ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠮᠡᠷᠭᠡᠵᠢᠯᠲᠡᠨ | ᠵᠣᠬᠢᠶᠠᠨ ᠪᠠᠶᠢᠭᠤᠯᠵᠤ ᠡᠯ᠎ᠡ ᠠᠶᠢᠮᠠᠭ ᠬᠤᠲᠠ ᠵᠢᠴᠢ ᠪᠠᠶᠢᠭᠤᠯᠭ᠎ᠠ ᠶᠢᠨ ᠳᠡᠪᠰᠢᠭᠦᠯᠦᠭᠰᠡᠨ ᠲᠤᠰ ᠵᠢᠯ ᠤᠨ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠯᠣᠨ ᠮᠡᠷᠭᠡᠵᠢᠯ ᠢ | ᠳᠡᠯᠭᠡᠷᠡᠭᠦᠯᠬᠦ ᠳᠤ ᠲᠣᠬᠢᠷᠠᠮᠵᠢᠲᠠᠢ ᠲᠦᠷᠦᠯ ᠵᠦᠢᠯ ᠳᠤ ᠰᠢᠯᠭᠠᠨ ᠲᠣᠭᠲᠠᠭᠠᠯᠲᠠ ᠬᠢᠵᠦ 24 ᠲᠥᠷᠥᠯ ᠵᠦᠢᠯ ᠢ | ᠦᠨᠳᠦᠰᠦᠨ ᠱᠠᠲᠤᠨ ᠳᠤ ᠳᠡᠯᠭᠡᠷᠡᠭᠦᠯᠬᠦ ᠪᠠᠷ ᠲᠣᠭᠲᠠᠪᠠ᠃ ᠣᠶᠢᠯᠭᠠᠭᠰᠠᠨ ᠢᠶᠠᠷ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠡᠯᠭᠡᠷᠡᠭᠦᠯᠦᠯᠲᠡ ᠶᠢ | ᠭᠤᠣᠯᠳᠠᠭᠤ ᠦᠨᠳᠦᠰᠦᠨ ᠱᠠᠲᠤᠨ ᠳᠤ ᠬᠠᠨᠳᠤᠭᠤᠯᠤᠨ᠎ᠠ᠂ ᠵᠣᠷᠢᠯᠲᠠ ᠨᠢ ᠬᠤᠰᠢᠭᠤ ᠰᠢᠶᠠᠨ ᠵᠢᠴᠢ ᠬᠤᠰᠢᠭᠤ | ᠰᠢᠶᠠᠨ ᠠᠴᠠ ᠳᠣᠷᠣᠭᠰᠢᠬᠢ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠭ᠎ᠠ ᠶᠢᠨ ᠡᠮᠨᠡᠯᠭᠡ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠡᠷᠢᠭᠦᠨ ᠤ ᠬᠢ | ᠮᠥᠷᠲᠡᠭᠡᠨ ᠪᠣᠯᠪᠠᠰᠤᠷᠠᠩᠭᠤᠢ ᠳᠡᠯᠭᠡᠷᠡᠭᠦᠯᠬᠦ ᠥᠷᠲᠡᠭ ᠪᠦᠬᠦᠢ ᠡᠮᠨᠡᠯᠭᠡ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠯᠣᠨ ᠲᠣᠬᠢᠷᠠᠮᠵᠢᠲᠠᠢ ᠮᠡᠷᠭᠡᠵᠢᠯ ᠢ ᠰᠢᠭᠤᠳ | ᠠᠷᠠᠳ ᠲᠦᠮᠡᠨ ᠤ ᠡᠷᠡᠭᠦᠯ ᠮᠡᠨᠳᠦ ᠳᠤ ᠦᠢᠯᠡᠴᠢᠯᠡᠭᠦᠯᠦᠨ᠎ᠡ᠃ ᠲᠥᠷᠥᠯ ᠵᠦᠢᠯ ᠢ ᠳᠡᠯᠭᠡᠷᠡᠭᠦᠯᠬᠦ ᠳᠡᠭᠡᠨ ᠠᠩᠭᠢ | ᠡᠷᠬᠢᠯᠡᠨ ᠪᠣᠯᠪᠠᠰᠤᠷᠠᠯ ᠬᠢᠬᠦ᠂ ᠲᠤᠬᠠᠢ ᠶᠢᠨ ᠲᠠᠯᠠᠪᠠᠢ ᠳᠤ ᠵᠢᠱᠢᠶ᠎ᠡ ᠦᠵᠡᠭᠦᠯᠦᠨ ᠵᠢᠭᠠᠬᠤ᠂ ᠮᠡᠷᠭᠡᠵᠢᠯ ᠤᠨ ᠯᠠᠪᠯᠠᠭ᠎ᠠ | ᠥᠭᠬᠦ᠂ ᠲᠤᠰᠬᠠᠢ ᠲᠠᠶᠢᠯᠤᠮᠵᠢ ᠬᠢᠬᠦ ᠪᠠ ᠦᠨᠳᠦᠰᠦᠨ ᠱᠠᠲᠤᠨ ᠤ ᠳᠠᠪᠲᠠᠨ ᠪᠣᠯᠪᠠᠰᠤᠷᠠᠭᠤᠯᠬᠤ ᠰᠤᠷᠤᠭᠴᠢ ᠠᠪᠬᠤ | ᠵᠡᠷᠭᠡ ᠤᠯᠠᠨ ᠵᠦᠢᠯ ᠤᠨ ᠬᠡᠯᠪᠡᠷᠢ ᠪᠠᠷ ᠶᠠᠪᠤᠭᠳᠠᠭᠤᠯᠤᠨ᠎ᠠ᠃ |