ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ  ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ 2016 ᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ  ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠬᠢᠨᠠᠨ ᠲᠤᠭᠲᠠᠭᠠᠨ ᠨᠡᠶᠢᠲᠡᠯᠡᠪᠡ
ᠨᠡᠶᠢᠲᠡᠯᠡᠭᠰᠡᠨ ᠴᠠᠭ᠄
2015/11/12
     11 ᠳ᠋ᠤᠭᠡᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ 2016 ᠣᠨ ᠤ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠲᠦᠷᠦᠯ ᠵᠦᠢᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠵᠥᠪᠯᠡᠯᠭᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽2016 ᠣᠨ ᠤ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠦᠭᠯᠡᠭᠦᠷ︾᠎ ᠢ ᠰᠤᠳᠤᠯᠤᠨ ᠬᠢᠨᠠᠨ ᠲᠤᠭᠲᠠᠭᠠᠭᠠᠳ᠂ 11 ᠳ᠋ᠤᠭᠡᠷ ᠰᠠᠷ᠎ᠠ ᠶᠢᠨ 9᠎ ᠤ ᠡᠳᠦᠷ ᠥᠪᠥᠷ ᠮᠣᠩᠭᠤᠯ ᠤᠨ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠵᠠᠷᠯᠠᠪᠠ᠃      ᠬᠤᠷᠠᠯ ᠠᠴᠠ ︽ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠶᠠᠪᠤᠴᠠ ᠳᠠᠬᠢ ᠤᠷᠲᠤ ᠬᠤᠭᠤᠴᠠᠭᠠᠨ ᠤ ᠲᠥᠯᠥᠪᠵᠢᠭᠦᠯᠭᠡ ︵2014-2020︶︾᠎ ᠲᠠᠢ ᠨᠢᠭᠲᠠ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠪᠤᠯᠤᠨ ᠡᠳ᠋ ᠤᠨ ᠵᠠᠰᠠᠭ ᠤᠨ ᠲᠥᠰᠦᠪ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠬᠢᠨᠠᠮᠠᠭᠠᠶ ᠰᠤᠳᠤᠯᠵᠤ᠂  ᠭᠤᠣᠯᠳᠠᠭᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠰᠠᠭᠤᠷᠢ ᠰᠤᠳᠤᠯᠭ᠎ᠠ᠂ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠵᠥᠭᠡᠯᠡᠨ ᠲᠤᠨᠤᠭ ᠢ ᠳᠡᠯᠭᠡᠷᠡᠭᠦᠯᠵᠦ ᠲᠦᠭᠡᠮᠡᠯᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢ ᠪᠠᠭᠲᠠᠭᠠᠭᠰᠠᠨ 2016 ᠣᠨ ᠤ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠲᠦᠷᠦᠯ ᠵᠦᠢᠯ ᠤᠨ ᠪᠠᠶᠢᠭᠤᠯᠤᠯᠲᠠ ᠶᠢ ᠲᠣᠳᠣᠷᠬᠠᠶ ᠳᠤᠷᠠᠳᠤᠭᠰᠠᠨ ᠤ ᠬᠠᠮᠲᠤ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠪᠣᠳᠠᠲᠠᠶ ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠲᠦᠷᠦᠯ ᠵᠦᠢᠯ ᠤᠳ ᠤᠨ ᠲᠦᠷᠦᠯ ᠢᠯᠭᠠᠯ ᠪᠤᠯᠤᠨ ᠮᠠᠲ᠋ᠧᠷᠢᠶᠠᠯ ᠤᠨ ᠭᠤᠶᠤᠴᠢᠯᠠᠨ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠲᠤᠭᠲᠠᠭᠠᠪᠠ᠃      ᠬᠤᠷᠠᠯ ᠠᠴᠠ 2016 ᠣᠨ ᠤ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠲᠦᠷᠦᠯ ᠵᠦᠢᠯ ᠢ ᠮᠡᠳᠡᠭᠦᠯᠬᠦ ᠵᠦᠭᠯᠡᠭᠦᠷ ᠢ ᠰᠤᠳᠤᠯᠤᠨ ᠲᠤᠭᠲᠠᠭᠠᠭᠰᠠᠨ ᠶᠠᠪᠤᠳᠠᠯ ᠨᠢ᠂ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠢᠯᠡ ᠪᠥᠭᠡᠳ ᠲᠥᠪ ᠭᠤᠣᠯᠴᠢ ᠵᠠᠷᠴᠢᠮ ᠢ ᠭᠦᠢᠴᠡᠳ ᠢᠯᠡᠷᠡᠭᠦᠯᠵᠤ᠂ ᠲᠦᠷᠣᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠲᠤᠰᠬᠠᠶ ᠵᠦᠢᠯ ᠢᠶᠠᠷ ᠲᠡᠳᠬᠦᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号