2015 ᠣᠨ ᠤ ᠲᠦᠷᠦᠭᠦᠦ ᠭᠤᠷᠪᠠᠨ ᠤᠯᠠᠷᠢᠯ ᠳᠤ᠂ ᠳᠤᠮᠳᠠᠳᠤ ᠤᠯᠤᠰ ᠤᠨ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠦᠬᠦ ᠲᠤᠭ᠎ᠠ 17.87 ᠲᠦᠮᠡᠨ ᠳ᠋ᠦᠩᠰᠢᠭᠤᠷ ᠠᠷᠠᠳ ᠤᠨ ᠵᠣᠭᠤᠰ | ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.9 % ᠪᠠᠷ ᠪᠠᠭᠤᠷᠠᠭᠰᠠᠨ ᠪᠠᠶᠢᠨ᠎ᠠ᠃ | ᠰᠤᠷᠪᠤᠯᠵᠢᠯᠠᠭᠴᠢ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ᠂ ᠪᠣᠭᠤᠮᠲᠠ᠂ ᠲᠤᠭ᠎ᠠ ᠪᠦᠷᠢᠳᠬᠡᠯ ᠵᠡᠷᠭᠡ | ᠰᠠᠯᠠᠭ᠎ᠠ ᠮᠥᠴᠢᠷ ᠠᠴᠠ ᠲᠦᠷᠦᠭᠦᠦ ᠭᠤᠷᠪᠠᠨ ᠤᠯᠠᠷᠢᠯ ᠤᠨ ᠡᠯ᠎ᠡ ᠭᠠᠵᠠᠷ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠪᠠᠶᠢᠳᠠᠯ ᠢ ᠡᠮᠬᠢᠯᠡᠨ ᠭᠠᠷᠭᠠᠪᠠ᠂ ᠨᠢᠩᠰᠢᠶᠠ᠂ ᠲᠥᠪᠡᠳ ᠤᠨ ᠲᠤᠭ᠎ᠠ ᠪᠠᠷᠢᠮᠲᠠ ᠲᠦᠷ | ᠦᠭᠡᠶ ᠪᠠᠶᠢᠬᠤ ᠶᠢ ᠭᠠᠷᠭᠠᠪᠠᠯ᠂ 22 ᠭᠠᠵᠠᠷ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠪᠦᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠤᠯᠠᠮᠵᠢᠯᠠᠯᠲᠤ ᠭᠠᠳᠠᠭᠠᠳᠤ | ᠠᠷᠠᠯᠵᠢᠶᠠᠨ ᠤ ᠶᠡᠭᠡ ᠮᠤᠵᠢ ᠳᠤ ᠪᠦᠬᠦᠨ ᠢᠶᠠᠷ ᠢᠶᠠᠨ ᠰᠥᠭᠡᠷᠭᠦ ᠨᠡᠮᠡᠭᠳᠡᠯ ᠭᠠᠷᠪᠠ᠃ ᠥᠪᠥᠷ ᠮᠣᠩᠭᠤᠯ ᠤᠨ | ᠲᠦᠷᠦᠭᠦᠦ ᠭᠤᠷᠪᠠᠨ ᠤᠯᠠᠷᠢᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠦᠬᠦ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 0.7 %ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠡᠶᠢᠲᠡᠯᠡᠭᠰᠡᠨ ᠭᠠᠵᠠᠷ | ᠣᠷᠣᠨ ᠤ 7 ᠳ᠋ᠤᠭᠠᠷ ᠲᠤ ᠵᠢᠭᠰᠠᠭᠠᠭᠳᠠᠪᠠ᠃ ᠡᠨᠡ ᠵᠢᠯ ᠠᠴᠠ ᠨᠠᠰᠢ᠂ ᠳᠡᠯᠡᠬᠡᠶ ᠶᠢᠨ ᠠᠵᠤ ᠠᠬᠤᠶ ᠶᠢᠨ ᠭᠦᠨᠵᠡᠭᠡᠶ | ᠳᠤᠬᠢᠷᠠᠭᠤᠯᠤᠯᠲᠠ ᠮᠥᠨ ᠬᠦ ᠦᠷᠬᠦᠯᠵᠢᠯᠡᠵᠦ᠂ ᠶᠡᠷᠦᠩᠬᠡᠶ ᠳᠡᠭᠡᠨ ᠰᠡᠷᠭᠦᠬᠦ ᠬᠦᠴᠦ ᠳᠤᠲᠠᠭᠳᠠᠵᠤ᠂ ᠢᠷᠡᠭᠡᠳᠦᠶ ᠶᠢᠨ | ᠲᠥᠯᠥᠪ ᠮᠥᠨ ᠬᠦ ᠲᠣᠳᠣᠷᠬᠠᠶ ᠪᠤᠰᠤ ᠪᠠᠶᠢᠬᠤ ᠪᠠ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ | ᠪᠠᠭᠤᠷᠠᠯᠲᠠ ᠶᠢᠨ ᠳᠠᠷᠤᠯᠲᠠ ᠴᠤ ᠨᠡᠯᠢᠶᠡᠳ ᠶᠡᠭᠡ ᠪᠠᠶᠢᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠨᠡᠮᠡᠭᠳᠡᠯ ᠤᠨ ᠬᠤᠷᠳᠤᠴᠠ ᠪᠠᠭ᠋ᠠᠨ ᠪᠠᠭᠤᠷᠠᠭᠰᠠᠨ ᠪᠠᠶᠢᠨ᠎ᠠ᠃ ᠪᠣᠭᠤᠮᠲᠠ ᠶᠢᠨ ᠪᠦᠷᠢᠳᠬᠡᠯ ᠢ | ᠦᠨᠳᠦᠰᠦᠯᠡᠪᠡᠯ᠂ 2015 ᠣᠨ ᠤ ᠲᠦᠷᠦᠭᠦᠦ ᠭᠤᠷᠪᠠᠨ ᠤᠯᠠᠷᠢᠯ ᠤᠨ ᠮᠠᠨ ᠤ ᠤᠯᠤᠰ ᠤᠨ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ 17.87 ᠲᠦᠮᠡᠨ ᠳ᠋ᠦᠩᠰᠢᠭᠤᠷ ᠠᠷᠠᠳ ᠤᠨ | ᠵᠣᠭᠤᠰ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.9 % ᠪᠠᠷ ᠪᠠᠭᠤᠷᠠᠭᠰᠠᠨ ᠪᠠᠶᠢᠨ᠎ᠠ᠃ | ᠡᠭᠦᠨ ᠳᠤ ᠭᠠᠳᠠᠭᠠᠳᠤ ᠳᠤ ᠭᠠᠷᠭᠠᠭᠰᠠᠨ ᠨᠢ 10.24 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ 1.8 % | ᠪᠠᠭᠤᠷᠠᠭᠰᠠᠨ ᠪᠠᠶᠢᠨ᠎ᠠ︔ ᠭᠠᠳᠠᠭᠠᠳᠤ ᠠᠴᠠ ᠤᠷᠤᠭᠤᠯᠠᠭᠰᠠᠨ ᠨᠢ 7.63 ᠲᠦᠮᠡᠨ ᠳ᠋ᠦᠩᠰᠢᠭᠤᠷ ᠲᠥᠭᠦᠷᠢᠭ | ᠪᠠᠶᠢᠵᠤ᠂ 15.1 % ᠪᠠᠭᠤᠷᠠᠪᠠ︔ ᠠᠷᠠᠯᠵᠢᠶᠠᠨ ᠤ ᠡᠶᠡᠷᠭᠦ ᠵᠥᠷᠢᠶ᠎ᠡ 2.61 ᠲᠦᠮᠡᠨ ᠳ᠋ᠦᠩᠰᠢᠭᠤᠷ ᠲᠥᠭᠦᠷᠢᠭ | ᠪᠠᠶᠢᠵᠤ᠂ 82.1% ᠶᠡᠬᠡᠰᠴᠡᠢ᠃ |