ᠦᠪᠦᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠷᠧᠨ ᠶᠠ ᠫᠢᠩ᠄ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ      ᠬᠦᠭᠵᠢᠭᠡᠳᠦᠢ ᠭᠠᠵᠠᠷ ᠣᠷᠣᠨ ᠤ ᠬᠦᠭᠵᠢᠯᠲᠡ ᠶᠢᠨ ︽ᠳᠤᠲᠠᠭᠤᠳᠠᠯ ᠲᠠᠢ ᠲᠠᠯ᠎ᠠ︾᠎ ᠢ ᠪᠦᠷᠢᠨᠰᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2015/11/12
ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠳᠤᠭᠤᠶᠢᠯᠠᠩ ᠤᠨ ᠶᠠᠷᠢᠯᠴᠠᠬᠤ ᠬᠤᠷᠠᠯ ᠤᠨ ᠠᠬᠤᠢ ᠲᠠᠯᠠᠪᠠᠶ      11 ᠳ᠋ᠦ᠋ᠭᠡᠷ ᠰᠠᠷ᠎ᠠ ᠶᠢᠨ 6 —8᠎ ᠤ ᠡᠳᠦᠷ᠂ ᠪᠦᠬᠦ ᠤᠯᠤᠰ ᠤᠨ ᠤᠯᠤᠰ ᠲᠥᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠬᠤᠷᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠠᠯᠠᠭᠤᠯᠬᠤ ᠲᠣᠭᠤᠷᠢᠨ ᠳᠤ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠪᠡ᠃      ᠤᠷᠤᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠳᠤᠭᠤᠶᠢᠯᠠᠩ ᠤᠨ ᠶᠠᠷᠢᠯᠴᠠᠬᠤ ᠬᠤᠷᠠᠯ ᠳᠡᠭᠡᠷ᠎ᠡ᠂ ᠡᠯ᠎ᠡ ᠭᠠᠵᠠᠷ ᠠᠴᠠ ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠳᠠᠯ ᠪᠠ ᠵᠣᠷᠢᠭ ᠰᠠᠨᠠᠭ᠎ᠠ ᠶᠢᠨ ᠲᠤᠬᠠᠢ ᠯᠢ ᠺᠢ ᠴᠢᠶᠠᠩ ᠶᠡᠷᠦᠩᠬᠡᠢ ᠰᠠᠶᠢᠳ ᠤᠨ ᠮᠡᠳᠡᠭᠦᠯᠦᠯᠲᠡ ᠶᠢᠨ ᠲᠣᠭᠤᠷᠢᠨ ᠳᠤ᠂ ᠲᠤᠰ ᠭᠠᠵᠠᠷ ᠤᠷᠤᠨ ᠤ ᠬᠦᠭᠵᠢᠯᠲᠡ ᠶᠢᠨ ᠪᠣᠳᠠᠲᠤ ᠪᠠᠶᠢᠳᠠᠯ ᠎ ᠲᠠᠢ ᠪᠠᠨ ᠤᠶᠠᠯᠳᠤᠭᠤᠯᠤᠨ᠂ ᠲᠦᠷᠦᠭᠳᠡᠯ ᠪᠠ ᠪᠤᠳᠤᠯ ᠢᠶᠠᠨ ᠴᠢᠯᠦᠭᠡᠲᠡᠢ ᠪᠠᠷ ᠶᠠᠷᠢᠯᠴᠠᠵᠤ᠂ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠶᠠᠷᠢᠶᠠᠨ ᠳᠠᠭᠠᠨ ᠰᠠᠨᠠᠭᠤᠯᠤᠭᠰᠠᠨ ᠨᠢ᠄ ︽ᠳᠤᠲᠠᠭᠤᠳᠠᠯ ᠲᠠᠢ ᠲᠠᠯ᠎ᠠ︾᠎ ᠪᠠᠨ ᠪᠦᠷᠢᠨᠰᠢᠭᠦᠯᠬᠦ ᠳᠡᠭᠡᠷ᠎ᠡ ᠢᠯᠡᠭᠦᠦ ᠬᠦᠴᠦ ᠲᠠᠯᠪᠢᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ᠂ ᠬᠦᠭᠵᠢᠭᠡᠳᠦᠢ ᠭᠠᠵᠠᠷ ᠣᠷᠣᠨ ᠤ ᠬᠦᠭᠵᠢᠯᠲᠡ ᠶᠢᠨ ︽ᠳᠤᠲᠠᠭᠤᠳᠠᠯ ᠲᠠᠢ ᠲᠠᠯ᠎ᠠ︾᠎ ᠪᠠᠨ ᠪᠦᠷᠢᠨᠰᠢᠭᠦᠯᠬᠦ ᠬᠡᠷᠡᠭᠲᠡᠢ ᠭᠡᠪᠡ᠃      ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠶᠢᠨ ᠰᠠᠨᠠᠭᠤᠯᠤᠮᠵᠢ᠄ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠰᠢᠨᠵᠢᠯᠡᠬᠦ ᠤᠬᠠᠭᠠᠨᠴᠢ ᠪᠦᠭᠡᠳ ᠲᠤᠰᠠᠲᠠᠢ᠂ ᠬᠦᠮᠦᠰ ᠲᠤ ᠴᠦ᠋ ᠰᠢᠨ᠎ᠡ ᠲᠦᠷᠦᠭᠳᠡᠯ ᠥᠭᠭᠦᠨ᠎ᠡ      ᠷᠧᠨ ᠶᠠ ᠫᠢᠩ ᠶᠠᠷᠢᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠪᠣᠯ ᠮᠠᠨ ᠤ ᠨᠢᠭᠡᠳᠦᠭᠡᠷ ᠵᠠᠭᠤᠨ ᠵᠢᠯ ᠤᠨ ᠬᠦᠰᠡᠯᠡᠩ ᠢ ᠪᠡᠶᠡᠯᠡᠭᠦᠯᠬᠦ ᠲᠠᠢ ᠨᠢᠭᠲᠠ ᠬᠤᠯᠪᠤᠭᠳᠠᠬᠤ ᠲᠦᠢᠯ ᠤᠨ ᠴᠢᠬᠤᠯᠠ ᠲᠦᠯᠦᠪᠵᠢᠭᠦᠯᠭᠡ ᠪᠣᠯᠤᠨ᠎ᠠ᠃ ᠪᠦᠬᠦ ᠤᠯᠤᠰ ᠤᠨ ᠤᠯᠤᠰ ᠲᠥᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠳᠡᠭᠡᠷ᠎ᠡ᠂ ᠳᠡᠳ᠋ ᠶᠡᠷᠦᠩᠬᠡᠢ ᠰᠠᠶᠢᠳ ᠵᠠᠩ ᠭᠤᠤ ᠯᠢ ᠬᠤᠷᠠᠯ ᠳᠤ ᠬᠦᠷᠴᠦ᠂ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠶᠢᠨ ᠲᠤᠬᠠᠢ ᠪᠣᠳᠤᠯᠬᠢᠯᠠᠯ ᠢᠶᠠᠨ ᠶᠠᠷᠢᠪᠠ᠃ ᠡᠨᠡ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ᠂ ᠶᠡᠷᠦᠩᠬᠡᠢ ᠰᠠᠶᠢᠳ ᠯᠢ ᠺᠢ ᠴᠢᠶᠠᠩ ᠴᠦ ᠪᠡᠶ᠎ᠡ ᠪᠠᠷ ᠢᠶᠠᠨ ᠬᠤᠷᠠᠯ ᠳᠤ ᠬᠦᠷᠴᠦ᠂ ᠠᠷᠪᠠᠨ ᠨᠠᠢᠮᠠᠳᠤᠭᠠᠷ ᠬᠤᠭᠤᠴᠠᠭᠠᠨ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠶᠢ ᠲᠣᠭᠲᠠᠭᠠᠬᠤ ᠶᠢᠨ ᠲᠣᠭᠤᠷᠢᠨ ᠳᠤ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠂ ᠡᠨᠡ ᠎ ᠨᠢ ᠪᠦᠬᠦ ᠤᠯᠤᠰ ᠤᠨ ᠤᠯᠤᠰ ᠲᠥᠷᠦ ᠶᠢᠨ ᠵᠥᠪᠯᠡᠯᠭᠡᠨ ᠵᠢᠴᠢ ᠦᠷᠭᠡᠨ ᠤᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠨᠠᠷ ᠨᠢᠭᠡᠳᠦᠭᠡᠷ ᠵᠠᠭᠤᠨ ᠵᠢᠯ ᠤᠨ ᠬᠦᠰᠡᠯᠡᠩ ᠤᠨ ᠲᠡᠭᠦᠰᠭᠡᠯ ᠪᠣᠯᠬᠤ ᠲᠦᠯᠦᠪᠵᠢᠭᠦᠯᠭᠡ ᠳᠤ ᠠᠩᠬᠠᠷᠤᠯ ᠢᠶᠠᠨ ᠲᠠᠯᠪᠢᠵᠤ ᠪᠠᠶᠢᠭ᠎ᠠ ᠶᠢ ᠢᠯᠡᠷᠡᠭᠦᠯᠵᠦ᠂ ᠨᠡᠩ ᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠢ ᠬᠦᠨᠳᠦᠳᠬᠡᠨ ᠦᠵᠡᠵᠦ ᠪᠠᠶᠢᠬᠤ ᠶᠢ ᠢᠯᠡᠷᠡᠭᠦᠯᠪᠡ᠃      ᠳᠡᠳ᠋ ᠶᠡᠷᠦᠩᠬᠡᠢ ᠰᠠᠶᠢᠳ ᠵᠠᠩ ᠭᠤᠥ ᠯᠢ᠂ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠨᠢ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠰᠢᠨᠵᠢᠯᠡᠬᠦ ᠤᠬᠠᠭᠠᠨᠴᠢ ᠪᠦᠭᠡᠳ ᠲᠤᠰᠠᠲᠠᠢ᠂ ᠴᠦ᠋ ᠰᠢᠨ᠎ᠡ ᠤᠳᠬ᠎ᠠ ᠠᠭᠤᠯᠭ᠎ᠠ ᠲᠠᠢ ᠭᠡᠵᠦ ᠬᠡᠯᠡᠭᠰᠡᠨ ᠪᠢᠯᠠ᠃ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠭᠤᠯᠤᠮᠵᠢ ᠪᠣᠯᠤᠨ ᠶᠡᠷᠦᠩᠬᠡᠢ ᠰᠠᠶᠢᠳ ᠯᠢ ᠺᠢ ᠴᠢᠶᠠᠩ ᠤᠨ ᠡᠨᠡ ᠤᠳᠠᠭᠠᠨ ᠤ ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢᠨ ᠠᠭᠤᠯᠭ᠎ᠠ ᠠᠴᠠ ᠦᠵᠡᠪᠡᠯ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠰᠢᠨᠵᠢᠯᠡᠬᠦ ᠤᠬᠠᠭᠠᠨᠴᠢ ᠪᠦᠭᠡᠳ ᠲᠤᠰᠠᠲᠠᠢ᠂ ᠴᠦ᠋ ᠰᠢᠨ᠎ᠡ ᠤᠳᠬ᠎ᠠ ᠠᠭᠤᠯᠭ᠎ᠠ ᠲᠠᠢ ᠪᠠᠶᠢᠬᠤ ᠶᠢ ᠪᠡᠶᠡᠯᠡᠭᠦᠯᠵᠦ ᠴᠢᠳᠠᠪᠠ᠃      ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠨᠢ ᠳᠣᠲᠣᠭᠠᠳᠤ ᠭᠠᠳᠠᠭᠠᠳᠤ ᠶᠢᠨ ᠬᠦᠭᠵᠢᠯᠲᠡ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠪᠣᠳᠤᠯᠬᠢᠯᠠᠵᠤ᠂ ᠬᠠᠷᠠᠯᠲᠠ ᠪᠠ ᠠᠷᠭ᠎ᠠ ᠬᠡᠮᠵᠢᠶ᠎ᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠥᠨᠡᠨᠬᠦ ᠬᠢᠵᠦ ᠪᠡᠶᠡᠯᠡᠭᠦᠯᠪᠡ︔ ᠲᠦᠯᠦᠪᠵᠢᠭᠦᠯᠭᠡ ᠨᠢ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠭᠦᠢᠴᠡᠳ ᠰᠣᠨᠤᠰᠴᠤ᠂ ᠪᠣᠳᠠᠲᠤ ᠪᠠᠶᠢᠳᠠᠯ ᠲᠠᠢ ᠨᠡᠶᠢᠴᠡᠭᠦᠯᠬᠦ ᠪᠠᠷ ᠬᠦᠴᠦᠯᠡᠨ ᠴᠢᠷᠮᠠᠶᠢᠵᠤ᠂ ᠰᠢᠨᠵᠢᠯᠡᠬᠦ ᠤᠬᠠᠭᠠᠨᠴᠢ᠂ ᠪᠣᠳᠠᠲᠠᠢ ᠶᠢ ᠡᠷᠬᠢᠮᠯᠡᠬᠦ᠂ ᠲᠤᠰᠠᠲᠠᠢ ᠪᠠᠶᠢᠬᠤ ᠵᠠᠷᠴᠢᠮ ᠢ ᠢᠯᠡᠷᠡᠭᠦᠯᠪᠡ︔ ᠲᠦᠯᠦᠪᠵᠢᠭᠦᠯᠭᠡ ᠶᠢ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠬᠡᠬᠡᠯᠲᠡ ᠲᠠᠢ ᠪᠠᠶᠢᠬᠤ ᠪᠠ ᠬᠠᠮᠲᠤᠪᠠᠷ ᠡᠳ᠋ᠯᠡᠬᠦ ᠲᠠᠪᠤᠨ ᠶᠡᠭᠡ ᠣᠨᠤᠯᠵᠠᠭᠤᠨ ᠢᠶᠠᠷ ᠪᠠᠶᠢᠷᠢᠰᠢᠭᠤᠯᠤᠨ ᠪᠢᠴᠢᠵᠦ᠂ ᠨᠢᠭᠡ ᠱᠤᠭᠤᠮ ᠢᠶᠠᠷ ᠬᠡᠯᠬᠢᠭᠰᠡᠨ ᠪᠣᠯᠬᠤᠷ ᠬᠦᠮᠦᠰ ᠲᠤ ᠦᠨᠡᠨᠬᠦ ᠴᠦ᠋ ᠰᠢᠨ᠎ᠡ ᠰᠡᠪᠡᠭᠦᠨ ᠪᠣᠯᠭᠠᠪᠠ᠃      ᠰᠠᠨᠠᠭᠤᠯᠤᠮᠵᠢ᠄  ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ      ᠬᠦᠭᠵᠢᠭᠡᠳᠦᠢ ᠭᠠᠵᠠᠷ ᠣᠷᠣᠨ ᠤ ᠬᠦᠭᠵᠢᠯᠲᠡ ᠶᠢᠨ ︽ᠳᠤᠲᠠᠭᠤᠳᠠᠯ ᠲᠠᠢ ᠲᠠᠯ᠎ᠠ︾᠎ ᠪᠠᠨ ᠪᠦᠷᠢᠨᠰᠢᠭᠦᠯᠬᠦ ᠴᠢᠬᠤᠯᠠ ᠎ ᠲᠠᠢ      ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠢ ᠬᠡᠳᠦᠨ ᠰᠠᠨᠠᠭᠤᠯᠤᠮᠵᠢ ᠳᠤᠷᠠᠳᠤᠶ᠎ᠠ᠂ ᠳᠠᠷᠤᠢ ︽ᠳᠤᠲᠠᠭᠤᠳᠠᠯ ᠎ ᠲᠠᠢ ᠲᠠᠯ᠎ᠠ︾᠎ ᠪᠠᠨ ᠪᠦᠷᠢᠨᠰᠢᠭᠦᠯᠬᠦ ᠡᠨᠡᠬᠦ ᠲᠣᠮᠤ ᠵᠣᠬᠢᠶᠠᠯ ᠢ ᠰᠠᠶᠢᠲᠤᠷ ᠵᠣᠬᠢᠶᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠲᠠᠪᠤᠳᠤᠭᠠᠷ ᠪᠥᠬᠦᠳᠡ ᠬᠤᠷᠠᠯ ᠳᠡᠭᠡᠷ᠎ᠡ ᠲᠣᠳᠤᠷᠬᠠᠶᠢᠯᠠᠯᠲᠠ ᠬᠢᠬᠦ ᠳᠡᠭᠡᠨ ᠳᠤᠷᠠᠳᠤᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠣᠷᠣᠰᠢᠵᠤ ᠪᠠᠶᠢᠭ᠎ᠠ ︽ᠳᠤᠲᠠᠭᠤᠳᠠᠯ ᠲᠠᠢ ᠲᠠᠯ᠎ᠠ︾᠎ ᠶᠢ ᠡᠷᠬᠡᠪᠰᠢ ᠲᠠᠯᠪᠢᠯ ᠦᠭᠡᠢ ᠠᠳᠬᠤᠵᠤ᠂ ︽ᠳᠤᠲᠠᠭᠤᠳᠠᠯ ᠲᠠᠢ ᠲᠠᠯ᠎ᠠ︾᠎ ᠪᠠᠨ ᠪᠦᠷᠢᠨᠰᠢᠭᠦᠯᠬᠦ ᠳᠡᠭᠡᠷ᠎ᠡ ᠢᠯᠡᠭᠦᠬᠡᠨ ᠬᠦᠴᠦ ᠲᠠᠯᠪᠢᠬᠤ ᠬᠡᠷᠡᠭᠲᠡᠢ᠃ ︽ᠳᠤᠲᠠᠭᠤᠳᠠᠯ ᠲᠠᠢ ᠲᠠᠯ᠎ᠠ︾᠎ ᠪᠠᠨ ᠪᠦᠷᠢᠨᠰᠢᠭᠦᠯᠬᠦ ᠪᠣᠯ᠂ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠴᠠᠭ ᠦᠶ᠎ᠡ ᠳᠠᠬᠢ ᠲᠦᠢᠯ ᠤᠨ ᠴᠢᠬᠤᠯᠠ ᠨᠢᠭᠡᠨ ᠤᠬᠠᠭᠳᠠᠬᠤᠨ ᠮᠦᠨ᠃      ᠨᠢᠭᠡ ᠳᠤ ᠮᠠᠨ ᠳᠤ ︽ᠳᠤᠲᠠᠭᠤᠳᠠᠯ ᠲᠠᠢ ᠲᠠᠯ᠎ᠠ︾ ᠥᠨᠡᠨᠬᠦ ᠴᠦᠬᠡᠨ ᠪᠣᠰᠤ ᠣᠷᠤᠰᠢᠵᠤ ᠪᠠᠶᠢᠨ᠎ᠠ᠃ 2020 ᠣᠨ ᠬᠦᠷᠬᠦ ᠳᠤ ᠮᠠᠨ ᠤ GDP ᠪᠠ ᠬᠦᠮᠦᠨ ᠪᠦᠷᠢ ᠶᠢᠨ ᠳᠤᠮᠳᠠᠴᠢ ᠣᠷᠤᠯᠭ᠎ᠠ 2010 ᠣᠨ ᠤ ᠰᠠᠭᠤᠷᠢᠨ ᠳᠡᠭᠡᠷ᠎ᠡ ᠬᠤᠶᠠᠷ ᠳᠠᠬᠢᠨ ᠨᠡᠮᠡᠭᠳᠡᠬᠦ ᠪᠣᠯᠤᠨ᠎ᠠ᠃ ᠲᠣᠭᠠᠨ ᠤ ᠲᠠᠯ᠎ᠠ ᠠᠴᠠ ᠦᠵᠡᠪᠡᠯ᠂ ᠬᠤᠶᠠᠷ ᠲᠦᠷᠦᠯ ᠤᠨ ᠭᠦᠢᠴᠡᠳᠬᠡᠯ ᠲᠤᠭ᠎ᠠ ᠶᠢ ᠬᠤᠶᠢᠰᠢᠳᠠ ᠵᠢᠯ ᠪᠦᠷᠢ ᠳᠤᠮᠳᠠᠴᠢ ᠪᠠᠷ 6.5%᠎ ᠪᠠᠷ ᠨᠡᠮᠡᠭᠳᠡᠭᠦᠯᠪᠡᠯ ᠳᠠᠷᠤᠢ ᠪᠡᠶᠡᠯᠡᠭᠦᠯᠴᠢᠬᠡᠨ᠎ᠡ᠂ ᠪᠡᠶᠡᠯᠡᠭᠦᠯᠬᠦ ᠳᠤ ᠴᠦ ᠳᠡᠮᠡᠢ ᠠᠰᠠᠭᠤᠳᠠᠯ ᠪᠠᠶᠢᠬᠤ ᠦᠭᠡᠢ᠂ ᠭᠡᠪᠡᠴᠦ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠ ᠨᠡᠶᠢᠭᠡᠮ ᠨᠡᠶᠢᠲᠡ ᠳᠤ ᠵᠦᠪᠰᠢᠶᠡᠷᠡᠭᠳᠡᠬᠦ ᠬᠡᠮᠵᠢᠶ᠎ᠡ ᠶᠢ ᠳᠡᠭᠡᠭᠰᠢᠯᠡᠭᠦᠯᠬᠦ ᠨᠢ ᠬᠠᠷᠢᠨ ᠲᠡᠶᠢᠮᠦ ᠬᠢᠯᠪᠠᠷ ᠪᠢᠰᠢ᠃      ᠶᠡᠷᠦᠩᠬᠡᠢ ᠱᠦᠵᠢ ᠰᠢ ᠶᠢᠨ ᠫᠢᠩ ᠲᠠᠪᠤᠳᠤᠭᠠᠷ ᠪᠥᠬᠦᠳᠡ ᠬᠤᠷᠠᠯ ᠳᠤ ᠲᠣᠳᠤᠷᠬᠠᠶᠢᠯᠠᠯᠲᠠ ᠬᠢᠬᠦ ᠳᠡᠭᠡᠨ ᠶᠠᠳᠠᠭᠤ ᠶᠢ ᠳᠡᠳᠭᠦᠬᠦ ᠶᠢ ᠳᠤᠷᠠᠳᠪᠠ᠂ ᠪᠦᠬᠦ ᠤᠯᠤᠰ ᠲᠤ 7000 ᠭᠠᠷᠤᠢ ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠪᠠᠶᠢᠵᠤ᠂ 5000 ᠭᠠᠷᠤᠢ ᠲᠦᠮᠡ ᠨᠢ ᠦᠢᠯᠡᠳᠪᠦᠷᠢᠯᠡᠯ ᠢ ᠬᠦᠭᠵᠢᠭᠦᠯᠬᠦ ᠵᠡᠷᠭᠡ ᠠᠷᠭ᠎ᠠ ᠬᠡᠮᠵᠢᠶ᠎ᠡ ᠎ ᠪᠠᠷ ᠳᠠᠮᠵᠢᠵᠤ ᠶᠠᠳᠠᠭᠤ ᠠᠴᠠ ᠠᠩᠭᠢᠵᠢᠷᠠᠵᠤ ᠴᠢᠳᠠᠨ᠎ᠠ᠂ ᠦᠯᠡᠳᠡᠭᠰᠡᠨ 2000 ᠲᠦᠮᠡᠨ ᠬᠦᠳᠡᠯᠮᠦᠷᠢᠯᠡᠬᠦ ᠴᠢᠳᠠᠪᠤᠷᠢ ᠦᠭᠡᠢ ᠨᠢ ᠨᠡᠶᠢᠭᠡᠮ ᠤᠨ ᠪᠠᠲᠤᠯᠠᠭ᠎ᠠ ᠪᠠᠷ ᠳᠠᠮᠵᠢᠵᠤ ᠰᠠᠭᠤᠷᠢᠯᠠᠨ᠎ᠠ᠃ ᠦᠪᠦᠷ ᠮᠣᠩᠭᠤᠯ ᠰᠢᠭ᠋ ᠡᠶᠢᠮᠦᠷᠬᠦ ᠬᠦᠭᠵᠢᠭᠡᠳᠦᠢ ᠭᠠᠵᠠᠷ ᠤᠷᠤᠨ ᠳᠤ ᠠᠪᠴᠤ ᠬᠡᠯᠡᠪᠡᠯ᠂ ᠶᠠᠳᠠᠭᠤ ᠶᠢ ᠳᠡᠳᠭᠦᠬᠦ ᠪᠠᠷ ᠲᠣᠭᠲᠠᠭᠠᠬᠤ ᠨᠢ ᠴᠦ ᠪᠠᠰᠠ ᠨᠢᠭᠡᠨ ᠰᠢᠷᠦᠭᠦᠨ ᠪᠠᠶᠢᠯᠳᠤᠭᠠᠨ ᠪᠣᠯᠤᠨ᠎ᠠ᠃ ᠮᠠᠨ ᠤ ᠠᠮᠢᠳᠤᠷᠠᠯ ᠤᠨ ᠦᠪᠡᠷ ᠤᠨ ᠦᠷᠲᠡᠭ ᠦᠨᠳᠦᠷ᠂ ᠳᠤᠯᠠᠭᠠᠴᠠᠯᠭ᠎ᠠ ᠶᠢᠨ ᠬᠤᠭᠤᠴᠠᠭ᠎ᠠ ᠤᠷᠲᠤ᠂ ᠶᠠᠳᠠᠭᠤ ᠶᠢᠨ ᠪᠠᠷᠢᠮᠵᠢᠶ᠎ᠠ ᠨᠢ ᠪᠦᠬᠦ ᠤᠯᠤᠰ ᠠᠴᠠ ᠦᠨᠳᠦᠷ᠂ ᠪᠦᠬᠦ ᠤᠯᠤᠰ ᠤᠨ ᠶᠠᠳᠠᠭᠤ ᠶᠢᠨ ᠪᠠᠷᠢᠮᠵᠢᠶ᠎ᠠ ᠪᠣᠯ 2300 ᠲᠦᠭᠦᠷᠢᠭ᠂ ᠦᠪᠦᠷ ᠮᠣᠩᠭᠤᠯ ᠳᠤ ᠪᠣᠯ ᠲᠠᠷᠢᠶᠠᠯᠠᠬᠤ ᠤᠷᠤᠨ 2600 ᠲᠦᠭᠦᠷᠢᠭ᠂ ᠮᠠᠯᠵᠢᠬᠤ ᠤᠷᠤᠨ 3100 ᠲᠦᠭᠦᠷᠢᠭ᠂ ᠡᠨᠡᠬᠦ ᠪᠠᠷᠢᠮᠵᠢᠶ᠎ᠠ ᠳᠣᠣᠷ᠎ᠠ ᠪᠦᠬᠦ ᠤᠷᠤᠨ ᠳᠤ ᠣᠳᠣᠬᠠᠨ ᠳᠤ ᠪᠠᠰᠠ 117 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠪᠢᠳᠡ ᠮᠦᠨ ᠬᠦᠮᠦᠨ ᠤ ᠬᠦᠴᠦ ᠪᠣᠳᠠᠰ ᠤᠨ ᠬᠦᠴᠦᠨ ᠢᠶᠠᠨ ᠨᠢᠭᠲᠠᠷᠠᠭᠤᠯᠤᠨ ᠲᠠᠭᠠᠷᠠᠭᠰᠠᠨ ᠬᠥᠮᠦᠨ ᠳᠤ ᠲᠠᠬᠤ ᠬᠦᠷᠭᠡᠬᠦ ᠶᠠᠪᠤᠳᠠᠯ ᠢ ᠢᠯᠡᠭᠦᠬᠡᠨ ᠬᠢᠵᠦ᠂ ᠶᠠᠳᠠᠭᠤ ᠶᠢ ᠳᠡᠳᠭᠦᠬᠦ ︽ᠳᠤᠲᠠᠭᠤᠳᠠᠯ ᠲᠠᠢ ᠲᠠᠯ᠎ᠠ︾᠎ ᠪᠠᠨ ᠪᠦᠷᠢᠨᠰᠢᠭᠦᠯᠬᠦ ᠬᠡᠷᠡᠭᠲᠡᠢ᠃      ᠬᠤᠶᠠᠷ ᠲᠤ ︽ᠳᠤᠲᠠᠭᠤᠳᠠᠯ ᠲᠠᠢ ᠲᠠᠯ᠎ᠠ︾ ᠬᠢᠭᠡᠳ ᠳᠠᠪᠠᠭᠤᠯᠢᠭ ᠲᠠᠯ᠎ᠠ ᠪᠣᠯ ᠬᠠᠷᠢᠯᠴᠠᠨ ᠬᠤᠯᠪᠤᠭᠳᠠᠵᠤ ᠪᠠ ᠬᠠᠷᠢᠯᠴᠠᠨ ᠤᠯᠠᠷᠢᠳᠠᠭ᠃ ᠦᠪᠦᠷ ᠮᠣᠩᠭᠤᠯ ᠢᠶᠠᠷ ᠵᠢᠱᠢᠶᠡᠯᠡᠬᠦ ᠳᠤ᠂ ᠳᠠᠪᠠᠭᠤᠯᠢᠭ ᠲᠠᠯ᠎ᠠ ᠨᠢ ᠡᠬᠢ ᠪᠠᠶᠠᠯᠢᠭ ᠡᠯᠪᠡᠭ ᠳᠡᠯᠪᠡᠭ᠂ ᠬᠦᠮᠦᠨ ᠠᠮᠠ ᠴᠦᠬᠡᠨ᠂ ᠬᠦᠮᠦᠨ ᠪᠦᠷᠢ ᠶᠢᠨ ᠳᠤᠮᠳᠠᠴᠢ GDP ᠬᠠᠷᠢᠴᠠᠩᠭᠤᠶ ᠪᠠᠷ ᠨᠡᠯᠢᠶᠡᠳ ᠥᠨᠳᠥᠷ᠂ ᠭᠡᠲᠡᠯ᠎ᠡ ᠡᠭᠦᠨ ᠲᠠᠢ ᠬᠤᠯᠪᠤᠭᠳᠠᠬᠤ GDP᠎ ᠶᠢᠨ ︽ᠠᠯᠲᠠᠨ ᠤ ᠠᠭᠤᠯᠤᠭᠳᠠᠴᠠ︾᠎ ᠨᠢ ᠨᠡᠯᠢᠶᠡᠳ ᠳᠣᠣᠷ᠎ᠠ ᠶᠤᠮ᠃ ᠦᠪᠦᠷ ᠮᠣᠩᠭᠤᠯ ᠤᠨ ᠬᠦᠮᠦᠨ ᠪᠦᠷᠢ ᠶᠢᠨ ᠳᠤᠮᠳᠠᠴᠢ GDP᠎ ᠨᠢ ᠪᠦᠬᠦ ᠤᠯᠤᠰ ᠲᠤ ᠵᠢᠷᠭᠤᠳᠤᠭᠠᠷ ᠲᠤ ᠪᠠᠶᠢᠷᠢᠯᠠᠵᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠤᠯᠭ᠎ᠠ ᠨᠢ ᠴᠦ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠡᠭᠡᠳᠦᠢ᠂ ᠰᠠᠭᠤᠭᠠᠯᠢ ᠠᠷᠠᠳ ᠤᠨ ᠨᠡᠯᠢᠶᠡᠳ ᠳᠣᠣᠷ᠎ᠠ ᠣᠷᠤᠯᠭ᠎ᠠ ᠶᠢ ᠬᠦᠮᠦᠨ ᠪᠦᠷᠢ ᠶᠢᠨ ᠳᠤᠮᠳᠠᠴᠢ GDP᠎ ᠶᠢᠨ ᠨᠡᠯᠢᠶᠡᠳ ᠦᠨᠳᠦᠷ ᠬᠢᠷᠢ ᠲᠦᠪᠰᠢᠨ ᠲᠠᠢ ᠠᠳᠠᠯᠢᠳᠬᠠᠪᠠᠯ ᠦᠪᠦᠷ ᠮᠣᠩᠭᠤᠯ ᠤᠨ GDP᠎ ᠶᠢᠨ ︽ᠠᠯᠲᠠᠨ ᠤ ᠠᠭᠤᠯᠤᠭᠳᠠᠴᠠ︾ ᠦᠷᠭᠦᠯᠵᠢᠯᠡᠨ ᠬᠡᠳᠦᠨ ᠵᠢᠯ ᠪᠦᠬᠦ ᠤᠯᠤᠰ ᠲᠤ ᠠᠳᠠᠭ ᠠᠴᠠ ᠨᠢ ᠨᠢᠭᠡᠳᠦᠭᠡᠷ ᠪᠣᠶᠤ ᠬᠤᠶᠠᠳᠤᠭᠠᠷ ᠲᠤ ᠣᠷᠤᠪᠠ᠃ ᠬᠦᠭᠵᠢᠭᠰᠡᠨ ᠤᠯᠤᠰ ᠤᠨ GDP᠎ ᠶᠢᠨ ᠪᠦᠲᠦᠴᠡ ᠶᠢᠨ ᠳᠣᠲᠤᠷ᠎ᠠ᠂ ᠰᠠᠭᠤᠭᠠᠯᠢ ᠠᠷᠠᠳ ᠤᠨ ᠣᠷᠤᠯᠭ᠎ᠠ 60%᠎ ᠶᠢ ᠡᠵᠡᠯᠡᠵᠦ᠂ ᠮᠠᠨ ᠤ ᠤᠯᠤᠰ ᠵᠦᠪᠬᠡᠨ 40% ᠰᠢᠬᠠᠮ ᠢ ᠡᠵᠡᠯᠡᠵᠦ᠂ ᠦᠪᠦᠷ ᠮᠣᠩᠭᠤᠯ ᠰᠢᠭ᠋ ᠭᠠᠵᠠᠷ ᠤᠷᠤᠨ᠂ ᠰᠠᠭᠤᠭᠠᠯᠢ ᠠᠷᠠᠳ ᠤᠨ ᠣᠷᠤᠯᠭ᠎ᠠ ᠶᠢᠨ GDP᠎ ᠳᠠᠬᠢ ᠡᠵᠡᠯᠡᠬᠦ ᠬᠠᠷᠢᠴᠠᠯ ᠨᠢ ᠮᠦᠨ ᠲᠡᠶᠢᠮᠦ ᠦᠨᠳᠦᠷ ᠪᠢᠰᠢ᠃ ᠡᠶᠢᠮᠦ ᠠᠴᠠ᠂ ᠬᠦᠮᠦᠨ ᠪᠦᠷᠢ ᠶᠢᠨ ᠳᠤᠮᠳᠠᠴᠢ GDP ᠪᠣᠯ ᠮᠠᠨ ᠤ ᠳᠠᠪᠠᠭᠤᠯᠢᠭ ᠲᠠᠯ᠎ᠠ ᠪᠣᠯᠤᠨ᠎ᠠ᠂ ᠡᠭᠦᠨ ᠲᠠᠢ ᠬᠠᠷᠢᠴᠠᠩᠭᠤᠢ ᠪᠠᠷ GDP᠎ ᠶᠢᠨ ︽ᠠᠯᠲᠠᠨ ᠤ ᠠᠭᠤᠯᠤᠭᠳᠠᠴᠠ︾ ᠪᠣᠯ ᠮᠠᠨ ᠤ ︽ᠳᠤᠲᠠᠭᠤᠳᠠᠯ ᠲᠠᠢ ᠲᠠᠯ᠎ᠠ︾ ᠪᠣᠯᠤᠭᠰᠠᠨ ᠪᠣᠯᠬᠤᠷ᠂ ᠠᠷᠠᠳ ᠲᠤ ᠠᠰᠢᠭ ᠬᠦᠷᠲᠡᠭᠡᠬᠦ ᠡᠷᠴᠢᠮ ᠢ ᠡᠷᠬᠡᠪᠰᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠳᠡᠪᠬᠢᠲᠡᠢ ᠪᠠᠷ ᠨᠦᠬᠦᠪᠦᠷᠢᠯᠡᠬᠦ ᠬᠡᠷᠡᠭᠲᠡᠢ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠥᠷᠦ ᠶᠢᠨ ᠵᠦᠪᠯᠡᠯᠭᠡᠨ ᠭᠡᠰᠢᠭᠦᠳ ᠢ ᠵᠣᠬᠢᠶᠠᠨ ᠪᠠᠶᠢᠭᠤᠯᠵᠤ ᠭᠦᠨᠵᠡᠭᠡᠢ ᠪᠠᠷ ᠪᠠᠶᠢᠴᠠᠭᠠᠯᠲᠠ ᠬᠢᠵᠦ᠂ ᠨᠠᠷᠢᠨ ᠬᠢᠨᠠᠮᠠᠭᠠᠢ ᠰᠣᠳᠤᠯᠵᠤ  ᠦᠨᠡᠨ ᠮᠡᠳᠡᠯᠭᠡ ᠨᠡᠪᠲᠡᠷᠬᠡᠶ ᠦᠵᠡᠯᠲᠡ ᠪᠠᠨ ᠴᠢᠷᠮᠠᠶᠢᠨ ᠳᠡᠪᠰᠢᠭᠦᠯᠦᠨ᠎ᠡ        ᠷᠧᠨ ᠶᠠ ᠫᠢᠩ ᠶᠠᠷᠢᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ ᠶᠢᠨ ᠰᠠᠨᠠᠭᠤᠯᠤᠮᠵᠢ ᠨᠢ ︽ᠳᠦᠷᠪᠡᠨ ᠪᠦᠬᠦ ᠲᠠᠯ᠎ᠠ︾᠎ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠢᠯᠡᠷᠡᠭᠦᠯᠵᠦ᠂ ᠰᠢᠨ᠎ᠡ ᠬᠡᠪ ᠪᠠᠶᠢᠳᠠᠯ ᠢ ᠡᠵᠡᠮᠰᠢᠵᠦ᠂ ᠰᠢᠨ᠎ᠡ ᠬᠡᠪ ᠪᠠᠶᠢᠳᠠᠯ ᠢ ᠬᠦᠲᠦᠯᠦᠨ ᠳᠠᠭᠠᠭᠤᠯᠬᠤ ᠰᠢᠨᠵᠢᠯᠡᠬᠦ ᠤᠬᠠᠭᠠᠨᠴᠢ ᠠᠷᠭ᠎ᠠ ᠤᠬᠠᠭᠠᠨ ᠪᠣᠯ᠂ ︽ᠲᠠᠪᠤᠨ ᠶᠡᠭᠡ ᠪᠠᠶᠢᠭᠤᠯᠤᠯᠲᠠ︾᠎ ᠶᠢᠨ ᠠᠤᠭ᠎ᠠ ᠲᠥᠰᠦᠪ ᠢ ᠲᠦᠯᠬᠢᠨ ᠠᠬᠢᠭᠤᠯᠬᠤ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠮᠦᠨ᠃      ︽ᠠᠷᠪᠠᠨ ᠭᠤᠷᠪᠠᠳᠤᠭᠠᠷ ᠲᠠᠪᠤᠨ ᠵᠢᠯ ︾᠎ ᠤᠨ ᠲᠦᠯᠦᠪᠵᠢᠭᠦᠯᠭᠡ‌ᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠤᠷᠲᠤ ᠬᠤᠭᠤᠴᠠᠭᠠᠨ ᠤ ᠬᠦᠭᠵᠢᠯᠲᠡ ᠪᠠ ᠴᠢᠨᠡᠭᠡᠯᠢᠭ ᠨᠡᠶᠢᠭᠡᠮ ᠢ ᠲᠣᠭᠲᠠᠭᠰᠠᠨ ᠬᠤᠭᠤᠴᠠᠭᠠᠨ ᠳᠤ ᠪᠠᠨ ᠪᠠᠶᠢᠭᠤᠯᠬᠤ ᠳᠤ ᠬᠤᠯᠪᠤᠭᠳᠠᠬᠤ ᠪᠣᠯᠤᠨ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠥᠷᠦ ᠶᠢᠨ ᠵᠦᠪᠯᠡᠯᠭᠡᠨ ᠭᠡᠰᠢᠭᠦᠳ ᠢ ᠵᠣᠬᠢᠶᠠᠨ ᠪᠠᠶᠢᠭᠤᠯᠤᠨ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠴᠠᠭᠠᠯᠲᠠ ᠪᠠᠨ ᠭᠦᠨᠵᠡᠭᠡᠶᠢᠷᠡᠭᠦᠯᠦᠨ᠂ ᠨᠠᠷᠢᠨ ᠬᠢᠨᠠᠮᠠᠭᠠᠶ ᠰᠤᠳᠤᠯᠵᠤ᠂ ᠦᠨᠡᠨ ᠮᠡᠳᠡᠯᠭᠡ ᠨᠡᠪᠲᠡᠷᠬᠡᠶ ᠦᠵᠡᠯᠲᠡ ᠎ ᠪᠠᠨ ᠴᠢᠷᠮᠠᠶᠢᠨ ᠳᠡᠪᠰᠢᠭᠦᠯᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠤᠮᠵᠢ ᠶᠢ ᠨᠠᠷᠢᠨ ᠬᠢᠨᠠᠮᠠᠭᠠᠢ ᠪᠠᠷ ᠴᠤᠭᠯᠠᠭᠤᠯᠤᠨ ᠡᠮᠬᠢᠳᠭᠡᠵᠦ᠂ ᠨᠠᠮ ᠪᠠ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠤᠯᠭ᠎ᠠ ᠲᠣᠭᠲᠠᠭᠠᠬᠤ ᠳᠤ ᠦᠨ᠎ᠡ ᠦᠷᠲᠡᠭ ᠲᠠᠢ ᠯᠠᠪᠯᠠᠯᠲᠠ ᠪᠠ ᠦᠨᠳᠦᠰᠦ ᠪᠠᠷᠢᠮᠲᠠ ᠬᠠᠩᠭᠠᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号