ᠥᠪᠥᠷ ᠮᠣᠩᠭᠤᠯ ᠠᠳᠠᠯ ᠦᠢᠯᠡᠰ ᠴᠣᠭᠴᠠᠯᠠᠬᠤ 6 ᠵᠦᠢᠯ ᠤᠨ ᠲᠥᠯᠥᠪᠯᠡᠭᠡ ᠶᠢ ᠬᠡᠷᠡᠭᠵᠢᠭᠦᠯᠵᠦ 100 ᠲᠦᠮᠡᠨ ᠬᠥᠮᠦᠨ ᠢ ᠳᠠᠶᠢᠴᠢᠯᠠᠵᠤ ᠠᠵᠢᠯ ᠣᠯᠭᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2015/11/12
     ᠰᠤᠷᠪᠤᠯᠵᠢᠯᠠᠭᠴᠢ ᠥᠴᠥᠭᠡᠳᠦᠷ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠵᠤ ᠮᠡᠳᠡᠭᠰᠡᠨ ᠨᠢ᠂ 2016 ᠣᠨ ᠠᠴᠠ ᠡᠬᠢᠯᠡᠨ᠂ ᠮᠠᠨ ᠤ ᠣᠷᠣᠨ  ᠡᠭᠦᠳᠦᠭᠴᠢᠳ ᠤᠨ ᠬᠦᠰᠡᠯ ᠵᠡᠭᠦᠳᠦ ᠶᠢ ᠲᠡᠷᠭᠡᠯᠰᠢᠭᠦᠯᠬᠦ ᠲᠥᠯᠥᠪᠯᠡᠭᠡ᠂ ᠠᠳᠠᠯ ᠦᠢᠯᠡᠰ ᠴᠤᠭᠴᠠᠯᠠᠬᠤ ᠶᠢ ᠳᠠᠭᠠᠭᠤᠯᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠬᠦᠯᠡᠮᠵᠢ ᠪᠠᠷᠢᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠪᠡᠯᠡ ᠲᠤᠬᠢᠷᠠᠭᠤᠯᠭ᠎ᠠ ᠶᠢ ᠰᠠᠭᠠᠳ ᠦᠭᠡᠢ ᠨᠠᠪᠲᠡᠷᠡᠭᠦᠯᠬᠦ ᠲᠥᠯᠥᠪᠯᠡᠭᠡ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ ᠵᠡᠷᠭᠡ 6 ᠲᠥᠯᠥᠪᠯᠡᠭᠡ ᠶᠢ ᠭᠤᠤᠯᠳᠠᠯᠭ᠎ᠠ ᠲᠠᠢ ᠵᠤᠬᠢᠶᠠᠨ ᠪᠠᠶᠢᠭᠤᠯᠵᠤ ᠬᠡᠷᠡᠭᠵᠢᠭᠦᠯᠵᠦ᠂ 2020 ᠣᠨ ᠪᠣᠯᠬᠤ ᠳᠤ᠂ ᠪᠦᠬᠦ ᠣᠷᠣᠨ ᠤ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ ᠰᠢᠨ᠎ᠡ ᠪᠠᠷ 30 ᠲᠦᠮᠡ ᠨᠡᠮᠡᠭᠳᠡᠭᠦᠯᠵᠦ᠂ 100 ᠲᠦᠮᠠ ᠠᠴᠠ ᠳᠡᠭᠡᠭᠰᠢ ᠬᠦᠮᠦᠨ ᠢ ᠲᠠᠶᠢᠴᠢᠯᠠᠨ ᠠᠵᠢᠯ ᠤᠯᠭᠤᠬᠤ ᠪᠠᠷ ᠴᠢᠷᠮᠠᠶᠢᠨ᠎ᠠ᠃      ᠪᠣᠳᠠᠲᠠᠶ ᠠᠷᠭ᠎ᠠ ᠬᠡᠮᠵᠢᠶ᠎ᠡ ᠨᠢ ᠭᠡᠪᠡᠯ᠄ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠢᠯ ᠤᠯᠭᠤᠬᠤ ᠶᠢ ᠴᠢᠳᠠᠪᠤᠷᠢ ᠰᠠᠶᠢᠲᠠᠢ ᠠᠵᠤ ᠦᠢᠯᠡᠰ ᠢ ᠦᠷᠭᠦᠯᠵᠢᠯᠡᠨ ᠬᠥᠭᠵᠢᠭᠦᠯᠬᠦ᠂ ᠵᠢᠱᠢᠶᠡᠯᠡᠪᠡᠯ᠂ ᠮᠥᠩᠭᠦᠨ ᠭᠦᠢᠯᠭᠡᠭᠡᠨ ᠤ ᠲᠦᠷᠢᠶᠡᠰᠦᠯᠡᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠤᠳᠤ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠣᠯᠤᠨ ᠵᠢᠭᠤᠯᠴᠢᠯᠠᠯ ᠰᠡᠯᠡᠭᠦᠴᠡᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠭᠡᠷ ᠪᠦᠯᠢ ᠶᠢᠨ ᠦᠢᠯᠡᠴᠢᠯᠡᠭᠡ᠂ ᠨᠡᠶᠢᠭᠡᠮ ᠤᠨ ᠠᠵᠢᠯ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠠᠵᠢᠯ ᠣᠯᠭᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠬᠦ ᠶᠢ ᠵᠤᠷᠢᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ᠋ ᠎ ᠢ ᠪᠠᠶᠢᠭᠤᠯᠤᠨ᠎ᠠ︔ ᠠᠵᠢᠯ ᠣᠯᠭᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠬᠦ ᠬᠠᠷᠠᠯᠲᠠ ᠳᠣᠣᠷ᠎ᠠ᠂ ᠥᠪᠡᠷ ᠤᠨ ᠦᠷᠲᠡᠭ ᠢᠶᠠᠷ ᠳᠠᠪᠠᠭᠤᠯᠢᠭ ᠡᠬᠢ ᠪᠠᠶᠠᠯᠢᠭ ᠡᠳᠡᠰᠢᠭᠦᠯᠬᠦ ᠬᠡᠯᠪᠡᠷᠢ᠂ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠬᠦᠷᠦᠩᠭᠡ ᠨᠢᠭᠲᠠᠷᠠᠭᠰᠠᠨ ᠬᠡᠯᠪᠡᠷᠢ᠂ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠢᠳᠡᠪᠬᠢᠲᠡᠢ ᠬᠦᠲᠦᠯᠦᠨ ᠳᠠᠭᠠᠭᠤᠯᠵᠤ ᠥᠪᠥᠷ ᠮᠣᠩᠭᠤᠯ ᠲᠡᠰᠢ ᠰᠢᠯᠵᠢᠭᠦᠯᠵᠦ᠂ ᠬᠤᠶᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠳᠠᠯᠳᠠ ᠬᠦᠴᠦᠨ ᠢ ᠠᠭᠤᠳᠠᠯᠤᠨ᠎ᠠ︔  ᠤᠯᠠᠮᠵᠢᠯᠠᠯᠲᠤ ᠠᠵᠤ ᠦᠢᠯᠡᠰ ︽ ᠢᠨᠲ᠋ᠧᠷ ᠰᠦᠯᠵᠢᠶ᠎ᠡ +︾ ᠰᠡᠳᠬᠢᠬᠦᠶ ᠶᠢ ᠪᠤᠢ ᠪᠤᠯᠭᠠᠬᠤ ᠶᠢ ᠵᠤᠷᠢᠭᠵᠢᠭᠤᠯᠵᠤ᠂ ᠲᠡᠭᠦᠯᠳᠡᠷᠵᠢᠭᠦᠯᠵᠦ᠂ ᠰᠦᠯᠵᠢᠶᠡᠵᠢᠭᠦ᠂ ᠤᠶᠤᠨᠴᠢᠯᠠᠬᠤ᠂ ᠦᠢᠯᠡᠵᠢᠯᠡᠭᠡᠵᠢᠭᠦᠯᠬᠦ᠂ ᠵᠤᠬᠢᠴᠠᠩᠭᠤᠶᠢᠵᠢᠭᠤᠯᠬᠤ ︽ᠢᠨᠲ᠋ᠧᠷ ᠰᠦᠯᠵᠢᠶ᠎ᠡ +︾᠎ ᠶᠢᠨ ᠠᠵᠤ ᠦᠢᠯᠡᠰ ᠤᠨ ᠠᠮᠢ ᠠᠬᠤᠶ ᠶᠢᠨ ᠰᠢᠰᠲ᠋ᠧᠮᠵᠢ ᠶᠢ  ᠲᠡᠭᠦᠯᠳᠡᠷᠵᠢᠭᠦᠯᠦᠭᠡᠳ᠂ ᠡᠭᠦᠨ ᠤ ᠤᠯᠠᠮ ᠢᠶᠠᠷ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠰᠢᠩᠭᠡᠨ ᠠᠪᠤᠨ᠎ᠠ︔ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠬᠤ ᠭᠤᠣᠯ ᠠᠷᠭ᠎ᠠ ᠵᠠᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠰᠣᠶᠣᠯ ᠲᠠᠢ᠂ ᠮᠡᠷᠭᠡᠵᠢᠯ ᠲᠠᠢ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠦᠵᠡᠯᠲᠡ ᠲᠠᠢ ᠡᠯ᠎ᠡ ᠲᠦᠷᠤᠯ ᠤᠨ ᠬᠤᠳᠠ ᠬᠥᠳᠡᠭᠡ ᠶᠢᠨ   ᠬᠦᠳᠡᠯᠮᠦᠷᠢᠴᠢᠳ ᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ  ᠮᠠᠯᠵᠢᠬᠤ ᠲᠠᠷᠢᠶᠠᠯᠠᠬᠤ ᠣᠷᠣᠨ ᠳᠤ ᠤᠴᠢᠭᠤᠯᠤᠨ ᠠᠵᠢᠯ ᠣᠯᠵᠤ ᠠᠳᠠᠯ ᠦᠢᠯᠡᠰ ᠴᠤᠭᠴᠠᠯᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠬᠦᠴᠦ ᠶᠠᠪᠤᠭᠴᠢ ᠮᠠᠯᠴᠢᠨ  ᠲᠠᠷᠢᠶᠠᠴᠢᠳ ᠪᠡᠯᠡ ᠮᠥᠩᠭᠦ᠂ ᠤᠶᠤᠨ ᠤᠬᠠᠭᠠᠨ ᠪᠠ ᠲᠤᠷᠰᠢᠯᠭ᠎ᠠ ᠪᠠᠨ ᠠᠪᠴᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠵᠣᠷᠢᠭᠵᠢᠭᠤᠯᠬᠤ ᠶᠢᠨ ᠲᠥᠯᠥᠭᠡ᠂ ᠢᠷᠡᠬᠦ 5 ᠵᠢᠯ ᠳᠤ᠂ ᠮᠠᠨ ᠤ ᠣᠷᠣᠨ ᠲᠡᠳᠡᠨᠦᠰ ᠤᠨ ᠰᠢᠶᠠᠨ ᠤ ᠬᠡᠪᠴᠢᠶᠡᠨ ᠤ ᠠᠵᠤ ᠠᠬᠤᠶ ᠪᠠ ᠥᠪᠡᠷᠮᠢᠴᠡ ᠣᠨᠴᠠᠯᠢᠭ ᠲᠠᠢ ᠠᠵᠤ ᠠᠬᠤᠶ ᠳᠤ ᠳᠦᠰᠢᠭᠯᠡᠨ᠂ ᠮᠠᠯᠴᠢᠨ ᠲᠠᠷᠢᠶᠠᠴᠢᠳ  ᠤᠨ ᠲᠤᠰᠬᠠᠶ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠭᠡ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠵᠢᠭᠤᠯᠴᠢᠯᠠᠯ᠂ ᠲᠠᠷᠢᠶᠠᠯᠠᠬᠤ ᠮᠠᠯᠵᠢᠬᠤ ᠣᠷᠣᠨ ᠤ ᠦᠢᠯᠡᠴᠢᠯᠡᠭᠡᠨ ᠤ ᠦᠢᠯᠡᠰ ᠵᠡᠷᠭᠡ ᠰᠢᠨ᠎ᠡ ᠮᠠᠶ᠋ᠢᠭ ᠤᠨ ᠠᠵᠤ ᠠᠬᠤᠶ ᠶᠢᠨ ᠴᠤᠭᠴᠠ ᠡᠭᠦᠳᠦᠨ ᠪᠠᠶᠢᠭᠤᠯᠠᠵᠤ᠂ ᠲᠤᠰ ᠪᠡᠶ᠎ᠡ ᠶᠢᠨ ᠬᠢᠨᠢ ᠲᠡᠯᠳᠡ ᠴᠢᠳᠠᠪᠤᠷᠢ ᠶᠢᠨ ᠦᠨ᠎ᠡ ᠴᠡᠨ᠎ᠡ ᠶᠢ ᠪᠠᠳᠠᠷᠠᠭᠤᠯᠬᠤ ᠶᠢᠨ ᠬᠠᠮᠲᠤ ᠨᠤᠲᠤᠭ ᠤᠨ ᠠᠷᠠᠳ ᠲᠦᠮᠡᠨ ᠢᠶᠠᠨ ᠳᠠᠭᠠᠭᠤᠯᠤᠨ ᠬᠠᠮᠲᠤ ᠪᠠᠷ ᠪᠠᠶᠠᠵᠢᠬᠤ ᠶᠢ ᠨᠢ ᠳᠡᠮᠵᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号