮᠡᠳᠡᠭᠴᠢ ᠶᠢᠨ ︽ᠪᠡᠶ᠎ᠡ ᠶᠢᠨ ᠦᠨ᠎ᠡ︾ ᠬᠠᠮᠤᠭ ᠠᠴᠠ ᠦᠨᠳᠦᠷ᠂ ᠭᠡᠲᠡᠯ᠎ᠡ ᠡᠯ᠎ᠡ ᠠᠶᠢᠮᠠᠭ ᠬᠤᠲᠠ ᠶᠢᠨ ᠵᠦᠷᠢᠶ᠎ᠡ ᠨᠡᠯᠢᠶᠡᠳ ᠶᠡᠭᠡ᠂ ᠳᠤᠮᠳᠠ ᠪᠠᠷᠠᠭᠤᠨ ᠤᠷᠤᠨ ᠶᠡᠷᠦᠩᠬᠡᠢ ᠳᠡᠭᠡᠨ ᠦᠨᠳᠦᠷ ᠪᠠᠶᠢᠵᠤ᠂ ᠬᠦᠬᠡᠬᠤᠲᠠ᠂ ᠣᠷᠳᠤᠰ ᠵᠡᠷᠭᠡ ᠭᠠᠵᠠᠷ ᠤᠨ ᠵᠢᠯ ᠤᠨ ᠴᠠᠯᠢᠩ ᠨᠢ ᠪᠠᠷᠤᠭ 30 — 40 ᠲᠦᠮᠡᠨ ᠲᠦᠭᠦᠷᠢᠭ ᠲᠤ ᠬᠦᠷᠦᠨ᠎ᠡ᠃ ᠡᠭᠦᠨ ᠲᠠᠢ ᠠᠳᠠᠯᠢᠳᠬᠠᠪᠠᠯ᠂ ᠵᠡᠭᠦᠨ ᠤᠷᠤᠨ ᠤ ᠠᠶᠢᠮᠠᠭ ᠬᠤᠲᠠ ᠶᠢᠨ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠵᠢᠯ ᠤᠨ ᠴᠠᠯᠢᠩ ᠪᠠᠷᠤᠭᠲᠠᠶᠢᠬᠠᠨ ᠪᠠᠶᠢᠨ᠎ᠠ᠃      ᠲᠤᠭ᠎ᠠ ᠪᠦᠷᠢᠳᠬᠡᠯ ᠢ ᠦᠨᠳᠦᠰᠦᠯᠡᠪᠡᠯ᠂ ᠰᠤᠷᠤᠯᠭ᠎ᠠ ᠶᠢᠨ ᠨᠠᠮᠲᠠᠷ ᠨᠢ ᠬᠡᠳᠦᠢ ᠦᠨᠳᠦᠷ ᠪᠠᠶᠢᠪᠠᠯ ᠣᠷᠤᠯᠭ᠎ᠠ ᠎ ᠨᠢ ᠴᠦ ᠲᠡᠳᠦᠢ ᠦᠨᠳᠦᠷ ᠪᠣᠯᠤᠨ᠎ᠠ᠃ ᠬᠦᠬᠡᠬᠤᠲᠠ ᠪᠠᠷ ᠵᠢᠱᠢᠶᠡᠯᠡᠪᠡᠯ᠂ ᠠᠰᠫᠢᠷᠠᠨᠲ ︵ᠳ᠋ᠣᠺᠲ᠋ᠣᠷ᠂ ᠮᠠᠰᠲ᠋ᠧᠷ ᠢ ᠪᠠᠭᠲᠠᠭᠠᠨ᠎ᠠ︶᠎ ᠶᠢᠨ ᠵᠢᠯ ᠤᠨ ᠴᠠᠯᠢᠩ ᠤᠨ ᠦᠨᠳᠦᠷ ᠨᠢ 260000 ᠲᠦᠭᠦᠷᠢᠭ᠂ ᠳᠤᠮᠳᠠ ᠵᠡᠷᠭᠡ ᠨᠢ 45720 ᠲᠦᠭᠦᠷᠢᠭ᠂ ᠳᠣᠣᠷ᠎ᠠ ᠴᠠᠯᠢᠩ ᠨᠢ 32400 ᠲᠦᠭᠦᠷᠢᠭ᠂ ᠳᠤᠮᠳᠠᠴᠢ ᠪᠠᠷ 78677 ᠲᠦᠭᠦᠷᠢᠭ ᠪᠣᠯᠤᠨ᠎ᠠ᠃ ᠵᠢᠩᠬᠢᠨᠢ ᠠᠩᠭᠢ ᠶᠢᠨ ᠵᠢᠯ ᠤᠨ ᠴᠠᠯᠢᠩ ᠤᠨ ᠦᠨᠳᠦᠷ ᠨᠢ 184559 ᠲᠦᠭᠦᠷᠢᠭ᠂ ᠳᠤᠮᠳᠠ ᠵᠡᠷᠭᠡ ᠨᠢ 37506 ᠲᠦᠭᠦᠷᠢᠭ᠂ ᠳᠣᠣᠷ᠎ᠠ ᠴᠠᠯᠢᠩ ᠨᠢ 27600 ᠲᠦᠭᠦᠷᠢᠭ᠂ ᠳᠤᠮᠳᠠᠴᠢ ᠪᠠᠷ 57886 ᠲᠦᠭᠦᠷᠢᠭ ᠪᠣᠯᠤᠨ᠎ᠠ︔ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠶᠢᠨ ᠵᠢᠯ ᠤᠨ ᠴᠠᠯᠢᠩ ᠤᠨ ᠦᠨᠳᠦᠷ ᠨᠢ 96000 ᠲᠦᠭᠦᠷᠢᠭ᠂ ᠳᠤᠮᠳᠠ ᠵᠡᠷᠭᠡ ᠨᠢ 30662 ᠲᠦᠭᠦᠷᠢᠭ᠂ ᠳᠣᠣᠷ᠎ᠠ ᠴᠠᠯᠢᠩ ᠨᠢ 25000 ᠲᠦᠭᠦᠷᠢᠭ ᠪᠠᠶᠢᠵᠤ᠂ ᠳᠤᠮᠳᠠᠴᠢ ᠪᠠᠷ 40962 ᠲᠦᠭᠦᠷᠢᠭ ᠪᠣᠯᠤᠨ᠎ᠠ᠃      ᠪᠦᠬᠦᠶᠢᠯᠡ ᠴᠣᠭᠴᠠ ᠠᠴᠠ ᠦᠵᠡᠪᠡᠯ᠂ ᠦᠪᠡᠷᠲᠡᠭᠡᠨ ᠵᠠᠰᠠᠬᠤ ᠤᠷᠤᠨ ᠤ ᠴᠠᠯᠢᠩ ᠤᠨ ᠵᠢᠯᠤᠭᠤᠳᠬᠤ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠯ ᠲᠠᠢ ᠪᠠᠶᠢᠬᠤ ᠪᠠᠶᠢᠳᠠᠯ ᠢᠶᠠᠨ ᠪᠠᠲᠤᠯᠠᠭᠰᠠᠨ ᠪᠣᠯᠪᠠᠴᠤ ᠠᠳᠠᠯᠢ ᠪᠣᠰᠤ ᠭᠠᠵᠠᠷ ᠤᠷᠤᠨ ᠤ ᠨᠡᠮᠡᠭᠳᠡᠯ ᠤᠨ ᠬᠡᠮᠵᠢᠶ᠎ᠡ ᠶᠢᠨ ᠳᠡᠭᠡᠷ᠎ᠡ ᠳᠣᠣᠷ᠎ᠠ ᠨᠢ ᠲᠡᠩᠴᠡᠭᠦᠨ ᠪᠢᠰᠢ᠂ ᠠᠳᠠᠯᠢ ᠪᠣᠰᠤ ᠠᠵᠢᠯ ᠮᠡᠷᠭᠡᠵᠢᠯ ᠤᠨ ᠬᠤᠭᠤᠷᠤᠨᠳᠤᠬᠢ ᠵᠥᠷᠢᠶ᠎ᠡ ᠨᠢ ᠴᠦ ᠨᠡᠯᠢᠶᠡᠳ ᠶᠡᠭᠡ ᠪᠠᠶᠢᠨ᠎ᠠ᠃ ᠴᠠᠯᠢᠩ ᠤᠨ ᠵᠢᠯᠤᠭᠤᠳᠬᠤ ᠲᠤᠭ᠎ᠠ ᠬᠡᠮᠵᠢᠶ᠎ᠡ ᠶᠢᠨ ᠨᠡᠮᠡᠭᠳᠡᠯ ᠠᠴᠠ ᠦᠵᠡᠪᠡᠯ᠂ ᠪᠠᠷᠠᠭᠤᠨ ᠤᠷᠤᠨ ᠦᠨᠳᠦᠷ ᠵᠡᠭᠦᠨ ᠤᠷᠤᠨ ᠳᠣᠣᠷ᠎ᠠ ᠪᠠᠶᠢᠳᠠᠯ ᠢᠯᠡᠷᠡᠵᠦ᠂ ᠳᠤᠮᠳᠠ ᠪᠠᠷᠠᠭᠤᠨ ᠤᠷᠤᠨ ᠤ ᠨᠡᠮᠡᠭᠳᠡᠯ ᠤᠨ ᠬᠡᠮᠵᠢᠶ᠎ᠡ ᠬᠠᠮᠤᠭ ᠠᠴᠠ ᠦᠨᠳᠦᠷ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号