| 11 ᠳ᠋ᠤᠭᠡᠷ ᠰᠠᠷ᠎ᠠ ᠶᠢᠨ 3 ᠤ ᠡᠳᠦᠷ᠂ ᠪᠦᠬᠦ ᠣᠷᠣᠨ ᠤ ᠬᠤᠶᠠᠳᠤᠭᠠᠷ ᠤᠳᠠᠭᠠᠨ ᠤ ᠪᠦᠬᠦ ᠤᠯᠤᠰ ᠤᠨ | ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠥᠯᠭᠢᠨ ᠠᠬᠢᠭᠤᠯᠬᠤ ᠬᠤᠷᠠᠯ ᠪᠤᠭᠤᠲᠤ ᠳᠤ | ᠬᠤᠷᠠᠯᠳᠤᠪᠠ᠂ ᠬᠤᠷᠠᠯ ᠳᠤ ᠡᠮᠦᠨᠡᠬᠢ ᠨᠢᠭᠡ ᠱᠠᠲᠤᠨ ᠤ ᠠᠵᠢᠯ ᠤᠨ ᠪᠠᠶᠢᠳᠠᠯ ᠢ ᠳ᠋ᠦᠡᠭᠨᠡᠵᠤ᠂ ᠳᠠᠷᠠᠭᠠᠴᠢ ᠶᠢᠨ ᠨᠢᠭᠡ | ᠱᠠᠲᠤᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠤᠨ | ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠡᠷᠬᠢᠯᠡᠭᠴᠢ᠂ ᠠᠷᠠᠳ ᠤᠨ ᠶᠠᠪᠤᠳᠠᠯ ᠤᠨ ᠲᠢᠩᠬᠢᠮ ᠤᠨ | ᠳᠡᠳ᠋ ᠳᠠᠷᠤᠭ᠎ᠠ ᠬᠤᠸᠠᠩ ᡁᠢ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠤᠷᠠᠯ ᠳᠡᠭᠡᠷ᠎ᠡ᠂ ᠪᠤᠭᠤᠲᠤ | ᠬᠤᠳᠠ ᠪᠤᠯᠤᠨ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠵᠡᠷᠭᠡ ᠲᠤᠯᠤᠭᠠᠨ ᠠᠶᠢᠮᠠᠭ ᠬᠤᠳᠠ ᠪᠣᠯᠤᠨ ᠬᠤᠰᠢᠭᠤ | ᠰᠢᠶᠠᠨ ᠲᠣᠭᠤᠷᠢᠭ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠲᠤᠷᠰᠢᠯᠭ᠎ᠠ ᠪᠠᠨ | ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠡᠯ᠎ᠡ ᠠᠶᠢᠮᠠᠭ ᠬᠤᠳᠠ ᠯᠤᠭ᠎ᠠ 2015 ᠣᠨ ᠤ ᠬᠤᠶᠠᠳᠤᠭᠠᠷ | ᠤᠳᠠᠭᠠᠨ ᠤ ᠪᠦᠬᠦ ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠬᠤᠷᠠᠯ ᠠᠴᠠ ᠦᠵᠡᠭᠰᠡᠨ ᠨᠢ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦ ᠣᠷᠣᠨ ᠤ ᠬᠤᠶᠠᠳᠤᠭᠠᠷ ᠤᠳᠠᠭᠠᠨ ᠤ ᠪᠦᠬᠦ | ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ ᠠᠴᠠ | ᠨᠠᠰᠢ᠂ ᠡᠯ᠎ᠡ ᠠᠶᠢᠮᠠᠭ ᠬᠤᠳᠠ ᠶᠢᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ | ᠰᠢᠰᠲ᠋ᠧᠮᠵᠢ ᠪᠠᠶᠢᠭᠤᠯᠬᠤ᠂ ᠠᠵᠢᠯ ᠤᠨ ᠵᠢᠷᠤᠮᠵᠢᠯ ᠢ ᠲᠤᠭᠲᠠᠭᠠᠬᠤ᠂ ᠪᠤᠯᠪᠠᠰᠤᠷᠠᠭᠤᠯᠤᠯ ᠤᠬᠠᠭᠤᠯᠭ᠎ᠠ ᠦᠷᠨᠢᠬᠦᠯᠬᠦ᠂ | ᠠᠵᠢᠯ ᠤᠨ ᠰᠠᠭᠤᠷᠢ ᠪᠠᠨ ᠪᠠᠲᠤᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠨᠡᠶᠢᠳᠡᠮ | ᠪᠠᠶᠢᠴᠠᠭᠠᠬᠤ ᠠᠵᠢᠯ ᠢ ᠪᠦᠬᠦ ᠬᠦᠴᠦ ᠪᠠᠷ ᠢᠶᠠᠨ ᠲᠦᠯᠬᠢᠠ ᠠᠬᠢᠭᠤᠯᠵᠤ᠂ ᠵᠣᠬᠢᠬᠤ ᠠᠮᠵᠢᠯᠲᠠ ᠣᠯᠤᠭᠰᠠᠨ ᠪᠠᠶᠢᠨ᠎ᠠ᠃ | ᠭᠡᠪᠡᠴᠦ ᠵᠠᠷᠢᠮ ᠭᠠᠵᠠᠷ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠲᠦᠯᠬᠢᠠ | ᠠᠬᠢᠭᠤᠯᠬᠤ ᠬᠤᠷᠳᠤᠴᠠ ᠨᠢ ᠤᠳᠠᠭᠠᠨ᠂ ᠬᠥᠮᠦᠨ ᠲᠤᠬᠢᠷᠠᠭᠤᠯᠤᠯᠲᠠ ᠨᠢ ᠬᠦᠷᠦᠯᠴᠡᠬᠦ ᠦᠭᠡᠢ᠂ ᠪᠡᠯᠡ ᠮᠥᠩᠭᠦ ᠶᠢᠨ | ᠪᠠᠲᠤᠯᠠᠭ᠎ᠠ ᠨᠢ ᠬᠦᠴᠦᠨ ᠦᠭᠡᠢ᠂ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠬᠢᠨ ᠦᠢᠯᠡᠳᠦᠯ ᠪᠠᠳᠠᠷᠠᠭᠤᠯᠬᠤ | ᠨᠢ ᠪᠠᠷᠤᠭᠲᠠᠢ ᠪᠠᠶᠢᠬᠤ ᠵᠢᠴᠢ ᠨᠡᠶᠢᠳᠡᠮ ᠪᠠᠶᠢᠴᠠᠭᠠᠬᠤ ᠶᠢ ᠬᠦᠡᠭᠭᠡᠪᠴᠢᠯᠡᠨ᠂ ᠦᠷ᠎ᠡ ᠪᠦᠲᠦᠭᠡᠯ ᠢ ᠴᠢᠬᠤᠯᠠᠴᠢᠯᠠᠬᠤ | ᠵᠡᠷᠭᠡ ᠠᠰᠠᠭᠤᠳᠠᠯ ᠮᠦᠨᠬᠦ ᠤᠷᠤᠰᠢᠵᠤ ᠪᠠᠶᠢᠨ᠎ᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ | ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠨᠢ ᠨᠢᠭᠡᠨᠲᠡ ᠪᠦᠬᠦ | ᠲᠠᠯ᠎ᠠ ᠪᠠᠷ ᠲᠦᠯᠬᠢᠨ ᠠᠬᠢᠭᠤᠯᠬᠤ ᠰᠢᠪᠲᠤᠯᠦᠯᠲᠠ ᠶᠢᠨ ᠱᠠᠲᠤᠨ ᠳᠤ ᠤᠷᠤᠪᠠ᠂ ᠡᠯ᠎ᠡ ᠭᠠᠵᠠᠷ ᠤᠳ ᠲᠠᠨᠢᠯᠲᠠ ᠪᠠᠨ | ᠤᠯᠠᠮ ᠳᠡᠭᠡᠭᠰᠢᠯᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠳᠡᠭᠡᠷ᠎ᠡ ᠦᠵᠡᠯ ᠰᠠᠨᠠᠭ᠎ᠠ ᠪᠠᠨ ᠨᠢᠭᠡᠳᠬᠡᠨ᠂ ᠲᠤᠯᠭᠠᠮ᠎ᠠ | ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠬᠦᠴᠦᠲᠡᠶ ᠠᠷᠭ᠎ᠠ | ᠬᠡᠮᠵᠢᠶ᠎ᠡ ᠠᠪᠴᠤ᠂ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠵᠤ᠂ ᠲᠤᠭ᠎ᠠ ᠬᠡᠮᠵᠢᠶ᠎ᠡ ᠶᠢ | ᠪᠠᠲᠤᠯᠠᠵᠤ᠂ ᠨᠡᠶᠢᠳᠡᠮ ᠪᠠᠶᠢᠴᠠᠭᠠᠯᠲᠠ ᠶᠢ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠵᠤ᠂ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠨᠠᠶᠢᠳᠠᠪᠤᠷᠢᠵᠢᠭᠤᠯᠬᠤ᠂ ᠡᠭᠦᠷᠭᠡ ᠶᠢᠨ ᠵᠠᠳᠠᠯᠤᠯᠲᠠ ᠶᠢ | ᠨᠠᠶᠢᠳᠠᠪᠤᠷᠢᠵᠢᠭᠤᠯᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ | ︽442︾ ᠬᠠᠷᠠᠯᠲᠠ ᠶᠢᠨ ᠡᠭᠦᠷᠭᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ ᠬᠡᠪᠡ᠃ ᠬᠤᠷᠠᠯ ᠳᠠᠭᠤᠰᠤᠭᠰᠠᠨ ᠤ ᠲᠠᠷᠠᠭ᠎ᠠ ᠬᠤᠶᠠᠷ ᠡᠳᠦᠷ ᠤᠨ ᠴᠠᠭ ᠢ ᠠᠰᠢᠭᠯᠠᠨ ᠭᠠᠵᠠᠷ ᠤᠨ | ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠬᠢ ᠡᠷᠬᠢᠯᠡᠵᠤ᠂ | ᠭᠠᠵᠠᠷ ᠤᠨ ᠨᠡᠷ᠎ᠡ ᠶᠢᠨ ᠰᠢᠨᠵᠢ ᠴᠢᠨᠠᠷ ᠤᠨ ᠮᠡᠳᠡᠭᠡ ᠵᠠᠩᠭᠢ ᠴᠤᠭᠯᠠᠭᠤᠯᠬᠤ᠂ ᠭᠠᠵᠠᠷ ᠤᠨ ᠭᠠᠳᠠᠷᠭᠤ ᠶᠢᠨ ᠵᠢᠷᠤᠭ ᠢ | ᠵᠠᠰᠠᠵᠤ ᠬᠡᠮᠵᠢᠬᠦ ᠮᠡᠷᠭᠡᠵᠢᠯ᠂ ᠠᠯᠤᠰ ᠰᠡᠷᠡᠯ ᠤᠨ ᠰᠢᠩᠭᠡᠭᠡᠯᠲᠡ ᠵᠢᠷᠤᠭ ᠢ ᠮᠠᠭᠠᠳᠯᠠᠬᠤ᠂ ᠳ᠋ᠠᠶᠢᠲ᠋ᠠ ᠬᠥᠮᠥᠷᠭᠡ | ᠪᠠᠶᠢᠭᠤᠯᠬᠤ᠂ ᠭᠠᠷ ᠡᠵᠡᠮᠳᠡᠭᠦᠷ ᠢᠶᠠᠷ ᠦᠵᠦᠭᠦᠷ ᠮᠡᠷᠭᠡᠵᠢᠯ ᠢ ᠬᠡᠷᠡᠭᠯᠡᠬᠦ ᠵᠡᠷᠭᠡ ᠲᠠᠯ᠎ᠠ ᠪᠠᠷ ᠬᠤᠷᠠᠯ ᠳᠤ | ᠤᠷᠤᠯᠴᠠᠭᠰᠠᠳ ᠲᠤ ᠪᠦᠬᠦ ᠲᠠᠯ᠎ᠠ ᠶᠢᠨ ᠪᠤᠯᠪᠠᠰᠤᠷᠠᠭᠤᠯᠤᠯ ᠬᠢᠭᠰᠡᠨ ᠪᠠᠶᠢᠨ᠎ᠠ᠃ ᠪᠦᠬᠦ ᠣᠷᠣᠨ ᠤ ᠡᠯ᠎ᠡ ᠠᠶᠢᠮᠠᠭ | ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ᠂ | ᠣᠷᠣᠨ ᠤ ᠬᠤᠪᠢᠶᠠᠷᠢ ᠶᠢᠨ ᠭᠠᠵᠠᠷ ᠤᠨ ᠨᠡᠷ᠎ᠡ ᠶᠢᠨ ᠰᠠᠯᠠᠭᠠᠨ ᠳᠠᠷᠤᠭ᠎ᠠ᠂ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠶᠠᠨ | ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠣᠷᠣᠨ ᠤ ᠬᠤᠪᠢᠶᠠᠷᠢ ᠶᠢᠨ ᠭᠠᠵᠠᠷ ᠤᠨ ᠨᠡᠷ᠎ᠡ ᠶᠢᠨ ᠠᠯᠪᠠᠨ ᠭᠡᠷ ᠤᠨ | ᠡᠷᠬᠢᠯᠡᠭᠴᠢ ᠲᠠᠰᠤᠭ ᠤᠨ ᠳᠠᠷᠤᠭ᠎ᠠ ᠪᠤᠯᠤᠨ ᠬᠠᠮᠢᠶ᠎ᠠ ᠪᠦᠬᠦᠢ ᠮᠡᠷᠭᠡᠵᠢᠯ ᠤᠨ ᠠᠵᠢᠯᠳᠠᠨ ᠨᠡᠶᠢᠳᠡ 240 ᠭᠠᠷᠤᠢ | ᠬᠦᠮᠦᠨ ᠪᠤᠯᠪᠠᠰᠤᠷᠠᠭᠤᠯᠤᠯ ᠳᠤ ᠣᠷᠣᠯᠴᠠᠭᠰᠠᠨ ᠪᠠᠶᠢᠨ᠎ᠠ᠃ |