ᠣᠶᠢᠷ᠎ᠠ ᠳᠤ᠂ ᠳᠤᠮᠳᠠᠳᠤ ᠤᠯᠤᠰ ᠤᠨ ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ | ᠳᠠᠷᠤᠭ᠎ᠠ ᠪᠠᠶᠠᠷᠮᠡᠨᠳᠦ ᠫᠷᠣᠹᠧᠰᠰᠣᠷ ᠪᠠ ᠨᠠᠷᠢᠨ ᠪᠢᠴᠢᠭ ᠤᠨ ᠳᠠᠷᠤᠭ᠎ᠠ ᠭᠤᠣ · ᠵᠣᠷᠢᠭᠲᠤ ᠫᠷᠣᠹᠧᠰᠰᠣᠷ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠤ ᠬᠦᠷᠴᠦ ᠳᠤᠮᠳᠠᠳᠤ ᠤᠯᠤᠰ ᠤᠨ | ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ 2015 ᠣᠨ ᠤ ᠠᠵᠢᠯ ᠤᠨ ᠳ᠋ᠦᠩᠨᠡᠯᠲᠡ ᠪᠠ | 2016 ᠣᠨ ᠤ ᠠᠵᠢᠯ ᠤᠨ ᠲᠥᠯᠥᠪᠯᠡᠭᠡ ᠪᠠᠨ ᠮᠡᠳᠡᠭᠳᠡᠪᠡ᠃ 2016 ᠣᠨ ᠳᠤ᠂ ᠳᠤᠮᠳᠠᠳᠤ ᠤᠯᠤᠰ ᠤᠨ | ᠮᠣᠩᠭᠤᠯ ᠬᠡᠯᠡ ᠪᠢᠴᠢᠭ ᠤᠨ ᠰᠢᠨᠵᠢᠯᠡᠭᠡᠨ ᠨᠡᠶᠢᠭᠡᠮᠯᠢᠭ ᠳᠦᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ | ᠥᠷᠨᠢᠭᠦᠯᠬᠦ ᠪᠣᠯᠤᠨ᠎ᠠ᠃ ᠨᠢᠭᠡ ᠳᠤ ᠳᠦᠷᠢᠮ ᠲᠣᠭᠲᠠᠭᠠᠯ ᠪᠠᠶᠢᠭᠤᠯᠬᠤ ᠶᠢ ᠴᠢᠩᠭᠠᠳᠬᠠᠨ᠎ᠠ᠃ ︽ᠳᠤᠮᠳᠠᠳᠤ | ᠤᠯᠤᠰ ᠤᠨ ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠳᠦᠷᠢᠮ︾ ᠳᠤ ᠵᠠᠰᠠᠪᠤᠷᠢ ᠣᠷᠣᠭᠤᠯᠵᠤ᠂ | ᠡᠳ᠋ ᠤᠨ ᠶᠠᠪᠤᠳᠠᠯ ᠤᠨ ᠲᠦᠷᠢᠮ᠂ ᠡᠷᠳᠡᠮ ᠰᠢᠨᠵᠢᠯᠡᠭᠡᠨ ᠤ ᠺᠣᠮᠢᠰ ᠤᠨ ᠠᠵᠢᠯ ᠤᠨ ᠲᠦᠷᠢᠮ᠂ ᠬᠤᠪᠢᠶᠠᠷᠢ ᠵᠥᠪᠯᠡᠯ | ︵ᠲᠤᠰᠬᠠᠶ ᠵᠥᠪᠯᠡᠯ︶ ᠤᠨ ᠠᠵᠢᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠬᠤᠶᠠᠷ ᠲᠤ | ᠨᠡᠶᠢᠭᠡᠮᠯᠢᠭ ᠤᠨ ᠰᠦᠯᠵᠢᠶᠡᠨ ᠥᠷᠲᠡᠭᠡ ᠶᠢ ᠪᠠᠶᠢᠭᠤᠯᠵᠤ᠂ ᠰᠤᠷᠤᠯᠴᠠᠬᠤ᠂ ᠰᠤᠳᠤᠯᠬᠤ ᠪᠠ ᠮᠣᠩᠭᠤᠯ ᠦᠭᠡ ᠬᠡᠯᠡ | ᠦᠰᠦᠭ ᠪᠢᠴᠢᠭ ᠤᠨ ᠬᠠᠮᠢᠶᠠᠷᠤᠯᠲᠠ ᠶᠢᠨ ᠴᠢᠬᠤᠯᠠ ᠲᠠᠪᠴᠠᠩ ᠢ ᠪᠠᠶᠢᠭᠤᠯᠤᠨ᠎ᠠ᠃ ᠭᠤᠷᠪᠠ ᠳᠤ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠢ ᠴᠢᠩᠭᠠᠳᠬᠠᠨ᠎ᠠ᠃ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠡᠷᠬᠢᠯᠡᠵᠦ᠂ | ᠲᠤᠰᠬᠠᠶ ᠰᠡᠳᠬᠦᠯ ᠪᠣᠯᠣᠨ ᠥᠭᠦᠯᠡᠯ ᠤᠨ ᠲᠡᠭᠦᠪᠦᠷᠢ ᠬᠡᠪᠯᠡᠵᠦ᠂ ᠨᠡᠶᠢᠭᠡᠮᠯᠢᠭ ᠤᠨ ᠳᠠᠩᠰᠠ ᠡᠪᠬᠡᠮᠡᠯ ᠰᠤᠷᠪᠤᠯᠵᠢ | ᠪᠢᠴᠢᠭ ᠢ ᠡᠮᠬᠢᠳᠬᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠵᠠᠰᠠᠭ ᠤᠨ ᠣᠷᠳᠣᠨ ᠤ | ᠱᠠᠩᠨᠠᠯ ᠢ ᠮᠡᠳᠡᠭᠦᠯᠦᠨ ᠭᠤᠶᠤᠴᠢᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠷᠪᠡ ᠳᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠣᠩᠭᠤᠯ ᠬᠡᠯᠡ ᠪᠢᠴᠢᠭ ᠤᠨ | ᠠᠵᠢᠯ ᠤᠨ ᠲᠠᠯ᠎ᠠ ᠪᠠᠷ ᠬᠢ ᠵᠥᠪᠯᠡᠯᠭᠡ ᠮᠡᠳᠡᠭᠦᠯᠦᠯᠲᠡ ᠶᠢ ᠢᠳᠡᠪᠬᠢᠲᠡᠢ ᠪᠠᠷ ᠬᠠᠩᠭᠠᠬᠤ ᠬᠡᠷᠡᠭᠲᠡᠢ᠃ |