2015 ᠣᠨ ᠳᠤ᠂ ᠮᠠᠨ ᠤ ᠣᠷᠣᠨ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠪᠦᠬᠦ ᠣᠷᠣᠨ ᠤ | ᠠᠮᠤ ᠪᠤᠳᠠᠭᠠᠨ ᠤ ᠶᠡᠷᠦᠩᠬᠡᠶ ᠤᠨᠠᠯᠲᠠ ᠨᠢ 2800 ᠲᠦᠮᠡᠨ ᠲᠣᠨ ᠬᠦᠷᠴᠦ᠂ ᠡᠭᠦᠨ ᠳᠤ ᠡᠷᠳᠡᠨᠢ ᠰᠢᠰᠢ ᠶᠢᠨ | ᠶᠡᠷᠦᠩᠬᠡᠶ ᠤᠨᠠᠯᠲᠠ ᠨᠢ ᠪᠠᠷᠤᠭ 2250 ᠲᠦᠮᠡᠨ ᠲᠣᠨ ᠬᠦᠷᠬᠦ ᠪᠠᠷ ᠵᠢᠱᠢᠵᠦ ᠪᠤᠢ᠃ ᠣᠷᠴᠢᠮ ᠳᠤ᠂ | ᠰᠤᠷᠪᠤᠯᠵᠢᠯᠠᠭᠴᠢ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠣᠶᠢᠯᠠᠭᠠᠭᠰᠠᠨ ᠨᠢ᠂ ᠡᠨᠡ ᠵᠢᠯ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠷᠳᠡᠨᠢ | ᠰᠢᠰᠢ ᠶᠢ ᠲᠦᠷ ᠴᠠᠭ ᠬᠤᠷᠢᠶᠠᠨ ᠨᠥᠭᠡᠴᠡᠯᠡᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠮᠤ | ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠪᠣᠯᠣᠨ᠎ᠠ᠃ | ᠨᠢᠭᠡ᠂ 2015 ᠣᠨ ᠬᠢᠭᠡᠳ 2014 ᠣᠨ ᠤ ᠲᠦᠷ ᠴᠠᠭ ᠬᠠᠳᠠᠭᠠᠯᠠᠬᠤ ᠲᠦᠷᠦ ᠶᠢᠨ ᠪᠤᠳᠤᠯᠭ᠎ᠠ ᠶᠢᠨ | ᠭᠤᠣᠯ ᠬᠤᠪᠢᠷᠠᠯᠲᠠ ᠶᠢᠨ ᠲᠣᠬᠠᠢ | ᠡᠨᠡ ᠵᠢᠯ ᠤᠨ ᠤᠯᠤᠰ ᠠᠴᠠ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ | ᠲᠥᠷᠥ ᠶᠢᠨ ᠪᠣᠳᠣᠯᠭ᠎ᠠ ᠶᠢ ᠨᠢᠳᠤᠨᠤᠨ ᠤ ᠰᠠᠭᠤᠷᠢ ᠳᠡᠭᠡᠷ᠎ᠡ ᠵᠣᠬᠢᠰᠲᠠᠶ ᠲᠣᠬᠢᠷᠠᠭᠤᠯᠤᠯᠲᠠ ᠬᠢᠵᠦ᠂ ᠳᠣᠣᠷᠠᠬᠢ | ᠲᠦᠷᠪᠡᠨ ᠲᠠᠯ᠎ᠠ ᠶᠢᠨ ᠰᠢᠨ᠎ᠡ ᠬᠤᠪᠢᠷᠠᠯᠲᠠ ᠢᠯᠡᠷᠡᠵᠦ ᠪᠠᠶᠢᠨ᠎ᠠ᠄ ᠨᠢᠭᠡ ᠳᠤ ᠬᠤᠳᠠᠯᠳᠤᠨ ᠠᠪᠬᠤ ᠦᠨ᠎ᠡ ᠬᠠᠩᠰᠢ ᠶᠢ | ᠲᠣᠬᠢᠷᠠᠭᠤᠯᠵᠠᠢ᠃ ᠡᠷᠳᠡᠨᠢ ᠰᠢᠰᠢ ᠬᠤᠳᠠᠯᠳᠤᠨ ᠠᠪᠬᠤ ᠦᠨ᠎ᠡ ᠬᠠᠩᠰᠢ ᠲᠦᠷᠦᠭᠦᠦ ᠵᠢᠯ ᠤᠨ ᠬᠢ ᠠᠴᠠ ᠵᠢᠩ ᠪᠦᠷᠢ | ᠳᠡᠭᠡᠨ 0.13 ᠲᠥᠭᠦᠷᠢᠭ ᠪᠠᠭᠤᠷᠠᠵᠤ᠂ ᠲᠤᠬᠠᠶᠢᠯᠠᠪᠠᠯ ᠤᠯᠤᠰ ᠤᠨ ᠪᠠᠷᠢᠮᠵᠢᠶᠠᠲᠤ ᠭᠤᠷᠪᠠᠳᠤᠭᠠᠷ ᠳᠡᠰ ᠤᠨ ᠡᠷᠳᠡᠨᠢ | ᠰᠢᠰᠢ ᠵᠢᠩ ᠪᠦᠷᠢ 1 ᠲᠥᠭᠦᠷᠢᠭ᠂ ᠵᠡᠭᠦᠨ ᠬᠤᠶᠢᠲᠤ ᠣᠷᠣᠨ ᠤ ᠭᠤᠷᠪᠠᠨ ᠮᠤᠵᠢ ᠪᠣᠯᠣᠨ ᠥᠪᠥᠷ ᠮᠣᠩᠭᠤᠯ | ᠬᠤᠳᠠᠯᠳᠤᠨ ᠠᠪᠬᠤ ᠦᠨ᠎ᠡ ᠪᠠᠨ ᠨᠢᠭᠡᠳᠬᠡᠭᠰᠡᠨ ᠠᠴᠠ᠂ ᠭᠠᠵᠠᠷ ᠣᠷᠣᠨ ᠤ ᠵᠥᠷᠢᠶ᠎ᠡ ᠦᠭᠡᠢ᠃ ᠬᠤᠶᠠᠷ ᠲᠤ | ᠡᠬᠢᠯᠡᠵᠦ ᠬᠤᠳᠠᠯᠳᠤᠨ ᠠᠪᠬᠤ ᠴᠠᠭ ᠤᠷᠢᠳᠴᠢᠯᠠᠵᠠᠶ᠃ ᠲᠦᠷ ᠬᠠᠳᠠᠭᠠᠯᠠᠬᠤ ᠡᠷᠳᠡᠨᠢ ᠰᠢᠰᠢ ᠶᠢ 11 ᠰᠠᠷ᠎ᠠ ᠶᠢᠨ | 1 ᠤ ᠡᠳᠦᠷ ᠠᠴᠠ ᠡᠬᠢᠯᠡᠵᠦ ᠬᠤᠳᠠᠯᠳᠤᠨ ᠠᠪᠤᠭᠰᠠᠨ ᠪᠣᠯᠬᠤᠷ ᠂ ᠨᠢᠳᠤᠨᠤᠨ ᠤ ᠬᠢ ᠠᠴᠠ 24 ᠡᠳᠦᠷ | ᠤᠷᠢᠳᠴᠢᠯᠠᠪᠠ︔ ᠡᠷᠳᠡᠨᠢ ᠰᠢᠰᠢ ᠬᠤᠳᠠᠯᠳᠤᠨ ᠠᠪᠬᠤ ᠬᠤᠭᠤᠴᠠᠭ᠎ᠠ 2016 ᠣᠨ ᠤ 4 ᠳ᠋ᠦ᠋ᠭᠡᠷ ᠰᠠᠷ᠎ᠠ ᠶᠢᠨ | 30 ᠤ ᠡᠳᠦᠷ ᠲᠤ ᠳᠠᠭᠤᠰᠴᠤ᠂ ᠨᠢᠳᠤᠨᠤᠨ ᠤ ᠬᠢ ᠲᠠᠢ ᠠᠳᠠᠯᠢ ᠪᠣᠯᠣᠨ᠎ᠠ᠃ ᠭᠤᠷᠪᠠ ᠳᠤ ᠶᠠᠰᠤ ᠴᠢᠨᠠᠷ ᠤᠨ | ᠪᠠᠷᠢᠮᠵᠢᠶ᠎ᠠ ᠶᠢᠨ ᠱᠠᠭᠠᠷᠳᠠᠯᠭ᠎ᠠ ᠨᠡᠩ ᠴᠢᠩᠭ᠎ᠠ ᠪᠣᠯᠪᠠ᠃ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠶᠢᠨ | ᠱᠠᠭᠠᠷᠳᠠᠯᠭ᠎ᠠ ᠳᠤ ᠨᠡᠶᠢᠴᠡᠬᠦ ᠦᠭᠡᠢ ᠠᠮᠤ ᠪᠤᠳᠠᠭ᠎ᠠ ᠴᠥᠮ ᠤᠯᠤᠰ ᠤᠨ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ | ᠪᠤᠳᠠᠭᠠᠨ ᠤ ᠬᠥᠮᠥᠷᠭᠡ ᠶᠢᠨ ᠬᠠᠳᠠᠭᠠᠯᠠᠮᠵᠢ ᠳᠤ ᠣᠷᠣᠭᠤᠯᠵᠤ ᠪᠣᠯᠬᠤ ᠦᠭᠡᠢ᠃ ᠡᠷᠳᠡᠨᠢ ᠰᠢᠰᠢ ᠶᠢᠨ ᠥᠩᠭᠡ ᠨᠢ | ᠬᠤᠪᠢᠷᠠᠭᠰᠠᠨ ᠪᠠᠶᠢᠪᠠᠯ ᠮᠥᠬᠦᠯᠢᠭ ᠨᠢ ᠲᠡᠭᠦᠯᠳᠡᠷ ᠪᠣᠰᠤ ᠡᠷᠳᠡᠨᠢ ᠰᠢᠰᠢ ᠪᠠᠷ ᠪᠤᠳᠣᠨ᠎ᠠ᠃ ᠣᠨᠴᠠᠭᠠᠶᠢᠯᠠᠨ | ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ | ᠬᠦᠷᠴᠦ ᠴᠢᠳᠠᠭ᠎ᠠ ᠦᠭᠡᠢ ᠡᠷᠳᠡᠨᠢ ᠰᠢᠰᠢ ᠶᠢ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠠᠮᠤ | ᠪᠤᠳᠠᠭᠠᠨ ᠤ ᠠᠮᠤᠷ ᠲᠦᠪᠰᠢᠨ ᠢ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠪᠣᠯᠣᠨ ᠢᠳᠡᠭᠡᠨ ᠤ ᠠᠮᠤᠷ | ᠲᠥᠪᠰᠢᠨ ᠢ ᠣᠷᠣᠨ ᠨᠤᠲᠤᠭ ᠠᠴᠠ ᠬᠠᠷᠢᠭᠤᠴᠠᠬᠤ ᠲᠦᠷᠢᠮ ᠤᠨ ᠶᠣᠰᠣᠭᠠᠷ ᠵᠣᠬᠢᠶᠠᠨ ᠪᠠᠶᠢᠭᠤᠯᠤᠨ ᠬᠤᠳᠠᠯᠳᠤᠨ | ᠠᠪᠤᠨ᠎ᠠ᠂ ᠭᠡᠬᠦ ᠳᠡᠭᠡᠨ ᠮᠦᠬᠦᠯᠢᠭ ᠨᠢ ᠲᠡᠭᠦᠯᠳᠡᠷ ᠪᠤᠰᠣ ᠡᠷᠳᠡᠨᠢ ᠶᠢᠨ ᠰᠢᠰᠢ ᠶᠢᠨ ᠲᠤᠲᠤᠷᠠᠬᠢ ᠸᠠᠯᠠᠭᠰᠠᠨ | ᠮᠥᠬᠦᠯᠢᠭ ᠤᠨ ᠠᠭᠤᠯᠤᠭᠳᠠᠴᠠ ᠨᠢ 2% ᠢ ᠳᠠᠪᠠᠭᠰᠠᠨ ᠪᠠᠶᠢᠪᠠᠯ᠂ ᠲᠣᠭᠲᠠᠭᠠᠭᠰᠠᠨ ᠬᠡᠷᠡᠭᠯᠡᠯᠲᠡ ᠶᠢᠨ ᠶᠣᠰᠣᠭᠠᠷ | ᠬᠡᠷᠡᠭᠯᠡᠬᠦ ᠬᠡᠷᠡᠭᠲᠡᠶ᠃ ᠲᠦᠷᠪᠡ ᠳᠤ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠦᠮᠦᠷᠭᠡ ᠶᠢ ᠮᠦᠨ | ᠤᠯᠤᠰ ᠤᠨ ᠨᠠᠶᠢᠳᠠᠯᠭ᠎ᠠ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠳᠤᠮᠳᠠᠳᠤ | ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ ᠪᠦᠯᠦᠭᠯᠡᠯ ᠢ ᠨᠥᠬᠦᠪᠥᠷᠢ | ᠬᠦᠴᠦᠨ ᠪᠣᠯᠭᠠᠬᠤ ᠰᠠᠭᠤᠷᠢᠨ ᠳᠡᠭᠡᠷ᠎ᠡ᠂ ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ᠳᠤᠮᠳᠠᠳᠤ ᠤᠯᠤᠰ ᠤᠨ | ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠪᠡᠶ᠎ᠡ ᠪᠠᠨ ᠳᠠᠭᠠᠭᠠᠵᠤ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠠᠴᠠ ᠵᠢᠭᠡᠯᠡᠯᠭᠡ ᠲᠠᠯᠪᠢᠨ ᠬᠤᠳᠠᠯᠳᠤᠨ ᠠᠪᠤᠨ᠎ᠠ᠃ | ᠬᠤᠶᠠᠷ᠂ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯᠣᠨ ᠬᠤᠭᠤᠴᠠᠭᠠᠯᠠᠯ ᠤᠨ | ᠲᠣᠬᠠᠢ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠠᠮᠤ ᠪᠤᠳᠠᠭᠠᠨ ᠤ ᠲᠣᠪᠴᠢᠶ᠎ᠠ᠂ | ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ ︽ | 2015 ᠣᠨ ᠤ ᠵᠡᠭᠦᠨ ᠬᠤᠶᠢᠲᠤ ᠣᠷᠣᠨ ᠤ ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ | ᠬᠤᠳᠠᠯᠳᠤᠨ ᠠᠪᠬᠤ ᠬᠤᠯᠪᠣᠭᠳᠠᠯ ᠪᠦᠬᠦᠢ ᠠᠰᠠᠭᠤᠳᠠᠯ ᠤᠳ ᠤᠨ ᠲᠤᠬᠠᠶ ᠮᠡᠳᠡᠭᠳᠡᠯ︾ ︵ᠤᠯᠤᠰ ᠠᠮᠤ ᠪᠤᠳᠠᠭ᠎ᠠ | ᠰᠢᠯᠵᠢᠭᠦᠯᠬᠦ ︵2015︶ 169 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ | 2015 ᠣᠨ ᠤ ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠬᠤᠳᠠᠯᠳᠤᠨ ᠠᠪᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠬᠤᠭᠤᠴᠠᠭᠠᠯᠠᠯ ᠨᠢ 2015 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ | 2016 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠪᠣᠯᠣᠨ᠎ᠠ᠃ | ᠭᠤᠷᠪᠠ᠂ ᠬᠤᠳᠠᠯᠳᠤᠨ ᠠᠪᠬᠤ ᠦᠨ᠎ᠡ ᠬᠠᠩᠰᠢ ᠪᠣᠯᠣᠨ ᠶᠠᠰᠤ ᠴᠢᠨᠠᠷ ᠤᠨ ᠦᠨ᠎ᠡ ᠬᠠᠩᠰᠢ ᠶᠢᠨ | ᠲᠦᠷᠦ ᠶᠢᠨ ᠪᠤᠳᠤᠯᠭ᠎ᠠ ᠶᠢᠨ ᠲᠤᠬᠠᠶ | ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠶᠢᠨ ᠦᠨ᠎ᠡ ᠬᠠᠶ᠋ᠢᠭᠯᠠᠭᠰᠠᠨ ᠬᠤᠳᠠᠯᠳᠤᠨ | ᠠᠪᠬᠤ ᠦᠨ᠎ᠡ ︵ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠪᠣᠯᠣᠨ ᠭᠠᠵᠠᠷ ᠲᠠᠷᠢᠶᠠᠴᠢᠳ ᠠᠴᠠ ᠰᠢᠭᠤᠳ | ᠬᠤᠳᠠᠯᠳᠤᠨ ᠠᠪᠴᠤ ᠬᠦᠮᠦᠷᠭᠡᠯᠡᠬᠦ ᠦᠨ᠎ᠡ ᠶᠢ ᠬᠡᠯᠡᠨ᠎ᠡ︶ ᠪᠠᠷ ᠪᠠᠷᠢᠮᠵᠢᠶᠠᠯᠠᠪᠠᠯ ᠵᠢᠩ ᠪᠦᠷᠢ ᠳᠡᠭᠡᠨ 1.00 | ᠲᠥᠭᠦᠷᠢᠭ ᠪᠠᠶᠢᠵᠤ᠂ 2015 ᠣᠨ ᠳᠤ ᠦᠢᠯᠡᠳᠪᠦᠷᠢᠯᠡᠭᠰᠡᠨ ᠤᠯᠤᠰ ᠤᠨ ᠪᠠᠷᠢᠮᠵᠢᠶᠠᠲᠤ ᠭᠤᠷᠪᠠᠳᠤᠭᠠᠷ ᠳᠡᠰ ᠤᠨ | ᠪᠠᠷᠢᠮᠵᠢᠶᠠᠲᠤ ᠡᠷᠳᠡᠨᠢ ᠰᠢᠰᠢ ᠶᠢᠨ ᠪᠣᠳᠠᠲᠠᠶ ᠶᠠᠰᠤ ᠴᠢᠨᠠᠷ ᠤᠨ ᠪᠠᠷᠢᠮᠵᠢᠶ᠎ᠠ ᠨᠢ᠄ ᠪᠠᠭᠲᠠᠭᠠᠮᠵᠢ ᠶᠢᠨ ᠬᠦᠨᠳᠦᠴᠡ ᠨᠢ | 650 ᠭᠷᠠᠮ \ ᠯᠢᠲᠷ ~685 ᠭᠷᠠᠮ \ ᠯᠢᠲᠷ ︵650 ᠭᠷᠠᠮ \ ᠯᠢᠲᠷ ᠪᠠᠭᠲᠠᠵᠤ᠂ 685 ᠭᠷᠠᠮ\ ᠯᠢᠲᠷ ᠦᠯᠦ | ᠪᠠᠭᠲᠠᠨ᠎ᠠ︶ ᠂ ᠤᠰᠤᠴᠠ ᠨᠢ 14.0% ᠤ ᠲᠤᠲᠤᠷ᠎ᠠ᠂ ᠬᠤᠯᠢᠴᠠ ᠨᠢ1.0% ᠶᠢᠨ ᠳᠣᠲᠤᠷ᠎ᠠ᠂ ᠲᠡᠭᠦᠯᠳᠡᠷ | ᠪᠤᠰᠤ ᠮᠦᠬᠦᠯᠢᠭ ᠤᠨ ᠠᠭᠤᠯᠤᠭᠳᠠᠴᠠ ᠨᠢ 8.0% ᠶᠢᠨ ᠲᠤᠳᠤᠷ᠎ᠠ ᠪᠠᠶᠢᠬᠤ ᠬᠡᠷᠡᠭᠲᠡᠢ᠃ | ᠬᠤᠳᠠᠯᠳᠤᠨ ᠠᠪᠴᠤ ᠬᠦᠮᠦᠷᠭᠡᠯᠡᠬᠦ ᠡᠷᠳᠡᠨᠢ ᠰᠢᠰᠢ ᠨᠢ ᠡᠷᠬᠡᠪᠰᠢ 2015 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠵᠦ᠂ ᠤᠯᠤᠰ ᠤᠨ ᠪᠠᠷᠢᠮᠵᠢᠶ᠎ᠠ ᠳᠡᠰ ᠲᠤᠲᠤᠷᠠᠬᠢ ᠶᠠᠰᠤ ᠴᠢᠨᠠᠷ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠢᠵᠢᠯᠰᠠᠭ ᠲᠡᠰ ᠤᠨ ᠬᠤᠭᠤᠷᠣᠨᠳᠣᠬᠢ ᠳᠡᠰ ᠵᠡᠷᠭᠡ ᠶᠢᠨ | ᠦᠨ᠎ᠡ ᠶᠢᠨ ᠵᠥᠷᠢᠶ᠎ᠡ ᠨᠢ ᠵᠢᠩ ᠪᠦᠷᠢ ᠳᠡᠭᠡᠨ 0.02 ᠲᠥᠭᠦᠷᠢᠭ ᠪᠣᠯᠤᠨ᠎ᠠ᠃ ᠪᠠᠷᠢᠮᠵᠢᠶᠠᠲᠤ ᠪᠤᠰᠤ ᠡᠷᠳᠡᠨᠢ ᠰᠢᠰᠢ | ᠬᠤᠳᠠᠯᠳᠤᠨ ᠠᠪᠬᠤ ᠳᠠᠭᠠᠨ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠠᠮᠤ | ᠪᠤᠳᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ | ᠶᠡᠷᠦᠩᠬᠡᠶ ᠲᠣᠪᠴᠢᠶ᠎ᠠ ᠶᠢᠨ ︿ᠠᠮᠤ ᠲᠤᠰᠤᠨ ᠤ ᠶᠠᠰᠤ ᠴᠢᠨᠠᠷ ᠤᠨ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠲᠣᠭᠲᠠᠭᠠᠯ﹀ ᠤᠨ ᠲᠤᠬᠠᠶ ᠮᠡᠳᠡᠭᠳᠡᠯ︾ ︵ᠤᠯᠤᠰ ᠤᠨ ᠠᠮᠤ | ᠪᠤᠳᠠᠭ᠎ᠠ ᠲᠠᠷᠬᠠᠭᠠᠭᠰᠠᠨ ﹇2010﹈ 178 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠡᠭᠦᠨ ᠳᠤ᠄ ᠤᠰᠤᠴᠠ ᠨᠢ ᠪᠠᠷᠢᠮᠵᠢᠶᠠᠨ ᠳᠤ ᠲᠣᠭᠲᠠᠭᠠᠭᠰᠠᠨ ᠭᠦᠢᠴᠡᠳᠬᠡᠯ ᠲᠤᠭ᠎ᠠ 14% ᠪᠠᠷ ᠰᠠᠭᠤᠷᠢ ᠪᠣᠯᠭᠠᠵᠤ | ᠂ 0.5 ᠵᠠᠭᠤᠨ ᠤ ᠴᠡᠭ ᠪᠠᠭᠤᠷᠠᠬᠤ ᠪᠦᠷᠢ ᠬᠡᠮᠵᠢᠶ᠎ᠡ ᠶᠢ ᠨᠢ 0.75% ᠪᠠᠷ ᠨᠡᠮᠡᠭᠳᠡᠭᠦᠯᠦᠨ᠎ᠡ᠂ ᠭᠡᠪᠡᠴᠦ | ᠪᠠᠷᠢᠮᠵᠢᠶ᠎ᠠ ᠳᠤ ᠲᠣᠭᠲᠠᠭᠠᠭᠰᠠᠨ ᠭᠦᠢᠴᠡᠳᠬᠡᠯ ᠲᠤᠭ᠎ᠠ ᠶᠢᠨ 2.5 ᠵᠠᠭᠤᠨ ᠤ ᠴᠡᠭ ᠪᠣᠶᠣ ᠲᠡᠭᠦᠨ ᠠᠴᠠ ᠳᠣᠣᠷ᠎ᠠ | ᠪᠣᠯᠬᠤ ᠦᠶᠡᠰ᠂ ᠬᠡᠮᠵᠢᠶ᠎ᠡ ᠶᠢ ᠨᠢ ᠳᠠᠬᠢᠨ ᠨᠡᠮᠡᠭᠳᠡᠭᠦᠯᠬᠦ ᠦᠭᠡᠢ︔ 0.5 ᠵᠠᠭᠤᠨ ᠤ ᠴᠡᠭ ᠦᠨᠳᠦᠷ ᠪᠣᠯᠬᠤ ᠪᠦᠷᠢ | ᠬᠡᠮᠵᠢᠶ᠎ᠡ ᠶᠢ ᠨᠢ 0.65% ᠬᠠᠰᠤᠬᠤ ᠮᠥᠷᠲᠡᠭᠡᠨ 0.15% ᠶᠢᠨ ᠦᠨ᠎ᠡ ᠶᠢ ᠰᠠᠭᠤᠯᠭᠠᠨ ᠠᠪᠴᠤ ᠬᠠᠲᠠᠭᠠᠬᠤ | ᠵᠠᠷᠤᠳᠠᠯ ᠪᠣᠯᠭᠠᠨ᠎ᠠ᠂ ᠪᠠᠭᠤᠷᠠᠬᠤ ᠪᠤᠶᠤ ᠨᠡᠮᠡᠭᠳᠡᠬᠦ ᠨᠢ 0.5 ᠵᠠᠭᠤᠨ ᠤ ᠴᠡᠭ ᠬᠦᠷᠬᠦ ᠦᠭᠡᠢ ᠪᠣᠯ ᠨᠡᠮᠡᠵᠦ ᠬᠠᠰᠤᠬᠤ | ᠬᠡᠮᠵᠢᠶ᠎ᠡ ᠪᠣᠯᠤᠨ ᠨᠡᠮᠡᠵᠦ ᠬᠠᠰᠤᠬᠤ ᠦᠨ᠎ᠡ ᠶᠢ ᠪᠣᠳᠣᠬᠤ ᠦᠭᠡᠢ᠃ ᠬᠤᠯᠢᠴᠠ ᠶᠢᠨ ᠠᠭᠤᠯᠤᠭᠳᠠᠴᠠ ᠨᠢ | ᠪᠠᠷᠢᠮᠵᠢᠶᠠᠨ ᠳᠤ ᠲᠣᠭᠲᠠᠭᠠᠭᠰᠠᠨ ᠭᠦᠢᠴᠡᠳᠬᠡᠯ ᠲᠤᠭ᠎ᠠ ᠪᠣᠯᠬᠤ 1% ᠪᠠᠷ ᠰᠠᠭᠤᠷᠢ ᠪᠣᠯᠭᠠᠵᠤ᠂ 0.5 ᠵᠠᠭᠤᠨ ᠤ | ᠴᠡᠭ ᠪᠠᠭᠤᠷᠠᠬᠤ ᠪᠦᠷᠢ ᠬᠡᠮᠵᠢᠶ᠎ᠡ ᠶᠢ ᠨᠢ 0.75% ᠪᠠᠷ ᠨᠡᠮᠡᠵᠦ᠂ 0.5 ᠵᠠᠭᠤᠨ ᠤ ᠴᠡᠭ ᠨᠡᠮᠡᠭᠳᠡᠬᠦ ᠪᠦᠷᠢ | ᠬᠡᠮᠵᠢᠶ᠎ᠡ ᠶᠢ ᠨᠢ1.5% ᠪᠠᠷ ᠬᠠᠰᠤᠨ᠎ᠠ᠂ ᠪᠠᠭᠤᠷᠠᠬᠤ ᠪᠤᠶᠤ ᠨᠡᠮᠡᠭᠳᠡᠬᠦ ᠨᠢ 0.5 ᠵᠠᠭᠤᠨ ᠤ ᠴᠡᠭ ᠬᠦᠷᠬᠦ ᠦᠭᠡᠢ | ᠪᠠᠶᠢᠪᠠᠯ ᠨᠡᠮᠡᠵᠦ ᠬᠠᠰᠤᠬᠤ ᠬᠡᠮᠵᠢᠶ᠎ᠡ ᠪᠣᠯᠤᠨ ᠨᠡᠮᠡᠵᠦ ᠬᠠᠰᠤᠬᠤ ᠦᠨ᠎ᠡ ᠪᠣᠳᠣᠬᠤ ᠦᠭᠡᠢ᠃ ᠥᠩᠭᠡ ᠨᠢ | ᠬᠤᠪᠢᠷᠠᠭᠰᠠᠨ ᠪᠠᠶᠢᠪᠠᠯ ᠮᠥᠬᠦᠯᠢᠭ ᠨᠢ ᠲᠡᠭᠦᠯᠳᠡᠷ ᠪᠣᠰᠣ ᠪᠠᠷ ᠪᠤᠳᠤᠨ᠎ᠠ︔ ᠲᠡᠭᠦᠯᠳᠡᠷ ᠪᠣᠰᠤ ᠮᠥᠬᠦᠯᠢᠭ ᠤᠨ | ᠳᠣᠲᠣᠷ᠎ᠠ ᠸᠠᠯᠠᠭᠰᠠᠨ ᠠᠭᠤᠯᠤᠭᠳᠠᠴᠠ ᠨᠢ 2% ᠠᠴᠠ ᠬᠡᠲᠦᠷᠡᠭᠰᠡᠨ ᠪᠠᠶᠢᠪᠠᠯ ᠲᠦᠷ ᠴᠠᠭ ᠬᠠᠳᠠᠭᠠᠯᠠᠬᠤ ᠪᠠᠷ | ᠬᠤᠳᠠᠯᠳᠤᠨ ᠠᠪᠴᠤ ᠪᠣᠯᠬᠤ ᠦᠭᠡᠢ᠃ | ᠲᠦᠷᠪᠡ᠂ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠡᠭ ᠢ ᠲᠣᠭᠲᠠᠭᠠᠬᠤ ᠲᠤᠬᠠᠶ | ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ | ᠲᠤᠳᠤᠷᠠᠬᠢ ᠤᠯᠤᠰ ᠤᠨ ᠳᠦᠷ ᠴᠠᠭ ᠤᠨ ᠬᠠᠳᠠᠭᠠᠯᠠᠮᠵᠢ ᠶᠢᠨ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ | ᠬᠥᠮᠥᠷᠭᠡ ᠶᠢ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ | ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠪᠣᠯᠣᠨ ᠲᠠᠷᠢᠶᠠᠯᠠᠩ ᠤᠨ | ᠬᠦᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ︽ᠲᠠᠷᠢᠶᠠᠴᠢᠳ ᠤᠨ ᠠᠰᠢᠭ | ᠲᠤᠰᠠ ᠶᠢ ᠬᠠᠮᠠᠭᠠᠯᠠᠬᠤ ᠳᠤ ᠠᠰᠢᠭᠲᠠᠶ᠂ ᠠᠮᠤ ᠪᠤᠳᠠᠭ᠎ᠠ ᠶᠢ ᠠᠮᠤᠷ ᠲᠦᠪᠰᠢᠨ ᠬᠠᠳᠠᠭᠠᠯᠠᠬᠤ ᠳᠤ ᠠᠰᠢᠭᠲᠠᠶ᠂ | ᠬᠢᠨᠠᠨ ᠬᠠᠮᠢᠶᠠᠷᠬᠤ ᠳᠤ ᠠᠰᠢᠭᠲᠠᠶ᠂ ᠪᠣᠷᠣᠯᠠᠭᠤᠯᠬᠤ ᠳᠤ ᠠᠰᠢᠭᠲᠠᠢ︾ ᠵᠠᠷᠴᠢᠮ ᠤᠨ ᠶᠣᠰᠣᠭᠠᠷ᠂ ᠨᠠᠶᠢᠳᠠᠬᠤ ᠪᠠ | ᠲᠦᠷᠢᠶᠡᠰᠦᠯᠡᠬᠦ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠬᠠᠮᠲᠤ ᠪᠠᠷ ᠬᠢᠨᠠᠨ ᠬᠠᠷᠭᠤᠭᠤᠯᠵᠤ ᠨᠣᠲᠠᠯᠠᠨ | ᠲᠣᠭᠲᠠᠭᠠᠨ᠎ᠠ᠃ | ︵ᠨᠢᠭᠡ︶ ᠨᠠᠶᠢᠳᠠᠭᠰᠠᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠤᠨ ᠬᠢᠷᠢ ᠬᠡᠮ ᠤᠨ | ᠦᠨᠡᠮᠰᠢᠯᠲᠡ | ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠤᠳᠠᠯᠳᠤᠨ ᠠᠪᠴᠤ ᠨᠥᠭᠡᠴᠡᠯᠡᠬᠦ᠂ ᠬᠤᠷᠢᠶᠠᠨ ᠠᠪᠴᠤ | ᠨᠥᠭᠡᠴᠡᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠭᠡᠳ ᠣᠷᠣᠯᠴᠠᠵᠤ ᠪᠠᠶᠢᠭᠰᠠᠨ ᠤᠯᠤᠰ ᠤᠨ | ᠦᠮᠴᠢᠯᠡᠯᠲᠦ ᠠᠮᠤ ᠪᠤᠳᠠᠭᠠᠨ ᠤ ᠠᠵᠤ ᠠᠬᠤᠶᠢᠯᠠᠯ ᠢ ᠡᠩ ᠲᠡᠷᠢᠭᠦᠨ ᠳᠤ ᠨᠠᠶᠢᠳᠠᠵᠤ ᠬᠤᠳᠠᠯᠳᠤᠨ ᠠᠪᠤᠭᠤᠯᠤᠨ᠎ᠠ᠃ | ᠬᠡᠰᠡᠭ ᠭᠠᠷᠤᠯᠲᠠ ᠶᠢᠨ ᠣᠷᠣᠨ ᠤ ᠬᠤᠳᠠᠯᠳᠤᠨ ᠠᠪᠬᠤ ᠰᠠᠩ ᠬᠥᠮᠥᠷᠭᠡ ᠬᠦᠷᠦᠯᠴᠡᠬᠦ ᠦᠭᠡᠢ ᠪᠠᠶᠢᠬᠤ ᠶᠢ | ᠪᠣᠳᠣᠯᠬᠢᠯᠠᠵᠤ᠂ ᠲᠠᠷᠢᠶᠠᠴᠢᠳ ᠤᠨ ᠠᠮᠤ ᠪᠤᠳᠠᠭ᠎ᠠ ᠪᠠᠨ ᠬᠤᠳᠠᠯᠳᠤᠬᠤ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ | ᠣᠷᠣᠨ ᠨᠤᠲᠤᠭ ᠤᠨ ᠵᠠᠰᠠᠭ ᠤᠨ ᠣᠷᠳᠣᠨ ᠤ ᠰᠠᠨᠠᠯ ᠢ ᠦᠨᠳᠦᠰᠦᠯᠡᠵᠦ᠂ ᠬᠢᠷᠢ ᠴᠢᠳᠠᠮᠵᠢ ᠶᠢᠨ ᠨᠥᠬᠦᠴᠡᠯ ᠪᠣᠯᠤᠨ | ᠰᠠᠭᠤᠷᠢ ᠬᠠᠮᠢᠶᠠᠷᠤᠯᠲᠠ ᠪᠠᠷ ᠨᠡᠯᠢᠶᠡᠳ ᠰᠠᠶᠢᠨ ᠮᠥᠷᠲᠡᠭᠡᠨ ᠲᠦᠷ ᠴᠠᠭ ᠤᠨ ᠬᠠᠳᠠᠭᠠᠯᠠᠮᠵᠢ ᠶᠢ ᠬᠤᠳᠠᠯᠳᠤᠨ | ᠠᠪᠬᠤ ᠳᠤ ᠣᠷᠣᠯᠴᠠᠵᠤ ᠪᠠᠶᠢᠭᠰᠠᠨ ᠤᠯᠤᠰ ᠤᠨ ᠦᠮᠴᠢᠯᠡᠯᠲᠦ ᠪᠤᠰᠤ ᠬᠡᠰᠡᠭ ᠠᠵᠤ ᠠᠬᠤᠶᠢᠯᠠᠯ ᠢ ᠰᠤᠩᠭᠤᠨ | ᠬᠤᠳᠠᠯᠳᠤᠨ ᠠᠪᠴᠤ ᠨᠥᠭᠡᠴᠡᠯᠡᠬᠦ ᠨᠠᠶᠢᠳᠠᠯᠭ᠎ᠠ ᠶᠢᠨ ᠬᠥᠮᠥᠷᠭᠡ ᠪᠣᠯᠭᠠᠵᠤ ᠪᠣᠯᠣᠨ᠎ᠠ᠃ | ᠬᠤᠳᠠᠯᠳᠤᠨ ᠠᠪᠴᠤ ᠨᠥᠭᠡᠴᠡᠯᠡᠬᠦ ᠨᠠᠶᠢᠳᠠᠯᠭ᠎ᠠ ᠶᠢᠨ ᠬᠥᠮᠥᠷᠭᠡ ᠨᠢ ᠳᠣᠣᠷᠠᠬᠢ ᠦᠨᠳᠦᠰᠦᠨ ᠨᠥᠬᠦᠴᠡᠯ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ︵1︶ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠲᠤ | ᠳᠠᠩᠰᠠᠯᠠᠭᠤᠯᠤᠨ ᠪᠦᠷᠢᠳᠬᠡᠭᠦᠯᠦᠭᠰᠡᠨ᠂ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠲᠠᠢ ᠪᠠᠶᠢᠬᠤ ᠬᠡᠷᠡᠭᠲᠡᠢ᠃ ︵ | 2︶ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠳᠤ ᠲᠡᠩᠰᠠ ᠡᠷᠦᠬᠡ ᠪᠠᠶᠢᠭᠤᠯᠤᠭᠰᠠᠨ ᠪᠠᠶᠢᠬᠤ ᠬᠡᠷᠡᠭᠲᠡᠶ᠃ ︵ | 3︶ ᠵᠣᠬᠢᠬᠤ ᠬᠡᠮᠵᠢᠶᠡᠨ ᠤ ᠪᠠᠭᠲᠠᠭᠠᠮᠵᠢ ᠲᠠᠢ ᠬᠤᠪᠢ ᠶᠢᠨ ᠬᠥᠮᠥᠷᠭᠡ ᠪᠣᠯᠣᠨ ᠬᠠᠳᠡᠭᠠᠬᠤ ᠲᠥᠬᠦᠭᠡᠷᠦᠮᠵᠢ ᠲᠠᠢ | ᠪᠠᠶᠢᠵᠤ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠨᠥᠬᠦᠴᠡᠯ ᠨᠢ ︽ᠠᠮᠤ ᠪᠤᠳᠠᠭ᠎ᠠ ᠲᠤᠰᠣ ᠬᠥᠮᠥᠷᠭᠡᠯᠡᠨ | ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ︵ᠤᠯᠤᠰ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠷᠯᠢᠭ | 2009 ᠣᠨ ᠤ 5 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠳᠤ ᠨᠡᠶᠢᠴᠡᠵᠦ᠂ ᠴᠢᠬᠤᠯᠠ ᠪᠦᠬᠦᠢ ᠢᠯᠭᠠᠷᠠᠭᠤᠯᠬᠤ | ᠲᠥᠬᠦᠭᠡᠷᠦᠮᠵᠢ᠂ ᠮᠧᠬᠠᠨᠢᠭ ᠢᠶᠠᠷ ᠰᠠᠯᠬᠢ ᠨᠡᠪᠲᠡᠷᠡᠭᠦᠯᠬᠦ ᠲᠥᠬᠦᠭᠡᠷᠦᠮᠵᠢ᠂ ᠠᠮᠤ ᠪᠤᠳᠠᠭᠠᠨ ᠤ ᠪᠠᠶᠢᠳᠠᠯ ᠢ ᠰᠢᠯᠭᠠᠨ | ᠬᠡᠮᠵᠢᠬᠦ ᠲᠥᠬᠦᠭᠡᠷᠦᠮᠵᠢ᠂ ᠪᠠᠶᠢᠴᠠᠭᠠᠵᠤ ᠰᠢᠯᠭᠠᠬᠤ ᠬᠡᠮᠵᠢᠭᠦᠷᠯᠢᠭ ᠤᠨ ᠲᠥᠬᠦᠭᠡᠷᠦᠮᠵᠢ᠂ ᠬᠡᠮᠵᠢᠯᠲᠡ ᠶᠢᠨ ᠵᠢᠩᠯᠡᠭᠦᠷ | ᠪᠣᠯᠣᠨ ᠠᠵᠢᠯᠲᠠᠨ ᠪᠠᠶᠢᠬᠤ ᠬᠡᠷᠡᠭᠲᠡᠢ᠃ ︵4︶ ᠠᠮᠤ ᠪᠤᠳᠠᠭ᠎ᠠ ᠲᠤᠰᠤ ᠬᠠᠳᠠᠭᠠᠯᠠᠬᠤ ᠨᠢᠭᠡᠴᠡ ᠶᠢ ᠳᠠᠩᠰᠠᠯᠠᠭᠤᠯᠬᠤ | ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠲᠦᠷᠢᠮ ᠲᠣᠭᠲᠠᠭᠠᠯ ᠨᠢ ᠲᠡᠭᠦᠯᠳᠡᠷ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠢᠶ᠎ᠠ | ᠪᠦᠬᠦᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠠᠶᠢᠬᠤ ᠬᠡᠷᠡᠭᠲᠡᠶ᠃ ︵5︶ ᠭᠤᠷᠪᠠᠨ ᠵᠢᠯ ᠤᠨ ᠳᠣᠲᠣᠷ᠎ᠠ | ᠬᠤᠷᠢᠶᠠᠨ ᠠᠪᠴᠤ ᠨᠥᠭᠡᠴᠡᠯᠡᠬᠦ ᠪᠠ ᠪᠣᠷᠣᠯᠠᠭᠤᠯᠤᠨ ᠬᠥᠮᠥᠷᠭᠡ ᠠᠴᠠ ᠭᠠᠷᠭᠠᠬᠤ ᠵᠡᠷᠭᠡ ᠲᠠᠯ᠎ᠠ ᠪᠠᠷ | ᠲᠣᠭᠲᠠᠭᠠᠯ ᠠᠴᠠ ᠵᠥᠷᠢᠴᠡᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠦᠭᠡᠢ ᠪᠠᠶᠢᠬᠤ ᠬᠡᠷᠡᠭᠲᠡᠢ᠃ ︵ | 6︶ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠲᠤᠭ᠎ᠠ ᠪᠦᠷᠢᠳᠬᠡᠯ ᠤᠨ ᠲᠦᠷᠢᠮ︾ ᠢ ᠴᠢᠩᠭ᠎ᠠ | ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠣᠨᠣᠪᠴᠢᠲᠠᠢ᠂ ᠴᠠᠭ ᠲᠣᠬᠠᠢ | ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ︵7︶ ᠵᠠᠳᠠᠭᠠᠶ ᠭᠠᠵᠠᠷ ᠲᠤ ᠫᠠᠩᠰᠠᠯᠠᠭᠰᠠᠨ ᠬᠦᠮᠦᠷᠭᠡ ᠶᠢᠨ ᠭᠠᠯ | ᠰᠡᠷᠭᠡᠶᠢᠯᠡᠬᠦ ᠦᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠵᠦ᠂ ᠬᠦᠨᠳᠦ ᠶᠡᠭᠡ ᠭᠠᠯ ᠤᠨ ᠳᠠᠯᠳᠠ ᠠᠶᠤᠯ ᠦᠭᠡᠢ | ᠪᠠᠶᠢᠬᠤ ᠬᠡᠷᠡᠭᠲᠡᠢ᠃ ᠡᠯ᠎ᠡ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠶᠢᠨ ᠬᠢᠨ ᠬᠤᠳᠠᠯᠳᠤᠨ ᠠᠪᠬᠤ ᠳᠤ ᠪᠠᠨ | ᠬᠢᠵᠦ ᠥᠭᠭᠦᠭᠰᠡᠨ ᠳ᠋ᠦᠩᠨᠡᠨ ᠪᠣᠳᠣᠬᠤ ᠬᠠᠭᠤᠳᠠᠰᠤᠲᠤ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ | ᠬᠠᠭᠤᠲᠠᠰᠤᠳᠤ᠂ ᠬᠡᠮᠵᠢᠯᠲᠡ ᠶᠢᠨ ᠬᠠᠭᠤᠲᠠᠰᠤᠳᠤ ︵ᠬᠠᠮᠢᠶ᠎ᠠ ᠪᠦᠬᠦᠢ ᠡᠯᠧᠺᠲᠷᠣᠨ ᠲᠤᠭ᠎ᠠ ᠪᠠᠷᠢᠮᠲᠠ ᠪᠠᠭᠲᠠᠨ᠎ᠠ︶ | ᠶᠢᠨ ᠦᠯᠡᠳᠡᠭᠡᠰᠦ ᠪᠠᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ ᠡᠭᠦᠨ ᠤ ᠬᠠᠮᠲᠤ ᠪᠠᠰᠠ ᠳᠣᠣᠷᠠᠬᠢ | ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠶ᠄ | ᠨᠢᠭᠡ ᠳᠤ ᠰᠢᠨ᠎ᠡ ᠪᠠᠷ ᠨᠡᠮᠡᠭᠰᠡᠨ ᠨᠦᠬᠡᠴᠡᠯᠡᠬᠦ ᠬᠥᠮᠥᠷᠭᠡ ᠴᠢᠭ᠋ ᠨᠢ ᠭᠠᠯ ᠰᠡᠷᠭᠡᠶᠢᠯᠡᠨ ᠤᠨᠲᠠᠷᠠᠭᠠᠬᠤ | ᠰᠢᠯᠭᠠᠯᠲᠠ ᠶᠢ ᠳᠠᠮᠵᠢᠭᠰᠠᠨ ᠦᠭᠡᠶ ᠪᠣᠯ᠂ ᠡᠷᠬᠡᠪᠰᠢ ᠲᠤᠬᠠᠶ ᠶᠢᠨ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠲᠠᠯᠪᠢᠬᠤ᠂ ᠭᠠᠯ ᠤᠨᠲᠠᠷᠠᠭᠠᠬᠤ ᠰᠠᠯᠠᠭ᠎ᠠ ᠮᠥᠴᠢᠷ ᠢᠶᠠᠷ ᠰᠢᠯᠭᠠᠨ ᠠᠪᠬᠤ ᠪᠠᠷ ᠳᠠᠮᠵᠢᠨ ᠬᠢᠷᠢ | ᠲᠡᠩᠴᠡᠬᠦ ᠶᠢᠨ ᠬᠠᠮᠲᠤ ᠬᠢᠷᠢ ᠲᠡᠩᠴᠡᠭᠰᠡᠨ ᠦᠨᠡᠮᠯᠡᠯ ᠤᠯᠬᠤ ᠬᠡᠷᠡᠭᠲᠡᠶ᠃ | ᠬᠤᠶᠠᠷ ᠲᠤ ᠣᠷᠣᠨ ᠨᠤᠲᠤᠭ ᠤᠨ ᠤᠯᠤᠰ ᠤᠨ ᠦᠮᠴᠢᠯᠡᠯᠲᠦ ᠠᠮᠤ ᠪᠤᠳᠠᠭᠠᠨ ᠤ ᠨᠠᠶᠢᠳᠠᠨ ᠬᠤᠳᠠᠯᠳᠤᠨ | ᠠᠪᠴᠤ ᠨᠥᠭᠡᠴᠡᠯᠡᠬᠦ ᠬᠥᠮᠥᠷᠭᠡ ᠴᠢᠭ᠋ ᠨᠢ ᠲᠣᠨ ᠪᠦᠷᠢ 20 ᠲᠥᠭᠦᠷᠢᠭ ᠤᠨ ᠪᠠᠷᠢᠮᠵᠢᠶ᠎ᠠ ᠶᠣᠰᠣᠭᠠᠷ ᠳᠤᠮᠳᠠᠳᠤ | ᠤᠯᠤᠰ ᠤᠨ ᠠᠮᠤ ᠪᠤᠳᠠᠭ᠎ᠠ ᠨᠦᠭᠡᠴᠡᠯᠡᠨ ᠬᠠᠳᠠᠭᠠᠯᠠᠬᠤ ᠰᠢᠭᠤᠳ ᠬᠠᠷᠢᠶ᠎ᠠ ᠬᠥᠮᠥᠷᠭᠡ ᠳᠤ ᠭᠡᠷ᠎ᠡ ᠪᠡᠶᠡᠯᠡᠭᠦᠯᠬᠦ | ᠪᠠᠲᠤᠯᠠᠪᠤᠷᠢ ᠮᠥᠩᠭᠦ ᠪᠠᠨ ᠲᠤᠰᠢᠶᠠᠬᠤ ᠬᠡᠷᠡᠭᠲᠡᠶ ᠮᠥᠷᠲᠡᠭᠡᠨ ᠬᠤᠰᠢᠭᠤ ︵ᠰᠢᠶᠠᠨ︶ ᠶᠢᠨ ᠲᠤᠲᠤᠷᠠᠬᠢ ᠨᠠᠶᠢᠳᠠᠨ | ᠬᠤᠳᠠᠯᠳᠤᠨ ᠠᠪᠴᠤ ᠨᠦᠬᠡᠴᠡᠯᠡᠨ ᠬᠠᠳᠠᠭᠠᠯᠠᠬᠤ ᠠᠵᠤ ᠠᠬᠤᠶᠢᠯᠠᠯ ᠤᠳ ᠬᠤᠯᠪᠤᠭᠠᠯᠠᠨ ᠪᠠᠲᠤᠯᠠᠬᠤ ᠶᠢ | ᠬᠡᠷᠡᠭᠵᠢᠭᠦᠯᠦᠨ᠎ᠡ᠃ ᠪᠦᠯᠦᠭᠯᠡᠯ ᠠᠴᠠ ᠬᠠᠮᠢᠶᠠᠷᠤᠨ ᠡᠵᠡᠮᠳᠡᠵᠦ ᠪᠠᠶᠢᠭ᠎ᠠ ᠨᠠᠶᠢᠳᠠᠯᠭ᠎ᠠ ᠶᠢᠨ ᠬᠤᠳᠠᠯᠳᠤᠨ ᠠᠪᠴᠤ | ᠨᠥᠭᠡᠴᠡᠯᠡᠬᠦ ᠬᠥᠮᠥᠷᠭᠡ ᠴᠢᠭ᠋ ᠨᠢ ᠭᠡᠷ᠎ᠡ ᠪᠡᠶᠡᠯᠡᠭᠦᠯᠬᠦ ᠪᠠᠲᠤᠯᠠᠪᠤᠷᠢ ᠮᠥᠩᠭᠦ ᠲᠤᠰᠢᠶᠠᠬᠤ ᠠᠴᠠ ᠭᠠᠳᠠᠨ᠎ᠠ ᠂ ᠪᠠᠰᠠ | ᠪᠦᠯᠦᠭᠯᠡᠯ ᠤᠨ ᠶᠡᠷᠦᠩᠬᠡᠶ ᠭᠠᠵᠠᠷ ᠠᠴᠠ ᠬᠤᠯᠪᠤᠭᠠᠯᠠᠨ ᠪᠠᠲᠤᠯᠠᠬᠤ ᠠᠮᠠᠯᠠᠯᠲᠠ ᠶᠢᠨ ᠪᠢᠴᠢᠭ ᠬᠢᠵᠦ ᠥᠭᠬᠦ | ᠬᠡᠷᠡᠭᠲᠡᠢ᠃ | ᠭᠤᠷᠪᠠ ᠳᠤ ᠤᠯᠤᠰ ᠤᠨ ᠦᠮᠴᠢᠯᠡᠯᠳᠤ ᠪᠣᠰᠤ ᠠᠵᠤ ᠠᠬᠤᠶᠢᠯᠠᠯ ᠢ ᠡᠷᠬᠡᠪᠰᠢ ᠣᠷᠣᠨ ᠨᠤᠲᠤᠭ ᠤᠨ | ᠵᠠᠰᠠᠭ ᠤᠨ ᠣᠷᠳᠣᠨ ᠠᠴᠠ ᠲᠠᠨᠢᠯᠴᠠᠭᠤᠯᠵᠤ᠂ ᠥᠪᠡᠷ ᠢᠶᠠᠨ ᠬᠠᠩᠭᠠᠭᠰᠠᠨ ᠭᠤᠷᠪᠠᠳᠤᠬᠢ ᠲᠠᠯ᠎ᠠ ᠶᠢᠨ ᠬᠠᠩᠭᠠᠬᠤ | ᠬᠦᠴᠦᠨ ᠲᠠᠢ ᠳᠠᠭᠠᠭᠠᠯᠲᠠ ᠨᠢ ᠲᠤᠰ ᠠᠵᠤ ᠠᠬᠤᠶᠢᠯᠠᠯ ᠤᠨ ᠬᠤᠳᠠᠯᠳᠤᠨ ᠠᠪᠬᠤ ᠭᠡᠵᠦ ᠪᠠᠶᠢᠭ᠎ᠠ ᠦᠷᠲᠡᠭ ᠤᠨ | ᠬᠡᠮᠵᠢᠶ᠎ᠡ ᠠᠴᠠ ᠳᠣᠣᠷ᠎ᠠ ᠪᠠᠶᠢᠵᠤ ᠪᠣᠯᠬᠤ ᠦᠭᠡᠢ᠃ ᠭᠤᠷᠪᠠᠳᠤᠬᠢ ᠲᠠᠯ᠎ᠠ ᠶᠢᠨ ᠳᠠᠭᠠᠭᠠᠯᠲᠠ ᠳᠤ ᠡᠷᠬᠡᠪᠰᠢ ᠪᠠᠰᠠ | ᠪᠡᠯᠡ ᠬᠦᠷᠦᠩᠭᠡ ᠪᠠᠷ ᠪᠠᠷᠢᠴᠠᠭᠠᠯᠠᠬᠤ᠂ ᠳᠠᠨᠵᠢᠯᠠᠬᠤ ᠳᠠᠭᠠᠭᠠᠯᠲᠠ ᠶᠢᠨ ᠠᠷᠭ᠎ᠠ ᠬᠡᠯᠪᠡᠷᠢ ᠶᠢ ᠬᠡᠷᠡᠭᠯᠡᠵᠦ᠂ ᠪᠠᠲᠤᠯᠠᠬᠤ | ᠪᠠᠷ ᠳᠠᠭᠠᠭᠠᠯᠲᠠ ᠬᠢᠬᠦ ᠠᠷᠭ᠎ᠠ ᠮᠠᠶ᠋ᠢᠭ ᠢ ᠡᠷᠡᠰ ᠴᠠᠭᠠᠵᠠᠯᠠᠵᠤ᠂ ᠬᠤᠯᠪᠣᠭᠳᠠᠬᠤ ᠠᠵᠤ ᠠᠬᠤᠶᠢᠯᠠᠯ ︵ᠬᠤᠪᠢ | ᠬᠥᠮᠦᠨ︶ ᠤᠳ ᠬᠠᠷᠢᠯᠴᠠᠨ ᠳᠠᠭᠠᠭᠠᠯᠲᠠ ᠬᠢᠬᠦ ᠶᠢ ᠡᠷᠡᠰ ᠴᠠᠭᠠᠵᠠᠯᠠᠬᠤ ᠬᠡᠷᠡᠭᠲᠡᠶ᠃ ᠲᠡᠩᠴᠡᠭᠦᠦ ᠥᠷᠲᠡᠭ ᠢᠶᠠᠷ | ᠳᠠᠨᠵᠢᠯᠠᠬᠤ ᠪᠠᠷᠢᠴᠠᠭᠠᠯᠠᠬᠤ ᠨᠥᠬᠦᠴᠡᠯ ᠳᠤ ᠬᠦᠷᠦᠭᠰᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ | ᠨᠠᠶᠢᠳᠠᠯᠭ᠎ᠠ ᠶᠢᠨ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠪᠣᠯᠭᠠᠨ ᠡᠩ ᠲᠡᠷᠢᠭᠦᠨ ᠳᠤ ᠲᠣᠭᠲᠠᠭᠠᠨ᠎ᠠ᠃ | ᠲᠡᠩᠴᠡᠭᠦᠦ ᠥᠷᠲᠡᠭ ᠢᠶᠠᠷ ᠳᠠᠨᠵᠢᠯᠠᠬᠤ ᠪᠠᠷᠢᠴᠠᠭᠠᠯᠠᠬᠤ ᠨᠥᠬᠦᠴᠡᠯ ᠳᠤ ᠬᠦᠷᠦᠭᠡᠳᠦᠢ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠨᠢ ᠬᠡᠷᠪᠡ ᠪᠠᠩᠬᠢ ᠶᠢᠨ A ᠲᠡᠰ ᠠᠴᠠ ᠳᠡᠭᠡᠭᠰᠢᠬᠢ ᠬᠦᠷᠦᠩᠭᠡ ᠢᠲᠡᠭᠡᠮᠵᠢ ᠶᠢᠨ ᠵᠡᠷᠭᠡ ᠳᠡᠰ ᠪᠤᠶᠤ | ᠲᠦᠷ ᠴᠠᠭ ᠤᠨ ᠬᠠᠳᠠᠭᠠᠯᠠᠮᠵᠢ ᠶᠢᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠬᠤᠳᠠᠯᠳᠤᠨ ᠠᠪᠬᠤ ᠳᠤ ᠵᠠᠯᠭᠠᠪᠡᠷ | ᠬᠤᠶᠠᠷ ᠵᠢᠯ ᠣᠷᠣᠯᠴᠠᠭᠰᠠᠨ ᠪᠥᠭᠡᠳ ᠬᠠᠤᠯᠢ ᠰᠠᠬᠢᠯᠭ᠎ᠠ ᠠᠴᠠ ᠵᠥᠷᠢᠴᠡᠭᠰᠡᠨ ᠠᠵᠢᠯᠯᠠᠭ᠎ᠠ ᠦᠭᠡᠢ᠂ ᠲᠡᠷᠡᠴᠢᠯᠡᠨ | ᠠᠷᠠᠳ ᠤᠨ ᠪᠠᠩᠬᠢ ᠠᠴᠠ ᠬᠡᠪ ᠪᠤᠰᠤ ᠶᠢᠨ ᠲᠡᠮᠳᠡᠭᠯᠡᠯ ᠦᠭᠡᠢ ᠭᠦᠷᠤᠩᠭᠡ ᠢᠲᠡᠭᠡᠮᠵᠢ ᠶᠢᠨ ᠭᠡᠷᠡᠴᠢ ᠬᠢᠵᠦ | ᠥᠭᠭᠦᠭᠰᠡᠨ ᠪᠠᠶᠢᠪᠠᠯ᠂ ᠲᠣᠨ ᠪᠦᠷᠢ 20 ᠲᠥᠭᠦᠷᠢᠭ ᠤᠨ ᠪᠠᠷᠢᠮᠵᠢᠶ᠎ᠠ ᠪᠠᠷ ᠬᠤᠳᠠᠯᠳᠤᠨ ᠠᠪᠬᠤ ᠠᠬᠢᠴᠠ ᠶᠢ | ᠦᠨᠳᠦᠰᠦᠯᠡᠨ ᠳᠤᠮᠳᠠᠳᠤ ᠤᠯᠤᠰ ᠤᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠳᠤ ᠬᠤᠭᠤᠴᠠᠭ᠎ᠠ | ᠬᠤᠪᠢᠶᠠᠨ ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ ᠮᠥᠩᠭᠦ ᠲᠤᠰᠢᠶᠠᠨ᠎ᠠ︔ ᠬᠡᠷᠪᠡ ᠠᠷᠠᠳ ᠤᠨ ᠪᠠᠩᠬᠢ ᠠᠴᠠ ᠬᠡᠪ | ᠪᠤᠰᠤ ᠶᠢᠨ ᠲᠡᠮᠳᠡᠭᠯᠡᠯ ᠦᠭᠡᠢ ᠭᠦᠷᠤᠩᠭᠡ ᠢᠲᠡᠭᠡᠮᠵᠢ ᠶᠢᠨ ᠭᠡᠷᠡᠴᠢ ᠬᠢᠵᠦ ᠥᠭᠭᠦᠭᠰᠡᠨ ᠪᠣᠯᠪᠠᠴᠤ ᠳᠡᠭᠡᠷᠡᠬᠢ | ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠲᠣᠨ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠬᠤᠳᠠᠯᠳᠤᠨ | ᠠᠪᠬᠤ ᠠᠬᠢᠴᠠ ᠶᠢ ᠦᠨᠳᠦᠰᠦᠯᠡᠨ ᠳᠤᠮᠳᠠᠳᠤ ᠤᠯᠤᠰ ᠤᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠳᠤ | ᠬᠤᠭᠤᠴᠠᠭ᠎ᠠ ᠬᠤᠪᠢᠶᠠᠨ ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ ᠮᠥᠩᠭᠦ ᠲᠤᠰᠢᠶᠠᠨ᠎ᠠ᠃ ᠡᠭᠦᠨ ᠤ ᠬᠠᠮᠲᠤ ᠬᠤᠰᠢᠭᠤ | ᠰᠢᠶᠠᠨ ᠬᠤᠯᠪᠤᠭᠠᠯᠠᠨ ᠳᠠᠭᠠᠭᠠᠯᠲᠠ ᠬᠢᠬᠦ ᠶᠢ ᠬᠡᠷᠡᠭᠵᠢᠭᠦᠯᠵᠦ᠂ ᠬᠤᠯᠪᠣᠭᠠᠯᠠᠨ ᠳᠠᠭᠠᠭᠠᠯᠲᠠ ᠬᠢᠬᠦ ᠵᠥᠪᠯᠡᠯᠴᠡᠭᠡᠷ | ᠲᠣᠭᠲᠠᠨ᠎ᠠ᠃ ᠬᠤᠳᠠᠯᠳᠤᠨ ᠠᠪᠬᠤ ᠬᠤᠭᠤᠴᠠᠭᠠᠨ ᠳᠤ ᠢᠲᠡᠭᠡᠯ ᠬᠦᠨᠳᠦ ᠶᠢᠨ ᠵᠡᠷᠭᠡ ᠳᠡᠰ ᠢᠶᠠᠷ ᠲᠤᠨ ᠪᠦᠷᠢ 20 | ᠲᠦᠬᠦᠷᠢᠭ ᠪᠤᠶᠤ ᠲᠤᠨ ᠪᠦᠷᠢ 50 ᠲᠦᠬᠦᠷᠢᠭ ᠤᠨ ᠬᠤᠳᠠᠯᠳᠤᠨ ᠠᠪᠬᠤ ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ | ᠮᠥᠩᠭᠦ ᠲᠣᠰᠢᠶᠠᠵᠤ᠂ ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠰᠢᠭᠤᠳ ᠬᠤᠪᠢᠷᠠᠭᠤᠯᠤᠨ ᠬᠠᠳᠠᠭᠠᠯᠠᠨ | ᠬᠠᠮᠢᠶᠠᠷᠬᠤ ᠬᠤᠭᠤᠴᠠᠭᠠᠨ ᠳᠠᠬᠢ ᠭᠡᠷ᠎ᠡ ᠪᠡᠶᠡᠯᠡᠭᠦᠯᠬᠦ ᠪᠠᠲᠤᠯᠠᠪᠤᠷᠢ ᠶᠢᠨ ᠮᠥᠩᠭᠦ ᠪᠣᠯᠭᠠᠨ᠎ᠠ ᠃ | ︵ᠬᠤᠶᠠᠷ︶ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠲᠦᠷᠢᠶᠡᠰᠦᠯᠡᠬᠦᠯᠬᠦ ᠬᠢᠷᠢ ᠬᠡᠮ ᠤᠨ | ᠦᠨᠡᠮᠰᠢᠯᠲᠡ | ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠤᠷᠢᠲᠠᠯ ᠤᠨ | ᠳᠣᠣᠷ᠎ᠠ᠂ ᠴᠢᠬᠤᠯᠠᠲᠠᠢ ᠦᠶ᠎ᠡ ᠳᠤ᠂ ᠨᠥᠬᠦᠴᠡᠯ ᠳᠤ ᠨᠡᠶᠢᠴᠡᠭᠰᠡᠨ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ | ᠪᠤᠳᠠᠭ᠎ᠠ ᠶᠢᠨ ᠬᠥᠮᠥᠷᠭᠡ ᠶᠢᠨ ᠰᠢᠭᠤᠳ ᠬᠠᠷᠢᠶ᠎ᠠ ᠬᠥᠮᠥᠷᠭᠡ ᠵᠢᠴᠢ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ | ᠪᠤᠳᠠᠭ᠎ᠠ ᠶᠢᠨ ᠶᠡᠷᠦᠩᠬᠡᠶ ᠺᠣᠮᠫᠠᠨᠢ ᠶᠢᠨ ᠨᠠᠶᠢᠳᠠᠯᠭ᠎ᠠ ᠢ ᠬᠦᠯᠢᠶᠡᠨ ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ | ᠡᠭᠦᠷᠭᠡᠯᠡᠭᠰᠡᠨ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ | ᠪᠦᠯᠦᠭᠯᠡᠯ᠂ ᠳᠤᠮᠳᠠᠳᠤ ᠤᠯᠤᠰ ᠤᠨ ᠠᠭᠠᠷ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠰᠢᠭᠤᠳ | ᠬᠠᠷᠢᠶ᠎ᠠ ᠠᠵᠤ ᠠᠬᠤᠶᠢᠯᠠᠯ ᠤᠳ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠬᠥᠮᠥᠷᠭᠡ ᠨᠤᠭᠤᠳ ᠢ ᠤᠯᠤᠰ ᠤᠨ | ᠲᠥᠷ ᠴᠠᠭ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠪᠣᠯᠭᠠᠨ ᠲᠦᠷᠢᠶᠡᠰᠦᠯᠡᠵᠦ | ᠪᠣᠯᠣᠨ᠎ᠠ᠃ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠲᠦᠷᠢᠶᠡᠰᠦᠯᠡᠬᠦ ᠳᠤ ︽ᠨᠡᠶᠢᠭᠡᠮ ᠤᠨ ᠠᠮᠤ | ᠪᠤᠳᠠᠭ᠎ᠠ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢᠨ ᠤᠯᠤᠰ ᠤᠨ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ | ᠪᠤᠳᠠᠭ᠎ᠠ ᠶᠢ ᠬᠤᠳᠠᠯᠳᠤᠨ ᠠᠪᠴᠤ ᠨᠥᠭᠡᠴᠡᠯᠡᠬᠦ ᠳᠤ ᠲᠦᠷᠢᠶᠡᠰᠦᠯᠡᠬᠦᠯᠬᠦ ᠲᠤᠬᠠᠶ ᠵᠢᠯᠣᠭᠤᠳᠬᠤ ᠰᠠᠨᠠᠯ︾ ︵ | ᠤᠯᠤᠰ ᠤᠨ ᠠᠮᠤ ᠪᠤᠳᠠᠭ᠎ᠠ ᠪᠠᠶᠢᠴᠠᠭᠠᠬᠤ ﹇2015﹈ 51 ᠳ᠋ᠤᠭᠡᠷ ᠲᠣᠭᠠᠲᠤ︶ ᠳᠤ ᠲᠣᠭᠲᠠᠭᠠᠭᠰᠠᠨ | ᠨᠥᠬᠦᠴᠡᠯ ᠳᠤ ᠨᠡᠶᠢᠴᠡᠬᠦ ᠮᠥᠷᠲᠡᠭᠡᠨ ᠳᠠᠭᠠᠭᠠᠨ ᠨᠥᠭᠡᠴᠡᠯᠡᠬᠦ ᠠᠵᠤ ᠠᠬᠤᠶᠢᠯᠠᠯ ᠠᠴᠠ ᠬᠥᠮᠦᠨ ᠲᠣᠮᠢᠯᠠᠨ | ᠲᠦᠷᠢᠶᠡᠰᠦᠯᠡᠬᠦ ᠬᠥᠮᠥᠷᠭᠡ ᠴᠢᠭ᠋ ᠤᠨ ᠠᠮᠤ ᠪᠤᠳᠠᠭᠠᠨ ᠤ ᠶᠠᠰᠤ ᠴᠢᠨᠠᠷ ᠪᠣᠯᠣᠨ ᠨᠥᠭᠡᠴᠡᠯᠡᠬᠦ ᠴᠢᠨᠠᠷ ᠢ ᠰᠢᠯᠭᠠᠨ | ᠪᠠᠶᠢᠴᠠᠭᠠᠬᠤ᠂ ᠵᠢᠩ ᠬᠡᠮᠵᠢᠭᠦᠷ ᠢ ᠪᠠᠶᠢᠴᠠᠭᠠᠬᠤ᠂ ᠫᠢᠶᠣᠣ ᠪᠠᠷᠢᠮᠲᠠ ᠶᠢ ᠳᠠᠬᠢᠨ ᠬᠢᠨᠠᠬᠤ᠂ ᠠᠮᠤ ᠪᠤᠳᠠᠭ᠎ᠠ | ᠬᠤᠳᠠᠯᠳᠤᠭᠰᠠᠨ ᠵᠣᠭᠤᠰ ᠢ ᠳ᠋ᠦᠩᠨᠡᠨ ᠪᠤᠳᠦᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠤᠬᠠᠶᠢᠯᠠᠭᠰᠠᠨ ᠠᠵᠢᠯ ᠢ | ᠰᠢᠭᠤᠳ ᠬᠠᠷᠢᠭᠤᠴᠠᠨ ᠬᠠᠮᠢᠶᠠᠷᠴᠤ᠂ ᠬᠥᠮᠥᠷᠭᠡᠯᠡᠨ ᠨᠥᠭᠡᠴᠡᠯᠡᠬᠦ᠂ ᠠᠮᠤᠷ ᠲᠦᠪᠰᠢᠨ ᠵᠡᠷᠭᠡ ᠡᠭᠦᠷᠭᠡ ᠴᠢᠳᠠᠪᠤᠷᠢ ᠶᠢ | ᠪᠠᠭᠲᠠᠭᠠᠭᠰᠠᠨ ᠬᠠᠮᠢᠶᠠᠷᠤᠯᠲᠠ ᠶᠢᠨ ᠪᠦᠯᠬᠦᠮ ᠢ ᠰᠢᠭᠤᠳ ᠲᠣᠮᠢᠯᠠᠨ᠂ ᠡᠳᠦᠷ ᠲᠤᠲᠤᠮ ᠤᠨ ᠠᠮᠤ ᠪᠤᠳᠠᠭ᠎ᠠ | ᠨᠥᠭᠡᠴᠡᠯᠡᠬᠦ ᠠᠵᠢᠯ ᠢ ᠬᠠᠷᠢᠭᠤᠴᠠᠭᠤᠯᠤᠨ᠎ᠠ᠃ | ᠲᠤᠰ ᠤᠳᠠᠭᠠᠨ ᠤ ᠲᠦᠷᠢᠶᠡᠰᠦᠯᠡᠭᠰᠡᠨ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠪᠣᠯ ᠤᠯᠤᠰ ᠤᠨ | ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠨᠠᠶᠢᠳᠠᠯᠭ᠎ᠠ ᠪᠠᠷ ᠬᠤᠳᠠᠯᠳᠤᠨ ᠠᠪᠴᠤ ᠨᠥᠭᠡᠴᠡᠯᠡᠬᠦ | ᠬᠥᠮᠥᠷᠭᠡ ᠴᠢᠭ᠋ ᠤᠨ ᠬᠡᠪᠴᠢᠶᠡᠨ ᠳᠤ ᠣᠷᠤᠭᠤᠯᠤᠭᠰᠠᠨ ᠦᠭᠡᠢ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ | ᠠᠵᠤ ᠠᠬᠤᠶᠢᠯᠠᠯ ᠤᠳ ᠪᠣᠯᠣᠨ᠎ᠠ᠃ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠢ ᠲᠦᠷᠢᠶᠡᠰᠦᠯᠡᠬᠦᠯᠬᠦ ᠳᠤ | ︽ᠨᠡᠶᠢᠭᠡᠮ ᠤᠨ ᠠᠮᠤ ᠪᠤᠳᠠᠭ᠎ᠠ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢ ᠲᠦᠷᠢᠶᠡᠰᠦᠯᠡᠵᠦ ᠤᠯᠤᠰ ᠤᠨ | ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠢᠯᠣᠭᠤᠳᠬᠤ | ᠰᠠᠨᠠᠯ︾ ︵ᠤᠯᠤᠰ ᠠᠮᠤ ᠪᠤᠳᠠᠭ᠎ᠠ ᠪᠠᠶᠢᠴᠠᠭᠠᠬᠤ ﹇2015﹈ 51 ᠳ᠋ᠤᠭᠡᠷ ᠲᠣᠭᠠᠲᠤ︶ ᠳᠤ ᠲᠣᠭᠲᠠᠭᠠᠭᠰᠠᠨ | ᠨᠥᠬᠦᠴᠡᠯ ᠢ ᠪᠦᠷᠢᠳᠦᠭᠦᠯᠬᠦ ᠠᠴᠠ ᠭᠠᠳᠠᠨ᠎ᠠ ᠪᠠᠰᠠ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ᠠᠳᠠᠯᠢ ᠨᠢᠭᠡᠨ ᠲᠦᠷᠢᠶᠡᠰᠦᠨ ᠬᠥᠮᠥᠷᠭᠡ ᠴᠢᠭ᠋ ᠢ ᠬᠤᠶᠠᠷ ᠪᠤᠶᠤ ᠬᠤᠶᠠᠷ ᠠᠴᠠ ᠳᠡᠭᠡᠭᠰᠢᠬᠢ ᠲᠦᠷᠢᠶᠡᠰᠦᠯᠡᠨ ᠠᠪᠬᠤ | ᠠᠵᠤ ᠠᠬᠤᠶᠢᠯᠠᠯ ᠳᠤ ᠲᠦᠷᠢᠶᠡᠰᠦᠯᠡᠨ ᠥᠭᠴᠦ ᠪᠣᠯᠬᠤ ᠦᠭᠡᠢ᠃ ᠬᠤᠶᠠᠷ ᠪᠤᠶᠤ ᠬᠤᠶᠠᠷ ᠠᠴᠠ ᠳᠡᠭᠡᠭᠰᠢ ᠠᠵᠤ | ᠠᠬᠤᠶᠢᠯᠠᠯ ᠠᠳᠠᠯᠢ ᠨᠢᠭᠡᠨ ᠬᠥᠮᠥᠷᠭᠡ ᠶᠢ ᠬᠠᠮᠲᠤ ᠪᠠᠷ ᠬᠡᠷᠡᠭᠯᠡᠵᠦ ᠪᠣᠯᠬᠤ ᠦᠭᠡᠢ︔ ᠲᠦᠷᠢᠶᠡᠰᠦᠯᠡᠭᠦᠯᠬᠦ ᠲᠠᠯ᠎ᠠ | ᠪᠣᠯᠣᠨ ᠬᠥᠮᠥᠷᠭᠡᠯᠡᠨ ᠨᠥᠭᠡᠴᠡᠯᠡᠬᠦ ᠪᠡᠯᠡᠳᠬᠡᠮᠵᠢ ᠶᠢ ᠥᠮᠴᠢᠯᠡᠬᠦ ᠡᠷᠬᠡᠲᠦ ᠬᠥᠮᠦᠨ ᠨᠢ ᠳᠠᠭᠠᠯᠳᠤᠭᠤᠯᠤᠭᠰᠠᠨ ᠭᠠᠵᠠᠷ | ᠰᠢᠷᠣᠶ ᠶᠢ ᠬᠡᠷᠡᠭᠯᠡᠬᠦ ᠡᠷᠬᠡᠲᠦ ᠬᠥᠮᠦᠨ ᠲᠠᠢ ᠡᠷᠬᠡᠪᠰᠢ ᠠᠳᠠᠯᠢᠬᠠᠨ ᠪᠠᠶᠢᠬᠤ ᠬᠡᠷᠡᠭᠲᠡᠶ᠃ | ᠲᠠᠪᠤ᠂ ᠬᠤᠳᠠᠯᠳᠤᠨ ᠠᠪᠬᠤ ᠪᠡᠯᠡ ᠮᠥᠩᠭᠦ ᠶᠢᠨ ᠵᠠᠷᠤᠴᠠᠭᠤᠯᠭ᠎ᠠ ᠶᠢ ᠳ᠋ᠦᠡᠭᠨᠡᠨ ᠪᠤᠳᠤᠬᠤ ᠲᠤᠬᠠᠶ | ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ ᠠᠪᠬᠤ ᠲᠦᠷᠦ ᠶᠢᠨ | ᠪᠤᠳᠤᠯᠭ᠎ᠠ ᠶᠢᠨ ᠬᠡᠷᠡᠭᠰᠡᠬᠦ ᠪᠡᠯᠡ ᠮᠥᠩᠭᠦ ᠶᠢ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ | ᠪᠠᠩᠬᠢ ᠶᠢᠨ ᠵᠢᠭᠡᠯᠡᠯᠭᠡ ᠪᠠᠷ ᠳᠠᠮᠵᠢᠵᠤ ᠰᠢᠢᠳᠪᠦᠷᠢᠯᠡᠨ᠎ᠡ᠃ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ | ᠳᠤᠮᠳᠠᠳᠤ ᠤᠯᠤᠰ ᠤᠨ ᠨᠡᠬᠡᠮᠡᠯ ᠤᠨ ᠪᠦᠯᠦᠭ᠂ ᠳᠤᠮᠳᠠᠳᠤ ᠤᠯᠤᠰ ᠤᠨ ᠠᠭᠠᠷ ᠠᠶᠠᠯᠠᠯ ᠤᠨ ᠠᠵᠤ | ᠦᠢᠯᠡᠳᠪᠦᠷᠢ ᠶᠢᠨ ᠪᠦᠯᠦᠭᠯᠡᠯ ᠵᠢᠴᠢ ᠲᠡᠭᠦᠨ ᠤ ᠰᠢᠭᠤᠳ ᠬᠠᠷᠢᠶ᠎ᠠ ᠠᠵᠤ ᠠᠬᠤᠶᠢᠯᠠᠯ ᠢ ᠭᠠᠷᠭᠠᠪᠠᠯ᠂ 2015 | ᠣᠨ ᠤ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ ᠠᠪᠬᠤ ᠳᠤ | ᠬᠤᠳᠠᠯᠳᠤᠨ ᠠᠪᠬᠤ ᠪᠡᠯᠡ ᠮᠥᠩᠭᠦ ᠪᠠᠨ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ | ᠬᠤᠳᠠᠯᠳᠤᠨ ᠠᠪᠬᠤ ︽ᠪᠥᠬᠦᠨ ᠳᠤ ᠲᠤᠬᠢᠷᠠᠬᠤ ᠺᠠᠷᠲ︾ ᠤᠨ ᠰᠢᠰᠲ᠋ᠧᠮ ᠢᠶᠠᠷ ᠥᠭᠬᠦ ᠶᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠰᠢᠭᠤᠳ ᠬᠠᠷᠢᠶ᠎ᠠ | ᠬᠥᠮᠥᠷᠭᠡ ᠨᠢ ᠪᠠᠶᠢᠭ᠎ᠠ ᠭᠠᠵᠠᠷ ᠣᠷᠣᠨ ᠤ ᠪᠠᠨ ᠨᠠᠶᠢᠳᠠᠭᠰᠠᠨ ᠪᠠ ᠲᠦᠷᠢᠶᠡᠰᠦᠯᠡᠭᠰᠡᠨ ᠬᠤᠳᠠᠯᠳᠤᠨ ᠠᠪᠴᠤ | ᠨᠥᠭᠡᠴᠡᠯᠡᠬᠦ ᠬᠥᠮᠥᠷᠭᠡ ᠴᠢᠭ᠋ ᠤᠨ ᠬᠤᠳᠠᠯᠳᠤᠨ ᠠᠪᠬᠤ ᠪᠡᠯᠡ ᠮᠥᠩᠭᠦ ᠶᠢ ᠴᠦᠮ ᠨᠢᠭᠡᠳᠦᠯᠲᠡᠶ ᠪᠠᠷ ᠳᠠᠭᠠᠭᠠᠨ | ᠵᠢᠭᠡᠯᠡᠯᠭᠡ ᠲᠠᠯᠪᠢᠬᠤ ᠶᠢ ᠬᠡᠷᠡᠭᠵᠢᠭᠦᠯᠵᠦ᠂ ᠠᠮᠤ ᠪᠤᠳᠠᠭ᠎ᠠ ᠬᠤᠳᠠᠯᠳᠤᠭᠰᠠᠨ ᠲᠠᠷᠢᠶᠠᠴᠢᠳ ᠲᠤ ᠨᠢᠬᠡᠲᠦᠯᠲᠡᠢ ᠪᠠᠷ | ᠰᠦᠯᠵᠢᠶᠡᠨ ᠪᠠᠩᠬᠢ ᠪᠠᠷ ᠰᠢᠭᠤᠳ ᠳ᠋ᠦᠡᠭᠨᠡᠨ ᠪᠣᠳᠣᠵᠣ᠂ ᠬᠤᠳᠠᠯᠳᠤᠨ ᠠᠪᠬᠤ ᠬᠤᠭᠤᠴᠠᠭᠠᠨ ᠳᠠᠬᠢ | ᠲᠠᠷᠢᠶᠠᠴᠢᠳ ᠤᠨ ᠠᠮᠤ ᠪᠤᠳᠠᠭ᠎ᠠ ᠬᠤᠳᠠᠯᠳᠤᠭᠰᠠᠨ ᠵᠣᠭᠤᠰ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ | ᠦᠨᠡᠨ ᠬᠦ ᠪᠠᠲᠤᠯᠠᠬᠤ ᠬᠡᠷᠡᠭᠲᠡᠢ᠃ | ᠵᠢᠷᠭᠤᠭ᠎ᠠ᠂ ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠶᠢ ᠪᠠᠶᠢᠭᠤᠯᠬᠤ ᠲᠤᠬᠠᠶ | ᠲᠥᠪ ᠤᠨ ᠪᠠ ᠣᠷᠣᠨ ᠨᠤᠲᠤᠭ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠤᠳᠤ ᠪᠠᠶᠢᠭ᠎ᠠ ᠬᠥᠮᠥᠷᠭᠡᠯᠡᠨ | ᠨᠥᠭᠡᠴᠡᠯᠡᠬᠦ ᠪᠡᠯᠡᠳᠬᠡᠮᠵᠢ ᠶᠢ ᠭᠦᠢᠴᠡᠳ ᠠᠰᠢᠭᠯᠠᠬᠤ ᠪᠠᠶᠢᠳᠠᠯ ᠤᠨ ᠳᠣᠣᠷ᠎ᠠ᠂ ᠬᠡᠷᠪᠡ ᠰᠢᠶᠠᠨ ᠤ ᠳᠣᠲᠣᠷ᠎ᠠ | ᠲᠥᠪᠯᠡᠷᠡᠭᠦᠯᠦᠨ ᠨᠡᠶᠢᠯᠡᠭᠦᠯᠬᠦ᠂ ᠬᠥᠮᠦᠷᠭᠡ ᠲᠦᠷᠢᠶᠡᠰᠦᠯᠡᠨ ᠠᠮᠤ ᠪᠤᠳᠠᠭ᠎ᠠ ᠨᠥᠭᠡᠴᠡᠯᠡᠬᠦ ᠵᠡᠷᠭᠡ ᠠᠷᠭ᠎ᠠ ᠬᠡᠮᠵᠢᠶ᠎ᠡ ᠶᠢ | ᠠᠪᠤᠭᠰᠠᠨ ᠴᠤ ᠬᠤᠳᠠᠯᠳᠤᠨ ᠠᠪᠴᠤ ᠨᠥᠭᠡᠴᠡᠯᠡᠬᠦ ᠴᠢᠳᠠᠪᠤᠷᠢ ᠮᠥᠨ ᠯᠡ ᠬᠦᠷᠦᠯᠴᠡᠬᠦ ᠦᠭᠡᠢ᠂ ᠬᠤᠳᠠᠯᠳᠤᠨ | ᠠᠪᠴᠤ ᠨᠥᠭᠡᠴᠡᠯᠡᠬᠦ ᠬᠥᠮᠥᠷᠭᠡ ᠴᠢᠭ᠋ ︵ᠨᠢᠭᠡᠨᠲᠡ ᠲᠦᠷᠢᠶᠡᠰᠦᠯᠡᠭᠰᠡᠨ ᠬᠥᠮᠥᠷᠭᠡ ᠴᠢᠭ᠋ ᠢ ᠪᠠᠭᠲᠠᠭᠠᠨ᠎ᠠ︶ ᠨᠢ | ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠶᠢ ᠪᠠᠶᠢᠭᠤᠯᠬᠤ ᠦᠨᠡᠨᠬᠦ ᠴᠢᠬᠤᠯᠠ ᠲᠠᠢ ᠪᠣᠯ᠂ ᠳᠤᠮᠳᠠᠳᠤ | ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ ᠥᠪᠡᠷᠲᠡᠭᠡᠨ | ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ ᠲᠠᠢ ᠬᠠᠮᠲᠤᠷᠠᠨ ᠬᠥᠮᠥᠷᠭᠡ ᠴᠢᠭ᠋ ᠰᠠᠯᠭᠠᠨ ᠬᠤᠪᠢᠶᠠᠵᠤ᠂ ᠳᠥᠭᠦᠮ ᠪᠥᠭᠡᠳ | ᠵᠠᠳᠠᠭᠠᠶ ᠨᠥᠭᠡᠴᠡᠯᠡᠬᠦ ᠪᠡᠯᠡᠳᠬᠡᠮᠵᠢ ᠳᠤ ᠠᠮᠤ ᠪᠤᠳᠠᠭ᠎ᠠ ᠨᠥᠭᠡᠴᠡᠯᠡᠬᠦ ᠲᠥᠯᠥᠪᠯᠡᠭᠡ ᠶᠢᠨ ᠭᠤᠶᠤᠴᠢᠯᠠᠯ ᠳᠤᠷᠠᠳᠴᠤ᠂ | ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠪᠠᠷ ᠬᠢᠨᠠᠨ ᠬᠠᠷᠭᠤᠭᠤᠯᠬᠤ ᠶᠢᠨ | ᠬᠠᠮᠲᠤ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ | ᠬᠡᠷᠡᠭᠲᠡᠶ᠃ ᠪᠠᠶᠢᠭᠤᠯᠬᠤ ᠳᠦᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠨᠢ ᠤᠯᠤᠰ ᠤᠨ ᠪᠠ ᠣᠷᠣᠨ | ᠨᠤᠲᠤᠭ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠪᠠᠷᠢᠮᠵᠢᠶ᠎ᠠ ᠪᠣᠯᠣᠨ ᠭᠠᠯ ᠢ ᠰᠡᠷᠭᠡᠶᠢᠯᠡᠬᠦ ᠲᠣᠭᠲᠠᠭᠠᠯ ᠳᠤ | ᠨᠡᠶᠢᠴᠡᠵᠦ᠂ ᠮᠧᠬᠠᠨᠢᠭ ᠢᠶᠠᠷ ᠰᠠᠯᠬᠢ ᠨᠡᠪᠲᠡᠷᠡᠭᠦᠯᠬᠦ ᠴᠢᠳᠠᠪᠤᠷᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ | ᠪᠠᠶᠢᠭᠤᠯᠤᠭᠰᠠᠨ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠵᠠᠳᠠᠭᠠᠶ ᠪᠡᠯᠡᠳᠬᠡᠮᠵᠢ ᠨᠢ ᠭᠠᠯ ᠢ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠡᠳᠦᠷ ᠲᠤᠲᠤᠮ ᠤᠨ ᠠᠶᠤᠯ ᠦᠭᠡᠢ ᠪᠣᠯᠣᠨ | ᠠᠮᠤ ᠪᠤᠳᠠᠭᠠᠨ ᠤ ᠪᠠᠶᠢᠳᠠᠯ ᠤᠨ ᠲᠤᠬᠠᠶ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠲᠠᠯᠳᠠ ᠭᠡᠮ ᠢ | ᠴᠠᠭ ᠲᠤᠬᠠᠶ ᠳᠤᠨᠢ ᠠᠷᠢᠯᠭᠠᠨ᠂ ᠬᠡᠪ ᠤᠨ ᠪᠤᠰᠤ ᠪᠠᠶᠢᠳᠠᠯ ᠢ ᠰᠢᠢᠳᠪᠦᠷᠢᠯᠡᠵᠦ᠂ ᠤᠯᠤᠰ ᠤᠨ ᠠᠮᠤ ᠪᠤᠳᠠᠭ᠎ᠠ | ᠨᠥᠭᠡᠴᠡᠯᠡᠯᠲᠡ ᠶᠢᠨ ᠠᠶᠤᠯ ᠦᠭᠡᠢ ᠶᠢ ᠦᠨᠡᠨ ᠬᠦ ᠪᠠᠲᠤᠯᠠᠬᠤ ᠬᠡᠷᠡᠭᠲᠡᠶ᠃ 2015 ᠣᠨ ᠤ ᠠᠮᠤ ᠪᠤᠳᠠᠭᠠᠨ ᠤ | ᠬᠥᠮᠥᠷᠭᠡ ᠶᠢᠨ ᠬᠠᠳᠠᠭᠠᠯᠠᠮᠵᠢ ᠶᠢ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠮᠤ ᠪᠤᠳᠠᠭ᠎ᠠ ᠨᠥᠭᠡᠴᠡᠯᠡᠬᠦ ᠳᠤ | ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠴᠡᠭᠴᠡᠯᠡᠨ ᠥᠭᠡᠷᠡᠴᠢᠯᠡᠬᠦ ᠠᠵᠢᠯ ᠢᠶᠠᠨ ᠬᠠᠷᠠᠬᠠᠨ | ᠪᠤᠲᠠᠲᠠᠶᠢᠵᠢᠭᠤᠯᠤᠭᠰᠠᠨ ᠦᠭᠡᠢ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ︵ᠨᠢᠭᠡᠨᠲᠡ ᠲᠦᠷᠢᠶᠡᠰᠦᠯᠡᠭᠰᠡᠨ | ᠬᠥᠮᠥᠷᠭᠡ ᠴᠢᠭ᠋ ᠢ ᠪᠠᠭᠲᠠᠭᠠᠨ᠎ᠠ︶ ᠨᠢ ᠳᠥᠭᠦᠮ ᠪᠥᠭᠡᠳ ᠵᠠᠳᠠᠭᠠᠶ ᠨᠥᠭᠡᠴᠡᠯᠡᠬᠦ ᠪᠡᠯᠡᠳᠬᠡᠮᠵᠢ ᠶᠢ ᠪᠠᠶᠢᠭᠤᠯᠵᠤ ᠪᠣᠯᠬᠤ | ᠦᠭᠡᠢ᠃ | ᠲᠤᠯᠤᠭ᠎ᠠ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠵᠢᠴᠢ ᠬᠠᠮᠢᠶ᠎ᠡ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢᠨ ᠲᠣᠬᠠᠢ | ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠤᠯᠤᠰ ᠤᠨ | ᠨᠠᠶᠢᠳᠠᠯᠭ᠎ᠠ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠤᠭᠰᠠᠨ ᠤ ᠬᠤᠪᠢ ᠳᠤ ᠡᠨᠡ | ᠤᠳᠠᠭᠠᠨ ᠤ ᠤᠯᠤᠰ ᠤᠨ ᠲᠦᠷ ᠴᠠᠭ ᠤᠨ ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ ᠡᠭᠦᠷᠭᠡᠯᠡᠵᠦ᠂ ᠲᠡᠭᠦᠨ ᠤ | ᠰᠢᠭᠤᠳ ᠬᠠᠷᠢᠶ᠎ᠠ ᠠᠵᠤ ᠠᠬᠤᠶᠢᠯᠠᠯ ᠪᠣᠯᠣᠨ ᠨᠠᠶᠢᠳᠠᠵᠤ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠨᠢ | ᠲᠠᠷᠢᠶᠠᠴᠢᠳ ᠤᠨ ᠦᠯᠡᠳᠡᠪᠦᠷᠢ ᠠᠮᠤ ᠪᠤᠳᠠᠭ᠎ᠠ ᠶᠢ ᠴᠢᠯᠤᠭᠡᠲᠡᠢ ᠪᠠᠷ ᠬᠤᠳᠠᠯᠳᠤᠨ ᠠᠪᠬᠤ ᠬᠡᠷᠡᠭᠲᠡᠢ᠃ ᠳᠤᠮᠳᠠᠳᠤ | ᠤᠯᠤᠰ ᠤᠨ ᠠᠮᠤ ᠪᠤᠳᠠᠭᠠᠨ ᠤ ᠪᠦᠯᠦᠭᠯᠡᠯ᠂ ᠳᠤᠮᠳᠠᠳᠤ ᠤᠯᠤᠰ ᠤᠨ ᠨᠡᠬᠡᠮᠡᠯ ᠤᠨ ᠪᠦᠯᠦᠭᠯᠡᠯ᠂ ᠳᠤᠮᠳᠠᠳᠤ | ᠤᠯᠤᠰ ᠤᠨ ᠠᠭᠠᠷ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯ ᠤᠳ ᠨᠢ ᠳᠤᠮᠳᠠᠳᠤ ᠤᠯᠤᠰ ᠤᠨ | ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠶᠢᠨ ᠨᠥᠬᠦᠪᠥᠷᠢ ᠬᠦᠴᠦᠨ ᠪᠣᠯᠣᠭᠰᠠᠨ ᠳᠤ ᠬᠤᠪᠢ ᠳᠤ᠂ | ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠶᠡᠷᠦᠩᠬᠡᠶ ᠺᠣᠮᠫᠠᠨᠢ ᠶᠢᠨ ᠨᠠᠶᠢᠳᠠᠯᠭ᠎ᠠ ᠪᠠᠷ | ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ ᠡᠭᠦᠷᠭᠡᠯᠡᠵᠦ᠂ ᠲᠠᠷᠢᠶᠠᠯᠠᠩ ᠶᠢᠨ ᠬᠥᠭᠵᠢᠭᠦᠯᠦᠯᠲᠡ ᠶᠢᠨ ᠪᠠᠩᠭᠢ ᠠᠴᠠ | ᠪᠡᠶ᠎ᠡ ᠪᠠᠨ ᠳᠠᠭᠠᠭᠠᠵᠤ ᠵᠢᠭᠡᠯᠡᠯᠭᠡ ᠠᠪᠬᠤ ᠬᠡᠷᠡᠭᠲᠡᠢ᠃ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ | ᠪᠤᠳᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠨᠢ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ | ᠪᠣᠳᠠᠭ᠎ᠠ ᠶᠢᠨ ᠶᠡᠷᠦᠩᠬᠡᠶ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠶᠢᠭᠤᠯᠤᠮᠵᠢ ᠪᠣᠯᠤᠭᠰᠠᠨ ᠤ ᠬᠤᠪᠢ ᠳᠤ | ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠣᠲ᠋ᠣᠪᠴᠢᠶᠠ᠂ ᠲᠠᠷᠢᠶᠠᠯᠠᠩ ᠤᠨ ᠬᠥᠭᠵᠢᠭᠦᠯᠦᠯᠲᠡ ᠶᠢᠨ | ᠪᠠᠩᠭᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠯᠤᠭ᠎ᠠ ᠨᠢᠭᠲᠠ ᠬᠠᠮᠵᠢᠯᠴᠠᠨ᠂ ᠥᠪᠡᠷᠲᠡᠭᠡᠨ ᠵᠠᠰᠠᠬᠤ | ᠣᠷᠣᠨ ᠤ ᠬᠡᠪᠴᠢᠶᠡᠨ ᠲᠣᠳᠣᠷᠠᠬᠢ ᠤᠯᠤᠰ ᠤᠨ ᠳᠦᠷ ᠴᠠᠭ ᠬᠠᠳᠠᠭᠠᠯᠠᠬᠤ ᠡᠷᠳᠡᠨᠢ ᠰᠢᠰᠢ ᠬᠤᠳᠠᠯᠳᠤᠨ ᠠᠪᠴᠤ | ᠨᠥᠭᠡᠴᠡᠯᠡᠬᠦ ᠠᠵᠢᠯ ᠢ ᠬᠠᠮᠲᠤᠪᠠᠷ ᠬᠠᠷᠢᠭᠤᠴᠠᠨ᠎ᠠ᠂ ᠲᠤᠬᠠᠶᠢᠯᠠᠪᠠᠯ᠄ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ | ᠴᠢᠭ᠋ ᠢ ᠬᠠᠮᠲᠤ ᠪᠠᠷ ᠲᠣᠭᠲᠠᠭᠠᠵᠤ᠂ ᠪᠠᠶᠢᠴᠠᠭᠠᠨ ᠬᠢᠨᠠᠯᠲᠠ ᠲᠠᠯᠪᠢᠬᠤ ᠶᠢ ᠬᠠᠮᠲᠤᠪᠠᠷ ᠵᠣᠬᠢᠶᠠᠨ ᠪᠠᠶᠢᠭᠤᠯᠵᠤ᠂ | ᠲᠤᠭ᠎ᠠ ᠬᠡᠮᠵᠢᠶ᠎ᠡ ᠶᠠᠰᠤ ᠴᠢᠨᠠᠷ ᠢ ᠰᠢᠯᠭᠠᠨ ᠠᠪᠬᠤ ᠶᠢ ᠬᠠᠮᠲᠤᠪᠠᠷ ᠵᠣᠬᠢᠶᠠᠨ ᠪᠠᠶᠢᠭᠤᠯᠵᠤ᠂ ᠬᠥᠮᠥᠷᠭᠡ ᠶᠢᠨ | ᠬᠠᠳᠠᠭᠠᠯᠠᠯᠲᠠ ᠶᠢ ᠬᠢᠨᠠᠨ ᠬᠠᠮᠢᠶᠠᠷᠬᠤ ᠪᠠ ᠪᠣᠷᠤᠯᠠᠭᠤᠯᠵᠤ᠂ ᠬᠥᠮᠥᠷᠭᠡ ᠠᠴᠠ ᠭᠠᠷᠭᠠᠬᠤ ᠵᠡᠷᠭᠡ ᠠᠵᠢᠯ ᠢ ᠬᠠᠮᠲᠤᠪᠡᠷ | ᠬᠠᠷᠢᠭᠤᠴᠠᠨ᠎ᠠ᠃ | ᠨᠠᠢᠮᠠ᠂ ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ | ᠬᠢᠭᠡᠳ ᠨᠠᠶᠢᠳᠠᠯᠭ᠎ᠠ ᠢᠶᠠᠷ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠤᠨ ᠬᠠᠷᠢᠴᠠᠭ᠎ᠠ ᠶᠢᠨ ᠲᠤᠬᠠᠢ | ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠰᠢᠭᠤᠳ ᠬᠠᠷᠢᠶ᠎ᠠ ᠬᠥᠮᠥᠷᠭᠡ ᠬᠢᠭᠡᠳ | ᠨᠠᠶᠢᠳᠠᠯᠭ᠎ᠠ ᠢᠶᠠᠷ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ ᠴᠢᠭ᠋ ᠨᠢ ᠬᠤᠳᠠᠯᠳᠤᠨ ᠠᠪᠬᠤ ᠶᠢ ᠨᠠᠶᠢᠳᠠᠭᠰᠠᠨ | ᠵᠦᠪᠯᠡᠯᠴᠡᠭᠡᠷ ᠪᠣᠯᠣᠨ ᠬᠠᠳᠠᠭᠠᠯᠠᠨ ᠬᠠᠮᠢᠶᠠᠷᠬᠤ ᠭᠡᠷ᠎ᠡ ᠲᠣᠭᠲᠠᠭᠠᠵᠤ᠂ ᠲᠡᠳᠡᠨ ᠳᠤ ᠤᠯᠤᠰ ᠤᠨ ᠲᠥᠷᠥ ᠶᠢᠨ | ᠪᠤᠳᠤᠯᠭ᠎ᠠ ᠶᠢᠨ ᠲᠣᠭᠲᠠᠭᠠᠯ ᠶᠣᠰᠣᠭᠠᠷ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ | ᠠᠪᠬᠤ᠂ ᠨᠥᠭᠡᠴᠡᠯᠡᠬᠦ ᠲᠤᠬᠠᠶᠢᠯᠠᠭᠰᠠᠨ ᠠᠵᠢᠯ ᠢ ᠨᠠᠶᠢᠳᠠᠵᠤ᠂ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠶᠣᠰᠣᠭᠠᠷ | ᠬᠤᠳᠠᠯᠳᠤᠨ ᠠᠪᠬᠤ᠂ ᠬᠠᠳᠠᠭᠠᠯᠠᠨ ᠬᠠᠮᠢᠶᠠᠷᠬᠤ ᠵᠡᠷᠭᠡ ᠵᠠᠷᠤᠳᠠᠯ ᠢ ᠲᠤᠰᠢᠶᠠᠨ᠎ᠠ᠃ ᠡᠳᠡᠭᠡᠷ ᠬᠤᠳᠠᠯᠳᠤᠨ ᠠᠪᠴᠤ | ᠨᠥᠭᠡᠴᠡᠯᠡᠬᠦ ᠶᠢ ᠨᠠᠶᠢᠳᠠᠭᠰᠠᠨ ᠠᠵᠤ ᠠᠬᠤᠶᠢᠯᠠᠯ ᠤᠨ ᠥᠮᠴᠢᠯᠡᠬᠦ ᠡᠷᠬᠡ ᠨᠢ ᠳᠤᠮᠳᠠᠳᠤ ᠤᠯᠤᠰ ᠤᠨ | ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠬᠢᠨ ᠳᠤ ᠥᠯᠦ ᠬᠠᠷᠢᠶᠠᠯᠠᠭᠳᠠᠵᠤ᠂ ᠳᠤᠮᠳᠠᠳᠤ ᠤᠯᠤᠰ ᠤᠨ | ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠬᠥᠮᠦᠷᠭᠡ ᠲᠠᠢ ᠬᠠᠷᠢᠶᠠᠯᠠᠭᠳᠠᠬᠤ ᠬᠠᠷᠢᠴᠠᠭ᠎ᠠ ᠪᠠᠶᠢᠬᠤ ᠦᠭᠡᠢ᠂ ᠵᠥᠪᠬᠡᠨ | ᠢᠷᠭᠡᠨ ᠤ ᠬᠡᠷᠡᠭ ᠤᠨ ᠭᠡᠷ᠎ᠡ ᠶᠢᠨ ᠬᠠᠷᠢᠴᠠᠭ᠎ᠠ ᠪᠣᠯᠤᠨ᠎ᠠ᠃ | ᠶᠢᠰᠦ᠂ ᠲᠥᠷ ᠴᠠᠭ ᠢᠶᠠᠷ ᠨᠥᠭᠡᠴᠡᠯᠡᠬᠦ ᠡᠷᠳᠡᠨᠢ ᠰᠢᠰᠢ ᠶᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢᠨ ᠲᠤᠬᠠᠶ | ᠳᠤᠮᠳᠠᠳᠤ ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ | ᠺᠣᠮᠫᠠᠨᠢ ᠶᠢᠨ 2015 ᠣᠨ ᠤ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ ᠬᠤᠳᠠᠯᠳᠤᠨ | ᠠᠪᠬᠤ ᠠᠵᠢᠯ ᠤᠨ ᠲᠣᠬᠠᠢ ᠶᠡᠷᠦᠩᠬᠡᠶ ᠱᠠᠭᠠᠷᠳᠠᠯᠭ᠎ᠠ ᠪᠣᠯ᠂ ︽ᠭᠤᠷᠪᠠᠨ ᠵᠦᠢᠯ ᠤᠨ ᠦᠵᠡᠯ ᠤᠬᠠᠮᠰᠠᠷ︾ ᠢ | ᠴᠢᠩᠭᠠᠳᠬᠠᠨ᠎ᠠ᠂ ᠳᠠᠷᠤᠢ ᠤᠯᠤᠰ ᠲᠦᠷᠦ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠶᠡᠭᠡ | ᠲᠠᠯ᠎ᠠ ᠶᠢᠨ ᠦᠵᠡᠯ ᠤᠬᠠᠮᠰᠠᠷ ᠪᠣᠯᠣᠨ᠎ᠠ︔ ︽ᠳᠥᠷᠪᠡ ᠶᠢ ᠪᠤᠲᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠤᠨ᠎ᠠ᠂ | ᠳᠠᠷᠤᠢ ᠦᠵᠡᠯ ᠰᠠᠨᠠᠭ᠎ᠠ ᠲᠠᠨᠢᠯᠲᠠ ᠪᠠᠨ ᠪᠤᠲᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠪᠤᠲᠠᠲᠠᠶᠢᠵᠢᠭᠤᠯᠬᠤ᠂ ᠰᠠᠩ ᠬᠥᠮᠥᠷᠭᠡ ᠶᠢᠨ ᠪᠠᠭᠲᠠᠭᠠᠮᠵᠢ ᠶᠢ ᠪᠤᠲᠠᠲᠠᠶᠢᠵᠢᠭᠤᠯᠬᠤ᠂ ᠵᠣᠬᠢᠴᠠᠭᠤᠯᠬᠤ | ᠦᠢᠯᠡᠴᠢᠯᠡᠭᠡ ᠪᠠᠨ ᠪᠤᠲᠠᠲᠠᠶᠢᠵᠢᠭᠤᠯᠬᠤ ᠪᠣᠯᠣᠨ᠎ᠠ︔ ︽ᠲᠠᠪᠤ ᠶᠢ ᠢᠯᠡ ᠪᠣᠯᠭᠠᠬᠤ︾ ᠶᠢ ᠪᠠᠷᠢᠮᠲᠠᠯᠠᠨ᠎ᠠ᠂ ᠳᠠᠷᠤᠢ | ᠲᠣᠭᠲᠠᠭᠰᠠᠨ ᠴᠢᠭ᠋ ᠤᠨ ᠨᠡᠷᠡᠰ ᠢ ᠢᠯᠡ ᠪᠣᠯᠭᠠᠬᠤ᠂ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠢᠯᠡ | ᠪᠣᠯᠭᠠᠬᠤ᠂ ᠭᠦᠢᠴᠡᠳᠬᠡᠬᠦ ᠴᠠᠭ ᠢ ᠢᠯᠡ ᠪᠣᠯᠭᠠᠬᠤ᠂ ᠬᠤᠳᠠᠯᠳᠤᠨ ᠠᠪᠬᠤ ᠦᠨ᠎ᠡ ᠶᠢ ᠢᠯᠡ ᠪᠣᠯᠭᠠᠬᠤ᠂ | ᠬᠤᠳᠠᠯᠳᠤᠨ ᠠᠪᠬᠤ ᠶᠠᠰᠤ ᠴᠢᠨᠠᠷ ᠢ ᠢᠯᠡ ᠪᠣᠯᠭᠠᠬᠤ ᠪᠣᠯᠣᠨ᠎ᠠ︔ ︽ᠨᠠᠢᠮᠠᠨ ᠪᠣᠯᠬᠤ ᠦᠭᠡᠢ︾ ᠶᠢ ᠪᠡᠶᠡᠯᠡᠭᠦᠯᠦᠨ᠎ᠡ᠂ | ᠲᠤᠬᠠᠶᠢᠯᠠᠪᠠᠯ ᠳᠡᠰ ᠢ ᠨᠢ ᠪᠠᠭᠤᠷᠠᠭᠤᠯᠤᠨ ᠦᠨ᠎ᠡ ᠶᠢ ᠨᠢ ᠳᠠᠷᠤᠵᠤ ᠬᠤᠳᠠᠯᠳᠤᠨ ᠠᠪᠴᠤ ᠪᠣᠯᠬᠤ ᠦᠭᠡᠢ᠂ | ᠬᠡᠯᠪᠡᠷᠢ ᠶᠢ ᠨᠢ ᠥᠭᠡᠷᠡᠳᠦᠭᠦᠯᠦᠨ ᠳᠡᠰ ᠳᠡᠭᠡᠭᠰᠢᠯᠡᠭᠦᠯᠦᠨ ᠦᠨ᠎ᠡ ᠥᠰᠬᠡᠨ ᠬᠤᠳᠠᠯᠳᠤᠨ ᠠᠪᠴᠤ ᠪᠣᠯᠬᠤ ᠦᠭᠡᠢ᠂ | ᠲᠣᠭᠲᠠᠭᠠᠯ ᠠᠴᠠ ᠳᠠᠪᠠᠭᠤᠯᠤᠨ ᠬᠡᠮᠵᠢᠶ᠎ᠡ ᠶᠢ ᠨᠢ ᠨᠡᠮᠡᠵᠦ ᠬᠠᠰᠤᠬᠤ᠂ ᠦᠨ᠎ᠡ ᠶᠢ ᠨᠢ ᠨᠡᠮᠡᠵᠦ ᠥᠰᠬᠡᠵᠦ ᠪᠣᠯᠬᠤ | ᠦᠭᠡᠢ᠂ ᠤᠷᠢᠳᠠᠪᠠᠷ ᠬᠤᠷᠢᠶᠠᠵᠤ ᠳᠠᠷᠠᠭ᠎ᠠ ᠨᠢ ᠰᠢᠯᠵᠢᠭᠦᠯᠬᠦ᠂ ᠬᠢᠮᠳᠠ ᠪᠠᠷ ᠬᠤᠷᠢᠶᠠᠵᠤ ᠦᠨ᠎ᠡ ᠲᠠᠢ ᠪᠠᠷ | ᠰᠢᠯᠵᠢᠭᠦᠯᠵᠦ ᠪᠣᠯᠬᠤ ᠦᠭᠡᠢ᠂ ᠬᠠᠭᠤᠴᠢᠨ ᠢᠶᠠᠷ ᠰᠢᠨ᠎ᠡ ᠶᠢ ᠣᠷᠤᠯᠠᠭᠤᠯᠵᠤ᠂ ᠠᠮᠤ ᠪᠤᠳᠠᠭ᠎ᠠ ᠶᠢ ᠡᠷᠬᠢᠯᠳᠦᠭᠦᠯᠦᠨ | ᠭᠦᠢᠯᠭᠡᠭᠡᠵᠦ ᠪᠣᠯᠬᠤ ᠦᠭᠡᠢ᠂ ᠭᠠᠳᠠᠭᠠᠳᠤ ᠠᠴᠠ ᠣᠷᠤᠭᠤᠯᠤᠭᠰᠠᠨ ᠡᠷᠳᠡᠨᠢ ᠰᠢᠰᠢ ᠶᠢ ᠬᠤᠳᠠᠯᠳᠤᠨ ᠠᠪᠴᠤ ᠪᠣᠯᠬᠤ | ᠦᠭᠡᠢ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠪᠠᠨ ᠬᠤᠳᠠᠯ ᠢᠶᠠᠷ ᠮᠡᠳᠡᠭᠦᠯᠵᠦ᠂ ᠬᠤᠳᠠᠯᠳᠤᠨ ᠠᠪᠬᠤ ᠪᠡᠯᠡ | ᠮᠥᠩᠭᠦ ᠪᠣᠯᠣᠨ ᠵᠠᠷᠤᠳᠠᠯ ᠤᠨ ᠨᠥᠬᠦᠪᠥᠷᠢ ᠶᠢ ᠮᠡᠬᠡᠯᠡᠨ ᠠᠪᠴᠤ ᠪᠣᠯᠬᠤ ᠦᠭᠡᠢ᠂ ᠬᠤᠳᠠᠯᠳᠤᠨ ᠠᠪᠬᠤ ᠪᠡᠯᠡ | ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ︔ ︽ᠭᠤᠷᠪᠠ ᠶᠢ ᠦᠨᠡᠨᠬᠦ ᠪᠠᠲᠤᠯᠠᠬᠤ ᠪᠠ | ᠭᠤᠷᠪᠠᠨ ᠬᠠᠨᠤᠮᠵᠢᠲᠠᠶ ᠪᠠᠶᠢᠬᠤ︾ ᠶᠢ ᠪᠡᠶᠡᠯᠡᠭᠦᠯᠦᠨ᠎ᠡ᠂ ᠳᠠᠷᠤᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠬᠤ᠂ ᠬᠤᠳᠠᠯᠳᠤᠨ | ᠠᠪᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠂ | ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠤᠯᠤᠰ ᠣᠷᠣᠨ ᠢ ᠰᠡᠳᠬᠢᠯ ᠬᠠᠨᠤᠮᠵᠢᠲᠠᠶ ᠪᠠᠶᠢᠯᠭᠠᠵᠤ᠂ | ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ | ᠬᠤᠳᠠᠯᠳᠤᠨ ᠠᠪᠬᠤ ᠭᠤᠣᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠳᠤᠮᠳᠠᠳᠤ | ᠤᠯᠤᠰ ᠤᠨ ᠬᠠᠳᠠᠭᠠᠯᠠᠮᠵᠢ ᠶᠢᠨ ᠠᠮᠤ ᠪᠤᠳᠠᠭ᠎ᠠ ᠶᠢᠨ ᠡᠯ᠎ᠡ ᠰᠢᠭᠤᠳ ᠬᠠᠷᠢᠶ᠎ᠠ ᠬᠥᠮᠥᠷᠭᠡ ᠨᠦᠭᠦᠳ ᠬᠤᠳᠠᠯᠳᠤᠨ | ᠠᠪᠬᠤ ︽ᠨᠢᠭᠡ ᠦᠷᠳᠡᠭᠡᠯᠢᠭ︾ ᠦᠢᠯᠡᠴᠢᠯᠡᠭᠡ ᠪᠠᠨ ᠦᠷᠭᠦᠯᠵᠢᠯᠡᠨ ᠰᠠᠶᠢᠲᠤᠷ ᠬᠢᠵᠦ᠂ ᠬᠤᠳᠠᠯᠳᠤᠨ ᠠᠪᠬᠤ | ᠬᠤᠭᠤᠴᠠᠭ᠎ᠠ ᠳᠠᠭᠠᠨ ᠵᠣᠬᠢᠰᠲᠠᠶ ᠪᠠᠷ ᠤᠷᠲᠤᠳᠬᠠᠨ᠂ ᠬᠥᠮᠥᠷᠭᠡ ᠳᠤ ᠣᠷᠣᠭᠤᠯᠬᠤ ᠭᠠᠷᠲᠠᠮ ᠢᠶᠠᠨ ᠳᠥᠭᠦᠮᠴᠢᠯᠡᠵᠦ᠂ | ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠪᠠᠨ ᠢᠯᠡ ᠪᠣᠯᠭᠠᠵᠤ᠂ ᠣᠨᠣᠪᠴᠢᠲᠠᠢ ᠬᠡᠮᠵᠢᠬᠦ ᠶᠢ ᠪᠠᠲᠤᠯᠠᠵᠤ᠂ ᠳ᠋ᠦᠡᠭᠨᠡᠨ | ᠪᠤᠳᠤᠬᠤ ᠬᠤᠷᠳᠤᠴᠠ ᠪᠠᠨ ᠲᠦᠷᠭᠡᠳᠬᠡᠵᠦ᠂ ᠪᠣᠯᠵᠤᠭ᠎ᠠ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ | ᠲᠠᠷᠢᠶᠠᠴᠢᠳ ᠲᠥᠪᠯᠡᠷᠡᠨ ᠮᠦᠷᠯᠡᠨ ᠬᠦᠯᠢᠶᠡᠵᠦ ᠠᠮᠤ ᠪᠤᠳᠠᠭ᠎ᠠ ᠬᠤᠳᠠᠯᠳᠤᠬᠤ ᠶᠢ ᠪᠠᠭᠠᠰᠬᠠᠨ᠂ ᠠᠮᠤ ᠪᠤᠳᠠᠭ᠎ᠠ | ᠬᠤᠳᠠᠯᠳᠤᠬᠤ ᠲᠠᠷᠢᠶᠠᠴᠢᠳ ᠲᠤ ᠳᠥᠭᠦᠮ ᠦᠵᠡᠭᠦᠯᠬᠦ ᠬᠡᠷᠡᠭᠲᠡᠶ᠃ ᠲᠠᠷᠢᠶᠠᠴᠢᠳ ᠢ ᠰᠠᠨᠠᠭ᠎ᠠ ᠠᠮᠤᠷ ᠠᠮᠤ ᠪᠤᠳᠠᠭ᠎ᠠ | ᠬᠤᠳᠠᠯᠳᠤᠭᠤᠯᠵᠤ᠂ ᠠᠮᠤ ᠪᠤᠳᠠᠭ᠎ᠠ ᠬᠤᠳᠠᠯᠳᠤᠬᠤ ᠶᠢ ᠣᠶᠢᠯᠠᠭᠤᠯᠬᠤ ᠶᠢᠨ ᠲᠥᠯᠦᠭᠡ᠂ ᠰᠡᠷᠡᠯ ᠤᠨ ᠡᠷᠬᠡᠲᠡᠨ ᠢᠶᠠᠷ | ᠰᠢᠯᠭᠠᠨ ᠪᠠᠶᠢᠴᠠᠭᠠᠯᠲᠠ ᠬᠢᠬᠦ ᠶᠢ ᠳᠡᠪᠴᠢᠬᠦ ᠶᠢᠨ ᠵᠡᠷᠭᠡᠴᠡᠪᠡᠷ ᠬᠤᠳᠠᠯᠳᠤᠨ ᠠᠪᠬᠤ ᠲᠠᠯᠠᠪᠤᠷ ᠤᠨ ᠢᠯᠡ ᠲᠣᠳᠣ | ᠭᠠᠵᠠᠷ ᠠᠯᠪᠠᠨ ᠵᠠᠷ ᠨᠠᠭᠠᠵᠤ ᠬᠤᠳᠠᠯᠳᠤᠨ ᠠᠪᠬᠤ ᠲᠦᠷᠦᠯ ᠵᠦᠢᠯ᠂ ᠶᠠᠰᠤ ᠴᠢᠨᠠᠷ᠂ ᠦᠨ᠎ᠡ ᠬᠠᠩᠰᠢ᠂ ᠤᠰᠤᠴᠠ | ᠬᠤᠯᠢᠴᠠ ᠶᠢᠨ ᠨᠡᠮᠡᠵᠦ ᠬᠠᠰᠤᠬᠤ ᠬᠡᠮᠵᠢᠶ᠎ᠡ ᠦᠨ᠎ᠡ ᠨᠡᠮᠡᠵᠦ ᠬᠠᠰᠤᠬᠤ ᠠᠷᠭ᠎ᠠ᠂ ᠳ᠋ᠦᠩᠨᠡᠨ ᠪᠣᠳᠣᠬᠤ ᠠᠷᠭ᠎ᠠ᠂ | ᠠᠵᠢᠯᠯᠠᠭᠠᠨ ᠤ ᠳᠡᠰ ᠳᠠᠷᠠᠭᠠᠯᠠᠯ ᠵᠡᠷᠭᠡ ᠮᠡᠳᠡᠭᠡ ᠵᠠᠩᠭᠢ ᠶᠢ ᠢᠯᠡ ᠪᠠᠷ ᠨᠡᠶᠢᠲᠡᠯᠡᠵᠦ᠂ ᠲᠦᠷᠦ ᠶᠢᠨ ᠪᠤᠳᠤᠯᠭ᠎ᠠ ᠶᠢᠨ | ᠮᠠᠳᠠᠭ ᠲᠠᠢ ᠠᠰᠠᠭᠤᠳᠠᠯ ᠢ ᠲᠤᠬᠠᠶ ᠶᠢᠨ ᠲᠠᠯᠠᠪᠠᠢ ᠳᠤᠨᠢ ᠲᠠᠶᠢᠯᠪᠤᠷᠢᠯᠠᠵᠤ᠂ ᠦᠨᠡᠨᠴᠢ ᠰᠡᠳᠬᠢᠯ ᠡᠪᠦᠷᠯᠡᠨ᠂ | ᠬᠠᠷᠢᠭᠤᠴᠠᠯᠠᠭᠠᠲᠤ ᠣᠪᠣᠷ ᠢᠶᠠᠷ ᠬᠠᠨᠳᠤᠵᠤ᠂ ᠠᠮᠤ ᠪᠤᠳᠠᠭ᠎ᠠ ᠬᠤᠳᠠᠯᠳᠤᠬᠤ ᠲᠠᠷᠢᠶᠠᠴᠢᠳ ᠲᠤ | ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠵᠦ᠂ ᠨᠠᠮ ᠤᠨ ᠲᠥᠪ ᠬᠤᠷᠢᠶ᠎ᠡ ᠶᠢᠨ ᠬᠠᠯᠠᠮᠵᠢᠯᠠᠯ ᠪᠠ ᠤᠯᠤᠰ ᠤᠨ | ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠲᠦᠭ ᠲᠦᠮᠡᠨ ᠠᠶᠢᠯ ᠡᠷᠤᠬᠡ ᠳᠤ ᠬᠦᠷᠲᠡᠯ᠎ᠡ | ᠨᠠᠶᠢᠳᠠᠪᠤᠷᠢᠵᠢᠭᠤᠯᠬᠤ ᠬᠡᠷᠡᠭᠲᠡᠶ᠃ | | |