ᠤᠯᠤᠰ ᠤᠨ ᠨᠡᠭᠦᠷᠡᠰᠦᠨ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠶᠠᠩ ᠹᠦ᠋ ᠮᠠᠨ ᠤ ᠣᠷᠣᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2015/11/12
     11 ᠳ᠋ᠦ᠋ᠭᠡᠷ ᠰᠠᠷ᠎ᠠ ᠶᠢᠨ 4᠎ ᠤ ᠡᠳᠦᠷ ᠠᠴᠠ 6᠎ ᠤ ᠡᠳᠦᠷ ᠪᠣᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠨᠡᠭᠦᠷᠡᠰᠦᠨ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠩ ᠹᠦ᠋ ᠨᠡᠭᠦᠷᠡᠰᠦᠨ ᠤ ᠠᠵᠤ ᠠᠬᠤᠶᠢᠯᠠᠯ ᠤᠳ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽13.5︾᠎ ᠶᠢᠨ ᠬᠤᠭᠤᠴᠠᠭᠠᠨ ᠳᠠᠬᠢ ᠨᠡᠭᠦᠷᠡᠰᠦᠨ ᠤ ᠠᠵᠢᠯ ᠳᠦᠷᠦᠯ ᠤᠨ ᠬᠥᠭᠵᠢᠯᠲᠡ᠂ ᠨᠡᠭᠦᠷᠡᠰᠦᠨ ᠠᠭᠤᠷᠬᠠᠶ ᠶᠢᠨ ᠠᠶᠤᠯ ᠦᠭᠡᠢ ᠶᠢ ᠬᠢᠨᠠᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠪᠠ ︽ᠨᠡᠭᠦᠷᠡᠰᠦᠨ ᠠᠭᠤᠷᠬᠠᠶ ᠶᠢᠨ ᠠᠶᠤᠯ ᠦᠭᠡᠢ ᠶᠢᠨ ᠲᠦᠷᠢᠮ︾᠎ ᠳᠤ ᠵᠠᠰᠠᠪᠤᠷᠢ ᠣᠷᠣᠭᠤᠯᠬᠤ ᠠᠵᠢᠯ ᠤᠨ ᠲᠣᠭᠤᠷᠢᠨ ᠳᠤ ᠥᠪᠥᠷ ᠮᠣᠩᠭᠤᠯ ᠤᠨ ᠤᠯᠠᠭᠠᠨᠬᠠᠳᠠ ᠬᠤᠲᠠ ᠲᠤ ᠪᠠᠶᠢᠴᠠᠭᠠᠨ ᠰᠤᠳᠤᠯᠤᠯᠲᠠ ᠬᠢᠪᠡ᠂ ᠮᠠᠨ ᠤ ᠲᠣᠪᠴᠢᠶᠠᠨ ᠤ ᠳᠡᠳ᠋ ᠳᠠᠷᠤᠭ᠎ᠠ ᠸᠠᠩ ᠴᠥᠩ ᠰᠢᠶᠠᠨ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃      ᠲᠣᠪᠴᠢᠶᠠᠨ ᠳᠠᠷᠤᠭ᠎ᠠ ᠶᠠᠩ ᠹᠦ᠋ ᠤᠷᠢᠳᠠᠪᠠᠷ ᠥᠪᠥᠷ ᠮᠣᠩᠬᠤᠯ ᠤᠨ ᠫᠢᠩ ᠵᠤᠸᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠢᠷᠡᠵᠦ᠂ ᠪᠦᠯᠦᠭᠯᠡᠯ ᠤᠨ ᠤᠳᠤᠷᠢᠳᠤᠯᠭ᠎ᠠ ᠬᠢᠭᠡᠳ ᠨᠡᠭᠦᠷᠡᠰᠦᠨ ᠠᠭᠤᠷᠬᠠᠶ ᠶᠢᠨ ᠭᠤᠣᠯ ᠬᠠᠷᠢᠭᠤᠴᠠᠯᠭᠠᠲᠠᠳ ᠲᠠᠢ ᠣᠳᠣᠬᠠᠨ ᠤ ᠨᠡᠭᠦᠷᠡᠰᠦᠨ ᠠᠭᠤᠷᠬᠠᠶ ᠶᠢᠨ ᠪᠠᠶᠢᠳᠠᠯ ᠶᠢ ᠶᠠᠷᠢᠯᠴᠠᠨ ᠣᠶᠢᠯᠠᠭᠠᠵᠤ᠂ ᠪᠦᠯᠦᠭᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠲᠣᠪᠴᠢᠶᠠᠨ ᠳᠠᠷᠤᠭ᠎ᠠ ᠶᠠᠩ ᠹᠦ᠋ ᠴᠢᠬᠤᠯᠠᠴᠢᠯᠠᠭᠰᠠᠨ ᠨᠢ᠂ ᠨᠢᠭᠡ ᠳᠤ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ  ᠬᠤᠷᠢᠶᠠᠵᠤ ᠴᠤᠭᠯᠠᠭᠤᠯᠤᠭᠰᠠᠨ ᠠᠰᠠᠭᠤᠳᠠᠯ ᠢ ᠴᠠᠭ ᠲᠤᠬᠠᠶ ᠳᠤᠨᠢ ᠶᠡᠷᠦᠩᠬᠡᠶ ᠲᠣᠪᠴᠢᠶᠠᠨ ᠤ ᠤᠳᠤᠷᠢᠳᠤᠯᠭ᠎ᠠ ᠳᠤ ᠬᠠᠷᠢᠭᠤ ᠮᠡᠳᠡᠭᠦᠯᠵᠦ᠂ ᠣᠳᠣᠬᠠᠨ ᠤ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠬᠦᠴᠢᠷᠳᠡᠯ ᠠᠴᠠ ᠠᠩᠭᠢᠵᠢᠷᠠᠬᠤ ᠠᠰᠠᠭᠤᠳᠠᠯ ᠲᠠᠢ ᠤᠶᠠᠯᠳᠤᠭᠤᠯᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠣᠯᠬᠤ ᠪᠠᠷ ᠴᠢᠷᠮᠠᠶᠢᠬᠤ ᠬᠡᠷᠡᠭᠲᠡᠶ︔ ᠬᠤᠶᠠᠷ ᠲᠤ ᠵᠢᠯ ᠤᠨ ᠡᠴᠦᠰ ᠣᠶᠢᠷᠠᠲᠤᠯ᠎ᠠ᠂ ᠬᠡᠰᠡᠭ ᠠᠵᠤ ᠠᠬᠤᠶᠢᠯᠠᠯ ᠠᠬᠢᠴᠠ ᠪᠠᠨ ᠲᠦᠷᠭᠡᠳᠬᠡᠵᠦ᠂ ᠠᠶᠤᠯ ᠦᠭᠡᠢ ᠦᠢᠯᠡᠳᠪᠦᠷᠢᠯᠡᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠵᠢᠩᠬᠢᠨᠢ ᠪᠤᠰᠤ ᠦᠢᠯᠡᠳᠪᠦᠷᠢᠯᠡᠯ ᠪᠠ ᠡᠮᠬᠢ ᠵᠠᠮᠪᠠᠷᠠᠭ᠎ᠠ ᠦᠭᠡᠢ ᠦᠢᠯᠡᠳᠪᠦᠷᠢᠯᠡᠯ ᠢ ᠴᠢᠩᠭ᠎ᠠ ᠴᠠᠭᠠᠵᠠᠯᠠᠬᠤ ᠬᠡᠷᠡᠭᠲᠡᠢ︔ ᠭᠤᠷᠪᠠ ᠳᠤ ᠣᠳᠣᠬᠠᠨ ᠳᠤ ᠪᠦᠬᠦ ᠤᠯᠤᠰ ᠤᠨ ᠨᠡᠭᠦᠷᠡᠰᠦᠨ ᠠᠭᠤᠷᠬᠠᠶ ᠶᠢᠨ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠨ᠎ᠠ᠂ ᠠᠵᠢᠯ ᠮᠡᠷᠭᠡᠵᠢᠯ ᠤᠨ ᠬᠤᠣᠷ ᠬᠥᠨᠥᠭᠡᠯ ᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ︔ ᠲᠦᠷᠪᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠰᠠᠶᠢᠨ ᠦᠯᠢᠭᠡᠷ ᠳᠠᠭᠤᠷᠢᠶᠠᠯ ᠦᠵᠡᠭᠦᠯᠵᠦ᠂ ︽ᠨᠡᠭᠦᠷᠡᠰᠦᠨ ᠠᠭᠤᠷᠬᠠᠶ ᠶᠢᠨ ᠠᠶᠤᠯ ᠦᠭᠡᠢ ᠶᠢᠨ ᠲᠦᠷᠢᠮ︾᠎ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠲᠠᠪᠤ ᠳᠤ ︽13 · 5︾᠎ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠰᠡᠳᠤᠨ ᠲᠥᠰᠦᠪᠯᠡᠬᠦ ᠬᠡᠷᠡᠭᠲᠡᠶ ᠭᠡᠵᠡᠢ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠲᠣᠪᠴᠢᠶᠠᠨ ᠳᠠᠷᠤᠭ᠎ᠠ ᠶᠠᠩ ᠹᠦ᠋ ᠪᠠᠰᠠ ᠫᠢᠩ ᠵᠤᠸᠠᠩ ᠨᠡᠭᠦᠷᠡᠰᠦᠨ ᠤ ᠦᠢᠯᠡᠰ ᠤᠨ ᠺᠣᠮᠫᠠᠨᠢ ᠶᠢᠨ 6 ᠨᠡᠭᠦᠷᠡᠰᠦᠨ ᠠᠭᠤᠷᠬᠠᠶ ᠶᠢᠨ ᠬᠤᠳᠳᠤᠭ ᠲᠤ ᠣᠷᠣᠵᠤ ᠪᠠᠶᠢᠴᠠᠭᠠᠯᠲᠠ ᠬᠢᠭᠰᠡᠨ ᠤ ᠬᠠᠮᠲᠤ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠤᠯᠠᠭᠠᠨᠬᠠᠳᠠ ᠳᠠᠬᠢ ᠬᠤᠪᠢᠶᠠᠷᠢ ᠲᠣᠪᠴᠢᠶ᠎ᠠ ᠳᠤ ᠬᠦᠷᠴᠦ ᠬᠢᠨᠠᠨ ᠪᠠᠶᠢᠴᠠᠭᠠᠭᠴᠢᠳ ᠲᠠᠢ ᠶᠠᠷᠢᠯᠴᠠᠵᠤ᠂ ᠬᠤᠪᠢᠶᠠᠷᠢ ᠲᠣᠪᠴᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠪᠣᠯᠣᠨ ᠬᠢᠨᠠᠨ ᠪᠠᠶᠢᠴᠠᠭᠠᠭᠴᠢᠳ ᠶᠢᠨ ᠰᠠᠨᠠᠭᠤᠯᠭ᠎ᠠ ᠶᠢ ᠰᠣᠨᠣᠰᠪᠠ᠃ ᠬᠤᠪᠢᠶᠠᠷᠢ ᠲᠣᠪᠴᠢᠶᠠᠨ ᠤ ᠬᠠᠷᠢᠭᠤ ᠮᠡᠳᠡᠭᠦᠯᠦᠯᠲᠡ ᠲᠠᠢ ᠤᠶᠠᠯᠳᠤᠭᠤᠯᠤᠨ᠂ ᠶᠠᠩ ᠳᠠᠷᠤᠭ᠎ᠠ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠣᠶᠢᠷ᠎ᠠ ᠶᠢᠨ ᠵᠢᠯ ᠳᠤ ᠣᠯᠤᠭᠰᠠᠨ ᠠᠮᠵᠢᠯᠲᠠ ᠶᠢ ᠨᠤᠲᠠᠯᠠᠭᠰᠠᠨ ᠪᠥᠭᠡᠳ ᠤᠯᠡᠠ ᠢᠶᠠᠷ ᠢᠶᠠᠨ ᠴᠢᠷᠮᠠᠶᠢᠭᠰᠠᠨ ᠳᠡᠭᠡᠷ᠎ᠡ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠲᠡᠭᠦᠰ ᠭᠦᠢᠴᠡᠳᠬᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠨᠢ ᠵᠣᠷᠢᠭᠵᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号