ᠦᠪᠦᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠪᠷᠠᠽᠢᠯ ᠤᠨ ᠹᠯᠸᠢᠤᠮᠢᠨᠧᠰ ᠬᠥᠯ ᠪᠦᠮᠪᠦᠭᠡ ᠶᠢᠨ ᠰᠤᠷᠭᠠᠭᠤᠯᠢ ᠲᠠᠢ ᠬᠤᠯᠪᠤᠭᠠᠯᠠᠪᠠ
ᠨᠡᠶᠢᠲᠡᠯᠡᠭᠰᠡᠨ ᠴᠠᠭ᠄
2015/11/12
 
      ᠥᠪᠥᠷ ᠮᠣᠩᠭᠤᠯ ᠤᠯᠤᠰ ᠤᠨ ᠬᠥᠯ ᠪᠥᠮᠪᠥᠭᠡᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠲᠤᠷᠰᠢᠯᠲᠠ ᠶᠢᠨ ᠴᠢᠭ ᠤᠨ ᠮᠤᠵᠢ ᠣᠷᠣᠨ ᠢᠶᠠᠷ ᠲᠣᠭᠳᠠᠭᠠᠭᠳᠠᠭᠰᠠᠨ ᠠᠴᠠ ᠨᠠᠰᠢ᠂ ᠦᠪᠦᠷ ᠮᠣᠩᠭᠤᠯ ᠤᠨ ᠬᠥᠯ ᠪᠦᠮᠪᠦᠭᠡᠨ ᠤ ᠥᠭᠡᠷᠡᠴᠢᠯᠡᠯᠲᠡ ᠬᠥᠭᠵᠢᠭᠦᠯᠦᠯᠲᠡ ᠨᠢ ᠪᠷᠠᠽᠢᠯ᠂ ᠭᠧᠷᠮᠠᠨ᠂ ᠠᠷᠭᠧᠨ᠋ᠲ᠋ᠢᠨ᠂ ᠢᠲ᠋ᠠᠯᠢ ᠵᠡᠷᠭᠡ ᠬᠥᠯ ᠪᠦᠮᠪᠦᠭᠡ ᠶᠢᠨ ᠬᠦᠴᠦᠷᠬᠡᠭ ᠤᠯᠤᠰ ᠤᠳ ᠤᠨ ᠬᠠᠷᠠᠭ᠎ᠠ ᠶᠢ ᠪᠤᠯᠢᠶᠠᠨ᠎ᠠ᠃ 11 ᠳ᠋ᠦ᠋ᠭᠡᠷ ᠰᠠᠷ᠎ᠠ ᠶᠢᠨ11᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠦᠪᠦᠷ ᠮᠣᠩᠭᠤᠯ ᠤᠨ ᠬᠥᠯ ᠪᠦᠮᠪᠦᠭᠡ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠲᠠᠨ ᠵᠢᠩ ᠹᠧᠩ ᠪᠷᠠᠽᠢᠯ ᠤᠨ ᠰᠢᠨ᠎ᠡ ᠷᠢᠦ᠋ ᠳ᠋ᠢ ᠿᠤᠨ᠋ᠸᠢᠢᠷᠦ᠋ ᠶᠢᠨ ᠹᠯᠸᠢᠤᠮᠢᠨᠧᠰ ᠺᠯᠦ᠋ᠪ ᠤᠨ ᠪᠠᠭᠠᠴᠤᠳ ᠤᠨ ᠬᠥᠯ ᠪᠦᠮᠪᠦᠭᠡᠨ ᠤ ᠰᠤᠷᠭᠠᠭᠤᠯᠢ ᠶᠢᠨ ᠵᠠᠬᠢᠷᠤᠯ ᠵᠤᠤᠵ·ᠲᠧᠷᠢᠪᠧᠷᠢ ᠠᠪᠤᠭᠠᠶ ᠶᠢᠨ ᠳᠠᠭᠠᠭᠤᠯᠤᠭᠰᠠᠨ ᠠᠶᠢᠯᠴᠠᠯᠠᠷ᠎ᠠ ᠢᠷᠡᠭᠰᠡᠨ 8 ᠬᠥᠮᠦᠨ ᠤ ᠪᠦᠯᠬᠦᠮ ᠲᠠᠢ ᠠᠭᠤᠯᠵᠠᠯᠲᠠ ᠬᠢᠪᠡ᠃      ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ᠂ ᠦᠪᠦᠷ ᠮᠣᠩᠭᠤᠯ ᠤᠨ ᠬᠥᠯ ᠪᠦᠮᠪᠦᠭᠡ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠪᠥᠭᠡᠳ ᠭᠦᠢᠴᠡᠳᠭᠡᠬᠦ ᠨᠠᠷᠢᠨ ᠪᠢᠴᠢᠭ ᠤᠨ ᠳᠠᠷᠤᠭ᠎ᠠ ᠡᠦ ᠭᠠᠩ ᠠᠭᠤᠯᠵᠠᠯᠲᠠ ᠳᠤ ᠣᠷᠣᠯᠴᠠᠪᠠ᠃      ᠬᠡᠯᠡᠯᠴᠡᠭᠡ ᠬᠢᠬᠦ ᠳᠤᠮᠳᠠ᠂ ᠲᠣᠪᠴᠢᠶᠠᠨ ᠳᠠᠷᠤᠭ᠎ᠠ ᠲᠠᠨ ᠵᠢᠩ ᠹᠧᠩ ᠦᠪᠦᠷ ᠮᠣᠩᠭᠤᠯ ᠤᠨ ᠭᠠᠵᠠᠷ ᠤᠷᠤᠨ ᠤ ᠳᠦᠷᠰᠦ ᠪᠠᠶᠢᠳᠠᠯ ᠪᠠ ᠦᠪᠦᠷ ᠮᠣᠩᠭᠤᠯ ᠤᠨ ᠬᠥᠯ ᠪᠦᠮᠪᠦᠭᠡ ᠶᠢᠨ ᠦᠨᠳᠦᠰᠦᠨ ᠪᠠᠶᠢᠳᠠᠯ ᠵᠢᠴᠢ ᠲᠤᠷᠰᠢᠯᠲᠠ ᠶᠢᠨ ᠴᠢᠭ ᠤᠨ ᠠᠵᠢᠯ ᠡᠬᠢᠯᠡᠭᠰᠡᠨ ᠠᠴᠠ ᠨᠠᠰᠢ ᠲᠦᠯᠦᠪᠵᠢᠭᠦᠯᠵᠦ ᠪᠠᠶᠢᠭ᠎ᠠ ᠰᠢᠰᠲ᠋ᠧᠮᠵᠢ᠂ ᠬᠠᠮᠢᠶᠠᠷᠤᠯᠲᠠ ᠶᠢᠨ ᠪᠠᠶᠢᠭᠤᠯᠤᠮᠵᠢ᠂ ᠬᠥᠯ ᠪᠦᠮᠪᠦᠭᠡᠨ ᠤ ᠲᠠᠯᠠᠪᠠᠶ ᠶᠢᠨ ᠪᠠᠶᠢᠭᠤᠯᠤᠯᠲᠠ᠂ ᠬᠤᠯᠪᠣᠭᠠᠲᠤ ᠤᠷᠤᠯᠳᠤᠭᠠᠨ ᠤ ᠰᠢᠰᠲ᠋ᠧᠮᠵᠢ᠂ ᠤᠬᠠᠭᠤᠯᠬᠤ ᠰᠢᠰᠲ᠋ᠧᠮᠵᠢ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠲᠠᠨᠢᠯᠴᠠᠭᠤᠯᠬᠤ ᠶᠢᠨ ᠬᠠᠮᠲᠤ ᠪᠷᠠᠽᠢᠯ ᠤᠨ ᠲᠦᠯᠦᠭᠡᠯᠡᠭᠴᠢᠳ ᠲᠤ ᠳᠥᠷᠪᠡᠨ ᠵᠦᠢᠯ ᠤᠨ ᠬᠠᠮᠲᠤᠷᠠᠯᠴᠠᠭᠠᠨ ᠤ ᠰᠠᠨᠠᠯ ᠳᠤᠷᠠᠳᠪᠠ᠂ ᠨᠢᠭᠡ ᠳᠤ ᠨᠢᠭᠡ ᠪᠣᠶᠤ ᠬᠡᠳᠦᠨ ᠬᠥᠯ ᠪᠦᠮᠪᠦᠭᠡ ᠶᠢᠨ ᠰᠤᠷᠭᠠᠭᠤᠯᠢ ᠶᠢ ᠬᠠᠮᠲᠤᠷᠠᠨ ᠪᠠᠶᠢᠭᠤᠯᠬᠤ︔ ᠬᠤᠶᠠᠷ ᠲᠤ ᠪᠷᠠᠽᠢᠯ ᠤᠨ ᠲᠤᠷᠰᠢᠯᠭ᠎ᠠ ᠪᠠᠷ ᠯᠠᠪᠯᠠᠯᠲᠠ ᠪᠣᠯᠭᠠᠨ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠦᠪᠦᠷ ᠮᠣᠩᠭᠤᠯ ᠤᠨ ᠵᠠᠯᠠᠭᠤ ᠪᠠᠭᠠᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠪᠠᠶᠢᠭᠤᠯᠬᠤ︔ ᠭᠤᠷᠪᠠ ᠳᠤ ᠰᠤᠷᠭᠠᠭᠴᠢ᠂ ᠬᠢᠨᠠᠭᠴᠢ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠠᠮᠲᠤᠷᠠᠨ ᠪᠣᠯᠪᠠᠰᠤᠷᠠᠭᠤᠯᠬᠤ︔ ᠳᠥᠷᠪᠡ ᠳᠤ ᠬᠤᠶᠠᠷ ᠤᠯᠤᠰ ᠤᠨ ᠬᠤᠭᠤᠷᠤᠨᠳᠤᠬᠢ ᠵᠠᠯᠠᠭᠤ ᠪᠠᠭᠠᠴᠤᠳ ᠤᠨ ᠬᠥᠯ ᠪᠦᠮᠪᠦᠭᠡ ᠶᠢᠨ ᠰᠤᠶᠤᠯ ᠤᠨ ᠰᠣᠯᠢᠯᠴᠠᠭ᠎ᠠ ᠶᠢ ᠴᠢᠩᠭᠠᠳᠬᠠᠬᠤ ᠶᠢᠨ ᠬᠠᠮᠲᠤ 2016 ᠣᠨ ᠳᠤ ᠥᠪᠥᠷ ᠮᠣᠩᠭᠤᠯ ᠤᠨ ᠡᠷᠬᠢᠯᠡᠬᠦ ᠭᠡᠵᠦ ᠪᠠᠶᠢᠭ᠎ᠠ ᠤᠯᠠᠨ ᠤᠯᠤᠰ ᠤᠨ ᠬᠥᠯ ᠪᠥᠮᠪᠥᠭᠡᠨ ᠤ ᠬᠥᠭᠵᠢᠭᠦᠯᠦᠯᠲᠡ ᠶᠢᠨ ᠶᠠᠷᠢᠯᠴᠠᠭᠠᠨ ᠤ ᠲᠠᠪᠴᠠᠩ ᠳᠤ ᠪᠷᠠᠽᠢᠯ ᠤᠨ ᠲᠠᠯ᠎ᠠ ᠶᠢ ᠴᠢᠩ ᠰᠡᠳᠬᠢᠯ ᠠᠴᠠ ᠪᠠᠨ  ᠤᠷᠢᠭᠰᠠᠨ ᠪᠠᠶᠢᠨ᠎ᠠ᠃      ᠦᠪᠦᠷ ᠮᠣᠩᠭᠤᠯ ᠤᠨ ᠬᠥᠯ ᠪᠦᠮᠪᠦᠭᠡ ᠶᠢᠨ ᠬᠦᠳᠡᠯᠭᠡᠭᠡᠨ ᠤ ᠲᠠᠯᠠᠪᠠᠢ ᠪᠡᠯᠡᠳᠭᠡᠮᠵᠢ᠂ ᠴᠢᠳᠠᠪᠤᠷᠢᠲᠠᠨ ᠤ ᠡᠬᠢ ᠪᠠᠶᠠᠯᠢᠭ᠂ ᠵᠠᠰᠠᠭ ᠤᠨ ᠤᠷᠳᠤᠨ ᠤ ᠳᠡᠭᠡᠳᠦ ᠬᠡᠮᠵᠢᠶᠡᠨ ᠤ ᠬᠦᠨᠳᠦᠳᠬᠡᠯ᠂ ᠶᠡᠭᠡ ᠬᠡᠮᠵᠢᠶᠡᠨ ᠤ ᠵᠠᠷᠤᠳᠠᠯ ᠤᠨ ᠤᠷᠤᠭᠤᠯᠤᠯᠲᠠ ᠨᠢ ᠪᠷᠠᠽᠢᠯ ᠤᠨ ᠲᠦᠯᠦᠭᠡᠯᠡᠭᠴᠢᠳ ᠤᠨ ᠠᠩᠬᠠᠷᠤᠯ ᠢ ᠭᠦᠨ ᠲᠠᠲᠠᠵᠤ ᠳᠤᠷ᠎ᠠ ᠰᠣᠨᠢᠷᠬᠠᠯ ᠲᠠᠢ ᠪᠣᠯᠭᠠᠪᠠ᠂ ᠪᠷᠠᠽᠢᠯ ᠤᠨ ᠲᠦᠯᠦᠭᠡᠯᠡᠭᠴᠢᠳ ᠦᠪᠦᠷ ᠮᠣᠩᠭᠤᠯ ᠲᠠᠢ ᠬᠠᠮᠲᠤᠷᠠᠯᠴᠠᠬᠤ ᠳᠤ ᠮᠠᠰᠢ ᠳᠤᠷᠠᠲᠠᠢ ᠪᠠᠶᠢᠬᠤ ᠎ ᠪᠠᠨ ᠢᠯᠡᠳᠬᠡᠵᠦ᠂ ᠪᠷᠠᠽᠢᠯ ᠤᠨ ᠲᠤᠷᠰᠢᠯᠭ᠎ᠠ ᠶᠢ ᠢᠳᠡᠪᠬᠢᠲᠡᠢ ᠪᠠᠷ ᠦᠪᠦᠷ ᠮᠣᠩᠭᠤᠯ ᠳᠤ ᠰᠢᠯᠵᠢᠭᠦᠯᠦᠨ ᠪᠣᠶᠢᠵᠢᠭᠤᠯᠵᠤ᠂ ᠦᠪᠦᠷ ᠮᠣᠩᠭᠤᠯ ᠤᠨ ᠰᠢᠯᠢᠳᠡᠭ ᠴᠢᠳᠠᠪᠤᠷᠢᠲᠠᠨ ᠢ ᠬᠦᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢᠨ ᠬᠠᠮᠲᠤ ᠦᠪᠦᠷ ᠮᠣᠩᠭᠤᠯ ᠤᠨ ᠬᠡᠤᠬᠡᠳ ᠤᠳ ᠪᠷᠠᠽᠢᠯ ᠳᠤ ᠬᠦᠷᠴᠦ ᠪᠣᠯᠪᠠᠰᠤᠷᠠᠯ ᠬᠦᠷᠲᠡᠵᠦ ᠰᠣᠯᠢᠯᠴᠠᠬᠤ ᠶᠢ ᠴᠢᠩ ᠰᠡᠳᠭᠢᠯ ᠠᠴᠠ ᠪᠠᠨ ᠤᠭᠲᠤᠵᠤ᠂ ᠪᠷᠠᠽᠢᠯ ᠤᠨ ᠠᠷᠠᠳ ᠲᠦᠮᠡᠨ ᠦᠪᠦᠷ ᠮᠣᠩᠭᠤᠯ ᠤᠨ ᠬᠡᠤᠬᠡᠳ ᠢ ᠦᠪᠡᠷ ᠤᠨ ᠬᠡᠤᠬᠡᠳ ᠢᠶᠠᠨ ᠰᠢᠭ᠋ ᠬᠠᠶᠢᠷᠠᠯᠠᠨ ᠬᠠᠮᠠᠭᠠᠯᠠᠵᠤ᠂ ᠰᠠᠶᠢᠬᠠᠨ ᠪᠣᠯᠪᠠᠰᠤᠷᠠᠭᠤᠯᠬᠤ ᠨᠢ ᠯᠠᠪᠲᠠᠢ ᠶᠤᠮ ᠭᠡᠪᠡ᠃      ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠣᠪᠴᠢᠶ᠎ᠠ ᠶᠢᠨ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ ᠤ ᠬᠥᠯ ᠪᠦᠮᠪᠦᠭᠡ ᠶᠢᠨ ᠬᠦᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠠᠭᠤᠯᠵᠠᠯᠲᠠ ᠎ ᠳᠤ ᠣᠷᠤᠯᠴᠠᠪᠠ᠃      ᠪᠷᠠᠽᠢᠯ ᠤᠨ ᠬᠥᠯ ᠪᠦᠮᠪᠦᠭᠡ ᠶᠢᠨ ᠰᠤᠷᠭᠠᠭᠤᠯᠢ ᠶᠢᠨ ᠪᠠᠶᠢᠴᠠᠭᠠᠬᠤ ᠪᠦᠯᠬᠦᠮ 11 ᠳ᠋ᠦ᠋ᠭᠡᠷ ᠰᠠᠷ᠎ᠠ ᠶᠢᠨ10᠎ ᠤ ᠡᠳᠦᠷ ᠬᠦᠬᠡᠬᠤᠲᠠ ᠳᠤ ᠠᠶᠢᠯᠴᠢᠯᠠᠷ᠎ᠠ ᠢᠷᠡᠵᠡᠢ᠃ ᠠᠶᠢᠯᠴᠢᠯᠠᠯᠲᠠ ᠶᠢᠨ ᠬᠤᠭᠤᠴᠠᠭᠠᠨ ᠳᠤ᠂ ᠪᠷᠠᠽᠢᠯ ᠤᠨ ᠬᠥᠯ ᠪᠦᠮᠪᠦᠭᠡ ᠶᠢᠨ ᠰᠤᠷᠭᠠᠭᠤᠯᠢ ᠶᠢᠨ ᠪᠠᠶᠢᠴᠠᠭᠠᠬᠤ ᠪᠦᠯᠬᠦᠮ ᠪᠠᠰᠠ ᠬᠦᠬᠡᠬᠤᠲᠠ᠂ ᠰᠢᠯᠢ ᠶᠢᠨ ᠭᠤᠣᠯ ᠠᠶᠢᠮᠠᠭ᠂ ᠪᠣᠭᠤᠲᠤ ᠬᠤᠲᠠ᠂ ᠣᠷᠳᠤᠰ ᠬᠤᠲᠠ ᠵᠡᠷᠭᠡ ᠭᠠᠵᠠᠷ ᠤᠷᠤᠨ ᠢᠶᠠᠷ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号