ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠤᠯᠤᠰ ᠤᠨ ᠲᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2015/11/12
     2015 ᠣᠨ ᠳᠤ᠂ ᠮᠠᠨ ᠤ ᠣᠷᠣᠨ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠪᠦᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ ᠨᠢ 2800 ᠲᠦᠮᠡᠨ ᠲᠣᠨ ᠬᠦᠷᠴᠦ᠂ ᠡᠭᠦᠨ ᠳᠤ ᠡᠷᠳᠡᠨᠢ ᠰᠢᠰᠢ ᠶᠢᠨ ᠶᠡᠷᠦᠩᠬᠡᠶ ᠤᠨᠠᠯᠲᠠ ᠨᠢ ᠪᠠᠷᠤᠭ 2250 ᠲᠦᠮᠡᠨ ᠲᠣᠨ ᠬᠦᠷᠬᠦ ᠪᠠᠷ ᠵᠢᠱᠢᠵᠦ ᠪᠤᠢ᠃ ᠣᠷᠴᠢᠮ ᠳᠤ᠂ ᠰᠤᠷᠪᠤᠯᠵᠢᠯᠠᠭᠴᠢ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠡᠨᠡ ᠵᠢᠯ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠷᠳᠡᠨᠢ ᠰᠢᠰᠢ ᠶᠢ ᠲᠦᠷ ᠴᠠᠭ ᠬᠤᠷᠢᠶᠠᠨ ᠨᠥᠭᠡᠴᠡᠯᠡᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠪᠣᠯᠣᠨ᠎ᠠ᠃      ᠨᠢᠭᠡ᠂ 2015 ᠣᠨ ᠬᠢᠭᠡᠳ 2014 ᠣᠨ ᠤ ᠲᠦᠷ ᠴᠠᠭ ᠬᠠᠳᠠᠭᠠᠯᠠᠬᠤ ᠲᠦᠷᠦ ᠶᠢᠨ ᠪᠤᠳᠤᠯᠭ᠎ᠠ ᠶᠢᠨ ᠭᠤᠣᠯ ᠬᠤᠪᠢᠷᠠᠯᠲᠠ ᠶᠢᠨ ᠲᠣᠬᠠᠢ      ᠡᠨᠡ ᠵᠢᠯ ᠤᠨ ᠤᠯᠤᠰ ᠠᠴᠠ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠢᠳᠤᠨᠤᠨ ᠤ ᠰᠠᠭᠤᠷᠢ ᠳᠡᠭᠡᠷ᠎ᠡ ᠵᠣᠬᠢᠰᠲᠠᠶ ᠲᠣᠬᠢᠷᠠᠭᠤᠯᠤᠯᠲᠠ ᠬᠢᠵᠦ᠂ ᠳᠣᠣᠷᠠᠬᠢ ᠲᠦᠷᠪᠡᠨ ᠲᠠᠯ᠎ᠠ ᠶᠢᠨ ᠰᠢᠨ᠎ᠡ ᠬᠤᠪᠢᠷᠠᠯᠲᠠ ᠢᠯᠡᠷᠡᠵᠦ ᠪᠠᠶᠢᠨ᠎ᠠ᠄ ᠨᠢᠭᠡ ᠳᠤ ᠬᠤᠳᠠᠯᠳᠤᠨ ᠠᠪᠬᠤ ᠦᠨ᠎ᠡ ᠬᠠᠩᠰᠢ ᠶᠢ ᠲᠣᠬᠢᠷᠠᠭᠤᠯᠵᠠᠢ᠃ ᠡᠷᠳᠡᠨᠢ ᠰᠢᠰᠢ ᠬᠤᠳᠠᠯᠳᠤᠨ ᠠᠪᠬᠤ ᠦᠨ᠎ᠡ ᠬᠠᠩᠰᠢ ᠲᠦᠷᠦᠭᠦᠦ ᠵᠢᠯ ᠤᠨ ᠬᠢ ᠠᠴᠠ ᠵᠢᠩ ᠪᠦᠷᠢ ᠎ ᠳᠡᠭᠡᠨ 0.13 ᠲᠥᠭᠦᠷᠢᠭ ᠪᠠᠭᠤᠷᠠᠵᠤ᠂ ᠲᠤᠬᠠᠶᠢᠯᠠᠪᠠᠯ ᠤᠯᠤᠰ ᠤᠨ ᠪᠠᠷᠢᠮᠵᠢᠶᠠᠲᠤ ᠭᠤᠷᠪᠠᠳᠤᠭᠠᠷ ᠳᠡᠰ ᠤᠨ ᠡᠷᠳᠡᠨᠢ ᠰᠢᠰᠢ ᠵᠢᠩ ᠪᠦᠷᠢ 1 ᠲᠥᠭᠦᠷᠢᠭ᠂ ᠵᠡᠭᠦᠨ ᠬᠤᠶᠢᠲᠤ ᠣᠷᠣᠨ ᠤ ᠭᠤᠷᠪᠠᠨ ᠮᠤᠵᠢ ᠪᠣᠯᠣᠨ ᠥᠪᠥᠷ ᠮᠣᠩᠭᠤᠯ ᠬᠤᠳᠠᠯᠳᠤᠨ ᠠᠪᠬᠤ ᠦᠨ᠎ᠡ ᠪᠠᠨ ᠨᠢᠭᠡᠳᠬᠡᠭᠰᠡᠨ ᠠᠴᠠ᠂ ᠭᠠᠵᠠᠷ ᠣᠷᠣᠨ ᠤ ᠵᠥᠷᠢᠶ᠎ᠡ ᠦᠭᠡᠢ᠃ ᠬᠤᠶᠠᠷ ᠲᠤ ᠡᠬᠢᠯᠡᠵᠦ ᠬᠤᠳᠠᠯᠳᠤᠨ ᠠᠪᠬᠤ ᠴᠠᠭ ᠤᠷᠢᠳᠴᠢᠯᠠᠵᠠᠶ᠃ ᠲᠦᠷ ᠬᠠᠳᠠᠭᠠᠯᠠᠬᠤ ᠡᠷᠳᠡᠨᠢ ᠰᠢᠰᠢ ᠶᠢ 11 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠤᠳᠠᠯᠳᠤᠨ ᠠᠪᠤᠭᠰᠠᠨ ᠪᠣᠯᠬᠤᠷ  ᠂ ᠨᠢᠳᠤᠨᠤᠨ ᠤ ᠬᠢ ᠠᠴᠠ 24 ᠡᠳᠦᠷ ᠤᠷᠢᠳᠴᠢᠯᠠᠪᠠ︔ ᠡᠷᠳᠡᠨᠢ ᠰᠢᠰᠢ ᠬᠤᠳᠠᠯᠳᠤᠨ ᠠᠪᠬᠤ ᠬᠤᠭᠤᠴᠠᠭ᠎ᠠ 2016 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠲᠤ ᠳᠠᠭᠤᠰᠴᠤ᠂ ᠨᠢᠳᠤᠨᠤᠨ ᠤ ᠬᠢ ᠲᠠᠢ ᠠᠳᠠᠯᠢ ᠪᠣᠯᠣᠨ᠎ᠠ᠃ ᠭᠤᠷᠪᠠ ᠳᠤ ᠶᠠᠰᠤ ᠴᠢᠨᠠᠷ ᠤᠨ ᠪᠠᠷᠢᠮᠵᠢᠶ᠎ᠠ ᠶᠢᠨ ᠱᠠᠭᠠᠷᠳᠠᠯᠭ᠎ᠠ ᠨᠡᠩ ᠴᠢᠩᠭ᠎ᠠ ᠪᠣᠯᠪᠠ᠃ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠮᠤ ᠪᠤᠳᠠᠭ᠎ᠠ ᠴᠥᠮ ᠤᠯᠤᠰ ᠤᠨ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠮᠵᠢ ᠳᠤ ᠣᠷᠣᠭᠤᠯᠵᠤ ᠪᠣᠯᠬᠤ ᠦᠭᠡᠢ᠃ ᠡᠷᠳᠡᠨᠢ ᠰᠢᠰᠢ ᠶᠢᠨ ᠥᠩᠭᠡ ᠨᠢ ᠬᠤᠪᠢᠷᠠᠭᠰᠠᠨ ᠪᠠᠶᠢᠪᠠᠯ ᠮᠥᠬᠦᠯᠢᠭ ᠨᠢ ᠲᠡᠭᠦᠯᠳᠡᠷ ᠪᠣᠰᠤ ᠡᠷᠳᠡᠨᠢ ᠰᠢᠰᠢ ᠪᠠᠷ ᠪᠤᠳᠣᠨ᠎ᠠ᠃ ᠣᠨᠴᠠᠭᠠᠶᠢᠯᠠᠨ ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ ᠴᠢᠳᠠᠭ᠎ᠠ ᠦᠭᠡᠢ  ᠡᠷᠳᠡᠨᠢ ᠰᠢᠰᠢ ᠶᠢ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠠᠮᠤ ᠪᠤᠳᠠᠭᠠᠨ ᠤ ᠠᠮᠤᠷ ᠲᠦᠪᠰᠢᠨ ᠢ ᠮᠤᠵᠢ ᠶᠢᠨ ᠳᠠᠷᠤᠭ᠎ᠠ  ᠬᠠᠷᠢᠭᠤᠴᠠᠬᠤ ᠳᠦᠷᠢᠮ ᠪᠣᠯᠣᠨ ᠢᠳᠡᠭᠡᠨ ᠤ ᠠᠮᠤᠷ ᠲᠥᠪᠰᠢᠨ ᠢ ᠣᠷᠣᠨ ᠨᠤᠲᠤᠭ ᠠᠴᠠ ᠬᠠᠷᠢᠭᠤᠴᠠᠬᠤ ᠲᠦᠷᠢᠮ ᠤᠨ ᠶᠣᠰᠣᠭᠠᠷ ᠵᠣᠬᠢᠶᠠᠨ ᠪᠠᠶᠢᠭᠤᠯᠤᠨ ᠬᠤᠳᠠᠯᠳᠤᠨ ᠠᠪᠤᠨ᠎ᠠ᠂ ᠭᠡᠬᠦ ᠳᠡᠭᠡᠨ ᠮᠦᠬᠦᠯᠢᠭ ᠨᠢ ᠲᠡᠭᠦᠯᠳᠡᠷ ᠪᠤᠰᠣ  ᠡᠷᠳᠡᠨᠢ ᠶᠢᠨ ᠰᠢᠰᠢ ᠶᠢᠨ ᠲᠤᠲᠤᠷᠠᠬᠢ ᠸᠠᠯᠠᠭᠰᠠᠨ ᠮᠥᠬᠦᠯᠢᠭ ᠎ ᠤᠨ ᠠᠭᠤᠯᠤᠭᠳᠠᠴᠠ ᠨᠢ 2%᠎ ᠢ ᠳᠠᠪᠠᠭᠰᠠᠨ  ᠪᠠᠶᠢᠪᠠᠯ᠂ ᠲᠣᠭᠲᠠᠭᠠᠭᠰᠠᠨ ᠬᠡᠷᠡᠭᠯᠡᠯᠲᠡ ᠶᠢᠨ ᠶᠣᠰᠣᠭᠠᠷ ᠬᠡᠷᠡᠭᠯᠡᠬᠦ ᠬᠡᠷᠡᠭᠲᠡᠶ᠃ ᠲᠦᠷᠪᠡ ᠳᠤ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠦᠮᠦᠷᠭᠡ ᠶᠢ ᠮᠦᠨ ᠤᠯᠤᠰ ᠤᠨ ᠨᠠᠶᠢᠳᠠᠯᠭ᠎ᠠ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ ᠪᠦᠯᠦᠭᠯᠡᠯ  ᠎ ᠢ ᠨᠥᠬᠦᠪᠥᠷᠢ ᠬᠦᠴᠦᠨ ᠪᠣᠯᠭᠠᠬᠤ ᠰᠠᠭᠤᠷᠢᠨ ᠳᠡᠭᠡᠷ᠎ᠡ᠂ ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠪᠡᠶ᠎ᠡ ᠪᠠᠨ ᠳᠠᠭᠠᠭᠠᠵᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠠᠴᠠ ᠵᠢᠭᠡᠯᠡᠯᠭᠡ ᠲᠠᠯᠪᠢᠨ ᠬᠤᠳᠠᠯᠳᠤᠨ ᠠᠪᠤᠨ᠎ᠠ᠃      ᠬᠤᠶᠠᠷ᠂ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯᠣᠨ ᠬᠤᠭᠤᠴᠠᠭᠠᠯᠠᠯ ᠤᠨ ᠲᠣᠬᠠᠢ      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠠᠮᠤ ᠪᠤᠳᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ ︽2015 ᠣᠨ ᠤ ᠵᠡᠭᠦᠨ ᠬᠤᠶᠢᠲᠤ ᠣᠷᠣᠨ ᠤ ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠬᠤᠳᠠᠯᠳᠤᠨ ᠠᠪᠬᠤ ᠬᠤᠯᠪᠣᠭᠳᠠᠯ ᠪᠦᠬᠦᠢ ᠠᠰᠠᠭᠤᠳᠠᠯ ᠤᠳ ᠤᠨ ᠲᠤᠬᠠᠶ ᠮᠡᠳᠡᠭᠳᠡᠯ︾ ︵ᠤᠯᠤᠰ ᠠᠮᠤ ᠪᠤᠳᠠᠭ᠎ᠠ ᠰᠢᠯᠵᠢᠭᠦᠯᠬᠦ ︵2015︶ 169 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ 2015 ᠣᠨ ᠤ ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠤᠭᠤᠴᠠᠭᠠᠯᠠᠯ ᠨᠢ 2015 ᠣᠨ ᠤ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2016 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ ᠪᠣᠯᠣᠨ᠎ᠠ᠃      ᠭᠤᠷᠪᠠ᠂ ᠬᠤᠳᠠᠯᠳᠤᠨ ᠠᠪᠬᠤ ᠦᠨ᠎ᠡ ᠬᠠᠩᠰᠢ ᠪᠣᠯᠣᠨ ᠶᠠᠰᠤ ᠴᠢᠨᠠᠷ ᠤᠨ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠲᠤᠬᠠᠶ      ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠶᠢᠨ ᠦᠨ᠎ᠡ ᠬᠠᠶ᠋ᠢᠭᠯᠠᠭᠰᠠᠨ ᠬᠤᠳᠠᠯᠳᠤᠨ ᠠᠪᠬᠤ ᠦᠨ᠎ᠡ ︵ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠪᠣᠯᠣᠨ ᠭᠠᠵᠠᠷ ᠲᠠᠷᠢᠶᠠᠴᠢᠳ ᠠᠴᠠ ᠰᠢᠭᠤᠳ ᠬᠤᠳᠠᠯᠳᠤᠨ ᠠᠪᠴᠤ ᠬᠦᠮᠦᠷᠭᠡᠯᠡᠬᠦ ᠦᠨ᠎ᠡ ᠶᠢ ᠬᠡᠯᠡᠨ᠎ᠡ︶᠎ ᠪᠠᠷ ᠪᠠᠷᠢᠮᠵᠢᠶᠠᠯᠠᠪᠠᠯ ᠵᠢᠩ  ᠪᠦᠷᠢ ᠳᠡᠭᠡᠨ 1.00 ᠲᠥᠭᠦᠷᠢᠭ ᠪᠠᠶᠢᠵᠤ᠂ 2015 ᠣᠨ ᠳᠤ ᠦᠢᠯᠡᠳᠪᠦᠷᠢᠯᠡᠭᠰᠡᠨ ᠤᠯᠤᠰ ᠤᠨ ᠪᠠᠷᠢᠮᠵᠢᠶᠠᠲᠤ  ᠭᠤᠷᠪᠠᠳᠤᠭᠠᠷ ᠳᠡᠰ ᠤᠨ ᠪᠠᠷᠢᠮᠵᠢᠶᠠᠲᠤ ᠡᠷᠳᠡᠨᠢ ᠰᠢᠰᠢ ᠶᠢᠨ ᠪᠣᠳᠠᠲᠠᠶ ᠶᠠᠰᠤ ᠴᠢᠨᠠᠷ ᠤᠨ ᠪᠠᠷᠢᠮᠵᠢᠶ᠎ᠠ ᠨᠢ᠄ ᠪᠠᠭᠲᠠᠭᠠᠮᠵᠢ ᠶᠢᠨ ᠬᠦᠨᠳᠦᠴᠡ ᠨᠢ 650 ᠭᠷᠠᠮ \ ᠯᠢᠲᠷ  ~685 ᠭᠷᠠᠮ \ ᠯᠢᠲᠷ ︵650 ᠭᠷᠠᠮ \ ᠯᠢᠲᠷ ᠪᠠᠭᠲᠠᠵᠤ᠂  685 ᠭᠷᠠᠮ\ ᠯᠢᠲᠷ ᠦᠯᠦ ᠪᠠᠭᠲᠠᠨ᠎ᠠ︶  ᠂  ᠤᠰᠤᠴᠠ ᠨᠢ 14.0%᠎ ᠤ ᠲᠤᠲᠤᠷ᠎ᠠ᠂ ᠬᠤᠯᠢᠴᠠ ᠨᠢ1.0%᠎ ᠶᠢᠨ ᠳᠣᠲᠤᠷ᠎ᠠ᠂ ᠲᠡᠭᠦᠯᠳᠡᠷ ᠪᠤᠰᠤ ᠮᠦᠬᠦᠯᠢᠭ ᠤᠨ ᠠᠭᠤᠯᠤᠭᠳᠠᠴᠠ ᠨᠢ 8.0%᠎ ᠶᠢᠨ ᠲᠤᠳᠤᠷ᠎ᠠ ᠪᠠᠶᠢᠬᠤ ᠬᠡᠷᠡᠭᠲᠡᠢ᠃      ᠬᠤᠳᠠᠯᠳᠤᠨ ᠠᠪᠴᠤ ᠬᠦᠮᠦᠷᠭᠡᠯᠡᠬᠦ ᠡᠷᠳᠡᠨᠢ ᠰᠢᠰᠢ ᠨᠢ ᠡᠷᠬᠡᠪᠰᠢ 2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠵᠦ᠂ ᠤᠯᠤᠰ ᠤᠨ ᠪᠠᠷᠢᠮᠵᠢᠶ᠎ᠠ ᠳᠡᠰ ᠲᠤᠲᠤᠷᠠᠬᠢ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠢᠵᠢᠯᠰᠠᠭ ᠲᠡᠰ ᠤᠨ ᠬᠤᠭᠤᠷᠣᠨᠳᠣᠬᠢ ᠳᠡᠰ ᠵᠡᠷᠭᠡ ᠶᠢᠨ ᠦᠨ᠎ᠡ ᠶᠢᠨ ᠵᠥᠷᠢᠶ᠎ᠡ ᠨᠢ ᠵᠢᠩ ᠪᠦᠷᠢ ᠳᠡᠭᠡᠨ 0.02 ᠲᠥᠭᠦᠷᠢᠭ ᠪᠣᠯᠤᠨ᠎ᠠ᠃ ᠪᠠᠷᠢᠮᠵᠢᠶᠠᠲᠤ ᠪᠤᠰᠤ ᠡᠷᠳᠡᠨᠢ ᠰᠢᠰᠢ ᠬᠤᠳᠠᠯᠳᠤᠨ ᠠᠪᠬᠤ ᠳᠠᠭᠠᠨ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠠᠮᠤ ᠪᠤᠳᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ︿ᠠᠮᠤ ᠲᠤᠰᠤᠨ ᠤ ᠶᠠᠰᠤ ᠴᠢᠨᠠᠷ ᠤᠨ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠲᠣᠭᠲᠠᠭᠠᠯ﹀᠎ ᠤᠨ ᠲᠤᠬᠠᠶ ᠮᠡᠳᠡᠭᠳᠡᠯ︾ ︵ᠤᠯᠤᠰ ᠤᠨ ᠠᠮᠤ ᠪᠤᠳᠠᠭ᠎ᠠ ᠲᠠᠷᠬᠠᠭᠠᠭᠰᠠᠨ ﹇2010﹈ 178 ᠳ᠋ᠤᠭᠠᠷ ᠲᠣᠭᠠᠲᠤ︶᠎ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠭᠦᠨ ᠳᠤ᠄ ᠤᠰᠤᠴᠠ ᠨᠢ ᠪᠠᠷᠢᠮᠵᠢᠶᠠᠨ ᠳᠤ ᠲᠣᠭᠲᠠᠭᠠᠭᠰᠠᠨ ᠭᠦᠢᠴᠡᠳᠬᠡᠯ ᠲᠤᠭ᠎ᠠ 14%᠎ ᠪᠠᠷ ᠰᠠᠭᠤᠷᠢ ᠪᠣᠯᠭᠠᠵᠤ ᠂ 0.5 ᠵᠠᠭᠤᠨ ᠤ ᠴᠡᠭ ᠪᠠᠭᠤᠷᠠᠬᠤ ᠪᠦᠷᠢ ᠬᠡᠮᠵᠢᠶ᠎ᠡ ᠶᠢ ᠨᠢ 0.75%᠎ ᠪᠠᠷ ᠨᠡᠮᠡᠭᠳᠡᠭᠦᠯᠦᠨ᠎ᠡ᠂ ᠭᠡᠪᠡᠴᠦ ᠪᠠᠷᠢᠮᠵᠢᠶ᠎ᠠ ᠳᠤ ᠲᠣᠭᠲᠠᠭᠠᠭᠰᠠᠨ ᠭᠦᠢᠴᠡᠳᠬᠡᠯ ᠲᠤᠭ᠎ᠠ ᠶᠢᠨ 2.5 ᠵᠠᠭᠤᠨ ᠤ ᠴᠡᠭ ᠪᠣᠶᠣ ᠲᠡᠭᠦᠨ ᠠᠴᠠ ᠳᠣᠣᠷ᠎ᠠ ᠪᠣᠯᠬᠤ ᠦᠶᠡᠰ᠂ ᠬᠡᠮᠵᠢᠶ᠎ᠡ ᠶᠢ ᠨᠢ ᠳᠠᠬᠢᠨ ᠨᠡᠮᠡᠭᠳᠡᠭᠦᠯᠬᠦ ᠦᠭᠡᠢ︔ 0.5 ᠵᠠᠭᠤᠨ ᠤ ᠴᠡᠭ ᠦᠨᠳᠦᠷ ᠪᠣᠯᠬᠤ ᠪᠦᠷᠢ ᠬᠡᠮᠵᠢᠶ᠎ᠡ ᠶᠢ ᠨᠢ 0.65% ᠬᠠᠰᠤᠬᠤ ᠮᠥᠷᠲᠡᠭᠡᠨ 0.15%᠎ ᠶᠢᠨ ᠦᠨ᠎ᠡ ᠶᠢ ᠰᠠᠭᠤᠯᠭᠠᠨ ᠠᠪᠴᠤ ᠬᠠᠲᠠᠭᠠᠬᠤ ᠵᠠᠷᠤᠳᠠᠯ ᠪᠣᠯᠭᠠᠨ᠎ᠠ᠂ ᠪᠠᠭᠤᠷᠠᠬᠤ ᠪᠤᠶᠤ ᠨᠡᠮᠡᠭᠳᠡᠬᠦ ᠨᠢ 0.5 ᠵᠠᠭᠤᠨ ᠤ ᠴᠡᠭ  ᠬᠦᠷᠬᠦ ᠦᠭᠡᠢ ᠪᠣᠯ ᠨᠡᠮᠡᠵᠦ ᠬᠠᠰᠤᠬᠤ ᠬᠡᠮᠵᠢᠶ᠎ᠡ ᠪᠣᠯᠤᠨ ᠨᠡᠮᠡᠵᠦ ᠬᠠᠰᠤᠬᠤ ᠦᠨ᠎ᠡ ᠶᠢ ᠪᠣᠳᠣᠬᠤ ᠦᠭᠡᠢ᠃ ᠬᠤᠯᠢᠴᠠ ᠶᠢᠨ ᠠᠭᠤᠯᠤᠭᠳᠠᠴᠠ ᠨᠢ ᠪᠠᠷᠢᠮᠵᠢᠶᠠᠨ ᠳᠤ ᠲᠣᠭᠲᠠᠭᠠᠭᠰᠠᠨ ᠭᠦᠢᠴᠡᠳᠬᠡᠯ ᠲᠤᠭ᠎ᠠ ᠪᠣᠯᠬᠤ 1%᠎ ᠪᠠᠷ ᠰᠠᠭᠤᠷᠢ ᠪᠣᠯᠭᠠᠵᠤ᠂ 0.5 ᠵᠠᠭᠤᠨ ᠤ ᠴᠡᠭ ᠪᠠᠭᠤᠷᠠᠬᠤ ᠪᠦᠷᠢ  ᠬᠡᠮᠵᠢᠶ᠎ᠡ ᠶᠢ ᠨᠢ 0.75%᠎ ᠪᠠᠷ ᠨᠡᠮᠡᠵᠦ᠂ 0.5 ᠵᠠᠭᠤᠨ ᠤ ᠴᠡᠭ ᠨᠡᠮᠡᠭᠳᠡᠬᠦ ᠪᠦᠷᠢ ᠬᠡᠮᠵᠢᠶ᠎ᠡ ᠶᠢ ᠨᠢ1.5%᠎ ᠪᠠᠷ ᠬᠠᠰᠤᠨ᠎ᠠ᠂ ᠪᠠᠭᠤᠷᠠᠬᠤ ᠪᠤᠶᠤ  ᠨᠡᠮᠡᠭᠳᠡᠬᠦ ᠨᠢ 0.5 ᠵᠠᠭᠤᠨ ᠤ ᠴᠡᠭ ᠬᠦᠷᠬᠦ ᠦᠭᠡᠢ ᠪᠠᠶᠢᠪᠠᠯ ᠨᠡᠮᠡᠵᠦ ᠬᠠᠰᠤᠬᠤ ᠬᠡᠮᠵᠢᠶ᠎ᠡ ᠪᠣᠯᠤᠨ ᠨᠡᠮᠡᠵᠦ ᠬᠠᠰᠤᠬᠤ  ᠦᠨ᠎ᠡ ᠪᠣᠳᠣᠬᠤ ᠦᠭᠡᠢ᠃ ᠥᠩᠭᠡ ᠨᠢ ᠬᠤᠪᠢᠷᠠᠭᠰᠠᠨ ᠪᠠᠶᠢᠪᠠᠯ ᠮᠥᠬᠦᠯᠢᠭ ᠨᠢ ᠲᠡᠭᠦᠯᠳᠡᠷ ᠪᠣᠰᠣ ᠪᠠᠷ ᠪᠤᠳᠤᠨ᠎ᠠ︔ ᠲᠡᠭᠦᠯᠳᠡᠷ ᠪᠣᠰᠤ ᠮᠥᠬᠦᠯᠢᠭ ᠤᠨ ᠳᠣᠲᠣᠷ᠎ᠠ ᠸᠠᠯᠠᠭᠰᠠᠨ ᠠᠭᠤᠯᠤᠭᠳᠠᠴᠠ ᠨᠢ 2%᠎ ᠠᠴᠠ ᠬᠡᠲᠦᠷᠡᠭᠰᠡᠨ ᠪᠠᠶᠢᠪᠠᠯ ᠲᠦᠷ ᠴᠠᠭ ᠬᠠᠳᠠᠭᠠᠯᠠᠬᠤ ᠪᠠᠷ ᠬᠤᠳᠠᠯᠳᠤᠨ ᠠᠪᠴᠤ ᠪᠣᠯᠬᠤ ᠦᠭᠡᠢ᠃      ᠲᠦᠷᠪᠡ᠂ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠡᠭ ᠢ ᠲᠣᠭᠲᠠᠭᠠᠬᠤ ᠲᠤᠬᠠᠶ      ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ  ᠬᠡᠪᠴᠢᠶᠡᠨ ᠲᠤᠳᠤᠷᠠᠬᠢ ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠶᠢ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ  ᠪᠣᠯᠣᠨ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ︽ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠳᠤ ᠠᠰᠢᠭᠲᠠᠶ᠂ ᠠᠮᠤ ᠪᠤᠳᠠᠭ᠎ᠠ ᠶᠢ ᠠᠮᠤᠷ ᠲᠦᠪᠰᠢᠨ ᠬᠠᠳᠠᠭᠠᠯᠠᠬᠤ ᠳᠤ ᠠᠰᠢᠭᠲᠠᠶ᠂ ᠬᠢᠨᠠᠨ ᠬᠠᠮᠢᠶᠠᠷᠬᠤ ᠳᠤ ᠠᠰᠢᠭᠲᠠᠶ᠂ ᠪᠣᠷᠣᠯᠠᠭᠤᠯᠬᠤ ᠳᠤ ᠠᠰᠢᠭᠲᠠᠢ︾ ᠵᠠᠷᠴᠢᠮ ᠤᠨ ᠶᠣᠰᠣᠭᠠᠷ᠂  ᠨᠠᠶᠢᠳᠠᠬᠤ ᠪᠠ ᠲᠦᠷᠢᠶᠡᠰᠦᠯᠡᠬᠦ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠬᠠᠮᠲᠤ ᠪᠠᠷ ᠬᠢᠨᠠᠨ ᠬᠠᠷᠭᠤᠭᠤᠯᠵᠤ ᠨᠣᠲᠠᠯᠠᠨ ᠲᠣᠭᠲᠠᠭᠠᠨ᠎ᠠ᠃      ︵ᠨᠢᠭᠡ︶ ᠨᠠᠶᠢᠳᠠᠭᠰᠠᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠤᠨ ᠬᠢᠷᠢ ᠬᠡᠮ ᠤᠨ  ᠦᠨᠡᠮᠰᠢᠯᠲᠡ       ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠤᠳᠠᠯᠳᠤᠨ ᠠᠪᠴᠤ ᠨᠥᠭᠡᠴᠡᠯᠡᠬᠦ᠂ ᠬᠤᠷᠢᠶᠠᠨ ᠠᠪᠴᠤ ᠨᠥᠭᠡᠴᠡᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠭᠡᠳ ᠣᠷᠣᠯᠴᠠᠵᠤ ᠪᠠᠶᠢᠭᠰᠠᠨ ᠤᠯᠤᠰ ᠤᠨ ᠦᠮᠴᠢᠯᠡᠯᠲᠦ ᠠᠮᠤ  ᠪᠤᠳᠠᠭᠠᠨ ᠤ ᠠᠵᠤ ᠠᠬᠤᠶᠢᠯᠠᠯ ᠢ ᠡᠩ ᠲᠡᠷᠢᠭᠦᠨ ᠳᠤ ᠨᠠᠶᠢᠳᠠᠵᠤ ᠬᠤᠳᠠᠯᠳᠤᠨ ᠠᠪᠤᠭᠤᠯᠤᠨ᠎ᠠ᠃ ᠬᠡᠰᠡᠭ ᠭᠠᠷᠤᠯᠲᠠ ᠶᠢᠨ ᠣᠷᠣᠨ ᠤ ᠬᠤᠳᠠᠯᠳᠤᠨ ᠠᠪᠬᠤ ᠰᠠᠩ ᠬᠥᠮᠥᠷᠭᠡ  ᠬᠦᠷᠦᠯᠴᠡᠬᠦ ᠦᠭᠡᠢ ᠪᠠᠶᠢᠬᠤ ᠶᠢ ᠪᠣᠳᠣᠯᠬᠢᠯᠠᠵᠤ᠂ ᠲᠠᠷᠢᠶᠠᠴᠢᠳ ᠤᠨ ᠠᠮᠤ ᠪᠤᠳᠠᠭ᠎ᠠ ᠪᠠᠨ ᠬᠤᠳᠠᠯᠳᠤᠬᠤ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠨᠠᠯ ᠢ ᠦᠨᠳᠦᠰᠦᠯᠡᠵᠦ᠂ ᠬᠢᠷᠢ ᠴᠢᠳᠠᠮᠵᠢ ᠶᠢᠨ ᠨᠥᠬᠦᠴᠡᠯ ᠪᠣᠯᠤᠨ ᠰᠠᠭᠤᠷᠢ ᠬᠠᠮᠢᠶᠠᠷᠤᠯᠲᠠ ᠪᠠᠷ ᠨᠡᠯᠢᠶᠡᠳ ᠰᠠᠶᠢᠨ ᠮᠥᠷᠲᠡᠭᠡᠨ ᠲᠦᠷ ᠴᠠᠭ ᠤᠨ ᠬᠠᠳᠠᠭᠠᠯᠠᠮᠵᠢ ᠶᠢ ᠬᠤᠳᠠᠯᠳᠤᠨ ᠠᠪᠬᠤ ᠳᠤ ᠣᠷᠣᠯᠴᠠᠵᠤ ᠪᠠᠶᠢᠭᠰᠠᠨ ᠤᠯᠤᠰ ᠤᠨ ᠦᠮᠴᠢᠯᠡᠯᠲᠦ ᠪᠤᠰᠤ ᠬᠡᠰᠡᠭ ᠠᠵᠤ ᠠᠬᠤᠶᠢᠯᠠᠯ ᠢ ᠰᠤᠩᠭᠤᠨ  ᠬᠤᠳᠠᠯᠳᠤᠨ ᠠᠪᠴᠤ ᠨᠥᠭᠡᠴᠡᠯᠡᠬᠦ ᠨᠠᠶᠢᠳᠠᠯᠭ᠎ᠠ ᠶᠢᠨ ᠬᠥᠮᠥᠷᠭᠡ ᠪᠣᠯᠭᠠᠵᠤ ᠪᠣᠯᠣᠨ᠎ᠠ᠃     ᠬᠤᠳᠠᠯᠳᠤᠨ ᠠᠪᠴᠤ ᠨᠥᠭᠡᠴᠡᠯᠡᠬᠦ ᠨᠠᠶᠢᠳᠠᠯᠭ᠎ᠠ ᠶᠢᠨ ᠬᠥᠮᠥᠷᠭᠡ ᠨᠢ ᠳᠣᠣᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ︵1︶ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠨ ᠪᠦᠷᠢᠳᠬᠡᠭᠦᠯᠦᠭᠰᠡᠨ᠂ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠲᠠᠢ ᠪᠠᠶᠢᠬᠤ ᠬᠡᠷᠡᠭᠲᠡᠢ᠃ ︵2︶ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠳᠤ ᠲᠡᠩᠰᠠ ᠡᠷᠦᠬᠡ  ᠪᠠᠶᠢᠭᠤᠯᠤᠭᠰᠠᠨ ᠪᠠᠶᠢᠬᠤ ᠬᠡᠷᠡᠭᠲᠡᠶ᠃ ︵3︶  ᠵᠣᠬᠢᠬᠤ ᠬᠡᠮᠵᠢᠶᠡᠨ ᠤ ᠪᠠᠭᠲᠠᠭᠠᠮᠵᠢ ᠲᠠᠢ ᠬᠤᠪᠢ ᠶᠢᠨ ᠬᠥᠮᠥᠷᠭᠡ ᠪᠣᠯᠣᠨ ᠬᠠᠳᠡᠭᠠᠬᠤ ᠲᠥᠬᠦᠭᠡᠷᠦᠮᠵᠢ ᠲᠠᠢ ᠪᠠᠶᠢᠵᠤ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠨᠥᠬᠦᠴᠡᠯ ᠨᠢ ︽ᠠᠮᠤ ᠪᠤᠳᠠᠭ᠎ᠠ ᠲᠤᠰᠣ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ︵ᠤᠯᠤᠰ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠷᠯᠢᠭ 2009 ᠣᠨ ᠤ 5 ᠳ᠋ᠤᠭᠠᠷ ᠲᠣᠭᠠᠲᠤ︶ ᠎ ᠶᠢᠨ ᠱᠠᠭᠠᠷᠳᠠᠯᠭ᠎ᠠ ᠳᠤ ᠨᠡᠶᠢᠴᠡᠵᠦ᠂ ᠴᠢᠬᠤᠯᠠ ᠪᠦᠬᠦᠢ ᠢᠯᠭᠠᠷᠠᠭᠤᠯᠬᠤ ᠲᠥᠬᠦᠭᠡᠷᠦᠮᠵᠢ᠂ ᠮᠧᠬᠠᠨᠢᠭ ᠢᠶᠠᠷ ᠰᠠᠯᠬᠢ ᠨᠡᠪᠲᠡᠷᠡᠭᠦᠯᠬᠦ ᠲᠥᠬᠦᠭᠡᠷᠦᠮᠵᠢ᠂ ᠠᠮᠤ ᠪᠤᠳᠠᠭᠠᠨ ᠤ ᠪᠠᠶᠢᠳᠠᠯ ᠢ ᠰᠢᠯᠭᠠᠨ ᠬᠡᠮᠵᠢᠬᠦ ᠲᠥᠬᠦᠭᠡᠷᠦᠮᠵᠢ᠂  ᠪᠠᠶᠢᠴᠠᠭᠠᠵᠤ ᠰᠢᠯᠭᠠᠬᠤ ᠬᠡᠮᠵᠢᠭᠦᠷᠯᠢᠭ ᠤᠨ ᠲᠥᠬᠦᠭᠡᠷᠦᠮᠵᠢ᠂ ᠬᠡᠮᠵᠢᠯᠲᠡ ᠶᠢᠨ ᠵᠢᠩᠯᠡᠭᠦᠷ ᠪᠣᠯᠣᠨ ᠠᠵᠢᠯᠲᠠᠨ ᠪᠠᠶᠢᠬᠤ ᠬᠡᠷᠡᠭᠲᠡᠢ᠃ ︵4︶ ᠠᠮᠤ ᠪᠤᠳᠠᠭ᠎ᠠ ᠲᠤᠰᠤ ᠬᠠᠳᠠᠭᠠᠯᠠᠬᠤ ᠨᠢᠭᠡᠴᠡ ᠶᠢ ᠳᠠᠩᠰᠠᠯᠠᠭᠤᠯᠬᠤ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠲᠦᠷᠢᠮ ᠲᠣᠭᠲᠠᠭᠠᠯ ᠨᠢ ᠲᠡᠭᠦᠯᠳᠡᠷ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠠᠮᠢᠶ᠎ᠠ ᠪᠦᠬᠦᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠠᠶᠢᠬᠤ ᠬᠡᠷᠡᠭᠲᠡᠶ᠃ ︵5︶ ᠭᠤᠷᠪᠠᠨ ᠵᠢᠯ ᠤᠨ ᠳᠣᠲᠣᠷ᠎ᠠ ᠬᠤᠷᠢᠶᠠᠨ ᠠᠪᠴᠤ ᠨᠥᠭᠡᠴᠡᠯᠡᠬᠦ ᠪᠠ ᠪᠣᠷᠣᠯᠠᠭᠤᠯᠤᠨ ᠬᠥᠮᠥᠷᠭᠡ ᠠᠴᠠ ᠭᠠᠷᠭᠠᠬᠤ ᠵᠡᠷᠭᠡ ᠲᠠᠯ᠎ᠠ ᠎ ᠪᠠᠷ ᠲᠣᠭᠲᠠᠭᠠᠯ ᠠᠴᠠ ᠵᠥᠷᠢᠴᠡᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠦᠭᠡᠢ ᠪᠠᠶᠢᠬᠤ ᠬᠡᠷᠡᠭᠲᠡᠢ᠃ ︵6︶ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠲᠦᠷᠢᠮ︾᠎ ᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠣᠨᠣᠪᠴᠢᠲᠠᠢ᠂ ᠴᠠᠭ ᠲᠣᠬᠠᠢ ᠎ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ︵7︶ ᠵᠠᠳᠠᠭᠠᠶ ᠭᠠᠵᠠᠷ ᠲᠤ ᠫᠠᠩᠰᠠᠯᠠᠭᠰᠠᠨ ᠬᠦᠮᠦᠷᠭᠡ ᠶᠢᠨ ᠭᠠᠯ ᠰᠡᠷᠭᠡᠶᠢᠯᠡᠬᠦ ᠦᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠵᠦ᠂ ᠬᠦᠨᠳᠦ ᠶᠡᠭᠡ ᠭᠠᠯ ᠤᠨ ᠳᠠᠯᠳᠠ ᠠᠶᠤᠯ ᠦᠭᠡᠢ ᠪᠠᠶᠢᠬᠤ ᠬᠡᠷᠡᠭᠲᠡᠢ᠃ ᠡᠯ᠎ᠡ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠶᠢᠨ ᠬᠢᠨ ᠬᠤᠳᠠᠯᠳᠤᠨ ᠠᠪᠬᠤ ᠳᠤ ᠪᠠᠨ ᠬᠢᠵᠦ ᠥᠭᠭᠦᠭᠰᠡᠨ ᠳ᠋ᠦᠩᠨᠡᠨ ᠪᠣᠳᠣᠬᠤ ᠬᠠᠭᠤᠳᠠᠰᠤᠲᠤ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠬᠠᠭᠤᠲᠠᠰᠤᠳᠤ᠂ ᠬᠡᠮᠵᠢᠯᠲᠡ ᠶᠢᠨ ᠬᠠᠭᠤᠲᠠᠰᠤᠳᠤ ︵ᠬᠠᠮᠢᠶ᠎ᠠ ᠪᠦᠬᠦᠢ ᠡᠯᠧᠺᠲᠷᠣᠨ ᠲᠤᠭ᠎ᠠ ᠪᠠᠷᠢᠮᠲᠠ ᠪᠠᠭᠲᠠᠨ᠎ᠠ︶ ᠎ ᠶᠢᠨ ᠦᠯᠡᠳᠡᠭᠡᠰᠦ ᠪᠠᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ ᠡᠭᠦᠨ ᠤ ᠬᠠᠮᠲᠤ ᠪᠠᠰᠠ ᠳᠣᠣᠷᠠᠬᠢ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠶ᠄      ᠨᠢᠭᠡ ᠳᠤ ᠰᠢᠨ᠎ᠡ ᠪᠠᠷ ᠨᠡᠮᠡᠭᠰᠡᠨ ᠨᠦᠬᠡᠴᠡᠯᠡᠬᠦ ᠬᠥᠮᠥᠷᠭᠡ ᠴᠢᠭ᠋ ᠨᠢ ᠭᠠᠯ ᠰᠡᠷᠭᠡᠶᠢᠯᠡᠨ ᠤᠨᠲᠠᠷᠠᠭᠠᠬᠤ  ᠰᠢᠯᠭᠠᠯᠲᠠ ᠶᠢ ᠳᠠᠮᠵᠢᠭᠰᠠᠨ ᠦᠭᠡᠶ ᠪᠣᠯ᠂ ᠡᠷᠬᠡᠪᠰᠢ ᠲᠤᠬᠠᠶ ᠶᠢᠨ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠲᠠᠯᠪᠢᠬᠤ᠂ ᠭᠠᠯ ᠤᠨᠲᠠᠷᠠᠭᠠᠬᠤ ᠰᠠᠯᠠᠭ᠎ᠠ ᠮᠥᠴᠢᠷ ᠢᠶᠠᠷ ᠰᠢᠯᠭᠠᠨ ᠠᠪᠬᠤ ᠪᠠᠷ ᠳᠠᠮᠵᠢᠨ ᠬᠢᠷᠢ ᠲᠡᠩᠴᠡᠬᠦ ᠶᠢᠨ ᠬᠠᠮᠲᠤ ᠬᠢᠷᠢ ᠲᠡᠩᠴᠡᠭᠰᠡᠨ ᠦᠨᠡᠮᠯᠡᠯ ᠤᠯᠬᠤ ᠬᠡᠷᠡᠭᠲᠡᠶ᠃      ᠬᠤᠶᠠᠷ ᠲᠤ ᠣᠷᠣᠨ ᠨᠤᠲᠤᠭ ᠤᠨ ᠤᠯᠤᠰ ᠤᠨ ᠦᠮᠴᠢᠯᠡᠯᠲᠦ ᠠᠮᠤ ᠪᠤᠳᠠᠭᠠᠨ ᠤ ᠨᠠᠶᠢᠳᠠᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠨᠢ ᠲᠣᠨ ᠪᠦᠷᠢ 20 ᠲᠥᠭᠦᠷᠢᠭ ᠤᠨ ᠪᠠᠷᠢᠮᠵᠢᠶ᠎ᠠ ᠶᠣᠰᠣᠭᠠᠷ ᠳᠤᠮᠳᠠᠳᠤ ᠤᠯᠤᠰ ᠤᠨ ᠠᠮᠤ ᠪᠤᠳᠠᠭ᠎ᠠ ᠨᠦᠭᠡᠴᠡᠯᠡᠨ ᠬᠠᠳᠠᠭᠠᠯᠠᠬᠤ ᠰᠢᠭᠤᠳ ᠬᠠᠷᠢᠶ᠎ᠠ ᠬᠥᠮᠥᠷᠭᠡ ᠳᠤ ᠭᠡᠷ᠎ᠡ ᠪᠡᠶᠡᠯᠡᠭᠦᠯᠬᠦ ᠪᠠᠲᠤᠯᠠᠪᠤᠷᠢ ᠮᠥᠩᠭᠦ ᠪᠠᠨ ᠲᠤᠰᠢᠶᠠᠬᠤ ᠬᠡᠷᠡᠭᠲᠡᠶ ᠮᠥᠷᠲᠡᠭᠡᠨ ᠬᠤᠰᠢᠭᠤ ︵ᠰᠢᠶᠠᠨ︶᠎ ᠶᠢᠨ ᠲᠤᠲᠤᠷᠠᠬᠢ ᠨᠠᠶᠢᠳᠠᠨ ᠬᠤᠳᠠᠯᠳᠤᠨ ᠠᠪᠴᠤ ᠨᠦᠬᠡᠴᠡᠯᠡᠨ ᠬᠠᠳᠠᠭᠠᠯᠠᠬᠤ ᠠᠵᠤ ᠠᠬᠤᠶᠢᠯᠠᠯ ᠎ ᠤᠳ ᠬᠤᠯᠪᠤᠭᠠᠯᠠᠨ ᠪᠠᠲᠤᠯᠠᠬᠤ ᠶᠢ ᠬᠡᠷᠡᠭᠵᠢᠭᠦᠯᠦᠨ᠎ᠡ᠃ ᠪᠦᠯᠦᠭᠯᠡᠯ ᠠᠴᠠ ᠬᠠᠮᠢᠶᠠᠷᠤᠨ ᠡᠵᠡᠮᠳᠡᠵᠦ ᠪᠠᠶᠢᠭ᠎ᠠ ᠨᠠᠶᠢᠳᠠᠯᠭ᠎ᠠ ᠶᠢᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠨᠢ ᠭᠡᠷ᠎ᠡ ᠪᠡᠶᠡᠯᠡᠭᠦᠯᠬᠦ  ᠪᠠᠲᠤᠯᠠᠪᠤᠷᠢ ᠮᠥᠩᠭᠦ ᠲᠤᠰᠢᠶᠠᠬᠤ ᠠᠴᠠ ᠭᠠᠳᠠᠨ᠎ᠠ  ᠂  ᠪᠠᠰᠠ  ᠪᠦᠯᠦᠭᠯᠡᠯ  ᠤᠨ  ᠶᠡᠷᠦᠩᠬᠡᠶ  ᠭᠠᠵᠠᠷ ᠎ ᠠᠴᠠ  ᠬᠤᠯᠪᠤᠭᠠᠯᠠᠨ  ᠪᠠᠲᠤᠯᠠᠬᠤ ᠠᠮᠠᠯᠠᠯᠲᠠ ᠶᠢᠨ ᠪᠢᠴᠢᠭ ᠬᠢᠵᠦ ᠥᠭᠬᠦ ᠬᠡᠷᠡᠭᠲᠡᠢ᠃      ᠭᠤᠷᠪᠠ ᠳᠤ ᠤᠯᠤᠰ ᠤᠨ ᠦᠮᠴᠢᠯᠡᠯᠳᠤ ᠪᠣᠰᠤ ᠠᠵᠤ ᠠᠬᠤᠶᠢᠯᠠᠯ ᠢ ᠡᠷᠬᠡᠪᠰᠢ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠲᠠᠨᠢᠯᠴᠠᠭᠤᠯᠵᠤ᠂ ᠥᠪᠡᠷ ᠢᠶᠠᠨ ᠬᠠᠩᠭᠠᠭᠰᠠᠨ ᠭᠤᠷᠪᠠᠳᠤᠬᠢ ᠲᠠᠯ᠎ᠠ ᠶᠢᠨ ᠬᠠᠩᠭᠠᠬᠤ ᠬᠦᠴᠦᠨ ᠲᠠᠢ ᠳᠠᠭᠠᠭᠠᠯᠲᠠ ᠨᠢ ᠲᠤᠰ ᠠᠵᠤ ᠠᠬᠤᠶᠢᠯᠠᠯ ᠤᠨ ᠬᠤᠳᠠᠯᠳᠤᠨ ᠠᠪᠬᠤ ᠭᠡᠵᠦ ᠪᠠᠶᠢᠭ᠎ᠠ ᠦᠷᠲᠡᠭ ᠤᠨ ᠬᠡᠮᠵᠢᠶ᠎ᠡ ᠠᠴᠠ ᠳᠣᠣᠷ᠎ᠠ ᠪᠠᠶᠢᠵᠤ ᠪᠣᠯᠬᠤ ᠦᠭᠡᠢ᠃ ᠭᠤᠷᠪᠠᠳᠤᠬᠢ ᠲᠠᠯ᠎ᠠ ᠶᠢᠨ ᠳᠠᠭᠠᠭᠠᠯᠲᠠ  ᠎ ᠳᠤ ᠡᠷᠬᠡᠪᠰᠢ ᠪᠠᠰᠠ ᠪᠡᠯᠡ ᠬᠦᠷᠦᠩᠭᠡ ᠪᠠᠷ ᠪᠠᠷᠢᠴᠠᠭᠠᠯᠠᠬᠤ᠂  ᠳᠠᠨᠵᠢᠯᠠᠬᠤ ᠳᠠᠭᠠᠭᠠᠯᠲᠠ ᠶᠢᠨ ᠠᠷᠭ᠎ᠠ ᠬᠡᠯᠪᠡᠷᠢ ᠶᠢ ᠬᠡᠷᠡᠭᠯᠡᠵᠦ᠂ ᠪᠠᠲᠤᠯᠠᠬᠤ ᠎ ᠪᠠᠷ ᠳᠠᠭᠠᠭᠠᠯᠲᠠ ᠬᠢᠬᠦ ᠠᠷᠭ᠎ᠠ ᠮᠠᠶ᠋ᠢᠭ ᠢ ᠡᠷᠡᠰ  ᠴᠠᠭᠠᠵᠠᠯᠠᠵᠤ᠂  ᠬᠤᠯᠪᠣᠭᠳᠠᠬᠤ ᠠᠵᠤ ᠠᠬᠤᠶᠢᠯᠠᠯ ︵ᠬᠤᠪᠢ ᠬᠥᠮᠦᠨ︶᠎ ᠤᠳ ᠬᠠᠷᠢᠯᠴᠠᠨ ᠳᠠᠭᠠᠭᠠᠯᠲᠠ ᠬᠢᠬᠦ ᠶᠢ ᠡᠷᠡᠰ ᠴᠠᠭᠠᠵᠠᠯᠠᠬᠤ ᠬᠡᠷᠡᠭᠲᠡᠶ᠃ ᠲᠡᠩᠴᠡᠭᠦᠦ ᠥᠷᠲᠡᠭ ᠢᠶᠠᠷ ᠳᠠᠨᠵᠢᠯᠠᠬᠤ ᠪᠠᠷᠢᠴᠠᠭᠠᠯᠠᠬᠤ ᠨᠥᠬᠦᠴᠡᠯ ᠳᠤ ᠬᠦᠷᠦᠭᠰᠡᠨ  ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠨᠠᠶᠢᠳᠠᠯᠭ᠎ᠠ ᠶᠢᠨ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠪᠣᠯᠭᠠᠨ ᠡᠩ ᠲᠡᠷᠢᠭᠦᠨ ᠳᠤ ᠲᠣᠭᠲᠠᠭᠠᠨ᠎ᠠ᠃ ᠲᠡᠩᠴᠡᠭᠦᠦ ᠥᠷᠲᠡᠭ ᠎ ᠢᠶᠠᠷ ᠳᠠᠨᠵᠢᠯᠠᠬᠤ ᠪᠠᠷᠢᠴᠠᠭᠠᠯᠠᠬᠤ ᠨᠥᠬᠦᠴᠡᠯ ᠳᠤ ᠬᠦᠷᠦᠭᠡᠳᠦᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠬᠡᠷᠪᠡ ᠪᠠᠩᠬᠢ ᠶᠢᠨ A ᠲᠡᠰ ᠠᠴᠠ ᠳᠡᠭᠡᠭᠰᠢᠬᠢ ᠬᠦᠷᠦᠩᠭᠡ ᠢᠲᠡᠭᠡᠮᠵᠢ ᠶᠢᠨ ᠵᠡᠷᠭᠡ ᠳᠡᠰ ᠪᠤᠶᠤ ᠲᠦᠷ ᠴᠠᠭ ᠤᠨ ᠬᠠᠳᠠᠭᠠᠯᠠᠮᠵᠢ ᠶᠢᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠬᠤᠳᠠᠯᠳᠤᠨ ᠠᠪᠬᠤ ᠳᠤ ᠵᠠᠯᠭᠠᠪᠡᠷ ᠬᠤᠶᠠᠷ ᠵᠢᠯ ᠣᠷᠣᠯᠴᠠᠭᠰᠠᠨ ᠪᠥᠭᠡᠳ ᠬᠠᠤᠯᠢ ᠰᠠᠬᠢᠯᠭ᠎ᠠ ᠠᠴᠠ ᠵᠥᠷᠢᠴᠡᠭᠰᠡᠨ ᠠᠵᠢᠯᠯᠠᠭ᠎ᠠ ᠦᠭᠡᠢ᠂ ᠲᠡᠷᠡᠴᠢᠯᠡᠨ ᠠᠷᠠᠳ ᠤᠨ ᠪᠠᠩᠬᠢ ᠠᠴᠠ ᠬᠡᠪ ᠪᠤᠰᠤ ᠶᠢᠨ ᠲᠡᠮᠳᠡᠭᠯᠡᠯ ᠦᠭᠡᠢ ᠭᠦᠷᠤᠩᠭᠡ ᠢᠲᠡᠭᠡᠮᠵᠢ ᠶᠢᠨ ᠭᠡᠷᠡᠴᠢ ᠬᠢᠵᠦ ᠥᠭᠭᠦᠭᠰᠡᠨ ᠪᠠᠶᠢᠪᠠᠯ᠂ ᠲᠣᠨ ᠪᠦᠷᠢ 20 ᠲᠥᠭᠦᠷᠢᠭ ᠤᠨ ᠪᠠᠷᠢᠮᠵᠢᠶ᠎ᠠ ᠪᠠᠷ ᠬᠤᠳᠠᠯᠳᠤᠨ ᠠᠪᠬᠤ ᠠᠬᠢᠴᠠ ᠶᠢ ᠦᠨᠳᠦᠰᠦᠯᠡᠨ ᠳᠤᠮᠳᠠᠳᠤ ᠤᠯᠤᠰ ᠤᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠎ ᠳᠤ ᠬᠤᠭᠤᠴᠠᠭ᠎ᠠ ᠬᠤᠪᠢᠶᠠᠨ ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ ᠮᠥᠩᠭᠦ ᠲᠤᠰᠢᠶᠠᠨ᠎ᠠ︔ ᠬᠡᠷᠪᠡ ᠠᠷᠠᠳ ᠤᠨ ᠪᠠᠩᠬᠢ ᠠᠴᠠ ᠬᠡᠪ ᠪᠤᠰᠤ ᠶᠢᠨ ᠲᠡᠮᠳᠡᠭᠯᠡᠯ ᠦᠭᠡᠢ ᠭᠦᠷᠤᠩᠭᠡ ᠢᠲᠡᠭᠡᠮᠵᠢ ᠶᠢᠨ ᠭᠡᠷᠡᠴᠢ ᠬᠢᠵᠦ ᠥᠭᠭᠦᠭᠰᠡᠨ ᠪᠣᠯᠪᠠᠴᠤ ᠳᠡᠭᠡᠷᠡᠬᠢ ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂  ᠲᠣᠨ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠬᠤᠳᠠᠯᠳᠤᠨ ᠠᠪᠬᠤ ᠠᠬᠢᠴᠠ ᠶᠢ ᠦᠨᠳᠦᠰᠦᠯᠡᠨ ᠳᠤᠮᠳᠠᠳᠤ ᠤᠯᠤᠰ ᠤᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠎ ᠳᠤ ᠬᠤᠭᠤᠴᠠᠭ᠎ᠠ ᠬᠤᠪᠢᠶᠠᠨ ᠭᠡᠷ᠎ᠡ ᠪᠡᠶᠡᠯᠡᠭᠦᠯᠬᠦ  ᠪᠠᠲᠤᠯᠠᠪᠤᠷᠢ ᠶᠢᠨ ᠮᠥᠩᠭᠦ ᠲᠤᠰᠢᠶᠠᠨ᠎ᠠ᠃ ᠡᠭᠦᠨ ᠤ ᠬᠠᠮᠲᠤ ᠬᠤᠰᠢᠭᠤ ᠰᠢᠶᠠᠨ ᠬᠤᠯᠪᠤᠭᠠᠯᠠᠨ ᠳᠠᠭᠠᠭᠠᠯᠲᠠ ᠬᠢᠬᠦ ᠶᠢ ᠬᠡᠷᠡᠭᠵᠢᠭᠦᠯᠵᠦ᠂ ᠬᠤᠯᠪᠣᠭᠠᠯᠠᠨ ᠳᠠᠭᠠᠭᠠᠯᠲᠠ ᠬᠢᠬᠦ ᠵᠥᠪᠯᠡᠯᠴᠡᠭᠡᠷ ᠲᠣᠭᠲᠠᠨ᠎ᠠ᠃ ᠬᠤᠳᠠᠯᠳᠤᠨ ᠠᠪᠬᠤ ᠬᠤᠭᠤᠴᠠᠭᠠᠨ ᠳᠤ ᠢᠲᠡᠭᠡᠯ ᠬᠦᠨᠳᠦ ᠶᠢᠨ ᠵᠡᠷᠭᠡ ᠳᠡᠰ ᠢᠶᠠᠷ ᠲᠤᠨ ᠪᠦᠷᠢ 20 ᠲᠦᠬᠦᠷᠢᠭ ᠪᠤᠶᠤ  ᠲᠤᠨ ᠪᠦᠷᠢ 50 ᠲᠦᠬᠦᠷᠢᠭ ᠤᠨ ᠬᠤᠳᠠᠯᠳᠤᠨ ᠠᠪᠬᠤ ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ ᠮᠥᠩᠭᠦ  ᠲᠣᠰᠢᠶᠠᠵᠤ᠂ ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠰᠢᠭᠤᠳ ᠬᠤᠪᠢᠷᠠᠭᠤᠯᠤᠨ ᠬᠠᠳᠠᠭᠠᠯᠠᠨ ᠬᠠᠮᠢᠶᠠᠷᠬᠤ  ᠬᠤᠭᠤᠴᠠᠭᠠᠨ ᠳᠠᠬᠢ  ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ ᠮᠥᠩᠭᠦ ᠪᠣᠯᠭᠠᠨ᠎ᠠ  ᠃      ︵ᠬᠤᠶᠠᠷ︶ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠲᠦᠷᠢᠶᠡᠰᠦᠯᠡᠬᠦᠯᠬᠦ ᠬᠢᠷᠢ ᠬᠡᠮ ᠤᠨ ᠦᠨᠡᠮᠰᠢᠯᠲᠡ      ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠤᠷᠢᠲᠠᠯ ᠤᠨ ᠳᠣᠣᠷ᠎ᠠ᠂ ᠴᠢᠬᠤᠯᠠᠲᠠᠢ ᠦᠶ᠎ᠡ ᠳᠤ᠂ ᠨᠥᠬᠦᠴᠡᠯ ᠳᠤ ᠨᠡᠶᠢᠴᠡᠭᠰᠡᠨ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠬᠥᠮᠥᠷᠭᠡ ᠶᠢᠨ ᠰᠢᠭᠤᠳ ᠬᠠᠷᠢᠶ᠎ᠠ ᠬᠥᠮᠥᠷᠭᠡ ᠵᠢᠴᠢ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠶᠢᠨ ᠨᠠᠶᠢᠳᠠᠯᠭ᠎ᠠ ᠢ ᠬᠦᠯᠢᠶᠡᠨ ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ ᠡᠭᠦᠷᠭᠡᠯᠡᠭᠰᠡᠨ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ ᠪᠦᠯᠦᠭᠯᠡᠯ᠂ ᠳᠤᠮᠳᠠᠳᠤ ᠤᠯᠤᠰ ᠤᠨ ᠠᠭᠠᠷ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠰᠢᠭᠤᠳ ᠬᠠᠷᠢᠶ᠎ᠠ ᠠᠵᠤ ᠠᠬᠤᠶᠢᠯᠠᠯ ᠤᠳ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠬᠥᠮᠥᠷᠭᠡ ᠨᠤᠭᠤᠳ ᠢ ᠤᠯᠤᠰ ᠤᠨ ᠲᠥᠷ ᠴᠠᠭ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠪᠣᠯᠭᠠᠨ ᠲᠦᠷᠢᠶᠡᠰᠦᠯᠡᠵᠦ ᠪᠣᠯᠣᠨ᠎ᠠ᠃ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠲᠦᠷᠢᠶᠡᠰᠦᠯᠡᠬᠦ ᠳᠤ ︽ᠨᠡᠶᠢᠭᠡᠮ ᠤᠨ ᠠᠮᠤ ᠪᠤᠳᠠᠭ᠎ᠠ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢᠨ ᠤᠯᠤᠰ ᠤᠨ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠴᠤ ᠨᠥᠭᠡᠴᠡᠯᠡᠬᠦ ᠳᠤ ᠲᠦᠷᠢᠶᠡᠰᠦᠯᠡᠬᠦᠯᠬᠦ ᠲᠤᠬᠠᠶ ᠵᠢᠯᠣᠭᠤᠳᠬᠤ ᠰᠠᠨᠠᠯ︾ ︵ᠤᠯᠤᠰ ᠤᠨ ᠠᠮᠤ ᠪᠤᠳᠠᠭ᠎ᠠ ᠪᠠᠶᠢᠴᠠᠭᠠᠬᠤ ﹇2015﹈ 51 ᠳ᠋ᠤᠭᠡᠷ ᠲᠣᠭᠠᠲᠤ︶᠎ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠮᠥᠷᠲᠡᠭᠡᠨ ᠳᠠᠭᠠᠭᠠᠨ ᠨᠥᠭᠡᠴᠡᠯᠡᠬᠦ ᠠᠵᠤ ᠠᠬᠤᠶᠢᠯᠠᠯ ᠠᠴᠠ ᠬᠥᠮᠦᠨ ᠲᠣᠮᠢᠯᠠᠨ ᠲᠦᠷᠢᠶᠡᠰᠦᠯᠡᠬᠦ ᠬᠥᠮᠥᠷᠭᠡ ᠴᠢᠭ᠋ ᠤᠨ ᠠᠮᠤ ᠪᠤᠳᠠᠭᠠᠨ ᠤ ᠶᠠᠰᠤ ᠴᠢᠨᠠᠷ ᠪᠣᠯᠣᠨ ᠨᠥᠭᠡᠴᠡᠯᠡᠬᠦ ᠴᠢᠨᠠᠷ ᠢ ᠰᠢᠯᠭᠠᠨ ᠪᠠᠶᠢᠴᠠᠭᠠᠬᠤ᠂ ᠵᠢᠩ ᠬᠡᠮᠵᠢᠭᠦᠷ ᠢ ᠪᠠᠶᠢᠴᠠᠭᠠᠬᠤ᠂ ᠫᠢᠶᠣᠣ ᠪᠠᠷᠢᠮᠲᠠ ᠶᠢ ᠳᠠᠬᠢᠨ ᠬᠢᠨᠠᠬᠤ᠂ ᠠᠮᠤ ᠪᠤᠳᠠᠭ᠎ᠠ ᠬᠤᠳᠠᠯᠳᠤᠭᠰᠠᠨ ᠵᠣᠭᠤᠰ ᠢ ᠳ᠋ᠦᠩᠨᠡᠨ ᠪᠤᠳᠦᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠤᠬᠠᠶᠢᠯᠠᠭᠰᠠᠨ ᠠᠵᠢᠯ ᠢ ᠰᠢᠭᠤᠳ ᠬᠠᠷᠢᠭᠤᠴᠠᠨ ᠬᠠᠮᠢᠶᠠᠷᠴᠤ᠂ ᠬᠥᠮᠥᠷᠭᠡᠯᠡᠨ ᠨᠥᠭᠡᠴᠡᠯᠡᠬᠦ᠂ ᠠᠮᠤᠷ ᠲᠦᠪᠰᠢᠨ ᠵᠡᠷᠭᠡ ᠡᠭᠦᠷᠭᠡ ᠴᠢᠳᠠᠪᠤᠷᠢ ᠶᠢ ᠪᠠᠭᠲᠠᠭᠠᠭᠰᠠᠨ ᠬᠠᠮᠢᠶᠠᠷᠤᠯᠲᠠ ᠶᠢᠨ ᠪᠦᠯᠬᠦᠮ ᠢ ᠰᠢᠭᠤᠳ ᠲᠣᠮᠢᠯᠠᠨ᠂ ᠡᠳᠦᠷ ᠲᠤᠲᠤᠮ ᠤᠨ ᠠᠮᠤ ᠪᠤᠳᠠᠭ᠎ᠠ ᠨᠥᠭᠡᠴᠡᠯᠡᠬᠦ ᠠᠵᠢᠯ ᠢ ᠬᠠᠷᠢᠭᠤᠴᠠᠭᠤᠯᠤᠨ᠎ᠠ᠃        ᠲᠤᠰ ᠤᠳᠠᠭᠠᠨ ᠤ ᠲᠦᠷᠢᠶᠡᠰᠦᠯᠡᠭᠰᠡᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠪᠣᠯ ᠤᠯᠤᠰ ᠤᠨ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠨᠠᠶᠢᠳᠠᠯᠭ᠎ᠠ ᠪᠠᠷ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠤᠨ ᠬᠡᠪᠴᠢᠶᠡᠨ ᠳᠤ ᠣᠷᠤᠭᠤᠯᠤᠭᠰᠠᠨ ᠦᠭᠡᠢ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠳ ᠪᠣᠯᠣᠨ᠎ᠠ᠃ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠲᠦᠷᠢᠶᠡᠰᠦᠯᠡᠬᠦᠯᠬᠦ ᠳᠤ ︽ᠨᠡᠶᠢᠭᠡᠮ ᠤᠨ ᠠᠮᠤ ᠪᠤᠳᠠᠭ᠎ᠠ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢ ᠲᠦᠷᠢᠶᠡᠰᠦᠯᠡᠵᠦ ᠤᠯᠤᠰ ᠤᠨ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠢᠯᠣᠭᠤᠳᠬᠤ ᠰᠠᠨᠠᠯ︾ ︵ᠤᠯᠤᠰ ᠠᠮᠤ ᠪᠤᠳᠠᠭ᠎ᠠ ᠪᠠᠶᠢᠴᠠᠭᠠᠬᠤ ﹇2015﹈ 51 ᠳ᠋ᠤᠭᠡᠷ ᠲᠣᠭᠠᠲᠤ︶᠎ ᠳᠤ ᠲᠣᠭᠲᠠᠭᠠᠭᠰᠠᠨ ᠨᠥᠬᠦᠴᠡᠯ ᠢ ᠪᠦᠷᠢᠳᠦᠭᠦᠯᠬᠦ ᠠᠴᠠ ᠭᠠᠳᠠᠨ᠎ᠠ ᠪᠠᠰᠠ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ᠠᠳᠠᠯᠢ ᠨᠢᠭᠡᠨ ᠲᠦᠷᠢᠶᠡᠰᠦᠨ ᠬᠥᠮᠥᠷᠭᠡ ᠴᠢᠭ᠋ ᠢ ᠬᠤᠶᠠᠷ ᠪᠤᠶᠤ ᠬᠤᠶᠠᠷ ᠠᠴᠠ ᠳᠡᠭᠡᠭᠰᠢᠬᠢ ᠲᠦᠷᠢᠶᠡᠰᠦᠯᠡᠨ ᠠᠪᠬᠤ ᠠᠵᠤ ᠠᠬᠤᠶᠢᠯᠠᠯ ᠳᠤ ᠲᠦᠷᠢᠶᠡᠰᠦᠯᠡᠨ ᠥᠭᠴᠦ ᠪᠣᠯᠬᠤ ᠦᠭᠡᠢ᠃ ᠬᠤᠶᠠᠷ ᠪᠤᠶᠤ ᠬᠤᠶᠠᠷ ᠠᠴᠠ ᠳᠡᠭᠡᠭᠰᠢ ᠠᠵᠤ ᠠᠬᠤᠶᠢᠯᠠᠯ ᠠᠳᠠᠯᠢ ᠨᠢᠭᠡᠨ ᠬᠥᠮᠥᠷᠭᠡ ᠶᠢ ᠬᠠᠮᠲᠤ ᠪᠠᠷ ᠬᠡᠷᠡᠭᠯᠡᠵᠦ ᠪᠣᠯᠬᠤ ᠦᠭᠡᠢ︔ ᠲᠦᠷᠢᠶᠡᠰᠦᠯᠡᠭᠦᠯᠬᠦ ᠲᠠᠯ᠎ᠠ ᠪᠣᠯᠣᠨ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢ ᠥᠮᠴᠢᠯᠡᠬᠦ ᠡᠷᠬᠡᠲᠦ ᠬᠥᠮᠦᠨ ᠨᠢ ᠳᠠᠭᠠᠯᠳᠤᠭᠤᠯᠤᠭᠰᠠᠨ ᠭᠠᠵᠠᠷ ᠰᠢᠷᠣᠶ ᠶᠢ ᠬᠡᠷᠡᠭᠯᠡᠬᠦ ᠡᠷᠬᠡᠲᠦ ᠬᠥᠮᠦᠨ ᠲᠠᠢ ᠡᠷᠬᠡᠪᠰᠢ ᠠᠳᠠᠯᠢᠬᠠᠨ ᠪᠠᠶᠢᠬᠤ ᠬᠡᠷᠡᠭᠲᠡᠶ᠃      ᠲᠠᠪᠤ᠂ ᠬᠤᠳᠠᠯᠳᠤᠨ ᠠᠪᠬᠤ ᠪᠡᠯᠡ ᠮᠥᠩᠭᠦ ᠶᠢᠨ ᠵᠠᠷᠤᠴᠠᠭᠤᠯᠭ᠎ᠠ ᠶᠢ ᠳ᠋ᠦᠡᠭᠨᠡᠨ ᠪᠤᠳᠤᠬᠤ ᠲᠤᠬᠠᠶ      ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢᠨ ᠬᠡᠷᠡᠭᠰᠡᠬᠦ ᠪᠡᠯᠡ ᠮᠥᠩᠭᠦ ᠶᠢ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠵᠢᠭᠡᠯᠡᠯᠭᠡ ᠪᠠᠷ ᠳᠠᠮᠵᠢᠵᠤ ᠰᠢᠢᠳᠪᠦᠷᠢᠯᠡᠨ᠎ᠡ᠃ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ ᠪᠦᠯᠦᠭ᠂ ᠳᠤᠮᠳᠠᠳᠤ ᠤᠯᠤᠰ ᠤᠨ ᠠᠭᠠᠷ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠵᠢᠴᠢ ᠲᠡᠭᠦᠨ ᠤ ᠰᠢᠭᠤᠳ ᠬᠠᠷᠢᠶ᠎ᠠ ᠠᠵᠤ ᠠᠬᠤᠶᠢᠯᠠᠯ ᠢ ᠭᠠᠷᠭᠠᠪᠠᠯ᠂ 2015 ᠣᠨ ᠤ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠬᠤ ᠳᠤ ᠬᠤᠳᠠᠯᠳᠤᠨ ᠠᠪᠬᠤ ᠪᠡᠯᠡ ᠮᠥᠩᠭᠦ ᠪᠠᠨ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠬᠤ ︽ᠪᠥᠬᠦᠨ ᠳᠤ ᠲᠤᠬᠢᠷᠠᠬᠤ ᠺᠠᠷᠲ︾᠎ ᠤᠨ ᠰᠢᠰᠲ᠋ᠧᠮ ᠢᠶᠠᠷ ᠥᠭᠬᠦ ᠶᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠰᠢᠭᠤᠳ ᠬᠠᠷᠢᠶ᠎ᠠ ᠬᠥᠮᠥᠷᠭᠡ ᠨᠢ ᠪᠠᠶᠢᠭ᠎ᠠ ᠭᠠᠵᠠᠷ ᠣᠷᠣᠨ ᠤ ᠪᠠᠨ ᠨᠠᠶᠢᠳᠠᠭᠰᠠᠨ ᠪᠠ ᠲᠦᠷᠢᠶᠡᠰᠦᠯᠡᠭᠰᠡᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠤᠨ ᠬᠤᠳᠠᠯᠳᠤᠨ ᠠᠪᠬᠤ ᠪᠡᠯᠡ ᠮᠥᠩᠭᠦ ᠶᠢ ᠴᠦᠮ ᠨᠢᠭᠡᠳᠦᠯᠲᠡᠶ ᠪᠠᠷ ᠳᠠᠭᠠᠭᠠᠨ ᠵᠢᠭᠡᠯᠡᠯᠭᠡ ᠲᠠᠯᠪᠢᠬᠤ ᠶᠢ ᠬᠡᠷᠡᠭᠵᠢᠭᠦᠯᠵᠦ᠂ ᠠᠮᠤ ᠪᠤᠳᠠᠭ᠎ᠠ ᠬᠤᠳᠠᠯᠳᠤᠭᠰᠠᠨ ᠲᠠᠷᠢᠶᠠᠴᠢᠳ ᠲᠤ ᠨᠢᠬᠡᠲᠦᠯᠲᠡᠢ ᠪᠠᠷ ᠰᠦᠯᠵᠢᠶᠡᠨ ᠪᠠᠩᠬᠢ ᠪᠠᠷ ᠰᠢᠭᠤᠳ ᠳ᠋ᠦᠡᠭᠨᠡᠨ ᠪᠣᠳᠣᠵᠣ᠂ ᠬᠤᠳᠠᠯᠳᠤᠨ ᠠᠪᠬᠤ ᠬᠤᠭᠤᠴᠠᠭᠠᠨ ᠳᠠᠬᠢ ᠲᠠᠷᠢᠶᠠᠴᠢᠳ ᠤᠨ ᠠᠮᠤ ᠪᠤᠳᠠᠭ᠎ᠠ ᠬᠤᠳᠠᠯᠳᠤᠭᠰᠠᠨ ᠵᠣᠭᠤᠰ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠵᠢᠷᠭᠤᠭ᠎ᠠ᠂ ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠶᠢ ᠪᠠᠶᠢᠭᠤᠯᠬᠤ ᠲᠤᠬᠠᠶ      ᠲᠥᠪ ᠤᠨ ᠪᠠ ᠣᠷᠣᠨ ᠨᠤᠲᠤᠭ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠤᠳᠤ ᠪᠠᠶᠢᠭ᠎ᠠ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢ ᠭᠦᠢᠴᠡᠳ ᠠᠰᠢᠭᠯᠠᠬᠤ ᠪᠠᠶᠢᠳᠠᠯ ᠤᠨ ᠳᠣᠣᠷ᠎ᠠ᠂ ᠬᠡᠷᠪᠡ ᠰᠢᠶᠠᠨ ᠤ ᠳᠣᠲᠣᠷ᠎ᠠ ᠲᠥᠪᠯᠡᠷᠡᠭᠦᠯᠦᠨ ᠨᠡᠶᠢᠯᠡᠭᠦᠯᠬᠦ᠂ ᠬᠥᠮᠦᠷᠭᠡ ᠲᠦᠷᠢᠶᠡᠰᠦᠯᠡᠨ ᠠᠮᠤ ᠪᠤᠳᠠᠭ᠎ᠠ ᠨᠥᠭᠡᠴᠡᠯᠡᠬᠦ ᠵᠡᠷᠭᠡ ᠠᠷᠭ᠎ᠠ ᠬᠡᠮᠵᠢᠶ᠎ᠡ ᠶᠢ ᠠᠪᠤᠭᠰᠠᠨ ᠴᠤ ᠬᠤᠳᠠᠯᠳᠤᠨ ᠠᠪᠴᠤ ᠨᠥᠭᠡᠴᠡᠯᠡᠬᠦ ᠴᠢᠳᠠᠪᠤᠷᠢ ᠮᠥᠨ ᠯᠡ ᠬᠦᠷᠦᠯᠴᠡᠬᠦ ᠦᠭᠡᠢ᠂ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ︵ᠨᠢᠭᠡᠨᠲᠡ ᠲᠦᠷᠢᠶᠡᠰᠦᠯᠡᠭᠰᠡᠨ ᠬᠥᠮᠥᠷᠭᠡ ᠴᠢᠭ᠋ ᠢ ᠪᠠᠭᠲᠠᠭᠠᠨ᠎ᠠ︶᠎ ᠨᠢ ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠶᠢ ᠪᠠᠶᠢᠭᠤᠯᠬᠤ ᠦᠨᠡᠨᠬᠦ ᠴᠢᠬᠤᠯᠠ ᠲᠠᠢ ᠪᠣᠯ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠠᠢ ᠬᠠᠮᠲᠤᠷᠠᠨ ᠬᠥᠮᠥᠷᠭᠡ ᠴᠢᠭ᠋ ᠰᠠᠯᠭᠠᠨ ᠬᠤᠪᠢᠶᠠᠵᠤ᠂ ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠳᠤ ᠠᠮᠤ ᠪᠤᠳᠠᠭ᠎ᠠ ᠨᠥᠭᠡᠴᠡᠯᠡᠬᠦ ᠲᠥᠯᠥᠪᠯᠡᠭᠡ ᠶᠢᠨ ᠭᠤᠶᠤᠴᠢᠯᠠᠯ ᠳᠤᠷᠠᠳᠴᠤ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠪᠠᠷ ᠬᠢᠨᠠᠨ ᠬᠠᠷᠭᠤᠭᠤᠯᠬᠤ ᠶᠢᠨ ᠬᠠᠮᠲᠤ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃ ᠪᠠᠶᠢᠭᠤᠯᠬᠤ ᠳᠦᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠨᠢ ᠤᠯᠤᠰ ᠤᠨ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠪᠠᠷᠢᠮᠵᠢᠶ᠎ᠠ ᠪᠣᠯᠣᠨ ᠭᠠᠯ ᠢ ᠰᠡᠷᠭᠡᠶᠢᠯᠡᠬᠦ ᠲᠣᠭᠲᠠᠭᠠᠯ ᠳᠤ ᠨᠡᠶᠢᠴᠡᠵᠦ᠂ ᠮᠧᠬᠠᠨᠢᠭ ᠢᠶᠠᠷ ᠰᠠᠯᠬᠢ ᠨᠡᠪᠲᠡᠷᠡᠭᠦᠯᠬᠦ ᠴᠢᠳᠠᠪᠤᠷᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ ᠪᠠᠶᠢᠭᠤᠯᠤᠭᠰᠠᠨ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠵᠠᠳᠠᠭᠠᠶ ᠪᠡᠯᠡᠳᠬᠡᠮᠵᠢ ᠨᠢ ᠭᠠᠯ ᠢ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠡᠳᠦᠷ ᠲᠤᠲᠤᠮ ᠤᠨ ᠠᠶᠤᠯ ᠦᠭᠡᠢ ᠪᠣᠯᠣᠨ ᠠᠮᠤ ᠪᠤᠳᠠᠭᠠᠨ ᠤ ᠪᠠᠶᠢᠳᠠᠯ ᠤᠨ ᠲᠤᠬᠠᠶ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠂ ᠬᠡᠪ ᠤᠨ ᠪᠤᠰᠤ ᠪᠠᠶᠢᠳᠠᠯ ᠢ ᠰᠢᠢᠳᠪᠦᠷᠢᠯᠡᠵᠦ᠂ ᠤᠯᠤᠰ ᠤᠨ ᠠᠮᠤ ᠪᠤᠳᠠᠭ᠎ᠠ ᠨᠥᠭᠡᠴᠡᠯᠡᠯᠲᠡ ᠶᠢᠨ ᠠᠶᠤᠯ ᠦᠭᠡᠢ ᠶᠢ ᠦᠨᠡᠨ ᠬᠦ ᠪᠠᠲᠤᠯᠠᠬᠤ ᠬᠡᠷᠡᠭᠲᠡᠶ᠃ 2015 ᠣᠨ ᠤ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠮᠵᠢ ᠶᠢ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠮᠤ ᠪᠤᠳᠠᠭ᠎ᠠ ᠨᠥᠭᠡᠴᠡᠯᠡᠬᠦ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠴᠡᠭᠴᠡᠯᠡᠨ ᠥᠭᠡᠷᠡᠴᠢᠯᠡᠬᠦ ᠠᠵᠢᠯ ᠢᠶᠠᠨ ᠬᠠᠷᠠᠬᠠᠨ ᠪᠤᠲᠠᠲᠠᠶᠢᠵᠢᠭᠤᠯᠤᠭᠰᠠᠨ ᠦᠭᠡᠢ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ︵ᠨᠢᠭᠡᠨᠲᠡ ᠲᠦᠷᠢᠶᠡᠰᠦᠯᠡᠭᠰᠡᠨ ᠬᠥᠮᠥᠷᠭᠡ ᠴᠢᠭ᠋ ᠢ ᠪᠠᠭᠲᠠᠭᠠᠨ᠎ᠠ︶᠎ ᠨᠢ ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠶᠢ ᠪᠠᠶᠢᠭᠤᠯᠵᠤ ᠪᠣᠯᠬᠤ ᠦᠭᠡᠢ᠃      ᠲᠤᠯᠤᠭ᠎ᠠ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠵᠢᠴᠢ ᠬᠠᠮᠢᠶ᠎ᠡ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠲᠣᠬᠠᠢ      ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠤᠯᠤᠰ ᠤᠨ ᠨᠠᠶᠢᠳᠠᠯᠭ᠎ᠠ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠤᠭᠰᠠᠨ ᠤ ᠬᠤᠪᠢ ᠳᠤ ᠡᠨᠡ ᠤᠳᠠᠭᠠᠨ ᠤ ᠤᠯᠤᠰ ᠤᠨ ᠲᠦᠷ ᠴᠠᠭ ᠤᠨ ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ ᠡᠭᠦᠷᠭᠡᠯᠡᠵᠦ᠂ ᠲᠡᠭᠦᠨ ᠤ ᠰᠢᠭᠤᠳ ᠬᠠᠷᠢᠶ᠎ᠠ ᠠᠵᠤ ᠠᠬᠤᠶᠢᠯᠠᠯ ᠪᠣᠯᠣᠨ ᠨᠠᠶᠢᠳᠠᠵᠤ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠨᠢ ᠲᠠᠷᠢᠶᠠᠴᠢᠳ ᠤᠨ ᠦᠯᠡᠳᠡᠪᠦᠷᠢ ᠠᠮᠤ ᠪᠤᠳᠠᠭ᠎ᠠ ᠶᠢ ᠴᠢᠯᠤᠭᠡᠲᠡᠢ ᠪᠠᠷ ᠬᠤᠳᠠᠯᠳᠤᠨ ᠠᠪᠬᠤ ᠬᠡᠷᠡᠭᠲᠡᠢ᠃ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ ᠪᠦᠯᠦᠭᠯᠡᠯ᠂ ᠳᠤᠮᠳᠠᠳᠤ ᠤᠯᠤᠰ ᠤᠨ ᠠᠭᠠᠷ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠤᠳ ᠨᠢ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠶᠢᠨ ᠨᠥᠬᠦᠪᠥᠷᠢ ᠬᠦᠴᠦᠨ ᠪᠣᠯᠣᠭᠰᠠᠨ ᠳᠤ ᠬᠤᠪᠢ ᠳᠤ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠶᠢᠨ ᠨᠠᠶᠢᠳᠠᠯᠭ᠎ᠠ ᠪᠠᠷ ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ ᠡᠭᠦᠷᠭᠡᠯᠡᠵᠦ᠂ ᠲᠠᠷᠢᠶᠠᠯᠠᠩ ᠶᠢᠨ ᠬᠥᠭᠵᠢᠭᠦᠯᠦᠯᠲᠡ ᠶᠢᠨ ᠪᠠᠩᠭᠢ ᠠᠴᠠ ᠪᠡᠶ᠎ᠡ ᠪᠠᠨ ᠳᠠᠭᠠᠭᠠᠵᠤ ᠵᠢᠭᠡᠯᠡᠯᠭᠡ ᠠᠪᠬᠤ ᠬᠡᠷᠡᠭᠲᠡᠢ᠃ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠨᠢ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠣᠳᠠᠭ᠎ᠠ ᠶᠢᠨ ᠶᠡᠷᠦᠩᠬᠡᠶ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠶᠢᠭᠤᠯᠤᠮᠵᠢ ᠪᠣᠯᠤᠭᠰᠠᠨ ᠤ ᠬᠤᠪᠢ ᠳᠤ ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ‍ᠣ‌‍ᠲ᠋ᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠯᠤᠭ᠎ᠠ ᠨᠢᠭᠲᠠ ᠬᠠᠮᠵᠢᠯᠴᠠᠨ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠲᠣᠳᠣᠷᠠᠬᠢ ᠤᠯᠤᠰ ᠤᠨ ᠳᠦᠷ ᠴᠠᠭ ᠬᠠᠳᠠᠭᠠᠯᠠᠬᠤ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠠᠵᠢᠯ ᠢ ᠬᠠᠮᠲᠤᠪᠠᠷ ᠬᠠᠷᠢᠭᠤᠴᠠᠨ᠎ᠠ᠂ ᠲᠤᠬᠠᠶᠢᠯᠠᠪᠠᠯ᠄ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠬᠠᠮᠲᠤ ᠪᠠᠷ ᠲᠣᠭᠲᠠᠭᠠᠵᠤ᠂ ᠪᠠᠶᠢᠴᠠᠭᠠᠨ ᠬᠢᠨᠠᠯᠲᠠ ᠲᠠᠯᠪᠢᠬᠤ ᠶᠢ ᠬᠠᠮᠲᠤᠪᠠᠷ ᠵᠣᠬᠢᠶᠠᠨ ᠪᠠᠶᠢᠭᠤᠯᠵᠤ᠂ ᠲᠤᠭ᠎ᠠ ᠬᠡᠮᠵᠢᠶ᠎ᠡ ᠶᠠᠰᠤ ᠴᠢᠨᠠᠷ ᠢ ᠰᠢᠯᠭᠠᠨ ᠠᠪᠬᠤ ᠶᠢ ᠬᠠᠮᠲᠤᠪᠠᠷ ᠵᠣᠬᠢᠶᠠᠨ ᠪᠠᠶᠢᠭᠤᠯᠵᠤ᠂ ᠬᠥᠮᠥᠷᠭᠡ ᠶᠢᠨ ᠬᠠᠳᠠᠭᠠᠯᠠᠯᠲᠠ ᠶᠢ ᠬᠢᠨᠠᠨ ᠬᠠᠮᠢᠶᠠᠷᠬᠤ ᠪᠠ ᠪᠣᠷᠤᠯᠠᠭᠤᠯᠵᠤ᠂ ᠬᠥᠮᠥᠷᠭᠡ ᠠᠴᠠ ᠭᠠᠷᠭᠠᠬᠤ ᠵᠡᠷᠭᠡ ᠠᠵᠢᠯ ᠢ ᠬᠠᠮᠲᠤᠪᠡᠷ ᠬᠠᠷᠢᠭᠤᠴᠠᠨ᠎ᠠ᠃      ᠨᠠᠢᠮᠠ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠬᠢᠭᠡᠳ ᠨᠠᠶᠢᠳᠠᠯᠭ᠎ᠠ ᠢᠶᠠᠷ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠤᠨ ᠬᠠᠷᠢᠴᠠᠭ᠎ᠠ ᠶᠢᠨ ᠲᠤᠬᠠᠢ      ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠬᠢᠭᠡᠳ ᠨᠠᠶᠢᠳᠠᠯᠭ᠎ᠠ ᠢᠶᠠᠷ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠨᠢ ᠬᠤᠳᠠᠯᠳᠤᠨ ᠠᠪᠬᠤ ᠶᠢ ᠨᠠᠶᠢᠳᠠᠭᠰᠠᠨ ᠵᠦᠪᠯᠡᠯᠴᠡᠭᠡᠷ ᠪᠣᠯᠣᠨ ᠬᠠᠳᠠᠭᠠᠯᠠᠨ ᠬᠠᠮᠢᠶᠠᠷᠬᠤ ᠭᠡᠷ᠎ᠡ ᠲᠣᠭᠲᠠᠭᠠᠵᠤ᠂ ᠲᠡᠳᠡᠨ ᠳᠤ ᠤᠯᠤᠰ ᠤᠨ ᠲᠥᠷᠥ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠬᠤ᠂ ᠨᠥᠭᠡᠴᠡᠯᠡᠬᠦ ᠲᠤᠬᠠᠶᠢᠯᠠᠭᠰᠠᠨ ᠠᠵᠢᠯ ᠢ ᠨᠠᠶᠢᠳᠠᠵᠤ᠂ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠤᠳᠠᠯᠳᠤᠨ ᠠᠪᠬᠤ᠂ ᠬᠠᠳᠠᠭᠠᠯᠠᠨ ᠬᠠᠮᠢᠶᠠᠷᠬᠤ ᠵᠡᠷᠭᠡ ᠵᠠᠷᠤᠳᠠᠯ ᠢ ᠲᠤᠰᠢᠶᠠᠨ᠎ᠠ᠃ ᠡᠳᠡᠭᠡᠷ ᠬᠤᠳᠠᠯᠳᠤᠨ ᠠᠪᠴᠤ ᠨᠥᠭᠡᠴᠡᠯᠡᠬᠦ ᠶᠢ ᠨᠠᠶᠢᠳᠠᠭᠰᠠᠨ ᠠᠵᠤ ᠠᠬᠤᠶᠢᠯᠠᠯ ᠤᠨ ᠥᠮᠴᠢᠯᠡᠬᠦ ᠡᠷᠬᠡ ᠨᠢ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠬᠢᠨ ᠳᠤ ᠥᠯᠦ ᠬᠠᠷᠢᠶᠠᠯᠠᠭᠳᠠᠵᠤ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠬᠥᠮᠦᠷᠭᠡ ᠲᠠᠢ ᠬᠠᠷᠢᠶᠠᠯᠠᠭᠳᠠᠬᠤ ᠬᠠᠷᠢᠴᠠᠭ᠎ᠠ ᠪᠠᠶᠢᠬᠤ ᠦᠭᠡᠢ᠂ ᠵᠥᠪᠬᠡᠨ ᠢᠷᠭᠡᠨ ᠤ ᠬᠡᠷᠡᠭ ᠤᠨ ᠭᠡᠷ᠎ᠡ ᠶᠢᠨ ᠬᠠᠷᠢᠴᠠᠭ᠎ᠠ ᠪᠣᠯᠤᠨ᠎ᠠ᠃      ᠶᠢᠰᠦ᠂ ᠲᠥᠷ ᠴᠠᠭ ᠢᠶᠠᠷ ᠨᠥᠭᠡᠴᠡᠯᠡᠬᠦ ᠡᠷᠳᠡᠨᠢ ᠰᠢᠰᠢ ᠶᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢᠨ ᠲᠤᠬᠠᠶ      ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ 2015 ᠣᠨ ᠤ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠬᠤ ᠠᠵᠢᠯ ᠤᠨ ᠲᠣᠬᠠᠢ ᠶᠡᠷᠦᠩᠬᠡᠶ ᠱᠠᠭᠠᠷᠳᠠᠯᠭ᠎ᠠ ᠪᠣᠯ᠂ ︽ᠭᠤᠷᠪᠠᠨ ᠵᠦᠢᠯ ᠤᠨ ᠦᠵᠡᠯ ᠤᠬᠠᠮᠰᠠᠷ︾᠎ ᠢ ᠴᠢᠩᠭᠠᠳᠬᠠᠨ᠎ᠠ᠂ ᠳᠠᠷᠤᠢ ᠤᠯᠤᠰ ᠲᠦᠷᠦ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ ᠪᠣᠯᠣᠨ᠎ᠠ︔ ︽ᠳᠥᠷᠪᠡ ᠶᠢ ᠪᠤᠲᠠᠲᠠᠶᠢᠵᠢᠭᠤᠯᠬᠤ︾᠎ ᠶᠢ ᠨᠠᠶᠢᠳᠠᠪᠤᠷᠢᠵᠢᠭᠤᠯᠤᠨ᠎ᠠ᠂ ᠳᠠᠷᠤᠢ ᠦᠵᠡᠯ ᠰᠠᠨᠠᠭ᠎ᠠ ᠲᠠᠨᠢᠯᠲᠠ ᠪᠠᠨ ᠪᠤᠲᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠤᠲᠠᠲᠠᠶᠢᠵᠢᠭᠤᠯᠬᠤ᠂ ᠰᠠᠩ ᠬᠥᠮᠥᠷᠭᠡ ᠶᠢᠨ ᠪᠠᠭᠲᠠᠭᠠᠮᠵᠢ ᠶᠢ ᠪᠤᠲᠠᠲᠠᠶᠢᠵᠢᠭᠤᠯᠬᠤ᠂ ᠵᠣᠬᠢᠴᠠᠭᠤᠯᠬᠤ ᠦᠢᠯᠡᠴᠢᠯᠡᠭᠡ ᠪᠠᠨ ᠪᠤᠲᠠᠲᠠᠶᠢᠵᠢᠭᠤᠯᠬᠤ ᠪᠣᠯᠣᠨ᠎ᠠ︔ ︽ᠲᠠᠪᠤ ᠶᠢ ᠢᠯᠡ ᠪᠣᠯᠭᠠᠬᠤ︾᠎ ᠶᠢ ᠪᠠᠷᠢᠮᠲᠠᠯᠠᠨ᠎ᠠ᠂ ᠳᠠᠷᠤᠢ ᠲᠣᠭᠲᠠᠭᠰᠠᠨ ᠴᠢᠭ᠋ ᠤᠨ ᠨᠡᠷᠡᠰ ᠢ ᠢᠯᠡ ᠪᠣᠯᠭᠠᠬᠤ᠂ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠢᠯᠡ ᠪᠣᠯᠭᠠᠬᠤ᠂ ᠭᠦᠢᠴᠡᠳᠬᠡᠬᠦ ᠴᠠᠭ ᠢ ᠢᠯᠡ ᠪᠣᠯᠭᠠᠬᠤ᠂ ᠬᠤᠳᠠᠯᠳᠤᠨ ᠠᠪᠬᠤ ᠦᠨ᠎ᠡ ᠶᠢ ᠢᠯᠡ ᠪᠣᠯᠭᠠᠬᠤ᠂ ᠬᠤᠳᠠᠯᠳᠤᠨ ᠠᠪᠬᠤ ᠶᠠᠰᠤ ᠴᠢᠨᠠᠷ ᠢ ᠢᠯᠡ ᠪᠣᠯᠭᠠᠬᠤ ᠪᠣᠯᠣᠨ᠎ᠠ︔ ︽ᠨᠠᠢᠮᠠᠨ ᠪᠣᠯᠬᠤ ᠦᠭᠡᠢ︾᠎ ᠶᠢ ᠪᠡᠶᠡᠯᠡᠭᠦᠯᠦᠨ᠎ᠡ᠂ ᠲᠤᠬᠠᠶᠢᠯᠠᠪᠠᠯ ᠳᠡᠰ ᠢ ᠨᠢ ᠪᠠᠭᠤᠷᠠᠭᠤᠯᠤᠨ ᠦᠨ᠎ᠡ ᠶᠢ ᠨᠢ ᠳᠠᠷᠤᠵᠤ ᠬᠤᠳᠠᠯᠳᠤᠨ ᠠᠪᠴᠤ ᠪᠣᠯᠬᠤ ᠦᠭᠡᠢ᠂ ᠬᠡᠯᠪᠡᠷᠢ ᠶᠢ ᠨᠢ ᠥᠭᠡᠷᠡᠳᠦᠭᠦᠯᠦᠨ ᠳᠡᠰ ᠳᠡᠭᠡᠭᠰᠢᠯᠡᠭᠦᠯᠦᠨ ᠦᠨ᠎ᠡ ᠥᠰᠬᠡᠨ ᠬᠤᠳᠠᠯᠳᠤᠨ ᠠᠪᠴᠤ ᠪᠣᠯᠬᠤ ᠦᠭᠡᠢ᠂ ᠲᠣᠭᠲᠠᠭᠠᠯ ᠠᠴᠠ ᠳᠠᠪᠠᠭᠤᠯᠤᠨ ᠬᠡᠮᠵᠢᠶ᠎ᠡ ᠶᠢ ᠨᠢ ᠨᠡᠮᠡᠵᠦ ᠬᠠᠰᠤᠬᠤ᠂ ᠦᠨ᠎ᠡ ᠶᠢ ᠨᠢ ᠨᠡᠮᠡᠵᠦ ᠥᠰᠬᠡᠵᠦ ᠪᠣᠯᠬᠤ ᠦᠭᠡᠢ᠂ ᠤᠷᠢᠳᠠᠪᠠᠷ ᠬᠤᠷᠢᠶᠠᠵᠤ ᠳᠠᠷᠠᠭ᠎ᠠ ᠨᠢ ᠰᠢᠯᠵᠢᠭᠦᠯᠬᠦ᠂ ᠬᠢᠮᠳᠠ ᠪᠠᠷ ᠬᠤᠷᠢᠶᠠᠵᠤ ᠦᠨ᠎ᠡ ᠲᠠᠢ ᠪᠠᠷ ᠰᠢᠯᠵᠢᠭᠦᠯᠵᠦ ᠪᠣᠯᠬᠤ ᠦᠭᠡᠢ᠂ ᠬᠠᠭᠤᠴᠢᠨ ᠢᠶᠠᠷ ᠰᠢᠨ᠎ᠡ ᠶᠢ ᠣᠷᠤᠯᠠᠭᠤᠯᠵᠤ᠂ ᠠᠮᠤ ᠪᠤᠳᠠᠭ᠎ᠠ ᠶᠢ ᠡᠷᠬᠢᠯᠳᠦᠭᠦᠯᠦᠨ ᠭᠦᠢᠯᠭᠡᠭᠡᠵᠦ ᠪᠣᠯᠬᠤ ᠦᠭᠡᠢ᠂ ᠭᠠᠳᠠᠭᠠᠳᠤ ᠠᠴᠠ ᠣᠷᠤᠭᠤᠯᠤᠭᠰᠠᠨ ᠡᠷᠳᠡᠨᠢ ᠰᠢᠰᠢ ᠶᠢ ᠬᠤᠳᠠᠯᠳᠤᠨ ᠠᠪᠴᠤ ᠪᠣᠯᠬᠤ ᠦᠭᠡᠢ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠪᠠᠨ ᠬᠤᠳᠠᠯ ᠢᠶᠠᠷ ᠮᠡᠳᠡᠭᠦᠯᠵᠦ᠂ ᠬᠤᠳᠠᠯᠳᠤᠨ ᠠᠪᠬᠤ ᠪᠡᠯᠡ ᠮᠥᠩᠭᠦ ᠪᠣᠯᠣᠨ ᠵᠠᠷᠤᠳᠠᠯ ᠤᠨ ᠨᠥᠬᠦᠪᠥᠷᠢ ᠶᠢ ᠮᠡᠬᠡᠯᠡᠨ ᠠᠪᠴᠤ ᠪᠣᠯᠬᠤ ᠦᠭᠡᠢ᠂ ᠬᠤᠳᠠᠯᠳᠤᠨ ᠠᠪᠬᠤ ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ︔ ︽ᠭᠤᠷᠪᠠ ᠶᠢ ᠦᠨᠡᠨᠬᠦ ᠪᠠᠲᠤᠯᠠᠬᠤ ᠪᠠ ᠭᠤᠷᠪᠠᠨ ᠬᠠᠨᠤᠮᠵᠢᠲᠠᠶ ᠪᠠᠶᠢᠬᠤ︾᠎ ᠶᠢ ᠪᠡᠶᠡᠯᠡᠭᠦᠯᠦᠨ᠎ᠡ᠂ ᠳᠠᠷᠤᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠰᠠᠶᠢᠲᠤᠷ  ᠨᠠᠶᠢᠳᠠᠪᠤᠷᠢᠵᠢᠭᠤᠯᠬᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠬᠤ᠂ ᠬᠤᠳᠠᠯᠳᠤᠨ ᠠᠪᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠤᠯᠤᠰ ᠣᠷᠣᠨ ᠢ ᠰᠡᠳᠬᠢᠯ ᠬᠠᠨᠤᠮᠵᠢᠲᠠᠶ ᠪᠠᠶᠢᠯᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ ᠭᠤᠣᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠡᠯ᠎ᠡ ᠰᠢᠭᠤᠳ ᠬᠠᠷᠢᠶ᠎ᠠ ᠬᠥᠮᠥᠷᠭᠡ ᠨᠦᠭᠦᠳ ᠬᠤᠳᠠᠯᠳᠤᠨ ᠠᠪᠬᠤ ︽ᠨᠢᠭᠡ ᠦᠷᠳᠡᠭᠡᠯᠢᠭ︾ ᠦᠢᠯᠡᠴᠢᠯᠡᠭᠡ ᠪᠠᠨ ᠦᠷᠭᠦᠯᠵᠢᠯᠡᠨ ᠰᠠᠶᠢᠲᠤᠷ ᠬᠢᠵᠦ᠂ ᠬᠤᠳᠠᠯᠳᠤᠨ ᠠᠪᠬᠤ ᠬᠤᠭᠤᠴᠠᠭ᠎ᠠ ᠳᠠᠭᠠᠨ ᠵᠣᠬᠢᠰᠲᠠᠶ ᠪᠠᠷ ᠤᠷᠲᠤᠳᠬᠠᠨ᠂ ᠬᠥᠮᠥᠷᠭᠡ ᠳᠤ ᠣᠷᠣᠭᠤᠯᠬᠤ ᠭᠠᠷᠲᠠᠮ ᠢᠶᠠᠨ ᠳᠥᠭᠦᠮᠴᠢᠯᠡᠵᠦ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠪᠠᠨ ᠢᠯᠡ ᠪᠣᠯᠭᠠᠵᠤ᠂ ᠣᠨᠣᠪᠴᠢᠲᠠᠢ ᠬᠡᠮᠵᠢᠬᠦ ᠶᠢ ᠪᠠᠲᠤᠯᠠᠵᠤ᠂ ᠳ᠋ᠦᠡᠭᠨᠡᠨ ᠪᠤᠳᠤᠬᠤ ᠬᠤᠷᠳᠤᠴᠠ ᠪᠠᠨ ᠲᠦᠷᠭᠡᠳᠬᠡᠵᠦ᠂ ᠪᠣᠯᠵᠤᠭ᠎ᠠ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ ᠲᠠᠷᠢᠶᠠᠴᠢᠳ ᠲᠥᠪᠯᠡᠷᠡᠨ ᠮᠦᠷᠯᠡᠨ ᠬᠦᠯᠢᠶᠡᠵᠦ ᠠᠮᠤ ᠪᠤᠳᠠᠭ᠎ᠠ ᠬᠤᠳᠠᠯᠳᠤᠬᠤ ᠶᠢ ᠪᠠᠭᠠᠰᠬᠠᠨ᠂ ᠠᠮᠤ ᠪᠤᠳᠠᠭ᠎ᠠ ᠬᠤᠳᠠᠯᠳᠤᠬᠤ ᠲᠠᠷᠢᠶᠠᠴᠢᠳ ᠲᠤ ᠳᠥᠭᠦᠮ ᠦᠵᠡᠭᠦᠯᠬᠦ ᠬᠡᠷᠡᠭᠲᠡᠶ᠃ ᠲᠠᠷᠢᠶᠠᠴᠢᠳ ᠢ ᠰᠠᠨᠠᠭ᠎ᠠ ᠠᠮᠤᠷ ᠠᠮᠤ ᠪᠤᠳᠠᠭ᠎ᠠ ᠬᠤᠳᠠᠯᠳᠤᠭᠤᠯᠵᠤ᠂ ᠠᠮᠤ ᠪᠤᠳᠠᠭ᠎ᠠ ᠬᠤᠳᠠᠯᠳᠤᠬᠤ ᠶᠢ ᠣᠶᠢᠯᠠᠭᠤᠯᠬᠤ ᠶᠢᠨ ᠲᠥᠯᠦᠭᠡ᠂ ᠰᠡᠷᠡᠯ ᠤᠨ ᠡᠷᠬᠡᠲᠡᠨ ᠢᠶᠠᠷ ᠰᠢᠯᠭᠠᠨ ᠪᠠᠶᠢᠴᠠᠭᠠᠯᠲᠠ ᠬᠢᠬᠦ ᠶᠢ ᠳᠡᠪᠴᠢᠬᠦ ᠶᠢᠨ ᠵᠡᠷᠭᠡᠴᠡᠪᠡᠷ ᠬᠤᠳᠠᠯᠳᠤᠨ ᠠᠪᠬᠤ ᠲᠠᠯᠠᠪᠤᠷ ᠤᠨ ᠢᠯᠡ ᠲᠣᠳᠣ ᠭᠠᠵᠠᠷ ᠠᠯᠪᠠᠨ ᠵᠠᠷ ᠨᠠᠭᠠᠵᠤ ᠬᠤᠳᠠᠯᠳᠤᠨ ᠠᠪᠬᠤ ᠲᠦᠷᠦᠯ ᠵᠦᠢᠯ᠂ ᠶᠠᠰᠤ ᠴᠢᠨᠠᠷ᠂ ᠦᠨ᠎ᠡ ᠬᠠᠩᠰᠢ᠂ ᠤᠰᠤᠴᠠ ᠬᠤᠯᠢᠴᠠ ᠶᠢᠨ ᠨᠡᠮᠡᠵᠦ ᠬᠠᠰᠤᠬᠤ ᠬᠡᠮᠵᠢᠶ᠎ᠡ ᠦᠨ᠎ᠡ ᠨᠡᠮᠡᠵᠦ ᠬᠠᠰᠤᠬᠤ ᠠᠷᠭ᠎ᠠ᠂ ᠳ᠋ᠦᠩᠨᠡᠨ ᠪᠣᠳᠣᠬᠤ ᠠᠷᠭ᠎ᠠ᠂ ᠠᠵᠢᠯᠯᠠᠭᠠᠨ ᠤ ᠳᠡᠰ ᠳᠠᠷᠠᠭᠠᠯᠠᠯ ᠵᠡᠷᠭᠡ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠲᠦᠷᠦ ᠶᠢᠨ ᠪᠤᠳᠤᠯᠭ᠎ᠠ ᠶᠢᠨ ᠮᠠᠳᠠᠭ ᠲᠠᠢ ᠠᠰᠠᠭᠤᠳᠠᠯ ᠢ ᠲᠤᠬᠠᠶ ᠶᠢᠨ ᠲᠠᠯᠠᠪᠠᠢ ᠳᠤᠨᠢ ᠲᠠᠶᠢᠯᠪᠤᠷᠢᠯᠠᠵᠤ᠂ ᠦᠨᠡᠨᠴᠢ ᠰᠡᠳᠬᠢᠯ ᠡᠪᠦᠷᠯᠡᠨ᠂ ᠬᠠᠷᠢᠭᠤᠴᠠᠯᠠᠭᠠᠲᠤ ᠣᠪᠣᠷ ᠢᠶᠠᠷ ᠬᠠᠨᠳᠤᠵᠤ᠂ ᠠᠮᠤ ᠪᠤᠳᠠᠭ᠎ᠠ ᠬᠤᠳᠠᠯᠳᠤᠬᠤ ᠲᠠᠷᠢᠶᠠᠴᠢᠳ ᠲᠤ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠵᠦ᠂ ᠨᠠᠮ ᠤᠨ ᠲᠥᠪ ᠬᠤᠷᠢᠶ᠎ᠡ ᠶᠢᠨ ᠬᠠᠯᠠᠮᠵᠢᠯᠠᠯ ᠪᠠ ᠤᠯᠤᠰ ᠤᠨ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠲᠦᠭ ᠲᠦᠮᠡᠨ ᠠᠶᠢᠯ ᠡᠷᠤᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ