ᠥᠪᠥᠷ ᠵᠠᠰᠠᠭ ᠲᠠᠷᠬᠠᠭᠠᠭᠰᠠᠨ ﹇2015﹈ 49 ᠳ᠋ᠤᠭᠡᠷ ᠲᠤᠭᠠᠳᠤ | 2015 ᠣᠨ ᠤ 3 ᠳ᠋ᠤᠭᠠᠷ ᠰᠠᠷ᠎ᠠ ᠶᠢᠨ 25 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ | ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠪᠠ ᠦᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ 2015 | ᠣᠨ ᠤ ᠵᠠᠰᠠᠭ ᠤᠨ ᠣᠷᠳᠤᠨ ᠤ ᠠᠵᠢᠯ ᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠲᠤᠰᠠᠳᠠ᠂ ᠡᠳᠦᠭᠡ ︽ᠵᠠᠰᠠᠭ ᠤᠨ ᠣᠷᠳᠤᠨ ᠤ ᠠᠵᠢᠯ ᠤᠨ ᠢᠯᠡᠳᠭᠡᠯ | ︾ ᠳᠤ ᠲᠣᠭᠲᠠᠭᠠᠭᠰᠠᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠣᠬᠠᠢ ᠰᠠᠯᠠᠭ᠎ᠠ ᠮᠦᠴᠢᠷ ᠤᠳ ᠤᠨ | ᠠᠵᠢᠯ ᠤᠨ ᠬᠤᠪᠢᠶᠠᠷᠢᠯᠠᠯ ᠳᠤ ᠳᠤᠤᠷᠠᠬᠢ ᠮᠡᠲᠦ ᠰᠠᠨᠠᠯ ᠳᠤᠷᠠᠳᠪᠠ᠄ | ᠨᠢᠭᠡ᠂ ᠳᠣᠲᠤᠭᠠᠲᠤ ᠬᠡᠷᠡᠭᠴᠡᠭᠡ ᠶᠢ ᠥᠷᠭᠡᠳᠭᠡᠬᠦ ᠡᠨᠡᠬᠦ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠢ | ᠪᠠᠲᠤ ᠡᠵᠡᠮᠳᠡᠵᠦ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠴᠢᠷᠮᠠᠶᠢᠨ ᠪᠠᠲᠤᠯᠠᠨ᠎ᠠ | ︵ᠨᠢᠭᠡ︶ ᠪᠡᠯᠡ ᠣᠷᠤᠭᠤᠯᠤᠯᠲᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ | 1᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠡᠨᠧᠷᠬᠢ ᠡᠬᠢ ᠪᠠᠶᠠᠯᠢᠭ ᠤᠨ ᠲᠦᠷᠦᠯ ᠤᠨ | ᠲᠦᠷᠦᠯ ᠵᠦᠢᠯ ᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠲᠡᠰᠢ | ᠤᠷᠢᠳᠠᠪᠠᠷ ᠪᠠᠶᠢᠷᠢᠯᠠᠭᠤᠯᠬᠤ ᠶᠢ ᠳᠡᠮᠵᠢᠬᠦ ᠤᠯᠤᠰ ᠤᠨ ᠴᠢᠬᠤᠯᠠ ᠶᠡᠭᠡ ᠠᠵᠠ ᠳᠣᠬᠢᠶᠠᠯ ᠢ ᠠᠳᠬᠤᠵᠤ᠂ ᠤᠯᠤᠰ ᠤᠨ | ᠳᠡᠮᠵᠢᠯᠭᠡ ᠶᠢ ᠢᠳᠡᠪᠬᠢᠲᠡᠢ ᠴᠢᠷᠮᠠᠶᠢᠨ ᠤᠯᠣᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ | ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ᠂ ᠪᠤᠰᠤᠳ ᠰᠠᠯᠠᠭ᠎ᠠ ᠮᠦᠴᠢᠷ ᠤᠳ ᠢ | ᠨᠢᠭᠡᠳ ᠨᠢᠭᠡ ᠪᠠᠷ ᠵᠢᠭᠰᠠᠭᠠᠬᠤ ᠦᠭᠡᠢ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ | ᠬᠠᠷᠢᠭᠤᠴᠠᠬᠤ ᠬᠡᠷᠡᠭᠲᠡᠢ᠃ ᠵᠢᠭᠰᠠᠭᠠᠭᠰᠠᠨ ᠰᠠᠯᠠᠭ᠎ᠠ ᠮᠦᠴᠢᠷ ᠤᠳ ᠤᠨ ᠲᠦᠷᠦᠭᠦᠦ ᠪᠠᠶᠢᠷᠢᠨ ᠳᠤ ᠪᠠᠶᠢᠭ᠎ᠠ ᠨᠢ | ᠲᠦᠷᠦᠭᠦᠯᠡᠨ ᠬᠠᠷᠢᠭᠤᠴᠠᠬᠤ ᠰᠠᠯᠠᠭ᠎ᠠ ᠮᠦᠴᠢᠷ ᠪᠣᠯᠣᠨ᠎ᠠ᠂ ᠳᠤᠷᠤᠭᠰᠢ ᠠᠳᠠᠯᠢ︶ | 2᠂ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠤᠨ ᠣᠷᠳᠤᠨ ᠪᠡᠯᠡ ᠣᠷᠣᠭᠤᠯᠬᠤ᠂ ᠨᠡᠶᠢᠭᠡᠮ ᠪᠡᠯᠡ ᠣᠷᠣᠭᠤᠯᠬᠤ᠂ ᠬᠤᠳᠠᠯᠳᠤᠭᠠᠴᠢᠨ | ᠣᠷᠢᠵᠤ ᠪᠡᠯᠡ ᠣᠷᠣᠭᠤᠯᠬᠤ ᠶᠢᠨ ᠪᠦᠭᠡᠭᠡᠨᠡᠷᠡᠯ ᠤᠨ ᠦᠢᠯᠡᠳᠦᠯ ᠢ ᠪᠣᠢ ᠪᠣᠯᠭᠠᠨ᠎ᠠ᠃ ᠵᠠᠰᠠᠭ ᠤᠨ ᠣᠷᠳᠤᠨ ᠤ ᠪᠡᠯᠡ | ᠣᠷᠤᠭᠤᠯᠤᠯᠲᠠ ᠶᠢᠨ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ | ᠦᠢᠯᠡᠰ ᠤᠨ ᠬᠥᠭᠵᠢᠯᠲᠡ ᠶᠢᠨ ᠪᠡᠯᠡ ᠮᠦᠩᠭᠦ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠮᠦᠩᠭᠦ ᠶᠢ ᠪᠠᠶᠢᠭᠤᠯᠬᠤ ᠪᠠ ᠣᠨᠴᠠ ᠵᠥᠪᠰᠢᠶᠡᠷᠡᠭᠰᠡᠨ ᠡᠵᠡᠩᠨᠡᠯᠲᠡ᠂ ᠪᠡᠯᠡ ᠣᠷᠣᠭᠤᠯᠤᠯᠲᠠ ᠶᠢᠨ | ᠨᠦᠬᠦᠪᠦᠷᠢ᠂ ᠵᠠᠰᠠᠭ ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠦ᠂ | ᠨᠡᠶᠢᠭᠡᠮ ᠤᠨ ᠬᠦᠷᠦᠩᠭᠡ ᠶᠢᠨ ᠪᠡᠯᠡ ᠣᠷᠤᠭᠤᠯᠤᠯᠲᠠ ᠳᠤ ᠣᠷᠤᠯᠴᠠᠬᠤ ᠶᠢ ᠪᠦᠲᠦᠮᠵᠢᠲᠡᠢ ᠳᠠᠶᠢᠴᠢᠯᠡᠨ᠎ᠡ᠃ ︵ | ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 3᠂ ᠣᠯᠠᠨ ᠳᠡᠰ ᠳᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠢ ᠲᠦᠷᠭᠡᠳᠭᠡᠨ ᠪᠤᠶᠢᠵᠢᠭᠤᠯᠵᠤ᠂ | ᠰᠢᠭᠤᠳ ᠪᠡᠯᠡ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠷᠠᠳ ᠤᠨ ᠳᠤᠮᠳᠠᠬᠢ ᠬᠦᠷᠦᠩᠭᠡ | ᠮᠦᠩᠭᠦ ᠨᠦᠭᠦᠳ ᠠᠵᠤ ᠦᠢᠯᠡᠰ ᠲᠤ ᠪᠡᠯᠡ ᠣᠷᠤᠭᠤᠯᠬᠤ ᠪᠠ ᠰᠲ᠋ᠣᠺ ᠤᠨ ᠡᠷᠬᠡ ᠶᠢᠨ ᠪᠡᠯᠡ ᠣᠷᠣᠭᠤᠯᠬᠤ ᠰᠠᠭᠤᠷᠢ | ᠮᠦᠩᠭᠦ ᠡᠭᠦᠰᠭᠡᠨ ᠪᠠᠶᠢᠭᠤᠯᠬᠤ ᠶᠢ ᠵᠣᠷᠢᠬᠵᠢᠭᠤᠯᠵᠤ᠂ ᠵᠢᠭᠡᠯᠡᠯᠭᠡ ᠶᠢᠨ ᠲᠡᠮᠲᠡᠭᠲᠦ ᠲᠠᠷᠬᠠᠭᠠᠬᠤ ᠪᠠᠷ ᠳᠠᠮᠵᠢᠨ ᠪᠡᠯᠡ | ᠮᠦᠩᠭᠦ ᠴᠤᠭᠯᠠᠭᠤᠯᠤᠨ᠂ ᠨᠦᠬᠦᠴᠡᠯ ᠲᠠᠢ ᠳᠤᠮᠳᠠ ᠵᠢᠵᠢᠭ ᠠᠵᠤ ᠠᠬᠤᠶᠢᠯᠠᠯ ᠤᠨ ᠰᠲ᠋ᠣᠺ ᠤᠨ ᠡᠷᠬᠡ ᠪᠠᠷ ᠢᠶᠠᠨ | ᠪᠡᠯᠡ ᠲᠣᠬᠢᠷᠠᠭᠤᠯᠭ᠎ᠠ ᠬᠢᠬᠦ ᠶᠢ ᠳᠡᠮᠵᠢᠨ᠎ᠡ᠃ ︵ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠯᠪᠠᠨ | ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ | ᠠᠷᠠᠳ ᠤᠨ ᠪᠠᠩᠭᠢ ᠶᠢᠨ ᠬᠦᠬᠡᠬᠤᠲᠠ ᠳᠠᠬᠢ ᠲᠥᠪ ᠰᠠᠯᠪᠤᠷᠢ ᠪᠠᠩᠭᠢ᠂ ᠦᠪᠦᠷ ᠮᠣᠩᠭᠤᠯ ᠤᠨ ᠪᠠᠩᠭᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 4᠂ ᠵᠠᠰᠠᠭ ᠤᠨ ᠣᠷᠳᠤᠨ ᠪᠠ ᠨᠡᠶᠢᠭᠡᠮ ᠤᠨ ᠬᠦᠷᠦᠩᠭᠡ ᠮᠦᠩᠭᠦ ᠬᠤᠷᠰᠢᠯᠴᠠᠬᠤ ᠵᠠᠭᠪᠤᠷ ᠢ ᠶᠡᠬᠡᠪᠡᠷ | ᠳᠡᠯᠭᠡᠷᠡᠭᠦᠯᠵᠦ᠂ ᠦᠯᠡᠳᠡᠭᠡᠯ ᠬᠦᠷᠦᠩᠭᠡ ᠪᠠᠷ ᠰᠲ᠋ᠣᠺ ᠤᠨ ᠡᠷᠬᠡ ᠪᠣᠯᠭᠠᠵᠤ᠂ ᠪᠦᠲᠦᠭᠡᠨ ᠪᠠᠶᠢᠭᠤᠯᠬᠤ ᠡᠭᠦᠷᠭᠡ ᠪᠠᠷ | ᠪᠡᠯᠡ ᠮᠦᠩᠭᠦ ᠣᠷᠣᠭᠤᠯᠤᠨ ᠠᠪᠴᠢᠷᠠᠵᠤ᠂ ᠲᠤᠮᠤ ᠠᠵᠤ ᠠᠬᠤᠶᠢᠯᠠᠯ ᠯᠤᠭ᠎ᠠ ᠭᠦᠨᠵᠡᠭᠡᠢ ᠬᠤᠷᠰᠢᠯᠴᠠᠬᠤ ᠶᠢ | ᠴᠢᠩᠭᠠᠳᠬᠠᠨ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠭ᠎ᠠ ᠶᠢᠨ ᠵᠠᠭᠪᠤᠷ ᠲᠤ | ᠰᠢᠨ᠎ᠡ ᠶᠢ ᠡᠭᠦᠳᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ | ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ | ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 5᠂ ᠵᠠᠰᠠᠭ ᠤᠨ ᠣᠷᠳᠤᠨ ᠤ ᠴᠢᠨᠠᠷᠲᠠᠢ ᠳᠠᠭᠠᠭᠠᠯᠲᠠ ᠶᠢᠨ ᠪᠡᠯᠡ ᠮᠦᠩᠭᠦ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠢᠲᠡᠭᠡᠮᠵᠢ ᠶᠢᠨ ᠳᠠᠭᠠᠭᠠᠯᠲᠠ ᠬᠢᠬᠦ᠂ ᠵᠢᠭᠡᠯᠡᠯᠭᠡ ᠶᠢᠨ ᠳᠠᠮ ᠬᠦᠦ ᠥᠭᠬᠦ ᠵᠡᠷᠭᠡ ᠲᠥᠷᠥ ᠶᠢᠨ | ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠢ ᠪᠠᠳᠠᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠮᠦᠩᠭᠦᠨ ᠭᠦᠢᠯᠭᠡᠭᠡᠨ ᠤ ᠠᠯᠪᠠᠨ ᠭᠡᠷ ᠵᠡᠷᠭᠡ ᠨᠢᠭᠡᠴᠡ ᠠᠴᠠ ᠬᠠᠷᠢᠭᠤᠴᠠᠨ᠎ᠠ︶ | 6᠂ ᠪᠤᠬᠢᠷᠳᠤᠯ ᠭᠠᠳᠠᠭᠰᠢᠯᠠᠭᠤᠯᠬᠤ ᠡᠷᠬᠡ᠂ ᠰᠦᠢᠳᠭᠡᠯ ᠬᠤᠷᠢᠶᠠᠬᠤ ᠡᠷᠬᠡ᠂ ᠭᠠᠵᠠᠷ ᠰᠢᠷᠤᠢ ᠶᠢᠨ | ᠳᠠᠭᠠᠭᠠᠴᠢᠯᠠᠨ ᠡᠵᠡᠩᠨᠡᠬᠦ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢ ᠢᠳᠡᠪᠬᠢᠲᠡᠢ ᠦᠷᠨᠢᠭᠦᠯᠵᠦ᠂ ᠭᠠᠵᠠᠷ ᠰᠢᠷᠤᠢ᠂ | ᠠᠭᠤᠷᠬᠠᠢ ᠶᠢᠨ ᠦᠢᠯᠡᠰ ᠤᠨ ᠡᠷᠬᠡ ᠪᠠᠷ ᠪᠠᠷᠢᠴᠠᠭᠠᠯᠠᠵᠤ ᠪᠡᠯᠡ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ︵ | ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠠᠷᠠᠳ ᠤᠨ ᠪᠠᠩᠭᠢ ᠶᠢᠨ ᠬᠦᠬᠡᠬᠤᠲᠠ ᠳᠠᠬᠢ ᠲᠥᠪ | ᠰᠠᠯᠪᠤᠷᠢ ᠪᠠᠩᠭᠢ᠂ ᠦᠪᠦᠷ ᠮᠣᠩᠭᠤᠯ ᠤᠨ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠨᠢᠭᠡᠴᠡ ᠠᠴᠠ ᠬᠠᠷᠢᠭᠤᠴᠠᠨ᠎ᠠ︶ | ︵ᠬᠤᠶᠠᠷ︶ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | 7᠂ ᠪᠦᠲᠦᠴᠡ ᠪᠠᠨ ᠲᠣᠬᠢᠷᠠᠭᠤᠯᠬᠤ᠂ ᠬᠦᠷᠦᠯᠴᠡᠬᠦ ᠦᠭᠡᠢ ᠲᠠᠯ᠎ᠠ ᠪᠠᠨ ᠨᠦᠬᠦᠪᠦᠷᠢᠯᠡᠬᠦ ᠶᠢᠨ ᠲᠣᠭᠤᠷᠢᠨ ᠳᠤ | ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠨᠢᠭᠡ ᠪᠦᠯᠦᠭ ᠴᠢᠬᠤᠯᠠ ᠶᠡᠭᠡ ᠲᠦᠷᠦᠯ | ᠵᠦᠢᠯ ᠤᠳ ᠢ ᠲᠦᠷᠭᠡᠳᠭᠡᠨ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠴᠢᠷᠮᠠᠶᠢᠨ ᠨᠡᠮᠡᠭᠳᠡᠭᠦᠯᠵᠦ᠂ | ᠪᠦᠬᠦ ᠵᠢᠯ ᠳᠤ 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠬᠦ | ᠬᠡᠪᠴᠢᠶᠡᠵᠢᠯ ᠢ 1.5 ᠲᠦᠮᠡᠨ ᠳ᠋ᠦᠩᠰᠢᠭᠤᠷ ᠲᠦᠭᠦᠷᠢᠭ ᠲᠤ ᠬᠦᠷᠦᠭᠦᠯᠬᠦ ᠪᠠᠷ ᠴᠢᠷᠮᠠᠶᠢᠨ᠂ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 1.34 ᠲᠦᠮᠡᠨ ᠳ᠋ᠦᠩᠰᠢᠭᠤᠷ ᠲᠦᠭᠦᠷᠢᠭ ᠪᠡᠶᠡᠯᠡᠭᠦᠯᠦᠨ᠎ᠡ᠃ ︵ | ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠨ | ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠤᠭᠠᠷ ᠬᠠᠷᠢᠭᠤᠴᠠᠨ᠎ᠠ︶ | 8᠂ ᠪᠤᠭᠤᠳᠤ ᠶᠢᠨ ᠪᠣᠯᠣᠳ ᠲᠡᠮᠦᠷ ᠤᠨ ᠺᠤᠮᠫᠠᠨᠢ ᠶᠢᠨ 350 ᠲᠦᠮᠡᠨ ᠲᠤᠨ ᠬᠤᠪᠤᠷ ᠰᠢᠷᠦ᠋ᠢᠲᠤ ᠪᠤᠯᠣᠳ | ᠲᠡᠮᠦᠷ ᠤᠨ ᠭᠦᠢᠲᠡᠨ ᠬᠡᠪᠰᠢᠭᠦᠯᠭᠡ᠂ ᠣᠷᠳᠣᠰ ᠤᠨ ᠨᠡᠭᠦᠷᠡᠰᠦ ᠶᠢ ᠴᠡᠪᠡᠷᠰᠢᠭᠦᠯᠦᠨ ᠦᠨᠳᠦᠷ ᠪᠦᠲᠦᠮᠵᠢᠲᠡᠢ ᠪᠠᠷ | ᠠᠰᠢᠭᠯᠠᠬᠤ ᠵᠡᠷᠭᠡ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ | ᠪᠠᠶᠢᠭᠤᠯᠬᠤ 1000 ᠲᠦᠷᠦᠯ ᠵᠦᠢᠯ ᠢ ᠢᠳᠡᠪᠬᠢᠲᠡᠢ ᠲᠦᠯᠬᠢᠨ ᠠᠬᠢᠭᠤᠯᠵᠤ᠂ 400 ᠶᠢ ᠰᠢᠨ᠎ᠡ ᠪᠠᠷ | ᠠᠰᠢᠭᠯᠠᠯᠲᠠ ᠳᠤ ᠣᠷᠤᠭᠤᠯᠬᠤ ᠪᠠᠷ ᠴᠢᠷᠮᠠᠶᠢᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠦᠭᠡᠷᠡᠴᠢᠯᠡᠯᠲᠡ ᠬᠥᠭᠵᠢᠭᠦᠯᠦᠯᠲᠡ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ | ︶ | 9᠂ ᠰᠢᠯᠢ ᠶᠢᠨ ᠭᠤᠣᠯ ᠠᠴᠠ ᠵᠢᠨᠠᠨ ᠬᠦᠷᠬᠦ ᠣᠨᠴᠠ ᠦᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ | ᠳᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠯᠢ ᠶᠢᠨ | ᠭᠤᠣᠯ ᠠᠶᠢᠮᠠᠭ ᠠᠴᠠ ᠵᠢᠶᠠᠩᠰᠤ ᠬᠦᠷᠬᠦ᠂ ᠦᠪᠦᠷ ᠮᠣᠩᠭᠤᠯ ᠤᠨ ᠪᠠᠷᠠᠭᠤᠨ ᠬᠡᠰᠡᠭ ᠠᠴᠠ ᠲᠢᠶᠠᠨᠵᠢᠨ ᠤ ᠡᠮᠦᠨ᠎ᠡ | ᠬᠦᠷᠬᠦ᠂ ᠱᠠᠩᠬᠤ ᠰᠦᠮ᠎ᠡ ᠠᠴᠠ ᠱᠠᠨᠳᠦ᠋ᠩ ᠬᠦᠷᠬᠦ ᠵᠡᠷᠭᠡ ᠣᠨᠴᠠ ᠦᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ | ᠳᠠᠮᠵᠢᠭᠤᠯᠬᠤ ᠶᠢᠨ ᠨᠡᠪᠲᠡᠷᠡᠬᠦ ᠵᠠᠮ ᠤᠨ ᠡᠷᠲᠡᠬᠡᠨ ᠠᠵᠢᠯ ᠡᠬᠢᠯᠡᠭᠦᠯᠬᠦ ᠶᠢ ᠲᠦᠯᠬᠢᠨ ᠠᠬᠢᠭᠤᠯᠵᠤ᠂ ᠦᠪᠦᠷ | ᠮᠣᠩᠭᠤᠯ ᠤᠨ ᠪᠠᠷᠠᠭᠤᠨ ᠬᠡᠰᠡᠭ ᠠᠴᠠ ᠬᠤᠪᠧᠢ ᠶᠢᠨ ᠦᠬᠠᠨ ᠬᠦᠷᠬᠦ᠂ ᠲᠦᠩᠯᠢᠶᠣᠣ ᠶᠢᠨ ᠬᠤᠶᠢᠲᠤ ᠬᠡᠰᠡᠭ ᠠᠴᠠ | ᠾᠧᠨᠠᠨ ᠬᠦᠷᠬᠦ ᠣᠨᠴᠠ ᠦᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠳᠤ ᠰᠠᠭᠠᠳ ᠦᠭᠡᠢ | ᠨᠡᠪᠲᠡᠷᠡᠬᠦ ᠵᠠᠮ ᠢ ᠤᠯᠤᠰ ᠤᠨ ︽13 · 5︾ ᠶᠢᠨ ᠲᠦᠯᠦᠪᠵᠢᠭᠦᠯᠭᠡ ᠳᠤ ᠵᠢᠭᠰᠠᠭᠠᠨ ᠣᠷᠣᠭᠤᠯᠬᠤ ᠪᠠᠷ | ᠴᠢᠷᠮᠠᠶᠢᠨ᠎ᠠ᠃ ᠴᠠᠬᠢᠯᠭᠠᠨ ᠲᠣᠣᠷ ᠯᠤᠭ᠎ᠠ ᠳᠦᠬᠦᠷᠵᠢᠭᠦᠯᠦᠭᠰᠡᠨ ᠴᠠᠬᠢᠯᠭᠠᠨ ᠡᠭᠦᠰᠭᠡᠯ ᠤᠨ ᠭᠠᠵᠠᠷ ᠪᠠ ᠨᠠᠭᠦᠷᠡᠰᠦᠨ ᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠵᠡᠷᠭᠡᠪᠡᠷ ᠠᠵᠢᠯ ᠡᠬᠢᠯᠡᠭᠦᠯᠬᠦ᠂ ᠵᠡᠷᠭᠡᠪᠡᠷ | ᠪᠦᠲᠦᠭᠡᠨ ᠪᠠᠶᠢᠭᠤᠯᠬᠤ᠂ ᠵᠡᠷᠭᠡᠪᠡᠷ ᠦᠷ᠎ᠡ ᠪᠦᠲᠦᠮᠵᠢ ᠣᠯᠬᠤ ᠶᠢ ᠴᠢᠷᠮᠠᠶᠢᠨ ᠪᠡᠶᠡᠯᠡᠭᠦᠯᠦᠨ᠎ᠡ᠃ ︵ᠦᠪᠡᠷᠲᠡᠭᠡᠨ | ᠵᠠᠰᠬᠠᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ | ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 10᠂ ᠲᠥᠷᠭᠡᠨ ᠬᠤᠷᠳᠤ ᠶᠢᠨ ᠵᠠᠰᠠᠮᠠᠯ ᠵᠠᠮ᠂ ᠪᠤᠭᠤᠮᠲᠠ ᠶᠢᠨ ᠵᠠᠰᠠᠮᠠᠯ ᠵᠠᠮ᠂ ᠭᠤᠣᠯ ᠵᠠᠰᠠᠮᠠᠯ ᠵᠠᠮ ᠪᠠ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ | 700 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠲᠥᠷᠭᠡᠨ | ᠬᠤᠷᠳᠤ ᠶᠢᠨ ᠵᠠᠰᠠᠮᠠᠯ ᠵᠠᠮ ᠤᠨ ᠲᠡᠷᠭᠡ ᠨᠡᠪᠲᠡᠷᠡᠭᠦᠯᠬᠦ ᠵᠠᠮ ᠤᠨ ᠤᠷᠲᠤ ᠶᠢ 5000 ᠺᠢᠯᠣᠮᠧᠲᠷ ᠠᠴᠠ ᠳᠠᠪᠠᠭᠤᠯᠵᠤ᠂ | ᠪᠠᠷᠤᠭᠰᠢᠨ ᠱᠦᠢᠨᠢ ᠶᠢᠨ ᠵᠠᠮ ᠨᠡᠪᠲᠡᠷᠡᠬᠦ ᠭᠠᠴᠠᠭ᠎ᠠ ᠲᠤᠰᠬᠤᠨ ᠢ ᠰᠢᠨ᠎ᠡ ᠪᠠᠷ 1000 ᠨᠡᠮᠡᠭᠳᠡᠭᠦᠯᠵᠦ᠂ ᠭᠠᠴᠠᠭ᠎ᠠ | ᠲᠤᠰᠬᠤᠨ ᠤ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠬᠤ ᠡᠭᠦᠷᠭᠡ ᠶᠢ ᠨᠢᠭᠡ ᠵᠢᠯ ᠤᠷᠢᠳᠴᠢᠯᠡᠨ | ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠨᠢᠭᠡᠴᠡ ᠠᠴᠠ | ᠬᠠᠷᠢᠭᠤᠴᠠᠨ᠎ᠠ︶ | 11᠂ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ | ᠱᠤᠭᠤᠮ᠂ ᠬᠦᠬᠡᠬᠤᠲᠠ ᠠᠴᠠ ᠵᠡᠭᠦᠨᠭᠠᠷ ᠣᠷᠳᠤᠰ ᠬᠦᠷᠬᠦ ᠲᠥᠷᠭᠡᠨ ᠬᠤᠷᠳᠤ ᠶᠢᠨ ᠲᠡᠮᠦᠷ ᠵᠠᠮ ᠵᠡᠷᠭᠡ ᠪᠠᠶᠢᠭᠤᠯᠵᠤ | ᠪᠠᠶᠢᠭ᠎ᠠ ᠲᠦᠷᠦᠯ ᠵᠦᠢᠯ ᠤᠳ ᠢ ᠲᠦᠷᠭᠡᠳᠭᠡᠨ ᠠᠬᠢᠭᠤᠯᠵᠤ᠂ ᠲᠦᠩᠯᠢᠶᠣᠣ᠂ ᠤᠯᠠᠭᠠᠠᠬᠠᠳᠠ ᠠᠴᠠ ᠪᠡᠭᠡᠵᠢᠩ | ᠮᠦᠭᠳᠡᠨ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠡᠮᠦᠷ ᠵᠠᠮ ᠤᠨ ᠬᠤᠯᠪᠤᠬᠤ ᠲᠤᠰᠬᠠᠢ ᠱᠤᠭᠤᠮ ᠢ ᠠᠵᠢᠯ | ᠡᠬᠢᠯᠡᠭᠦᠯᠦᠨ ᠪᠠᠶᠢᠭᠤᠯᠵᠤ᠂ 350 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ ᠶᠢ ᠴᠢᠷᠮᠠᠶᠢᠨ | ᠪᠡᠶᠡᠯᠡᠭᠦᠯᠵᠦ᠂ 1600 ᠺᠢᠯᠣᠮᠧᠲᠷ ᠤᠷᠲᠤ ᠵᠠᠮ ᠢ ᠰᠢᠨ᠎ᠡ ᠪᠠᠷ ᠠᠵᠢᠯ ᠡᠬᠢᠯᠡᠭᠦᠯᠦᠨ᠎ᠡ᠃ ᠦᠪᠡᠷᠲᠡᠭᠡᠨ ᠵᠠᠰᠠᠬᠤ | ᠣᠷᠣᠨ ᠤ ᠵᠡᠭᠦᠨ ᠪᠠᠷᠠᠭᠤᠨ ᠬᠡᠰᠡᠭ ᠢ ᠲᠤᠭᠤᠯᠤᠭᠰᠠᠨ ᠲᠥᠷᠭᠡᠨ ᠬᠤᠷᠳᠤ ᠶᠢᠨ ᠲᠡᠮᠦᠷ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠰᠦᠪᠡᠭᠴᠢᠯᠡᠵᠦ᠂ | ᠮᠠᠨᠵᠣᠣᠷ ᠠᠴᠠ ᠬᠠᠶᠢᠯᠠᠷ ᠠᠴᠠ ᠤᠯᠠᠭᠠᠠᠬᠤᠲᠠ ᠠᠴᠠ ᠲᠦᠩᠯᠢᠶᠣᠣ ᠬᠦᠷᠬᠦ᠂ ᠰᠢᠯᠢ ᠶᠢᠨ ᠬᠤᠳᠠ ᠠᠴᠠ ᠴᠢᠭᠤᠯᠣᠯᠲᠣ | ᠬᠠᠭᠠᠯᠭ᠎ᠠ ᠬᠦᠷᠬᠦ᠂ ᠬᠦᠬᠡᠬᠤᠲᠠ ᠠᠴᠠ ᠢᠷᠭᠠᠢ ᠬᠦᠷᠬᠦ ᠵᠡᠷᠭᠡ ᠲᠥᠷᠭᠡᠨ ᠬᠤᠷᠳᠤ ᠶᠢᠨ ᠲᠡᠮᠦᠷ ᠵᠠᠮ ᠤᠨ ᠲᠦᠷᠦᠯ | ᠵᠦᠢᠯ ᠤᠳ ᠢ ᠤᠯᠤᠰ ᠤᠨ ︽13 · 5︾ ᠶᠢᠨ ᠲᠡᠮᠦᠷ ᠵᠠᠮ ᠤᠨ ᠲᠣᠣᠷ ᠤᠨ ᠲᠦᠯᠦᠪᠵᠢᠭᠦᠯᠭᠡ ᠳᠤ ᠵᠢᠭᠰᠠᠭᠠᠨ | ᠣᠷᠤᠭᠤᠯᠬᠤ ᠶᠢᠨ ᠬᠠᠮᠲᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠪᠦᠬᠦᠨ ᠢ ᠡᠬᠢᠯᠡᠭᠦᠯᠦᠨ᠎ᠡ᠃ ︵ᠦᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠬᠠᠷᠢᠭᠤᠴᠠᠨ᠎ᠠ︶ | 12᠂ ᠬᠦᠬᠡᠬᠤᠲᠠ ᠨᠢᠰᠬᠡᠯ ᠤᠨ ᠪᠠᠭᠤᠳᠠᠯ ᠤᠨ ᠨᠡᠭᠦᠯᠭᠡᠵᠦ ᠪᠠᠶᠢᠭᠤᠯᠬᠤ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠭᠡᠨ ᠠᠬᠢᠭᠤᠯᠵᠤ᠂ ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠢ 3 ᠪᠣᠯᠣᠨ ᠨᠡᠶᠢᠳᠡᠮ ᠬᠡᠷᠡᠭᠯᠡᠭᠡᠨ ᠤ | ᠨᠢᠰᠭᠡᠯ ᠤᠨ ᠪᠠᠭᠤᠳᠠᠯ ᠢ 8 ᠪᠠᠶᠢᠭᠤᠯᠵᠤ ᠳᠠᠭᠤᠰᠬᠠᠨ᠂ ᠪᠦᠬᠦ ᠣᠷᠣᠨ ᠤ ᠠᠷᠠᠳ ᠤᠨ ᠬᠡᠷᠡᠭᠯᠡᠭᠡᠨ ᠤ ᠨᠢᠰᠭᠡᠯ ᠤᠨ | ᠪᠠᠭᠤᠳᠠᠯ ᠤᠨ ᠶᠡᠷᠦᠩᠬᠡᠢ ᠲᠤᠭ᠎ᠠ ᠶᠢ 29 ᠳᠤ ᠬᠦᠷᠦᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠬᠠᠷᠢᠭᠤᠴᠠᠨ᠎ᠠ︶ | 13᠂ ᠲᠤᠮᠤ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠪᠠᠷ ᠨᠢᠷᠤᠭᠤᠪᠴᠢ ᠪᠣᠯᠭᠠᠵᠤ᠂ ︽ | ᠰᠠᠯᠪᠤᠷᠢ ᠵᠢᠵᠢᠭ︾ ᠢᠶᠠᠷ ᠨᠢ ᠬᠠᠷᠢᠯᠴᠠᠨ ᠳᠦᠬᠦᠷᠵᠢᠭᠦᠯᠦᠭᠰᠡᠨ ᠤᠰᠤᠨ ᠤ ᠲᠤᠯᠭᠠᠭᠤᠷᠢᠯᠠᠬᠤ ᠰᠢᠰᠲ᠋ᠧᠮᠵᠢ ᠶᠢ | ᠲᠦᠷᠭᠡᠳᠭᠡᠨ ᠪᠠᠶᠢᠭᠤᠯᠵᠤ᠂ ᠤᠯᠤᠰ ᠤᠨ ᠲᠦᠯᠦᠪᠵᠢᠭᠦᠯᠭᠡ ᠳᠤ ᠵᠢᠭᠰᠠᠭᠠᠨ ᠣᠷᠣᠭᠤᠯᠤᠭᠰᠠᠨ 12 ᠵᠦᠢᠯ ᠤᠨ | ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ︵ | ᠦᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 14᠂ ᠬᠤᠲᠠ ᠪᠠᠯᠭᠠᠰᠤ ᠶᠢᠨ ᠭᠠᠵᠠᠷ ᠳᠣᠣᠷᠠᠬᠢ ᠬᠤᠭᠤᠯᠠᠢ ᠭᠤᠣᠷᠰᠤ ᠶᠢᠨ ᠲᠣᠣᠷ ᠢ ᠦᠭᠡᠷᠡᠴᠢᠯᠡᠨ | ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠢᠭᠡ ᠪᠦᠯᠦᠭ ᠬᠤᠲᠠ ᠶᠢᠨ ᠰᠠᠭᠤᠷᠢ ᠪᠡᠯᠡᠳᠭᠡᠮᠵᠢ ᠶᠢᠨ ᠲᠦᠷᠦᠯ | ᠵᠦᠢᠯ ᠤᠳ ᠢ ᠲᠦᠷᠭᠡᠳᠭᠡᠨ ᠪᠠᠶᠢᠭᠤᠯᠵᠤ᠂ 700 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ ᠶᠢ | ᠴᠢᠷᠮᠠᠶᠢᠨ ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠨᠢᠭᠡᠴᠡ ᠠᠴᠠ | ᠬᠠᠷᠢᠭᠤᠴᠠᠨ᠎ᠠ︶ | ︵ᠭᠤᠷᠪᠠ︶ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠥᠷᠭᠡᠳᠭᠡᠨ᠎ᠡ᠃ | 15᠂ ᠰᠠᠭᠤᠭᠠᠯᠢ ᠠᠷᠠᠳ ᠤᠨ ᠬᠡᠷᠡᠭᠯᠡᠭᠡ ᠶᠢ ᠵᠣᠷᠢᠬᠵᠢᠭᠤᠯᠬᠤ ᠲᠠᠯ᠎ᠠ ᠪᠠᠷ ᠬᠢ ᠡᠳ᠋ ᠤᠨ ᠵᠠᠰᠠᠭ ᠤᠨ ᠭᠠᠶᠢᠯᠢ | ᠂ ᠢᠲᠡᠭᠡᠮᠵᠢᠲᠦ ᠵᠢᠭᠡᠯᠡᠯᠭᠡ ᠪᠠ ᠢᠲᠡᠭᠡᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠳᠠᠯᠳᠤᠭᠠᠨ ᠤ | ᠶᠠᠪᠤᠳᠠᠯ ᠤᠨ ᠬᠡᠷᠡᠭᠯᠡᠭᠡ ᠶᠢ ᠬᠥᠭᠵᠢᠭᠡᠨ᠂ ᠣᠷᠣᠨ ᠰᠠᠭᠤᠴᠠ ᠶᠢᠨ ᠬᠡᠷᠡᠭᠯᠡᠭᠡ ᠶᠢ ᠨᠡᠮᠡᠭᠳᠡᠭᠦᠯᠵᠦ᠂ ᠰᠤᠷᠭᠠᠨ | ᠬᠦᠮᠦᠵᠢᠯ ᠰᠤᠶᠤᠯ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠳᠡᠭᠡᠭᠰᠢᠯᠡᠭᠦᠯᠦᠨ᠂ ᠵᠢᠭᠤᠯᠴᠢᠯᠠᠯ ᠵᠤᠭᠠᠴᠠᠯ ᠤᠨ | ᠬᠡᠷᠡᠭᠯᠡᠭᠡ ᠶᠢ ᠳᠡᠰ ᠳᠡᠪᠰᠢᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠭᠡᠨ᠂ ᠨᠠᠰᠤᠵᠢᠯ | ᠡᠷᠡᠭᠦᠯᠵᠢᠯ ᠭᠡᠷ ᠤᠨ ᠠᠳᠠᠯ ᠠᠬᠤᠢ ᠶᠢᠨ ᠬᠡᠷᠡᠭᠯᠡᠭᠡ ᠳᠤ ᠰᠡᠲᠦᠯᠲᠡ ᠥᠭᠴᠦ᠂ ᠣᠯᠠᠨ ᠲᠠᠯ᠎ᠠ ᠪᠠᠷ | ᠲᠤᠯᠭᠠᠭᠤᠷᠢᠯᠠᠭᠰᠠᠨ ᠬᠡᠷᠡᠭᠯᠡᠭᠡᠨ ᠤ ᠨᠡᠮᠡᠭᠳᠡᠯ ᠤᠨ ᠲᠦᠯᠥᠪ ᠪᠠᠶᠢᠳᠠᠯ ᠢ ᠴᠣᠭᠴᠠᠯᠠᠨ ᠪᠠᠶᠢᠭᠤᠯᠤᠨ᠎ᠠ᠃ ︵ᠦᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠮᠦᠩᠭᠦᠨ | ᠭᠦᠢᠯᠭᠡᠭᠡᠨ ᠤ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠰᠤᠶᠤᠯ ᠤᠨ ᠲᠢᠩᠬᠢᠮ᠂ ᠪᠡᠶ᠎ᠡ ᠶᠢᠨ | ᠲᠠᠮᠢᠷ ᠤᠨ ᠲᠣᠪᠴᠢᠶ᠎ᠠ᠂ ᠵᠢᠭᠤᠯᠴᠢᠯᠠᠯ ᠤᠨ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ | ᠠᠷᠠᠳ ᠤᠨ ᠶᠠᠪᠤᠳᠠᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 16᠂ ᠦᠢᠯᠡᠳᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠵᠢᠷᠤᠮᠵᠢᠭᠤᠯᠵᠤ᠂ ᠪᠠᠷᠠᠭᠠᠨ ᠤ ᠦᠨ᠎ᠡ ᠶᠢᠨ ᠶᠡᠷᠦᠩᠬᠡᠢ ᠬᠢᠷᠢ | ᠲᠥᠪᠰᠢᠨ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠷᠢᠮᠲᠠᠯᠠᠨ᠂ ᠳᠦᠭᠦᠮ ᠠᠮᠦᠷ ᠲᠥᠪᠰᠢᠨ | ᠢᠲᠡᠭᠡᠮᠵᠢᠲᠡᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ︵ᠦᠪᠡᠷᠲᠡᠭᠡᠨ ᠵᠠᠰᠬᠠᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠶᠠᠰᠤ ᠴᠢᠨᠠᠷ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ | ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 17᠂ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠯᠭᠡᠭᠡᠨ ᠤ ᠠᠷᠭ᠎ᠠ ᠮᠠᠶ᠋ᠢᠭ | ᠪᠠ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠳᠤ ᠰᠢᠨ᠎ᠡ ᠶᠢ ᠡᠭᠦᠳᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ | ᠵᠡᠷᠭᠡ ᠬᠤᠳᠠᠯᠳᠤᠭᠠᠨ ᠤ ᠦᠢᠯᠡᠰ ᠤᠨ ᠵᠠᠭᠪᠤᠷ ᠢ ᠶᠡᠬᠡᠪᠡᠷ ᠬᠥᠭᠵᠢᠭᠦᠯᠵᠦ᠂ ᠦᠪᠡᠷᠮᠢᠴᠡ᠂ ᠣᠯᠠᠨ ᠶᠠᠩᠵᠤ ᠶᠢᠨ | ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠎ᠠ᠃ ᠵᠢᠭᠤᠯᠴᠢᠯᠠᠯ᠂ ᠰᠤᠶᠤᠯ ᠵᠡᠷᠭᠡ ᠶᠢᠨ ᠬᠠᠮᠢᠶ᠎ᠠ | ᠪᠦᠬᠦᠢ ᠠᠵᠤ ᠦᠢᠯᠡᠰ ᠯᠦᠭᠡ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠶᠡᠬᠡᠪᠡᠷ ᠨᠡᠭᠡᠭᠡᠨ ᠥᠷᠭᠡᠳᠭᠡᠵᠦ᠂ ᠬᠡᠷᠡᠭᠯᠡᠭᠡ ᠶᠢᠨ ᠰᠢᠨ᠎ᠡ ᠨᠡᠮᠡᠭᠳᠡᠯ | ᠴᠡᠭ ᠢ ᠪᠤᠶᠢᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠰᠤᠶᠤᠯ ᠤᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ | ᠨᠢᠭᠡᠴᠡ ᠠᠴᠠ ᠬᠠᠷᠢᠭᠤᠴᠠᠨ᠎ᠠ︶ | ︵ᠳᠥᠷᠪᠡ︶ ᠠᠵᠤ ᠠᠬᠤᠢ ᠶᠢᠨ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠤᠨ᠎ᠠ᠃ | 18᠂ ᠠᠵᠤ ᠦᠢᠯᠡᠳᠪᠦᠷᠢ ᠶᠢᠨ ᠠᠵᠢᠯᠯᠠᠭᠠᠨ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ | ᠲᠣᠭᠲᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ | ᠴᠢᠩᠭᠠᠳᠬᠠᠨ᠂ ᠠᠵᠤ ᠠᠬᠤᠶᠢᠯᠠᠯ ᠢ ᠬᠠᠪᠰᠤᠷᠴᠤ ᠳᠠᠷᠤᠭᠠᠰᠤ ᠶᠢ ᠨᠢ ᠬᠦᠩᠭᠡᠷᠡᠭᠦᠯᠦᠨ ᠦᠷ᠎ᠡ ᠠᠰᠢᠭ ᠢ ᠨᠢ | ᠨᠡᠮᠡᠭᠳᠡᠭᠦᠯᠵᠦ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠶᠢ ᠲᠣᠭᠲᠠᠪᠤᠷᠢᠵᠢᠭᠤᠯᠤᠨ᠎ᠠ᠃ ︵ᠦᠪᠡᠷᠲᠡᠭᠡᠨ ᠵᠠᠰᠠᠬᠤ | ᠣᠷᠣᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ | ᠂ ᠲᠤᠭ᠎ᠠ ᠪᠦᠷᠢᠳᠭᠡᠯ ᠤᠨ ᠲᠣᠪᠴᠢᠶ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 19᠂ ᠨᠡᠭᠦᠷᠡᠰᠦᠨ ᠤ ᠭᠠᠷᠤᠯᠲᠠ ᠶᠢ ᠬᠢᠵᠠᠭᠠᠷᠯᠠᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠠᠬᠢᠯᠭᠠᠨ ᠭᠠᠷᠭᠠᠬᠤ ᠨᠡᠭᠦᠷᠡᠰᠦ ᠶᠢ ᠤᠷᠲᠤ | ᠬᠤᠭᠤᠴᠠᠭ᠎ᠠ ᠪᠠᠷ ᠲᠣᠭᠲᠠᠭᠤᠨ ᠬᠠᠩᠭᠠᠬᠤ ᠬᠠᠮᠲᠤᠷᠠᠯᠴᠠᠭᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠤᠨ᠂ | ᠨᠡᠭᠦᠷᠡᠰᠦᠨ ᠤ ᠭᠠᠷᠤᠯᠲᠠ ᠪᠠ ᠪᠣᠷᠤᠯᠠᠭᠤᠯᠭ᠎ᠠ ᠶᠢᠨ ᠣᠷᠣᠨ ᠪᠦᠰᠡ ᠶᠢᠨ ᠬᠠᠮᠲᠤᠷᠠᠨ ᠬᠦᠳᠡᠯᠦᠯᠴᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠨᠡᠭᠦᠷᠡᠰᠦᠨ ᠤ ᠠᠵᠢᠯ ᠲᠦᠷᠦᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠴᠠᠬᠢᠯᠭᠠᠨ ᠬᠦᠴᠦᠨ ᠢ ᠶᠡᠷᠦᠩᠬᠡᠶᠢᠯᠡᠨ ᠲᠡᠳᠭᠦᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠥᠷᠲᠡᠭ ᠢ | ᠪᠦᠲᠦᠮᠵᠢᠲᠡᠢ ᠪᠠᠭᠤᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ | ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 20᠂ ᠠᠵᠤ ᠠᠬᠤᠶᠢᠯᠠᠯ ᠳᠤ ᠬᠤᠯᠪᠤᠭᠳᠠᠬᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ | ᠨᠡᠶᠢᠲᠡᠯᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠪᠤᠰᠤᠳ ᠰᠦᠢᠳᠭᠡᠯ ᠬᠤᠷᠢᠶᠠᠬᠤ ᠵᠦᠢᠯ ᠦᠭᠡᠢ ᠪᠣᠯᠭᠠᠬᠤ ᠶᠢ | ᠦᠨᠡᠨᠬᠦ ᠭᠦᠢᠴᠡᠳᠭᠡᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠬᠠᠤᠯᠢ ᠳᠦᠷᠢᠮ ᠤᠨ ᠠᠯᠪᠠᠨ ᠭᠡᠷ ᠵᠡᠷᠭᠡ ᠨᠢᠭᠡᠴᠡ ᠠᠴᠠ ᠬᠠᠷᠢᠭᠤᠴᠠᠨ᠎ᠠ︶ | ᠬᠤᠶᠠᠷ᠂ ᠠᠵᠤ ᠠᠬᠤᠢ ᠶᠢᠨ ᠪᠦᠲᠦᠴᠡ ᠶᠢ ᠬᠦᠴᠦᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠠᠵᠤ | ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠭᠡᠨ ᠬᠤᠪᠢᠷᠠᠭᠤᠯᠤᠨ᠎ᠠ | ︵ᠲᠠᠪᠤ︶ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ | ᠲᠦᠯᠬᠢᠨ ᠠᠬᠢᠭᠤᠯᠤᠨ᠎ᠠ᠃ | 21᠂ ︽ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ | ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠠᠵᠤ ᠦᠢᠯᠡᠰ ᠤᠨ ᠨᠠᠷᠢᠯᠢᠬ ᠭᠦᠨ ᠡᠳ᠋ᠰᠢᠭᠦᠯᠬᠦ | ᠬᠡᠮᠵᠢᠶ᠎ᠠ ᠶᠢ ᠳᠡᠭᠡᠭᠰᠢᠯᠡᠭᠦᠯᠬᠦ ᠪᠠᠷ ᠭᠤᠣᠯ ᠰᠢᠪᠲᠤᠯᠠᠯᠲᠠ ᠶᠢᠨ ᠴᠢᠭᠯᠡᠯ ᠪᠣᠯᠭᠠᠵᠤ᠂ ᠣᠯᠠᠨ ᠡᠰᠢᠵᠢᠨ ᠬᠥᠭᠵᠢᠭᠰᠡᠨ | ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ᠂ ᠰᠤᠶᠤᠯ ᠤᠨ ᠲᠢᠩᠬᠢᠮ ᠵᠡᠷᠭᠡ | ᠨᠢᠭᠡᠴᠡ ᠠᠴᠠ ᠬᠠᠷᠢᠭᠤᠴᠠᠨ᠎ᠠ︶ | 22᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠬᠡᠯᠪᠡᠷᠢᠵᠢᠯᠲᠡ ᠶᠢ ᠲᠦᠷᠭᠡᠳᠭᠡᠨ᠂ ᠨᠡᠭᠦᠷᠡᠰᠦᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠬᠢᠬᠡᠳ ᠳᠣᠣᠷ᠎ᠠ ᠬᠡᠯᠬᠢᠶᠡᠨ ᠤ ᠬᠤᠪᠢᠷᠠᠭᠤᠯᠬᠤ ᠠᠵᠤ ᠠᠬᠤᠶᠢᠯᠠᠯ ᠯᠤᠭ᠎ᠠ | ᠭᠦᠨᠵᠡᠭᠡᠢ ᠬᠠᠮᠵᠢᠯᠴᠠᠬᠤ᠂ ᠪᠠᠶᠢᠯᠳᠤᠬᠤ ᠪᠣᠳᠣᠯᠭ᠎ᠠ ᠶᠢᠨ ᠲᠠᠬᠢᠵᠦ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ | ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠤᠯᠪᠤᠭᠠᠯᠠᠨ ᠬᠥᠭᠵᠢᠬᠦ ᠶᠢ ᠬᠡᠷᠡᠭᠵᠢᠭᠦᠯᠵᠦ᠂ | ᠨᠡᠭᠦᠷᠡᠰᠦ ᠶᠢ ᠲᠣᠬᠠᠢ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠎ᠡ᠃ | ᠨᠡᠭᠦᠷᠡᠰᠦ ᠴᠠᠬᠢᠯᠭᠠᠨ ᠲᠡᠮᠦᠷᠯᠢᠭ᠂ ᠨᠡᠭᠦᠷᠡᠰᠦ ᠴᠠᠬᠢᠯᠭᠠᠨ ᠬᠢᠮᠢ᠂ ᠨᠡᠭᠦᠷᠡᠰᠦ ᠴᠠᠬᠢᠯᠭᠠᠨ ᠴᠠᠬᠢᠭᠤᠷ ᠵᠡᠷᠭᠡ | ᠣᠨᠴᠠᠯᠢᠭᠲᠤ ᠠᠵᠤ ᠦᠢᠯᠡᠰ ᠤᠨ ᠬᠡᠯᠬᠢᠶᠡᠵᠢᠯ ᠤᠨ ᠬᠡᠪᠴᠢᠶ᠎ᠡ ᠶᠢ ᠥᠷᠭᠡᠳᠭᠡᠵᠦ᠂ ᠦᠪᠡᠷ ᠤᠨ ᠥᠷᠲᠡᠭ ᠤᠨ ᠬᠢᠨᠢ | ᠦᠷᠢᠰᠦᠯᠳᠦᠭᠡᠨ ᠤ ᠰᠢᠨ᠎ᠡ ᠳᠠᠪᠠᠭᠤᠯᠢᠭ ᠢ ᠪᠣᠯᠭᠠᠨ᠎ᠠ᠃ ᠪᠣᠯᠣᠳ ᠲᠡᠮᠦᠷ᠂ ᠦᠩᠭᠡᠲᠦ ᠲᠡᠮᠦᠷᠯᠢᠭ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠳᠡᠰ ᠳᠡᠪᠰᠢᠭᠦᠯᠬᠦ ᠶᠢ ᠠᠬᠢᠭᠤᠯᠵᠤ᠂ ᠬᠤᠪᠤᠷ ᠰᠢᠷᠦ᠋ᠢᠲᠦ ᠪᠣᠯᠣᠳ᠂ ᠬᠦᠩᠭᠡᠨ ᠴᠠᠭᠠᠨ ᠤ ᠰᠡᠭᠦᠯᠴᠢ ᠶᠢᠨ | ᠡᠳ᠋ᠰᠢᠭᠦᠯᠦᠯ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠵᠡᠷᠭᠡ ᠳᠤᠮᠳᠠ | ᠳᠡᠭᠡᠳᠦ ᠳᠡᠰ ᠤᠨ ᠦᠢᠯᠡᠳᠭᠦᠨ ᠢ ᠲᠦᠷᠭᠡᠳᠭᠡᠨ ᠬᠥᠭᠵᠢᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ | ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 23᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠡᠪᠴᠢᠶᠡᠵᠢᠯ ᠢ ᠲᠦᠯᠬᠢᠨ ᠠᠬᠢᠭᠤᠯᠵᠤ᠂ ᠣᠳᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠪᠣᠵᠠᠭᠠᠶᠢᠷᠠᠭᠤᠯᠤᠨ᠂ ᠨᠡᠭᠦᠷᠡᠰᠦ ᠪᠠᠷ ᠠᠯᠺᠧᠨ | ᠦᠢᠯᠡᠳᠪᠦᠷᠢᠯᠡᠬᠦ 220 ᠲᠦᠮᠡᠨ ᠲᠤᠨ᠂ ᠨᠡᠭᠦᠷᠡᠰᠦ ᠶᠢ ᠬᠡᠢ ᠪᠣᠯᠭᠠᠬᠤ 280 ᠳ᠋ᠦᠩᠰᠢᠭᠤᠷ ᠪᠤᠰᠤᠭ᠎ᠠ | ᠳᠦᠷᠪᠡᠯᠵᠢᠨ ᠮᠧᠲᠷ᠂ ᠨᠡᠭᠦᠷᠡᠰᠦ ᠪᠠᠷ ᠲᠤᠰᠤ ᠦᠢᠯᠡᠳᠪᠦᠷᠢᠯᠡᠬᠦ 416 ᠲᠦᠮᠡᠨ ᠲᠤᠨ ᠤ ᠪᠠᠷᠢᠯᠭ᠎ᠠ ᠶᠢ ᠰᠢᠨ᠎ᠡ ᠪᠠᠷ | ᠡᠬᠢᠯᠡᠭᠦᠯᠬᠦ ᠪᠠᠷ ᠴᠢᠷᠮᠡᠶᠢᠨ᠎ᠠ᠃ ᠡᠭᠦᠯᠡᠨ ᠪᠣᠳᠣᠯᠲᠠ ᠪᠠᠷ ᠭᠤᠣᠯᠳᠠᠯᠭ᠎ᠠ ᠪᠣᠯᠭᠠᠭᠰᠠᠨ ᠮᠡᠳᠡᠭᠡ ᠵᠠᠩᠭᠢᠵᠢᠭᠤᠯᠬᠤ ᠶᠢᠨ | ᠰᠠᠭᠤᠷᠢ ᠪᠡᠯᠡᠳᠭᠡᠮᠵᠢ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ | ᠵᠠᠩᠬᠢᠵᠢᠯᠲᠠ ᠪᠠ ᠠᠵᠤ ᠦᠢᠯᠡᠳᠪᠦᠷᠢᠴᠢᠯᠡᠯ ᠢ ᠠᠭᠤᠰᠤᠯᠴᠠᠭᠤᠯᠬᠤ ︽ᠬᠤᠶᠠᠷᠵᠢᠯᠲᠠ︾ ᠶᠢᠨ ᠠᠭᠤᠰᠤᠯᠴᠠᠬᠤ | ᠰᠠᠭᠤᠷᠢ ᠶᠢ ᠪᠠᠬᠢᠵᠢᠭᠦᠯᠦᠨ᠎ᠡ᠃ ᠲᠡᠷᠢᠭᠦᠨ ᠤ ᠲᠤᠨᠤᠭ ᠲᠥᠭᠦᠭᠡᠷᠦᠮᠵᠢ ᠦᠢᠯᠡᠳᠬᠦ᠂ ᠬᠤᠪᠣᠷ ᠰᠢᠷᠤᠢ ᠶᠢᠨ ᠰᠢᠨ᠎ᠡ | ᠮᠠᠲ᠋ᠧᠷᠢᠶᠠᠯ᠂ ᠴᠡᠪᠡᠷ ᠡᠨᠧᠷᠬᠢ ᠵᠡᠷᠭᠡ ᠠᠵᠤ ᠦᠢᠯᠡᠰ ᠢ ᠲᠦᠷᠭᠡᠳᠭᠡᠨ ᠬᠥᠭᠵᠢᠭᠦᠯᠵᠦ᠂ ᠭᠤᠣᠯᠳᠠᠯᠭ᠎ᠠ ᠲᠠᠢ ᠠᠵᠤ | ᠦᠢᠯᠡᠰ ᠤᠨ ᠬᠦᠷᠢᠶᠡᠯᠡᠩ ᠲᠤᠭᠤᠷᠢᠭ ᠲᠤ ᠲᠦᠰᠢᠭᠯᠡᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ | ᠬᠥᠭᠵᠢᠭᠦᠯᠵᠦ᠂ ᠳᠦᠬᠦᠷᠵᠢᠭᠰᠡᠨ᠂ ᠤᠷᠲᠤᠳᠬᠠᠵᠢᠭᠰᠠᠨ ᠪᠠ ᠬᠡᠷᠡᠭᠯᠡᠭᠡᠨ ᠤ ᠦᠢᠯᠡᠴᠢᠯᠡᠭᠡ ᠶᠢ ᠠᠬᠢᠭᠤᠯᠤᠨ᠂ ᠠᠵᠤ | ᠦᠢᠯᠡᠰ ᠤᠨ ᠪᠦᠭᠡᠭᠡᠨᠡᠷᠡᠨ ᠬᠥᠭᠵᠢᠬᠦ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠵᠡᠷᠭᠡ | ᠨᠢᠭᠡᠴᠡ ᠠᠴᠠ ᠬᠠᠷᠢᠭᠤᠴᠠᠨ᠎ᠠ︶ | 24᠂ ᠲᠤᠯᠭᠠᠭᠤᠷᠢ ᠠᠵᠤ ᠦᠢᠯᠡᠰ ᠤᠨ ᠣᠯᠠᠨ ᠡᠰᠢᠵᠢᠯᠡᠯᠲᠡ ᠶᠢ ᠠᠬᠢᠭᠤᠯᠵᠤ᠂ ᠰᠢᠨ᠎ᠡ ᠦᠢᠯᠡᠳᠭᠦᠨ᠂ | ᠰᠢᠨ᠎ᠡ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠥᠭᠵᠢᠭᠦᠯᠦᠨ᠂ ᠡᠨᠧᠷᠬᠢ ᠠᠷᠪᠢᠯᠠᠵᠤ ᠣᠷᠴᠢᠨ ᠲᠤᠭᠤᠷᠢᠨ ᠢ | ᠬᠠᠮᠠᠭᠠᠯᠠᠬᠤ ᠵᠡᠷᠭᠡ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠪᠣᠵᠠᠭᠠᠶᠢᠷᠠᠨ ᠬᠦᠴᠦᠷᠭᠡᠭᠵᠢᠬᠦ ᠶᠢ ᠢᠳᠡᠪᠬᠢᠲᠡᠢ | ᠲᠡᠳᠭᠦᠨ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠵᠢᠷᠭᠤᠭ᠎ᠠ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ ᠪᠣᠵᠠᠭᠠᠶᠢᠷᠠᠭᠤᠯᠤᠨ᠎ᠠ᠃ | 25᠂ ᠶᠡᠷᠦᠩᠬᠡᠢ ᠭᠡᠯᠲᠡᠰ ᠤᠨ ᠰᠠᠭᠤᠷᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ᠂ | ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠤᠭᠴᠠᠯᠠᠬᠤ | ᠬᠦᠷᠢᠶᠡᠯᠠᠩ ᠲᠤᠭᠤᠷᠢᠭ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠢᠭᠡ ᠪᠦᠯᠦᠭ ᠬᠡᠪᠴᠢᠶ᠎ᠡ ᠪᠠᠷ ᠨᠡᠯᠢᠶᠡᠳ ᠶᠡᠭᠡ᠂ ᠨᠦᠯᠦᠭᠡᠯᠡᠨ ᠳᠠᠶᠢᠴᠢᠯᠠᠬᠤ ᠬᠦᠴᠦᠨ ᠢᠶᠠᠷ ᠨᠡᠯᠢᠶᠡᠳ ᠴᠢᠩᠭ᠎ᠠ | ᠪᠦᠬᠦᠢ ᠦᠢᠯᠡᠴᠢᠯᠡᠭᠡᠨ ᠤ ᠦᠢᠯᠡᠰ ᠤᠨ ᠴᠤᠭᠯᠠᠷᠠᠯ ᠲᠣᠭᠤᠷᠢᠭ ᠢ ᠪᠣᠢ ᠪᠣᠯᠭᠠᠨ᠎ᠠ᠃ ︵ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ | ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠢᠭᠤᠯᠴᠢᠯᠠᠯ ᠤᠨ ᠲᠤᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 26᠂ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠬᠦᠷᠦᠩᠭᠡ | ᠮᠦᠩᠭᠦ ᠶᠢ ᠬᠦᠲᠦᠯᠦᠨ ᠵᠢᠯᠤᠭᠤᠳᠴᠤ ᠪᠠᠶᠢᠭᠠᠳ ᠭᠤᠣᠯᠳᠠᠯᠭ᠎ᠠ ᠲᠠᠢ ᠬᠦᠷᠢᠶᠡᠨ ᠳᠤ ᠣᠷᠤᠭᠤᠯᠤᠨ᠂ ᠵᠠᠰᠠᠭ ᠤᠨ | ᠣᠷᠳᠤᠨ ᠤ ᠨᠡᠶᠢᠭᠡᠮ ᠠᠴᠠ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠶᠢ ᠥᠷᠭᠡᠳᠭᠡᠨ᠎ᠡ᠃ | ᠬᠦᠬᠡᠬᠤᠲᠠ ᠳᠠᠬᠢ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠢ ᠦᠷᠭᠦᠯᠵᠢᠯᠡᠨ ᠰᠠᠶᠢᠲᠤᠷ ᠠᠳᠬᠤᠵᠤ᠂ ᠦᠪᠡᠷᠲᠡᠭᠡᠨ ᠵᠠᠰᠠᠬᠤ ᠣᠷᠣᠨ ᠤ | ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠳᠤ ᠰᠢᠨ᠎ᠡ ᠶᠢ ᠡᠭᠦᠳᠬᠦ ᠲᠣᠷᠰᠢᠯᠲᠠ ᠶᠢᠨ ᠴᠢᠬ ᠢ ᠡᠬᠢᠯᠡᠭᠦᠯᠦᠨ᠎ᠡ᠃ | ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 27᠂ ᠷᠠᠰᠢᠶᠠᠨ ᠳᠠᠬᠢ ᠤᠯᠤᠰ ᠤᠨ ᠵᠢᠭᠤᠯᠴᠢᠯᠠᠯ ᠢᠶᠠᠷ ᠶᠠᠳᠠᠭᠤ ᠶᠢ ᠲᠡᠳᠭᠦᠬᠦ ᠲᠣᠷᠰᠢᠯᠲᠠ ᠶᠢᠨ ᠲᠣᠭᠤᠷᠢᠭ | ᠪᠠ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠲᠦᠯᠬᠢᠨ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠷᠢ | ᠬᠡᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠲᠣᠪᠴᠢᠶ᠎ᠠ ᠠᠴᠠ ᠬᠠᠷᠢᠭᠤᠴᠠᠨ᠎ᠠ︶ | 28᠂ ᠦᠢᠯᠡᠴᠢᠯᠡᠭᠡᠨ ᠤ ᠦᠢᠯᠡᠰ ᠤᠨ ᠭᠠᠳᠠᠭᠰᠢ ᠨᠡᠭᠡᠭᠡᠯᠲᠡ ᠬᠢᠬᠦ ᠶᠢ ᠥᠷᠭᠡᠳᠭᠡᠵᠦ᠂ ᠬᠥᠷᠰᠢ ᠵᠡᠷᠭᠡᠯᠡᠳᠡᠭᠡ | ᠮᠤᠵᠢ ︵ᠣᠷᠣᠨ᠂ ᠬᠤᠲᠠ︶ ᠵᠢᠴᠢ ᠣᠷᠣᠰ ᠮᠤᠩᠭᠤᠯ ᠵᠡᠷᠭᠡ ᠤᠯᠤᠰ ᠯᠤᠭ᠎ᠠ ᠶᠢᠨ ᠠᠷᠠᠯᠵᠢᠶ᠎ᠠ ᠬᠤᠳᠠᠯᠳᠤᠭ᠎ᠠ᠂ | ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠰᠤᠶᠤᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠳᠠᠬᠢ | ᠬᠠᠮᠲᠤᠷᠠᠨ ᠠᠵᠢᠯᠯᠠᠬᠤ ᠪᠠᠨ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠵᠢᠭᠤᠯᠴᠢᠯᠠᠯ ᠤᠨ ᠲᠣᠪᠴᠢᠶ᠎ᠠ᠂ ᠰᠤᠶᠤᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ | ᠨᠢᠭᠡᠴᠡ ᠠᠴᠠ ᠬᠠᠷᠢᠭᠤᠴᠠᠨ᠎ᠠ︶ | ︵ᠳᠤᠯᠤᠭ᠎ᠠ︶ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ | 29᠂ ᠰᠢᠨ᠎ᠡ ᠶᠢ ᠡᠭᠦᠳᠬᠦ ᠮᠠᠶ᠋ᠢᠭ ᠤᠨ ᠦᠪᠦᠷ ᠮᠣᠩᠭᠤᠯ ᠢ ᠪᠦᠲᠦᠭᠡᠨ ᠪᠠᠶᠢᠭᠤᠯᠬᠤ ᠪᠠᠨ ᠲᠦᠷᠭᠡᠳᠭᠡᠵᠦ᠂ | ᠠᠵᠤ ᠠᠬᠤᠢ ᠶᠢᠨ ᠨᠡᠮᠡᠭᠳᠡᠯ ᠢ ᠪᠡᠯᠡ ᠣᠷᠣᠭᠤᠯᠤᠯᠲᠠ ᠪᠠ ᠬᠦᠴᠦᠨ ᠵᠦᠢᠯ ᠢᠶᠠᠷ ᠬᠦᠳᠡᠯᠭᠡᠭᠦᠷ ᠪᠣᠯᠭᠠᠵᠤ | ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ︵ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠦᠷᠦᠭᠦᠯᠡᠨ | ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠤᠭᠠᠷ ᠬᠠᠷᠢᠭᠤᠴᠠᠨ᠎ᠠ︶ | 30᠂ ᠲᠥᠷᠥ ᠶᠢᠨ ᠪᠣᠳᠣᠯᠭ᠎ᠠ ᠪᠠᠷ ᠳᠡᠮᠵᠢᠨ ᠲᠡᠳᠭᠦᠬᠦ ᠪᠠ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ | ᠂ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠭᠤᠣᠯ ᠴᠤᠭᠴᠠ ᠶᠢᠨ | ᠦᠢᠯᠡᠳᠦᠯ ᠢ ᠪᠠᠳᠠᠷᠠᠭᠤᠯᠤᠨ᠂ ᠭᠤᠣᠯᠯᠠᠬᠤ ᠮᠡᠷᠭᠡᠵᠢᠯ ᠢ ᠡᠵᠡᠮᠰᠢᠭᠰᠡᠨ᠂ ᠠᠵᠢᠯ ᠲᠦᠷᠦᠯ ᠤᠨ ᠬᠥᠭᠵᠢᠯᠲᠡ ᠶᠢ | ᠬᠦᠲᠦᠯᠦᠨ ᠵᠢᠯᠤᠭᠤᠳᠬᠤ ᠨᠢᠭᠡ ᠪᠦᠯᠦᠭ ᠰᠢᠨ᠎ᠡ ᠶᠢ ᠡᠭᠦᠳᠬᠦ ᠮᠠᠶ᠋ᠢᠭ ᠤᠨ ᠲᠤᠮᠤ ᠠᠵᠤ ᠠᠬᠤᠶᠢᠯᠠᠯ ᠢ ᠴᠣᠭᠴᠠᠯᠠᠨ | ᠪᠠᠶᠢᠭᠤᠯᠵᠤ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠲᠠᠢ | ᠳᠤᠮᠳᠠ ᠵᠢᠵᠢᠭ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ︵ | ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠥᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 31᠂ ᠮᠡᠷᠭᠡᠵᠢᠯ ᠤᠨ ᠰᠢᠨ᠎ᠡ ᠡᠭᠦᠳᠦᠯᠲᠡ ᠶᠢ ᠶᠡᠬᠡᠪᠡᠷ ᠲᠦᠯᠬᠢᠨ ᠠᠬᠢᠭᠤᠯᠵᠤ᠂ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠲᠤᠰᠬᠠᠢ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠪᠡᠷ ᠡᠨᠧᠷᠬᠢ᠂ ᠣᠳᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠡᠨᠧᠷᠬᠢ ᠠᠷᠪᠢᠯᠠᠨ ᠣᠷᠴᠢᠨ ᠲᠣᠭᠤᠷᠢᠨ ᠤ ᠬᠠᠮᠠᠭᠠᠯᠠᠯᠲᠠ᠂ | ᠠᠮᠢᠳᠤ ᠪᠣᠳᠠᠰ ᠤᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠠᠬᠢ ᠵᠠᠩᠬᠢᠯᠠᠭ᠎ᠠ ᠶᠢᠨ | ᠨᠡᠶᠢᠲᠡᠴᠢ ᠴᠢᠨᠠᠷ ᠲᠠᠢ ᠮᠡᠷᠭᠡᠵᠢᠯ ᠤᠨ ᠪᠤᠭᠤᠮᠲᠠ ᠰᠢᠪᠲᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠤᠨ | ᠭᠤᠣᠯ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠢ | ᠴᠢᠬᠤᠯᠠᠴᠢᠯᠠᠵᠤ᠂ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠪᠡᠯᠡᠳᠭᠡᠮᠵᠢ᠂ ᠰᠢᠨ᠎ᠡ ᠶᠢ ᠡᠭᠦᠳᠬᠦ ᠲᠡᠪᠴᠡᠩ ᠪᠠ | ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠡᠬᠢᠯᠡᠭᠦᠯᠦᠨ᠎ᠡ᠃ ᠰᠢᠨᠵᠢᠯᠡᠬᠦ ᠣᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢᠶᠠᠨ ᠦᠭᠡᠷᠡᠴᠢᠯᠡᠵᠦ᠂ | ᠰᠢᠨᠵᠢᠯᠡᠬᠦ ᠣᠬᠠᠭᠠᠨ ᠮᠡᠷᠭᠡᠵᠢᠯ ᠬᠢᠭᠡᠳ ᠠᠵᠤ ᠠᠬᠤᠢ ᠶᠢᠨ ᠤᠶᠠᠯᠳᠤᠯ ᠢ ᠠᠬᠢᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠵᠡᠷᠭᠡ | ᠨᠢᠭᠡᠴᠡ ᠠᠴᠠ ᠬᠠᠷᠢᠭᠤᠴᠠᠨ᠎ᠠ︶ | 32᠂ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ | ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠠᠵᠢᠯᠯᠠᠭ᠎ᠠ ᠳᠤ ᠡᠷᠡᠰ ᠴᠤᠬᠢᠯᠲᠠ ᠥᠭᠬᠦ ᠬᠡᠷᠡᠭᠲᠡᠢ᠃ ︵ᠦᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠤᠨ ᠲᠤᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠲᠤᠳᠤᠭᠠᠲᠤ ᠶᠢ ᠬᠠᠮᠠᠭᠠᠯᠠᠬᠤ | ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 33᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠭᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠦᠨᠵᠡᠭᠡᠢ | ᠬᠡᠷᠡᠭᠵᠢᠭᠦᠯᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠨᠢᠭᠡ ᠪᠦᠯᠦᠭ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠬᠡᠯᠪᠡᠷᠢ ᠶᠢᠨ ᠳᠡᠭᠡᠳᠦ ᠱᠠᠲᠤ | ᠳᠡᠰ ᠤᠨ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠪᠠ ᠤᠷᠢᠨ ᠣᠷᠤᠭᠤᠯᠤᠨ᠎ᠠ᠃ ︵ᠦᠪᠡᠷᠲᠡᠭᠡᠨ ᠵᠠᠰᠠᠬᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | ᠭᠤᠷᠪᠠ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠦᠲᠦᠭᠡᠨ ᠪᠠᠶᠢᠭᠤᠯᠬᠤ ᠶᠢᠨ | ᠲᠤᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠦᠨᠡᠨᠬᠦ ᠬᠤᠪᠢᠷᠠᠭᠤᠯᠤᠨ᠎ᠠ | | ︵ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | 34᠂ ᠵᠠᠭᠤᠨ ᠳ᠋ᠦᠩᠰᠢᠭᠤᠷ ᠵᠢᠩ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠲᠦᠯᠦᠪᠵᠢᠭᠦᠯᠭᠡ ᠶᠢ | ᠦᠷᠭᠦᠯᠵᠢᠯᠡᠨ ᠬᠡᠷᠡᠭᠵᠢᠭᠦᠯᠵᠦ᠂ ᠪᠦᠬᠦ ᠵᠢᠯ ᠳᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 450 ᠲᠦᠮᠡᠨ | ᠮᠦ᠂ ᠦᠨᠳᠦᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ 400 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ | ᠠᠮᠤ ᠪᠤᠳᠠᠭ᠎ᠠ ᠲᠠᠷᠢᠬᠤ ᠶᠡᠷᠦᠩᠬᠡᠢ ᠲᠠᠯᠠᠪᠠᠢ ᠶᠢ 8000 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ | ᠶᠡᠷᠦᠩᠬᠡᠢ ᠤᠨᠠᠯᠲᠠ ᠶᠢ 550 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ | ᠪᠠᠲᠤᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠵᠡᠷᠭᠡ ᠨᠢᠭᠡᠴᠡ ᠠᠴᠠ | ᠬᠠᠷᠢᠭᠤᠴᠠᠨ᠎ᠠ︶ | 35᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ | ᠭᠠᠵᠠᠷ ᠤᠨ ᠲᠤᠭ᠎ᠠ ᠬᠡᠮᠵᠢᠶᠡᠨ ᠤ ᠤᠯᠠᠭᠠᠨ ᠱᠤᠭᠤᠮ ᠪᠠ ᠶᠠᠰᠤ ᠴᠢᠨᠠᠷ ᠤᠨ ᠬᠢᠵᠠᠭᠠᠷ ᠱᠤᠭᠤᠮ ᠢ ᠡᠷᠡᠰ ᠰᠠᠬᠢᠵᠤ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢ ᠲᠦᠷᠭᠡᠳᠭᠡᠨ᠂ ᠠᠮᠤ ᠪᠣᠳᠠᠭᠠᠨ ᠤ | ᠦᠢᠯᠡᠳᠪᠦᠷᠢᠯᠡᠯ ᠤᠨ ᠦᠨᠳᠦᠰᠦ ᠰᠠᠭᠤᠷᠢ ᠶᠢ ᠨᠢ ᠪᠠᠬᠢᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠨ᠎ᠠ︶ | 36᠂ ᠲᠠᠷᠢᠮᠠᠯ ᠤᠨ ᠦᠢᠯᠡᠰ ᠤᠨ ᠪᠦᠲᠦᠴᠡ ᠶᠢ ︽ᠦᠢᠯᠡᠳᠪᠦᠷᠢᠯᠡᠯ ᠢᠶᠠᠷ ᠤᠳᠤᠷᠢᠳᠤᠮᠵᠢ ᠪᠣᠯᠭᠠᠬᠤ︾ | ᠠᠴᠠ ︽ᠬᠡᠷᠡᠭᠯᠡᠭᠡ ᠪᠠᠷ ᠤᠳᠤᠷᠢᠳᠤᠮᠵᠢ ᠪᠣᠯᠭᠠᠬᠤ︾ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠥᠷᠨᠢᠭᠦᠨ ᠪᠠᠶᠢᠬᠤ ᠪᠤᠬᠢᠷᠳᠤᠯ ᠦᠭᠡᠢ ᠤᠷᠭᠠᠨᠢᠭ ᠪᠦᠲᠦᠭᠡᠭᠳᠡᠭᠦᠨ ᠢ | ᠲᠦᠷᠭᠡᠳᠭᠡᠨ ᠬᠥᠭᠵᠢᠭᠦᠯᠵᠦ᠂ ᠴᠢᠨᠠᠷᠯᠢᠭ ᠦᠨᠳᠦᠷ ᠤᠨᠠᠯᠲᠠ ᠲᠠᠢ ᠦᠨᠳᠦᠷ ᠦᠷ᠎ᠡ ᠠᠰᠢᠭ ᠲᠠᠢ ᠲᠠᠷᠢᠮᠠᠯ ᠤᠨ | ᠵᠦᠢᠯ ᠪᠠ ᠲᠡᠵᠢᠭᠡᠯ ᠪᠣᠷᠳᠤᠭ᠎ᠠ ᠶᠢᠨ ᠲᠠᠷᠢᠮᠠᠯ ᠤᠨ ᠲᠠᠯᠠᠪᠠᠢ ᠶᠢ ᠥᠷᠭᠡᠳᠭᠡᠨ᠂ ᠪᠡᠯᠡᠳᠭᠡᠮᠵᠢᠲᠦ ᠲᠠᠷᠢᠶᠠᠯᠠᠩ | ᠢᠯᠠᠩᠭᠤᠶ᠎ᠠ ᠲᠤᠮᠤ ᠳᠤᠮᠳᠠ ᠵᠡᠷᠭᠡ ᠶᠢᠨ ᠬᠤᠲᠠ ᠶᠢᠨ ᠢᠳᠡᠰᠢᠨ ᠨᠤᠭᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠴᠢᠨᠠᠷᠯᠢᠭ ᠲᠦᠮᠦᠰᠦ ᠶᠢᠨ ᠦᠷ᠎ᠡ ᠶᠢᠨ ᠴᠢᠳᠠᠮᠵᠢᠲᠦ ᠣᠷᠣᠨ ᠪᠠ | ᠲᠠᠷᠢᠮᠠᠯ ᠤᠨ ᠵᠦᠢᠯᠡᠰ ᠤᠨ ᠡᠳ᠋ᠰᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ | ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 37᠂ ︽ᠠᠮᠤ ᠪᠤᠳᠠᠭᠠᠨ ᠤ ᠠᠮᠦᠷ ᠲᠥᠪᠰᠢᠨ ᠤ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠵᠤ᠂ ᠠᠮᠤ | ᠪᠤᠳᠠᠭ᠎ᠠ ᠶᠢᠨ ᠬᠦᠮᠦᠷᠭᠡᠯᠡᠨ ᠬᠠᠳᠠᠭᠠᠯᠠᠬᠤ ᠪᠠ ᠭᠦᠢᠯᠭᠡᠭᠡᠨ ᠤ ᠰᠠᠭᠤᠷᠢ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠲᠤᠪᠴᠢᠶ᠎ᠠ ᠠᠴᠠ ᠬᠠᠷᠢᠭᠤᠴᠠᠨ᠎ᠠ︶ | 38᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠬᠤᠣᠰ ᠵᠠᠭᠤ | ᠮᠢᠩᠭᠠᠨ ᠲᠦᠮᠡ︾ ᠶᠢᠨ ᠦᠨᠳᠦᠷ ᠭᠠᠷᠤᠯᠲᠠ ᠶᠢ ᠡᠭᠦᠳᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠮᠠᠯ ᠤᠨ ᠡᠭᠦᠯᠳᠡᠷ ᠰᠠᠶᠢᠵᠢᠷᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠮᠠᠯ ᠤᠨ ᠪᠤᠳᠠᠭᠠᠯᠢ ᠪᠡᠶ᠎ᠡ ᠶᠢᠨ | ᠭᠠᠷᠤᠯᠲᠠ ᠶᠢ ᠳᠡᠭᠡᠭᠰᠢᠯᠡᠭᠦᠯᠵᠦ᠂ ᠦᠷ᠎ᠡ ᠠᠰᠢᠭ ᠢ ᠨᠢ ᠨᠡᠮᠡᠭᠳᠡᠭᠦᠯᠦᠨ᠎ᠡ᠃ ᠲᠠᠷᠢᠶᠠᠯᠠᠬᠤ ᠣᠷᠣᠨ ᠤ ᠮᠠᠯ ᠠᠵᠤ | ᠠᠬᠤᠢ ᠶᠢ ᠲᠦᠷᠭᠡᠳᠭᠡᠨ ᠬᠥᠭᠵᠢᠭᠦᠯᠵᠦ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ | ᠦᠢᠯᠡᠰ ᠢ ᠢᠳᠡᠪᠬᠢᠲᠡᠢ ᠳᠡᠯᠭᠡᠷᠡᠭᠦᠯᠦᠨ᠎ᠡ᠃ ᠪᠡᠯᠴᠢᠭᠡᠷ ᠤᠨ ᠮᠠᠯ ᠠᠵᠤ ᠠᠬᠤᠢ ᠶᠢ ᠲᠣᠭᠲᠠᠭᠤᠨ ᠢᠶᠠᠷ ᠬᠥᠭᠵᠢᠭᠦᠯᠵᠦ | ᠂ ᠠᠮᠢ ᠠᠬᠤᠢ ᠶᠢᠨ ᠡᠪᠡᠰᠦᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ | ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠭᠠᠢ ᠭᠠᠮᠰᠢᠭ ᠢ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠶᠢᠰᠦ︶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | 39᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠵᠦ | ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠠᠵᠤ | ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠳᠠᠪᠠᠭᠤᠯᠢᠭ ᠠᠵᠤ ᠦᠢᠯᠡᠰ ᠤᠨ ᠪᠦᠰᠡ ᠶᠢ ᠴᠣᠭᠴᠠᠯᠠᠨ᠂ ᠠᠵᠤ ᠦᠢᠯᠡᠰ ᠤᠨ ᠲᠦᠪᠯᠡᠷᠡᠬᠦ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃ ᠬᠦᠲᠦᠴᠢ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ ᠪᠣᠵᠠᠭᠠᠶᠢᠷᠠᠭᠤᠯᠵᠤ᠂ ᠠᠵᠤ | ᠦᠢᠯᠡᠰ ᠤᠨ ᠬᠡᠯᠬᠢᠶᠡᠵᠢᠯ᠂ ᠦᠨ᠎ᠡ ᠥᠷᠲᠡᠭ ᠤᠨ ᠬᠡᠯᠬᠢᠶᠡᠵᠢᠯ ᠵᠡᠷᠭᠡ ᠣᠳᠣ ᠦᠶ᠎ᠡ ᠶᠢᠨ ᠠᠵᠤ ᠦᠢᠯᠡᠰ ᠤᠨ | ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ | ᠬᠦᠲᠦᠯᠦᠨ ᠣᠷᠤᠭᠤᠯᠵᠤ᠂ ᠠᠵᠤ ᠦᠢᠯᠡᠰ ᠤᠨ ᠪᠦᠭᠡᠭᠡᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ︵ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 40᠂ ᠵᠠᠬ᠎ᠠ ᠳᠡᠯᠭᠡᠭᠦᠷ ᠢᠶᠠᠷ ᠭᠤᠣᠯᠯᠠᠭᠤᠯᠬᠤ᠂ ᠵᠠᠰᠠᠭ ᠤᠨ ᠣᠷᠳᠤᠨ ᠬᠦᠲᠦᠯᠦᠨ ᠵᠢᠯᠤᠭᠤᠳᠬᠤ ᠶᠢ | ᠪᠠᠷᠢᠮᠲᠠᠯᠠᠵᠤ᠂ ᠬᠦᠲᠦᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠪᠠᠷ ᠢᠶᠠᠨ | ᠬᠤᠯᠪᠣᠯᠳᠤᠬᠤ ᠲᠣᠭᠲᠠᠴᠠ ᠶᠢ ᠲᠡᠭᠦᠯᠳᠡᠷᠵᠢᠭᠦᠯᠦᠨ᠂ ᠪᠦᠲᠦᠮᠵᠢᠲᠡᠢ ᠠᠰᠢᠭ ᠲᠤᠰᠠ ᠪᠠᠷ ᠢᠶᠠᠨ ᠬᠤᠯᠪᠣᠯᠳᠤᠬᠤ | ᠵᠠᠭᠪᠣᠷ ᠢ ᠲᠣᠬᠠᠢ ᠶᠢᠨ ᠭᠠᠵᠠᠷ ᠣᠷᠣᠨ ᠤ ᠣᠨᠴᠠᠯᠢᠭ ᠲᠤᠨᠢ ᠲᠣᠬᠢᠷᠠᠭᠤᠯᠤᠨ ᠳᠡᠯᠭᠡᠷᠡᠭᠦᠯᠵᠦ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠣᠳᠣ ᠦᠶ᠎ᠡ ᠶᠢᠨ ᠡᠵᠡᠩᠨᠡᠯᠲᠡ ᠪᠣᠷᠤᠯᠠᠭᠤᠯᠭ᠎ᠠ ᠶᠢᠨ ᠰᠢᠰᠲ᠋ᠧᠮᠵᠢ ᠶᠢ | ᠪᠠᠶᠢᠭᠤᠯᠤᠨ᠂ ᠮᠠᠯᠴᠢᠨ ᠲᠠᠷᠢᠶᠠᠴᠢᠳ ᠲᠤ ᠠᠵᠤ ᠦᠢᠯᠡᠰᠵᠢᠭᠰᠡᠨ ᠡᠵᠩᠨᠡᠯᠲᠡ ᠠᠴᠠ ᠨᠡᠩ ᠶᠡᠭᠡ ᠪᠤᠳᠠᠳᠤ ᠠᠰᠢᠭ ᠢ | ᠬᠦᠷᠲᠡᠭᠡᠨ᠎ᠡ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠩᠭᠠᠨ ᠪᠤᠷᠤᠯᠠᠭᠤᠯᠬᠤ ᠬᠤᠯᠪᠣᠭᠠᠲᠤ ᠬᠤᠷᠰᠢᠶ᠎ᠠ ᠵᠡᠷᠭᠡ ᠨᠢᠭᠡᠴᠡ ᠠᠴᠠ | ᠬᠠᠷᠢᠭᠤᠴᠠᠨ᠎ᠠ︶ | 41᠂ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠦᠷᠦᠯ ᠲᠡᠮᠲᠡᠭᠲᠦ ᠶᠢᠨ ᠪᠠᠶᠢᠭᠤᠯᠤᠯᠲᠠ ᠶᠢ | ᠴᠢᠩᠭᠠᠳᠬᠠᠵᠤ᠂ ᠣᠣᠯ ᠭᠠᠷᠤᠯᠲᠠ ᠶᠢᠨ ᠣᠷᠣᠨ ᠤ ᠬᠠᠮᠠᠭᠠᠯᠠᠯᠲᠠ ᠪᠠ ᠪᠤᠬᠢᠷᠳᠤᠯ ᠦᠭᠡᠢ᠂ ᠤᠷᠭᠠᠨᠢᠭ᠂ | ᠨᠡᠶᠢᠲᠡ ᠳᠤ ᠬᠤᠤᠷᠳᠠᠬᠳᠠᠯ ᠦᠭᠡᠢ ᠪᠦᠲᠦᠭᠡᠭᠳᠡᠭᠦᠨ ᠤ ᠭᠡᠷᠡᠴᠢᠯᠡᠯ ᠢ ᠰᠠᠶᠢᠲᠤᠷ ᠬᠢᠵᠦ᠂ ᠨᠡᠩ ᠣᠯᠠᠨ ᠨᠡᠷᠡᠲᠦ | ᠲᠦᠷᠦᠯ ᠲᠡᠮᠲᠡᠭᠲᠦ ᠪᠠ ᠭᠠᠵᠠᠷ ᠵᠦᠢ ᠶᠢᠨ ᠲᠡᠮᠲᠡᠭ ᠲᠠᠢ ᠲᠠᠸᠠᠷ ᠤᠨ ᠲᠡᠮᠲᠡᠭ ᠢ ᠪᠤᠶᠢᠵᠢᠭᠤᠯᠤᠨ᠎ᠠ᠃ ︵ | ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠤ ᠦᠢᠯᠡᠳᠪᠦᠷᠢ | ᠬᠤᠳᠠᠯᠳᠤᠭᠠᠨ ᠤ ᠲᠤᠪᠴᠢᠶ᠎ᠠ ᠠᠴᠠ ᠬᠠᠷᠢᠭᠤᠴᠠᠨ᠎ᠠ︶ | 42᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠠᠷᠤᠯᠲᠠ ᠶᠢᠨ ᠣᠷᠣᠨ ᠤ ᠣᠷᠴᠢᠨ | ᠲᠤᠭᠤᠷᠢᠨ ᠢ ᠴᠡᠪᠡᠷᠰᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ | ᠠᠮᠤᠷ ᠲᠦᠪᠰᠢᠨ ᠤ ᠪᠠᠷᠢᠮᠵᠢᠶᠠᠵᠢᠭᠰᠠᠨ ᠰᠢᠰᠲ᠋ᠧᠮᠵᠢ ᠪᠠ ᠮᠦᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠭᠡᠨ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠡᠭᠡᠷ᠎ᠡ ᠬᠦᠷᠲᠡᠯᠡᠬᠢ ᠪᠦᠬᠦ ᠶᠠᠪᠤᠴᠠ ᠶᠢ | ᠬᠠᠮᠤᠷᠤᠭᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠣᠢ ᠪᠣᠯᠭᠠᠨ᠎ᠠ᠃ ᠤᠯᠤᠰ ᠤᠨ ᠨᠣᠣᠰᠣ ᠨᠣᠯᠣᠤᠷ ᠤᠨ | ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠯ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠴᠢᠬ ᠢ ᠰᠠᠶᠢᠲᠤᠷ | ᠠᠳᠬᠤᠨ᠎ᠠ᠃ ᠮᠠᠯ ᠤᠨ ᠠᠷᠠᠯᠵᠢᠶᠠᠨ ᠳᠤ ᠠᠯᠪᠠᠳᠠᠯᠭ᠎ᠠ ᠪᠠᠷ ᠬᠢᠵᠢᠭ ᠭᠡᠮ ᠪᠠᠶᠢᠴᠠᠭᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠠᠮᠢᠲᠠᠨ ᠤ ᠬᠦᠨᠳᠦ ᠬᠡᠴᠡᠭᠦᠦ ᠬᠢᠵᠢᠭ ᠭᠡᠮ ᠪᠠ ᠪᠷᠦ᠋ᠽᠧᠯ ᠡᠪᠡᠳᠴᠢᠨ ᠵᠡᠷᠭᠡ ᠬᠦᠮᠦᠨ ᠮᠠᠯ ᠳᠤ | ᠴᠦᠮ ᠬᠠᠯᠳᠠᠪᠤᠷᠢᠯᠠᠬᠤ ᠡᠪᠡᠳᠴᠢᠨ ᠭᠡᠮ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ︵ᠦᠪᠡᠷᠲᠡᠭᠡᠨ ᠵᠠᠰᠠᠬᠤ | ᠣᠷᠣᠨ ᠤ ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠶᠠᠰᠤ ᠴᠢᠨᠠᠷ ᠤᠨ ᠬᠢᠨᠠᠯᠲᠠ ᠲᠠᠯᠪᠢᠬᠤ ᠲᠣᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠠᠷᠪᠠ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠲᠤ | ᠰᠢᠨ᠎ᠡ ᠶᠢ ᠡᠭᠦᠳᠦᠨ᠎ᠡ᠃ | 43᠂ ᠭᠡᠷ ᠪᠦᠯᠢ ᠶᠢᠨ ᠡᠵᠡᠩᠨᠡᠯᠲᠡ ᠶᠢ ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠣᠯᠠᠨ ᠵᠦᠢᠯ ᠤᠨ | ᠬᠡᠯᠪᠡᠷᠢ ᠶᠢᠨ ᠵᠣᠬᠢᠬᠤ ᠬᠡᠪᠴᠢᠶᠡᠵᠢᠭᠦᠯᠦᠨ ᠡᠵᠡᠩᠨᠡᠯᠳᠡ ᠬᠢᠬᠦ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ | ᠲᠡᠵᠢᠭᠡᠨ ᠦᠷᠡᠵᠢᠭᠦᠯᠬᠦ ᠲᠤᠮᠤ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠰᠬᠠᠢ ᠬᠤᠷᠰᠢᠶ᠎ᠠ ᠵᠡᠷᠭᠡ | ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠣᠯ ᠴᠤᠭᠴᠠ ᠶᠢ ᠶᠡᠬᠡᠪᠡᠷ | ᠬᠥᠭᠵᠢᠭᠦᠯᠦᠨ᠂ ᠬᠠᠮᠲᠤ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶᠢᠯᠠᠯ ᠡᠵᠩᠨᠡᠬᠦ ᠶᠢ ᠵᠣᠷᠢᠬᠵᠢᠭᠤᠯᠤᠨ | ᠬᠥᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮᠵᠢ ᠶᠢ | ᠲᠦᠷᠭᠡᠳᠭᠡᠨ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠠᠴᠠ ᠬᠠᠷᠢᠭᠤᠴᠠᠨ᠎ᠠ︶ | 44᠂ ᠭᠠᠵᠠᠷ ᠰᠢᠷᠤᠢ ᠶᠢᠨ ᠡᠷᠬᠡ ᠶᠢ ᠨᠤᠲᠠᠯᠠᠨ ᠲᠡᠮᠲᠡᠭᠯᠡᠵᠦ ᠦᠨᠡᠮᠯᠡᠯ ᠣᠯᠭᠤᠬᠤ ᠲᠣᠷᠰᠢᠯᠲᠠ ᠶᠢᠨ ᠴᠢᠬ | ᠪᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠪᠠᠷ | ᠦᠷᠨᠢᠭᠦᠯᠦᠨ᠎ᠡ᠃ ᠭᠠᠵᠠᠷ ᠰᠢᠷᠤᠢ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠷᠬᠢᠯᠳᠦᠭᠦᠯᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠢᠯᠡ ᠵᠢᠷᠤᠮᠵᠢᠯ ᠲᠠᠢ ᠡᠷᠬᠢᠯᠳᠦᠭᠦᠯᠬᠦ ᠵᠠᠬ᠎ᠠ ᠳᠡᠯᠭᠡᠭᠦᠷ ᠢ | ᠪᠦᠷᠢᠨᠰᠢᠭᠦᠯᠦᠨ᠂ ᠡᠷᠬᠢᠯᠳᠦᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠢᠬᠤᠯᠠᠴᠢᠯᠠᠬᠤ ᠶᠢᠨ ᠬᠠᠮᠲᠤ ᠰᠠᠶᠢᠲᠤᠷ | ᠰᠢᠢᠳᠪᠦᠷᠢᠯᠡᠵᠦ᠂ ᠥᠷᠭᠡᠨ ᠣᠯᠠᠨ ᠮᠠᠯᠴᠢᠨ ᠲᠠᠷᠢᠶᠠᠴᠢᠳ ᠪᠠ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠪᠡᠯᠡ | ᠣᠷᠤᠭᠤᠯᠬᠤ ᠢᠳᠡᠪᠬᠢᠵᠢᠯ ᠢ ᠳᠠᠶᠢᠴᠢᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠠᠴᠠ ᠬᠠᠷᠢᠭᠤᠴᠠᠨ᠎ᠠ︶ | 45᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠦᠮᠴᠢᠯᠡᠬᠦ ᠡᠷᠬᠡ ᠶᠢᠨ ᠳᠦᠷᠢᠮ ᠤᠨ | ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠷᠢᠬᠤ ᠭᠠᠵᠠᠷ ᠤᠨ | ᠳᠦᠷᠢᠮ ᠤᠨ ᠦᠭᠡᠷᠡᠴᠢᠯᠡᠯᠲᠡ ᠶᠢᠨ ᠵᠢᠯᠤᠭᠤᠳᠬᠤ ᠰᠠᠨᠠᠯ ᠢ ᠲᠣᠭᠲᠠᠭᠠᠨ᠎ᠠ᠃ ︵ᠦᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠵᠡᠷᠭᠡ | ᠨᠢᠭᠡᠴᠡ ᠠᠴᠠ ᠬᠠᠷᠢᠭᠤᠴᠠᠨ᠎ᠠ︶ | ︵ᠠᠷᠪᠠᠨ ᠨᠢᠭᠡ︶ ᠤᠰᠤ ᠪᠠᠷ ᠭᠤᠣᠯ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ | 46᠂ ︽ᠴᠣᠣᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ︾᠂ ᠪᠢᠯ | ᠭᠤᠣᠯ ᠤᠨ ᠤᠰᠤᠨ ᠠᠰᠢᠭᠯᠠᠯᠲᠠ ᠶᠢᠨ ᠭᠦᠢᠰᠦ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠭᠡᠵᠦ᠂ ᠴᠣᠣᠯ ᠭᠤᠣᠯ ᠤᠨ ᠤᠰᠤᠨ ᠴᠦᠬᠦᠷᠦᠮ ᠤᠨ ᠳᠣᠣᠷᠠᠳᠤ ᠣᠷᠤᠰᠬᠠᠯ ᠤᠨ ᠤᠰᠤᠯᠠᠯᠲᠠ ᠶᠢᠨ | ᠤᠷᠤᠨ᠂ ᠨᠤᠨ ᠮᠦᠷᠡᠨ ᠤ ᠭᠤᠣᠯ ᠪᠣᠯᠬᠤ ᠤᠷᠤᠰᠬᠠᠯ ᠤᠨ ᠦᠶᠡᠷ ᠢ ᠰᠡᠷᠭᠡᠶᠢᠯᠡᠬᠦ ᠪᠠ ᠬᠠᠲᠤᠨ ᠭᠤᠣᠯ ᠤᠨ | ᠬᠤᠶᠠᠳᠡᠬᠢ ᠬᠤᠭᠤᠴᠠᠭᠠᠨ ᠤ ᠦᠶᠡᠷ ᠢ ᠰᠡᠷᠭᠡᠶᠢᠯᠡᠬᠦ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠵᠤ᠂ ᠥᠷᠭᠡᠨ | ᠶᠡᠭᠡ ᠭᠤᠣᠯ ᠮᠦᠷᠡᠨ ᠤ ᠭᠤᠣᠯ ᠪᠣᠯᠬᠤ ᠣᠷᠤᠰᠬᠠᠯ᠂ ᠳᠤᠮᠳᠠ ᠨᠠᠷᠢᠨ ᠭᠤᠣᠯ ᠤᠨ ᠵᠠᠰᠠᠯᠲᠠ ᠶᠢ ᠴᠢᠩᠭᠠᠳᠬᠠᠨ᠂ | ᠠᠭᠤᠯᠠᠨ ᠦᠶᠡᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠭᠡᠮ ᠰᠤᠭᠤᠭ ᠲᠠᠢ ᠴᠦᠬᠦᠷᠦᠮ ᠤᠨ ᠠᠶᠤᠯ | ᠲᠥᠭᠰᠢᠭᠦᠷᠢ ᠶᠢ ᠠᠷᠢᠯᠭᠠᠵᠤ ᠪᠠᠬᠢᠵᠢᠭᠦᠯᠬᠦ ᠡᠷᠴᠢᠮ ᠢ ᠴᠢᠩᠭᠠᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠲᠢᠩᠬᠢᠮ ᠠᠴᠠ ᠬᠠᠷᠢᠭᠤᠴᠠᠨ᠎ᠠ︶ | 47᠂ ᠤᠰᠤᠯᠠᠯᠲᠠ ᠶᠢᠨ ᠣᠷᠣᠨ᠂ ᠮᠠᠯᠵᠢᠬᠤ ᠣᠷᠣᠨ ᠵᠢᠴᠢ ᠠᠮᠢ ᠠᠬᠤᠢ ᠶᠢᠨ ᠬᠡᠪᠡᠷᠡᠭ ᠣᠷᠣᠨ ᠤ | ᠦᠨᠳᠦᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠦᠷ ᠲᠥᠪᠰᠢᠨ ᠢᠨᠵᠧᠨᠧᠷᠢᠩ ᠢ ᠦᠨᠳᠦᠰᠦᠨ ᠳᠡᠭᠡᠨ | ᠪᠡᠶᠡᠯᠡᠭᠦᠯᠦᠨ᠎ᠡ᠃ ᠤᠰᠤ ᠬᠡᠷᠡᠭᠯᠡᠬᠦ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠤᠰᠤᠨ ᠤ ᠬᠡᠷᠡᠭᠯᠡᠬᠦ ᠡᠷᠬᠡ ᠶᠢ | ᠠᠶᠢᠮᠠᠭ ᠬᠤᠲᠠ ᠠᠯᠤᠰᠯᠠᠨ ᠰᠢᠯᠵᠢᠭᠦᠯᠬᠦ ᠶᠢ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠠᠴᠠ ᠬᠠᠷᠢᠭᠤᠴᠠᠨ᠎ᠠ︶ | 48᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠴᠠᠬᠢᠯᠭᠠᠨ ᠲᠣᠣᠷ ᠵᠡᠷᠭᠡ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠣᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠪᠦᠬᠦ | ᠲᠠᠯ᠎ᠠ ᠪᠠᠷ ᠦᠷᠨᠢᠭᠦᠯᠦᠨ᠂ ᠰᠢᠨ᠎ᠡ ᠮᠠᠯᠵᠢᠬᠤ ᠣᠷᠣᠨ ᠰᠢᠨ᠎ᠡ ᠲᠠᠷᠢᠶᠠᠯᠠᠬᠤ ᠣᠷᠣᠨ ᠤ ᠪᠦᠲᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠵᠡᠷᠭᠡ ᠨᠢᠭᠡᠴᠡ ᠠᠴᠠ ᠬᠠᠷᠢᠭᠤᠴᠠᠨ᠎ᠠ︶ | ᠳᠥᠷᠪᠡ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠨ᠎ᠡ | ︵ᠠᠷᠪᠠᠨ ᠬᠤᠶᠠᠷ︶ ᠭᠤᠣᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ | 49᠂ ᠲᠥᠪ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠶᠢᠨ ᠲᠦᠰᠦᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠢ ᠣᠷᠢᠳᠠᠪᠠᠷ | ᠬᠡᠷᠡᠭᠵᠢᠭᠦᠯᠵᠦ ᠤᠷᠢᠳᠠᠪᠠᠷ ᠲᠣᠷᠰᠢᠬᠤ ᠪᠠᠷ ᠵᠣᠷᠢᠬᠵᠢᠭᠤᠯᠤᠭᠰᠠᠨ ᠭᠤᠷᠪᠠᠨ ᠵᠦᠢᠯ ᠤᠨ ᠭᠤᠣᠯᠳᠠᠯᠭ᠎ᠠ ᠲᠠᠢ | ᠦᠭᠡᠷᠡᠴᠢᠯᠡᠯᠲᠡ ᠶᠢ ᠳᠣᠪᠤᠶᠢᠮ᠎ᠠ ᠰᠠᠶᠢᠲᠤᠷ ᠠᠳᠬᠤᠨ᠎ᠠ᠃ ︵ᠦᠪᠡᠷᠲᠡᠭᠡᠨ ᠵᠠᠰᠬᠠᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 50᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠬᠤ ᠪᠠ ᠳᠣᠷᠤᠭᠰᠢ ᠪᠠᠭᠤᠯᠭᠠᠵᠤ᠂ | ᠤᠷᠢᠳᠤᠬᠢ ᠲᠣᠬᠢᠷᠠᠭᠤᠯᠤᠯ ᠤᠨ ᠬᠢᠨᠠᠨ ᠵᠥᠪᠰᠢᠶᠡᠷᠡᠯ ᠢ ᠶᠡᠭᠡ ᠬᠡᠮᠵᠢᠶ᠎ᠡ ᠪᠠᠷ ᠪᠠᠭᠠᠰᠬᠠᠨ᠂ ︽ᠭᠤᠷᠪᠠᠨ ᠦᠨᠡᠮᠯᠡᠯ ᠢ | ᠨᠢᠭᠡᠳᠭᠡᠨ ᠨᠢᠭᠡ ᠪᠣᠯᠭᠠᠬᠤ︾᠂ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ ᠵᠡᠷᠭᠡ ᠵᠠᠭᠪᠤᠷ ᠢ | ᠳᠡᠯᠭᠡᠷᠡᠭᠦᠯᠵᠦ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠲᠦᠷᠦᠯ ᠵᠦᠢᠯ ᠤᠨ ᠨᠠᠵᠠᠭᠠᠢ ᠲᠠᠯ᠎ᠠ ᠶᠢᠨ | ᠨᠠᠷᠢᠨ ᠬᠠᠭᠤᠳᠠᠰᠤ ᠶᠢ ᠲᠣᠭᠲᠠᠭᠠᠵᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠪᠠ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠠᠤᠯᠢ | ᠳᠦᠷᠢᠮ ᠤᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 51᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠦᠪᠦᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠲᠣᠣᠷ ᠤᠨ ᠣᠯᠠᠨ ᠲᠠᠯ᠎ᠠ ᠪᠠᠷ | ᠠᠷᠠᠯᠵᠢᠶᠠᠯᠠᠬᠤ ᠪᠠ ᠦᠪᠦᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠲᠤᠮᠤ ᠬᠡᠷᠡᠭᠯᠡᠬᠦ ᠡᠷᠦᠬᠡ ᠳᠤ | ᠴᠠᠬᠢᠯᠭᠠᠨ ᠰᠢᠭᠤᠳ ᠬᠠᠩᠭᠠᠬᠤ ᠬᠡᠪᠴᠢᠶᠡᠵᠢᠯ ᠢ ᠥᠷᠭᠡᠳᠭᠡᠨ᠂ ᠦᠪᠦᠷ ᠮᠣᠩᠭᠤᠯ ᠤᠨ ᠪᠠᠷᠠᠭᠤᠨ ᠬᠡᠰᠡᠭ ᠤᠨ | ᠭᠠᠵᠠᠷ ᠣᠷᠣᠨ ᠤ ᠴᠠᠬᠢᠯᠭᠠᠨ ᠲᠣᠣᠷ ᠤᠨ ᠬᠦᠷᠭᠡᠵᠦ ᠲᠦᠭᠡᠭᠡᠬᠦ ᠴᠠᠬᠢᠯᠭᠠᠨ ᠤ ᠦᠨ᠎ᠡ ᠳᠤ ᠦᠭᠡᠷᠡᠴᠢᠯᠡᠯᠲᠡ ᠬᠢᠬᠦ | ᠲᠣᠷᠰᠢᠯᠲᠠ ᠶᠢᠨ ᠴᠢᠬ ᠢ ᠰᠠᠶᠢᠲᠤᠷ ᠬᠢᠵᠦ᠂ ᠬᠤᠤᠯᠢᠨ ᠭᠤᠣᠯ᠂ ᠦᠵᠦᠭᠦᠷ ᠬᠤᠳᠳᠤᠭ ᠤᠨ ᠪᠢᠴᠢᠯ ᠴᠠᠬᠢᠯᠭᠠᠨ ᠤ | ᠲᠣᠣᠷ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠵᠤ | ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ | ᠨᠢᠭᠡᠴᠡ ᠠᠴᠠ ᠬᠠᠷᠢᠭᠤᠴᠠᠨ᠎ᠠ︶ | 52᠂ ᠦᠨ᠎ᠡ ᠬᠠᠩᠰᠢ ᠶᠢᠨ ᠪᠣᠢ ᠪᠣᠯᠬᠤ ᠲᠣᠭᠲᠠᠴᠠ ᠳᠤ ᠦᠭᠡᠷᠡᠴᠢᠯᠡᠯᠲᠡ ᠬᠢᠬᠦ ᠪᠠᠨ ᠲᠦᠷᠭᠡᠳᠭᠡᠵᠦ᠂ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠲᠣᠭᠲᠠᠭᠠᠭᠰᠠᠨ ᠦᠨ᠎ᠡ ᠶᠢᠨ ᠭᠠᠷᠴᠠᠭ ᠲᠤ | ᠵᠠᠰᠠᠪᠤᠷᠢ ᠣᠷᠤᠭᠤᠯᠤᠨ᠂ ᠣᠷᠣᠨ ᠨᠤᠲᠤᠭ ᠤᠨ ᠲᠡᠮᠦᠷ ᠵᠠᠮ ᠤᠨ ᠡᠳ᠋ ᠪᠠᠷᠠᠭ᠎ᠠ ᠲᠡᠭᠡᠭᠡᠪᠦᠷᠢᠯᠡᠬᠦ ᠦᠨ᠎ᠡ ᠬᠠᠩᠰᠢ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠦᠨ᠎ᠡ ᠬᠠᠩᠰᠢ ᠶᠢᠨ ᠦᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠪᠣᠷᠴᠠᠭ ᠤᠨ ᠬᠠᠷᠠᠯᠲᠠᠲᠤ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠤᠨ | ᠠᠵᠢᠯ ᠢ ᠰᠠᠶᠢᠲᠤᠷ ᠬᠢᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ | ᠨᠢᠭᠡᠴᠡ ᠠᠴᠠ ᠬᠠᠷᠢᠭᠤᠴᠠᠨ᠎ᠠ︶ | 53᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠦᠰᠦᠪ ᠤᠨ ᠬᠠᠮᠢᠶᠠᠷᠤᠯᠲᠠ ᠶᠢᠨ ᠳᠦᠷᠢᠮ ᠢ ᠰᠠᠶᠢᠵᠢᠷᠠᠭᠤᠯᠤᠨ᠂ ᠣᠨ ᠠᠯᠤᠰᠯᠠᠭᠰᠠᠨ ᠲᠦᠰᠦᠪ ᠤᠨ | ᠲᠡᠩᠴᠡᠭᠦᠷᠢ ᠲᠠᠢ ᠪᠠᠶᠢᠬᠤ ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠭᠠᠶᠢᠯᠢ ᠶᠢᠨ ᠬᠠᠷᠠᠭᠠᠯᠵᠠᠯᠲᠤ | ᠲᠥᠷᠥ ᠶᠢᠨ ᠪᠣᠳᠣᠯᠭ᠎ᠠ ᠶᠢ ᠢᠯᠭᠠᠷᠠᠭᠤᠯᠤᠨ ᠵᠢᠷᠤᠮᠵᠢᠭᠤᠯᠵᠤ᠂ ᠵᠠᠰᠠᠭ ᠤᠨ ᠣᠷᠳᠤᠨ ᠤ ᠵᠢᠭᠡᠯᠡᠯᠭᠡ ᠠᠪᠬᠤ | ᠠᠵᠢᠯᠯᠠᠭ᠎ᠠ ᠶᠢ ᠴᠢᠩᠳᠠᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠬᠠᠷᠢᠭᠤᠴᠠᠨ᠎ᠠ︶ | 54᠂ ᠮᠦᠩᠭᠦᠨ ᠭᠦᠢᠯᠭᠡᠭᠡᠨ ᠤ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠤᠳᠠᠳᠤ | ᠴᠤᠭᠴᠠ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠢᠶᠠᠷ ᠦᠢᠯᠡᠴᠢᠯᠡᠨ᠎ᠡ᠃ ︵ᠦᠪᠡᠷᠲᠡᠭᠡᠨ ᠵᠠᠰᠠᠬᠤ | ᠣᠷᠣᠨ ᠤ ᠮᠦᠩᠭᠦᠨ ᠭᠦᠢᠯᠭᠡᠭᠡᠨ ᠤ ᠠᠯᠪᠠᠨ ᠭᠡᠷ᠂ ᠠᠷᠠᠳ ᠤᠨ ᠪᠠᠩᠭᠢ ᠶᠢᠨ ᠬᠦᠬᠡᠬᠤᠲᠠ ᠳᠠᠬᠢ ᠲᠥᠪ ᠰᠠᠯᠪᠤᠷᠢ | ᠪᠠᠩᠭᠢ᠂ ᠦᠪᠦᠷ ᠮᠣᠩᠭᠤᠯ ᠤᠨ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠨᠢᠭᠡᠴᠡ ᠠᠴᠠ ᠬᠠᠷᠢᠭᠤᠴᠠᠨ᠎ᠠ︶ | 55᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠨ ᠴᠠᠯᠢᠩ ᠬᠦᠯᠦᠰᠦ ᠶᠢᠨ ᠳᠦᠷᠢᠮ ᠳᠤ | ᠦᠭᠡᠷᠡᠴᠢᠯᠡᠯᠲᠡ ᠬᠢᠬᠦ ᠲᠦᠰᠦᠯ ᠢ ᠨᠡᠶᠢᠲᠡᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠵᠡᠷᠭᠡ ᠨᠢᠭᠡᠴᠡ ᠠᠴᠠ ᠬᠠᠷᠢᠭᠤᠴᠠᠨ᠎ᠠ︶ | ︵ᠠᠷᠪᠠᠨ ᠭᠤᠷᠪᠠ︶ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠦᠷᠭᠡᠳᠭᠡᠨ᠎ᠡ᠃ | 56᠂ ᠤᠯᠤᠰ ᠠᠴᠠ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠭᠤᠯᠤᠨ | ᠬᠥᠭᠵᠢᠭᠦᠯᠬᠦ᠂ ᠬᠥᠬᠡ ᠮᠦᠷᠡᠨ ᠤ ᠠᠵᠤ ᠠᠬᠤᠢ ᠶᠢᠨ ᠪᠦᠰᠡ ᠡᠨᠡ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠦᠭᠡᠳ ᠪᠣᠢ ᠪᠣᠯᠣᠭᠰᠠᠨ ᠠᠵᠠ ᠳᠣᠬᠢᠶᠠᠯ ᠢ ᠡᠵᠡᠮᠳᠡᠵᠦ᠂ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠳᠤ ᠲᠣᠭᠲᠠᠭᠠᠭᠰᠠᠨ ᠮᠠᠨ ᠤ ᠣᠷᠣᠨ ᠤ ᠪᠠᠶᠢᠷᠢ ᠲᠣᠭᠲᠠᠭᠠᠯᠲᠠ ᠪᠠᠨ ᠣᠨᠤᠪᠴᠢᠲᠠᠢ ᠡᠷᠢᠵᠦ᠂ ᠤᠯᠤᠰ ᠤᠨ | ᠲᠦᠯᠦᠪᠵᠢᠭᠦᠯᠭᠡ ᠯᠦᠭᠡ ᠵᠣᠯᠭᠠᠭᠤᠯᠤᠨ ᠳᠦᠬᠦᠷᠵᠢᠭᠦᠯᠬᠦ ᠶᠢ ᠰᠠᠶᠢᠲᠤᠷ ᠬᠢᠵᠦ᠂ ᠤᠯᠤᠰ ᠤᠨ ᠪᠠᠶᠢᠯᠳᠤᠬᠤ | ᠪᠣᠳᠣᠯᠭ᠎ᠠ ᠳᠤ ᠠᠭᠤᠰᠤᠯᠴᠠᠬᠤ ᠪᠠ ᠦᠢᠯᠡᠴᠢᠯᠡᠬᠦ ᠳᠤᠮᠳᠠ ᠬᠥᠭᠵᠢᠯᠲᠡ ᠶᠢᠨ ᠣᠷᠣᠨ ᠵᠠᠢ ᠪᠠᠨ ᠦᠷᠭᠡᠳᠭᠡᠨ᠎ᠡ᠃ ︵ | ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠲᠦᠷᠦᠭᠦᠯᠡᠨ ᠬᠠᠷᠢᠭᠤᠴᠠᠵᠤ᠂ | ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ | ᠬᠠᠷᠢᠭᠤᠴᠠᠨ᠎ᠠ︶ | 57᠂ ᠣᠷᠣᠰ ᠮᠣᠩᠭᠤᠯ ᠯᠤᠭ᠎ᠠ ᠶᠢᠨ ᠬᠠᠮᠲᠤᠷᠠᠨ ᠠᠵᠢᠯᠯᠠᠬᠤ ᠲᠣᠭᠲᠠᠴᠠ ᠳᠤ ᠰᠢᠨ᠎ᠡ ᠶᠢ ᠡᠭᠦᠳᠦᠨ᠎ᠡ᠃ | ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ | ᠬᠡᠷᠡᠭᠵᠢᠭᠦᠯᠬᠦ ᠲᠦᠰᠦᠯ ᠢ ᠨᠠᠶᠢᠷᠠᠭᠤᠯᠤᠨ ᠵᠣᠬᠢᠶᠠᠵᠤ᠂ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ | ᠵᠦᠢᠯᠡᠰ ᠪᠠ ᠲᠦᠷᠦᠯ ᠵᠦᠢᠯ ᠢ ᠤᠯᠤᠰ ᠤᠨ ᠣᠷᠦ᠋ᠢᠯᠠᠬᠤ ᠪᠠᠶᠢᠷᠢ ᠰᠠᠭᠤᠷᠢ ᠶᠢᠨ ᠵᠢᠷᠤᠭ ᠲᠦᠯᠦᠪᠯᠡᠭᠡ ᠳᠤ | ᠣᠷᠤᠭᠤᠯᠬᠤ ᠪᠠᠷ ᠴᠢᠷᠮᠠᠶᠢᠨ᠎ᠠ᠃ ᠮᠠᠨᠵᠣᠣᠷ᠂ ᠡᠷᠢᠶᠡᠨ ᠬᠤᠲᠠ ᠳᠠᠬᠢ ᠤᠯᠤᠰ ᠤᠨ ᠭᠤᠣᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠣᠷᠰᠢᠯᠲᠠ ᠶᠢᠨ ᠲᠣᠭᠤᠷᠢᠭ ᠪᠠ ᠬᠦᠯᠦᠨ ᠪᠤᠶᠢᠷ ᠲᠠᠬᠢ ᠳᠤᠮᠳᠠᠳᠤ ᠣᠷᠣᠰ | ᠮᠣᠩᠭᠤᠯ ᠤᠨ ᠬᠤᠷᠰᠢᠯᠴᠠᠬᠤ ᠬᠤᠰᠢᠭᠤᠴᠢ ᠣᠷᠣᠨ ᠢ ᠲᠦᠷᠭᠡᠳᠭᠡᠨ ᠪᠦᠲᠦᠭᠡᠨ ᠪᠠᠶᠢᠭᠤᠯᠵᠤ᠂ ᠳᠤᠮᠳᠠᠳᠤ | ᠮᠣᠩᠭᠤᠯ ᠤᠨ ᠦᠵᠡᠰᠭᠦᠯᠡᠩ ᠢ ᠰᠠᠶᠢᠲᠤᠷ ᠡᠷᠬᠢᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 58᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠣᠰ | ᠮᠣᠩᠭᠤᠯ ᠯᠤᠭ᠎ᠠ ᠶᠢᠨ ᠰᠠᠭᠤᠷᠢ ᠪᠡᠯᠡᠳᠭᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠢᠳᠡᠪᠬᠢᠲᠡᠢ ᠲᠦᠯᠬᠢᠨ ᠠᠬᠢᠭᠤᠯᠵᠤ᠂ ᠠᠷᠠᠯᠵᠢᠶ᠎ᠠ ᠬᠤᠳᠠᠯᠳᠤᠭ᠎ᠠ ᠶᠢᠨ ᠶᠠᠪᠤᠯᠴᠠᠭ᠎ᠠ ᠪᠠ ᠠᠵᠢᠯᠲᠠᠨ ᠤ | ᠰᠣᠯᠢᠯᠴᠠᠭ᠎ᠠ ᠪᠠᠨ ᠥᠷᠭᠡᠳᠭᠡᠨ᠂ ᠬᠢᠯᠢ ᠳᠠᠭᠠᠤ ᠶᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠬᠢᠷᠢ ᠬᠡᠮᠵᠢᠶ᠎ᠠ ᠪᠠᠨ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠭᠠᠳᠠᠭᠠᠲᠤ ᠶᠠᠪᠤᠳᠠᠯ ᠤᠨ ᠠᠯᠪᠠᠨ ᠭᠡᠷ᠂ ᠳᠣᠲᠤᠭᠠᠲᠤ ᠶᠢ ᠬᠠᠮᠠᠭᠠᠯᠠᠬᠤ ᠲᠣᠪᠴᠢᠶ᠎ᠠ ᠵᠡᠷᠭᠡ ᠨᠢᠭᠡᠴᠡ ᠠᠴᠠ | ᠬᠠᠷᠢᠭᠤᠴᠠᠨ᠎ᠠ︶ | 59᠂ ᠣᠷᠣᠨ ᠪᠦᠰᠡ ᠶᠢᠨ ᠬᠠᠮᠵᠢᠯᠴᠠᠭ᠎ᠠ ᠶᠢ ᠲᠦᠷᠭᠡᠳᠭᠡᠨ ᠠᠬᠢᠭᠤᠯᠤᠨ᠎ᠠ᠃ ᠪᠡᠭᠡᠵᠢᠩ ᠲᠢᠶᠠᠨᠵᠢᠨ | ᠾᠧᠪᠧᠢ ᠶᠢᠨ ᠠᠵᠤ ᠦᠢᠯᠡᠰ ᠢᠶᠠᠨ ᠰᠢᠯᠵᠢᠭᠦᠯᠬᠦ ᠠᠵᠠ ᠳᠣᠬᠢᠶᠠᠯ ᠢ ᠡᠵᠡᠮᠳᠡᠵᠦ᠂ ᠤᠯᠠᠭᠠᠨᠴᠠᠪ᠂ ᠤᠯᠠᠭᠠᠠᠬᠠᠳᠠ | ᠵᠡᠷᠭᠡ ᠭᠠᠵᠠᠷ ᠲᠤ ᠰᠢᠯᠵᠢᠭᠦᠯᠦᠭᠰᠡᠨ ᠠᠵᠤ ᠦᠢᠯᠡᠰ ᠢ ᠵᠠᠯᠭᠠᠨ ᠵᠤᠯᠭᠠᠭᠤᠯᠬᠤ ᠰᠠᠭᠤᠷᠢᠨ ᠭᠠᠵᠠᠷ ᠢ ᠴᠣᠭᠴᠠᠯᠠᠨ᠂ | ᠣᠷᠣᠨ ᠪᠦᠰᠡ ᠠᠯᠤᠰᠯᠠᠨ ᠬᠤᠷᠰᠢᠯᠴᠠᠬᠤ ︽ᠣᠬᠤᠷᠴᠠᠭ ᠬᠠᠷᠢᠶ᠎ᠠ ᠭᠠᠵᠠᠷ ᠤᠨ ᠠᠵᠤ ᠠᠬᠤᠢ︾ ᠶᠢ | ᠬᠥᠭᠵᠢᠭᠦᠯᠦᠨ᠎ᠡ᠃ ᠪᠡᠭᠡᠵᠢᠩ ᠦᠪᠦᠷ ᠮᠣᠩᠭᠤᠯ ᠤᠨ ᠬᠠᠮᠲᠤᠷᠠᠨ ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠦᠪᠦᠷ ᠮᠣᠩᠭᠤᠯ ᠱᠠᠨ ᠰᠢ ᠾᠧᠪᠧᠢ ᠶᠢᠨ ᠤᠷᠲᠤ ᠴᠠᠭᠠᠨ ᠬᠡᠷᠡᠮ ᠠᠯᠲᠠᠨ ᠬᠤᠰᠢᠭᠤᠯᠵᠢᠨ | ᠬᠠᠮᠲᠤᠷᠠᠯᠴᠠᠭ᠎ᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠧᠵᠢᠶᠠᠩ ᠤᠨ | ᠬᠤᠳᠠᠯᠳᠤᠭᠠᠴᠢᠳ ᠤᠨ ᠠᠵᠤ ᠦᠢᠯᠡᠰ ᠤᠨ ᠬᠦᠷᠢᠶᠡᠯᠡᠩ᠂ ᠣᠷᠳᠣᠰ ᠬᠤᠲᠠ ᠶᠢᠨ ᠵᠢᠶᠠᠩᠰᠦ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠵᠡᠷᠭᠡ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠠᠵᠤ ᠦᠢᠯᠡᠰ ᠢ ᠵᠠᠯᠭᠠᠨ | ᠵᠤᠯᠭᠠᠭᠤᠯᠬᠤ ᠦᠨᠳᠦᠷ ᠲᠥᠪᠰᠢᠨ ᠲᠠᠢ ᠲᠡᠪᠴᠡᠩ ᠢ ᠪᠠᠶᠢᠭᠤᠯᠤᠨ᠎ᠠ᠃ ᠮᠠᠨ ᠤ ᠣᠷᠣᠨ ᠤ ᠭᠠᠳᠠᠷ ᠮᠤᠵᠢ ︵ᠣᠷᠣᠨ | ᠂ ᠬᠤᠲᠠ︶ ᠯᠤᠭ᠎ᠠ ᠲᠣᠭᠲᠠᠭᠰᠠᠨ ᠬᠠᠮᠲᠤᠷᠠᠨ ᠠᠵᠢᠯᠯᠠᠬᠤ ᠬᠡᠯᠡᠯᠴᠡᠭᠡᠷ ᠢ ᠮᠦᠷᠳᠡᠨ ᠨᠠᠶᠢᠳᠠᠪᠤᠷᠢᠵᠢᠭᠤᠯᠵᠤ᠂ | ᠬᠠᠮᠲᠤᠷᠠᠨ ᠠᠵᠢᠯᠯᠠᠬᠤ ᠲᠦᠷᠦᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ | ᠵᠢᠯ ᠳᠤ ᠤᠯᠤᠰ ᠤᠨ ᠳᠣᠲᠤᠭᠠᠲᠤ ︵ᠣᠷᠣᠨ ᠤ ᠭᠠᠳᠠᠨᠠᠬᠢ︶ ᠶᠢᠨ 5000 ᠳ᠋ᠦᠩᠰᠢᠭᠤᠷ ᠲᠦᠭᠦᠷᠢᠭ ᠣᠷᠴᠢᠮ ᠤᠨ | ᠪᠡᠯᠡ ᠮᠦᠩᠭᠦ ᠶᠢ ᠣᠷᠤᠭᠤᠯᠵᠤ ᠪᠤᠲᠠᠲᠠᠶᠢᠵᠢᠭᠤᠯᠬᠤ ᠪᠠᠷ ᠴᠢᠷᠮᠠᠶᠢᠨ᠎ᠠ᠃ ︵ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ | ᠶᠠᠳᠠᠭᠤ ᠶᠢ ᠲᠡᠳᠭᠦᠬᠦ ᠠᠯᠪᠠᠨ ᠭᠡᠷ ᠵᠡᠷᠭᠡ ᠨᠢᠭᠡᠴᠡ ᠠᠴᠠ ᠬᠠᠷᠢᠭᠤᠴᠠᠨ᠎ᠠ︶ | ᠲᠠᠪᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠲᠠ | ᠬᠦᠳᠡᠭᠡ ᠶᠢᠨ ᠣᠷᠣᠨ ᠪᠦᠰᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ | ︵ᠠᠷᠪᠠᠨ ᠳᠥᠷᠪᠡ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠯᠬᠤᠴᠠ ᠶᠢ ᠲᠦᠷᠭᠡᠳᠭᠡᠨ᠎ᠡ᠃ | | 60᠂ ᠬᠦᠮᠦᠰ ᠤᠨ ᠬᠤᠲᠠ ᠪᠠᠯᠭᠠᠰᠤᠵᠢᠯᠲᠠ ᠪᠠᠷ ᠭᠤᠣᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠠᠴᠠ | ᠰᠢᠯᠵᠢᠭᠰᠡᠨ 400 ᠲᠦᠮᠡᠨ ᠬᠦᠮᠦᠨ ᠠᠮᠠ ᠶᠢ ᠬᠤᠲᠠ ᠶᠢᠨ ᠠᠷᠠᠳ ᠪᠣᠯᠭᠠᠬᠤ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠨ᠎ᠡ᠃ ᠬᠤᠲᠠ ᠳᠤ ᠣᠷᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠢᠴᠢ ᠳᠠᠭᠠᠯᠳᠤᠨ | ᠨᠡᠭᠦᠭᠰᠡᠨ ᠭᠡᠷ ᠪᠦᠯᠢ ᠶᠢᠨ ᠬᠢᠨ ᠤ ᠬᠤᠲᠠ ᠪᠠᠯᠭᠠᠰᠤ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ | ᠡᠷᠬᠡ ᠲᠡᠭᠰᠢ ᠪᠠᠷ ᠬᠦᠷᠲᠡᠬᠦ ᠶᠢ ᠪᠠᠲᠤᠯᠠᠵᠤ᠂ ᠬᠤᠲᠠ ᠪᠠᠯᠭᠠᠰᠤ ᠶᠢᠨ ᠨᠡᠶᠢᠭᠡᠮ ᠤᠨ ᠪᠠᠲᠤᠯᠠᠭ᠎ᠠ ᠳᠤ ᠮᠠᠯᠴᠢᠨ | ᠲᠠᠷᠢᠶᠠᠴᠢᠨ ᠬᠦᠴᠦ ᠶᠠᠪᠤᠭᠰᠠᠳ ᠢ ᠬᠠᠮᠤᠷᠬᠤ ᠬᠡᠪᠴᠢᠶ᠎ᠡ ᠶᠢ ᠥᠷᠭᠡᠳᠭᠡᠨ᠂ ᠳᠠᠭᠠᠯᠳᠤᠨ ᠨᠡᠭᠦᠭᠰᠡᠨ ᠦᠷ᠎ᠡ | ᠬᠡᠦᠬᠡᠳ ᠨᠢ ᠲᠣᠬᠠᠢ ᠶᠢᠨ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠷᠲᠡᠬᠦ ᠪᠠ ᠳᠤᠮᠳᠠᠳᠤ | ᠰᠤᠷᠭᠠᠭᠤᠯᠢ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠤᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠬᠦᠷᠲᠡᠬᠦ ᠪᠣᠲᠠᠲᠠᠢ ᠠᠷᠭ᠎ᠠ ᠶᠢ ᠰᠦᠪᠡᠭᠴᠢᠯᠡᠨ᠎ᠡ᠃ ᠡᠷᠦᠬᠡ ᠠᠮᠠ ᠶᠢᠨ ᠳᠦᠷᠢᠮ ᠤᠨ | ᠦᠭᠡᠷᠡᠴᠢᠯᠡᠯᠲᠡ ᠶᠢ ᠲᠦᠷᠭᠡᠳᠭᠡᠵᠦ᠂ ᠰᠠᠭᠤᠭᠠᠯᠢ ᠠᠷᠠᠳ ᠤᠨ ᠣᠷᠤᠰᠢᠨ ᠰᠠᠭᠤᠬᠤ ᠦᠨᠡᠮᠯᠡᠯ ᠤᠨ ᠳᠦᠷᠢᠮ ᠢ | ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠶᠢᠨ ᠬᠤᠲᠠ ᠪᠠᠯᠭᠠᠰᠤ ᠳᠤ ᠡᠷᠦᠬᠡ | ᠠᠮᠠ ᠪᠠᠨ ᠣᠷᠤᠭᠤᠯᠬᠤ ᠶᠢ ᠲᠦᠷᠦᠯ ᠬᠤᠪᠢᠶᠠᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠳᠣᠲᠤᠭᠠᠲᠤ ᠶᠢ ᠬᠠᠮᠠᠭᠠᠯᠠᠬᠤ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 61᠂ ᠲᠦᠯᠦᠪᠵᠢᠭᠦᠯᠭᠡ ᠶᠢ ᠤᠷᠢᠳᠠᠪᠠᠷ ᠲᠣᠭᠲᠠᠭᠠᠬᠤ ᠶᠢ ᠪᠠᠷᠢᠮᠲᠠᠯᠠᠵᠤ᠂ ᠦᠪᠡᠷᠲᠡᠭᠡᠨ ᠵᠠᠰᠠᠬᠤ ᠣᠷᠣᠨ ᠤ | ᠬᠤᠲᠠ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠣᠷᠰᠢᠯᠲᠠ ᠶᠢᠨ ᠴᠢᠬ ᠤᠨ ᠠᠵᠢᠯ ᠢ ᠰᠠᠶᠢᠲᠤᠷ ᠠᠳᠬᠤᠨ᠂ ᠬᠤᠲᠠ | ᠪᠠᠯᠭᠠᠰᠤ ᠶᠢᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠮᠣ ᠳᠤᠮᠳᠠ ᠪᠠᠭ᠎ᠠ ᠬᠤᠲᠠ | ᠬᠢᠭᠡᠳ ᠪᠠᠭ᠎ᠠ ᠬᠤᠲᠠ ᠪᠠᠯᠭᠠᠰᠤ᠂ ᠠᠵᠤ ᠦᠢᠯᠡᠰ ᠬᠢᠭᠡᠳ ᠬᠤᠲᠠ ᠪᠠᠯᠭᠠᠰᠤ᠂ ᠬᠤᠲᠠ ᠪᠠᠯᠭᠠᠰᠤᠵᠢᠯᠲᠠ ᠬᠢᠭᠡᠳ | ᠰᠢᠨ᠎ᠡ ᠲᠠᠷᠢᠶᠠᠯᠠᠬᠤ ᠣᠷᠣᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠢ | ᠬᠥᠭᠵᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠲᠢᠩᠬᠢᠮ | ᠵᠡᠷᠭᠡ ᠨᠢᠭᠡᠴᠡ ᠠᠴᠠ ᠬᠠᠷᠢᠭᠤᠴᠠᠨ᠎ᠠ︶ | 62᠂ ᠬᠤᠲᠠ ᠶᠢᠨ ᠰᠠᠭᠤᠷᠢ ᠪᠡᠯᠡᠳᠭᠡᠮᠵᠢ ᠶᠢᠨ ᠨᠦᠬᠦᠴᠡᠯ ᠢ ᠬᠦᠴᠦᠯᠡᠨ ᠰᠠᠶᠢᠵᠢᠷᠠᠭᠤᠯᠵᠤ᠂ ᠬᠤᠲᠠ ᠶᠢᠨ | ᠭᠠᠵᠠᠷ ᠳᠣᠣᠷᠠᠬᠢ ᠬᠤᠭᠤᠯᠠᠢ ᠭᠤᠣᠷᠰᠤ ᠶᠢᠨ ᠲᠣᠣᠷ ᠤᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ | ᠦᠷᠨᠢᠭᠦᠯᠦᠨ᠂ ᠬᠤᠲᠠ ᠶᠢᠨ ᠶᠡᠷᠦᠩᠬᠡᠶᠢᠯᠡᠭᠰᠡᠨ ᠬᠤᠭᠤᠯᠠᠢ ᠭᠤᠣᠷᠰᠤ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ᠎ᠠ︶ | 63᠂ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠳᠤ ᠢᠳᠡᠪᠬᠢᠲᠡᠢ ᠪᠠᠷ ᠰᠢᠨ᠎ᠡ ᠶᠢ | ᠡᠭᠦᠳᠴᠦ᠂ ᠣᠨᠴᠠ ᠵᠥᠪᠰᠢᠶᠡᠷᠡᠭᠰᠡᠨ ᠡᠵᠡᠩᠨᠡᠯᠲᠡ᠂ ᠪᠡᠯᠡ ᠣᠷᠤᠭᠤᠯᠤᠯᠲᠠ ᠶᠢᠨ ᠨᠦᠬᠦᠪᠦᠷᠢ᠂ ᠦᠨ᠎ᠡ | ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠵᠠᠮ ᠮᠥᠷ ᠢᠶᠠᠷ ᠳᠠᠮᠵᠢᠭᠤᠯᠵᠤ᠂ ᠨᠡᠶᠢᠭᠡᠮ ᠤᠨ ᠬᠦᠷᠦᠩᠭᠡ | ᠮᠦᠩᠭᠦ ᠶᠢ ᠬᠤᠲᠠ ᠶᠢᠨ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠳᠤ ᠪᠡᠯᠡ ᠣᠷᠤᠭᠤᠯᠬᠤ ᠪᠠᠷ ᠬᠦᠲᠦᠯᠦᠨ | ᠵᠢᠯᠤᠭᠤᠳᠴᠤ᠂ ᠬᠤᠲᠠ ᠪᠠᠯᠭᠠᠰᠤ ᠶᠢᠨ ᠠᠵᠤ ᠦᠢᠯᠡᠰ ᠪᠠ ᠬᠦᠮᠦᠨ ᠠᠮᠠ ᠶᠢᠨ ᠳᠠᠭᠠᠭᠠᠴᠠ ᠶᠢᠨ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ᠎ᠠ︶ | 64᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠢ ᠬᠦᠳᠦᠯᠦᠨ ᠵᠢᠯᠤᠭᠤᠳᠬᠤ ᠪᠠ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ᠎ᠠ︶ | 65᠂ ᠰᠠᠭᠤᠷᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠤᠲᠠ ᠶᠢᠨ ᠲᠤᠭ᠎ᠠ ᠪᠠᠷᠢᠮᠲᠠ ᠶᠢᠨ ᠲᠥᠪ ᠢ | ᠪᠠᠶᠢᠭᠤᠯᠵᠤ᠂ ᠤᠶᠤᠨᠲᠤ ᠬᠤᠲᠠ᠂ ᠤᠶᠤᠨᠲᠤ ᠨᠡᠶᠢᠭᠡᠮ ᠲᠣᠭᠤᠷᠢᠭ᠂ ᠤᠶᠤᠨᠲᠤ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠢᠨᠲ᠋ᠤᠷ | ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠠᠷᠪᠠᠨ ᠲᠠᠪᠤ︶ ᠰᠢᠶᠠᠨ ᠤ ᠬᠡᠪᠴᠢᠶᠡᠨ ᠤ ᠠᠵᠤ ᠠᠬᠤᠢ ᠪᠠ ᠨᠡᠶᠢᠲᠡ ᠶᠢᠨ ᠪᠣᠰᠤ ᠦᠮᠴᠢᠯᠡᠯᠲᠦ ᠠᠵᠤ | ᠠᠬᠤᠢ ᠶᠢ ᠶᠡᠬᠡᠪᠡᠷ ᠬᠥᠭᠵᠢᠭᠦᠯᠦᠨ᠎ᠡ᠃ | 66᠂ ︽ᠠᠵᠤ ᠦᠢᠯᠡᠰ ᠪᠣᠯᠣᠨ ᠬᠤᠲᠠ ᠶᠢ ᠠᠭᠤᠰᠤᠯᠴᠠᠭᠤᠯᠬᠤ︾ ᠶᠢᠨ ᠲᠣᠭᠤᠷᠢᠨ ᠳᠤ ᠬᠤᠰᠢᠭᠤ | ᠰᠢᠶᠠᠨ ᠤ ᠬᠤᠲᠠ ᠪᠠ ᠲᠥᠪ ᠪᠠᠯᠭᠠᠰᠤ ᠶᠢᠨ ᠪᠠᠭᠲᠠᠭᠠᠮᠵᠢ ᠶᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠲᠦᠯᠬᠢᠨ ᠠᠬᠢᠭᠤᠯᠵᠤ᠂ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠬᠤᠲᠠ ᠬᠦᠳᠡᠭᠡ ᠶᠢ | ᠬᠤᠯᠪᠤᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠷᠭᠡᠳᠭᠡᠨ᠎ᠡ᠃ ︵ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠦᠷᠦᠭᠦᠯᠡᠨ ᠬᠠᠷᠢᠭᠤᠴᠠᠵᠤ᠂ ᠬᠠᠮᠢᠶ᠎ᠠ ᠪᠦᠬᠦᠢ | ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 67᠂ ᠰᠢᠶᠠᠨ ᠤ ᠬᠡᠪᠴᠢᠶᠡᠨ ᠤ ᠠᠵᠤ ᠠᠬᠤᠢ ᠶᠢ ᠣᠨᠴᠠᠯᠢᠬᠵᠢᠭᠤᠯᠤᠨ ᠬᠥᠭᠵᠢᠭᠦᠯᠬᠦ ᠶᠢ ᠲᠦᠯᠬᠢᠨ | ᠠᠬᠢᠭᠤᠯᠵᠤ᠂ ᠬᠠᠷᠢᠴᠠᠩᠭᠤᠢ ᠳᠠᠪᠠᠭᠤᠯᠢᠭ ᠲᠠᠯ᠎ᠠ ᠪᠠᠨ ᠪᠠᠳᠠᠷᠠᠭᠤᠯᠤᠨ᠂ ᠬᠡᠪᠴᠢᠶ᠎ᠡ ᠶᠢ ᠥᠷᠭᠡᠳᠭᠡᠬᠦ᠂ ᠨᠡᠷᠡᠲᠦ | ᠲᠦᠷᠦᠯ ᠲᠡᠮᠲᠡᠭᠲᠦ ᠶᠢ ᠠᠯᠳᠠᠷᠰᠢᠭᠤᠯᠬᠤ ᠪᠠ ᠰᠣᠯᠪᠢᠴᠠᠨ ᠬᠥᠭᠵᠢᠭᠦᠯᠬᠦ ᠶᠢ ᠨᠢᠭᠡᠲᠦᠯᠲᠡᠢ ᠲᠦᠯᠦᠪᠯᠡᠵᠦ᠂ | ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠨ᠎ᠡ᠃ ︵ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ | ᠵᠡᠷᠭᠡ ᠨᠢᠭᠡᠴᠡ ᠠᠴᠠ ᠬᠠᠷᠢᠭᠤᠴᠠᠨ᠎ᠠ︶ | 68᠂ ︽ᠡᠷᠬᠡ ᠶᠢ ᠦᠷᠭᠡᠳᠭᠡᠨ ᠰᠢᠶᠠᠨ ᠢ ᠬᠦᠴᠦᠷᠭᠡᠭᠵᠢᠭᠦᠯᠬᠦ︾ ᠦᠭᠡᠷᠡᠴᠢᠯᠡᠯᠲᠡ ᠶᠢᠨ ᠲᠣᠷᠰᠢᠯᠲᠠ ᠶᠢᠨ | ᠴᠢᠬ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠣᠷᠰᠢᠯᠲᠠ ᠶᠢᠨ ᠴᠢᠬ ᠤᠨ ᠲᠣᠷᠰᠢᠯᠭ᠎ᠠ ᠪᠠᠨ ᠳ᠋ᠦᠩᠨᠡᠨ | ᠂ ᠳᠣᠷᠤᠭᠰᠢ ᠪᠠᠭᠤᠯᠭᠠᠭᠰᠠᠨ ᠠᠵᠤ ᠠᠬᠤᠢ ᠨᠡᠶᠢᠭᠡᠮ ᠤᠨ ᠬᠠᠮᠢᠶᠠᠷᠤᠯᠲᠠ ᠶᠢᠨ ᠡᠷᠬᠡ ᠮᠡᠳᠡᠯ ᠢ ᠪᠤᠲᠠᠲᠠᠢ | ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠰᠢᠶᠠᠨ ᠤ ᠬᠡᠪᠴᠢᠶᠡᠨ ᠤ ᠵᠠᠰᠠᠯᠲᠠ ᠪᠠ ᠪᠡᠶ᠎ᠡ ᠪᠠᠨ | ᠳᠠᠭᠠᠭᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 69᠂ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠢ ᠶᠢ ᠲᠡᠳᠭᠦᠬᠦ ᠡᠷᠴᠢᠮ ᠢ ᠴᠢᠩᠭᠠᠷᠠᠭᠤᠯᠵᠤ᠂ | ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠶᠢᠯᠠᠯ ᠤᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠬᠦᠷᠢᠶᠡᠨ ᠳᠤ | ᠣᠷᠤᠬᠤ ᠪᠣᠲᠠᠲᠠᠢ ᠠᠷᠭ᠎ᠠ ᠶᠢ ᠲᠣᠭᠲᠠᠭᠠᠨ᠂ ᠨᠡᠶᠢᠲᠡ ᠶᠢᠨ ᠪᠤᠰᠤ ᠥᠮᠴᠢᠯᠡᠯᠲᠦ ᠡᠳ᠋ ᠬᠦᠷᠦᠩᠭᠡ ᠠᠴᠠ ᠰᠲ᠋ᠣᠺ | ᠡᠵᠡᠮᠳᠡᠭᠰᠡᠨ ᠬᠤᠯᠢᠮᠠᠭ ᠦᠮᠴᠢᠯᠡᠯᠲᠦ ᠠᠵᠤ ᠠᠬᠤᠶᠢᠯᠠᠯ ᠢ ᠬᠥᠭᠵᠢᠭᠦᠯᠬᠦ ᠶᠢ ᠵᠣᠷᠢᠬᠵᠢᠭᠤᠯᠤᠨ᠎ᠠ᠃ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠪᠴᠡᠩ ᠢ ᠲᠡᠭᠦᠯᠳᠡᠷᠵᠢᠭᠦᠯᠵᠦ᠂ ᠳᠤᠮᠳᠠ | ᠪᠠᠭ᠎ᠠ ᠵᠢᠵᠢᠭ ᠠᠵᠤ ᠠᠬᠤᠶᠢᠯᠠᠯ ᠤᠨ ᠨᠡᠶᠢᠳᠡᠮ ᠬᠠᠷᠠᠭᠠᠯᠵᠠᠬᠤ ᠳᠦᠷᠢᠮᠲᠦ ᠦᠢᠯᠡᠴᠢᠯᠡᠭᠡ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ | ᠬᠠᠮᠠᠭᠠᠯᠠᠨ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠶᠢᠨ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ | ᠪᠣᠯᠬᠤ ᠶᠢ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ | ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ᠃ | 70᠂ ᠭᠤᠣᠯ ᠴᠣᠭᠴᠠᠲᠤ ᠴᠢᠳᠠᠮᠵᠢᠲᠦ ᠣᠷᠣᠨ ᠤ ᠲᠦᠯᠦᠪᠵᠢᠭᠦᠯᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠯᠴᠡᠬᠦ᠂ | ᠴᠢᠳᠠᠮᠵᠢ ᠶᠢᠨ ᠪᠠᠶᠢᠷᠢᠰᠢᠯ ᠲᠣᠭᠲᠠᠭᠠᠯᠲᠠ ᠨᠢ ᠳᠣᠳᠤᠷᠬᠠᠢ᠂ ᠡᠬᠢ ᠪᠠᠶᠠᠯᠢᠭ ᠢ ᠦᠨᠳᠦᠷ ᠪᠦᠲᠦᠮᠵᠢᠲᠡᠢ | ᠠᠰᠢᠭᠯᠠᠭᠰᠠᠨ᠂ ᠬᠦᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠣᠷᠤᠰᠢᠭᠰᠠᠨ ᠣᠷᠣᠨ ᠪᠦᠰᠡ ᠶᠢᠨ | ᠬᠥᠭᠵᠢᠯᠲᠡ ᠶᠢᠨ ᠰᠢᠨ᠎ᠡ ᠪᠠᠶᠢᠳᠠᠯ ᠢ ᠪᠣᠢ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ ᠠᠴᠠ ᠬᠠᠷᠢᠭᠤᠴᠠᠨ᠎ᠠ︶ | 71᠂ ᠬᠦᠬᠡᠬᠤᠲᠠ ᠪᠤᠭᠤᠳᠤ ᠣᠷᠳᠣᠰ ᠤᠨ ᠨᠢᠭᠡ ᠴᠣᠭᠴᠠᠵᠢᠬᠤ ᠶᠢ ᠶᠡᠬᠡᠪᠡᠷ ᠲᠦᠯᠬᠢᠨ ᠠᠬᠢᠭᠤᠯᠵᠤ᠂ ᠵᠠᠮ | ᠬᠠᠷᠢᠯᠴᠠᠭ᠎ᠠ᠂ ᠴᠢᠮᠡᠭᠡ ᠬᠤᠯᠪᠤᠭ᠎ᠠ᠂ ᠮᠦᠩᠭᠦᠨ ᠭᠦᠢᠯᠭᠡᠭᠡ ᠵᠡᠷᠭᠡ ᠬᠦᠷᠢᠶᠡᠨ ᠳᠤ ᠬᠠᠮ ᠬᠤᠲᠠᠴᠢᠯᠠᠬᠤ ᠶᠢ ᠲᠦᠷᠭᠡᠨ | ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠮᠦᠩᠭᠦᠨ ᠭᠦᠢᠯᠭᠡᠭᠡᠨ ᠤ ᠠᠯᠪᠠᠨ ᠭᠡᠷ ᠵᠡᠷᠭᠡ | ᠨᠢᠭᠡᠴᠡ ᠠᠴᠠ ᠬᠠᠷᠢᠭᠤᠴᠠᠨ᠎ᠠ︶ | 72᠂ ᠦᠬᠠᠢ ᠵᠢᠴᠢ ᠡᠷᠬᠢᠨ ᠲᠣᠭᠤᠷᠢᠨ ᠳᠠᠬᠢ ᠭᠠᠵᠠᠷ ᠣᠷᠣᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠢᠳᠡᠪᠬᠢᠲᠡᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠲᠤᠳᠤᠷᠠᠬᠢ ᠡᠬᠢ ᠪᠠᠶᠠᠯᠢᠭ ᠤᠨ ᠬᠦᠴᠦᠨ ᠵᠦᠢᠯ ᠢ | ᠨᠡᠶᠢᠯᠡᠭᠦᠯᠬᠦ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠠᠳᠤᠨ | ᠭᠤᠣᠯ ᠳᠠᠭᠠᠤ ᠪᠠ ᠵᠠᠮ ᠬᠠᠷᠢᠯᠴᠠᠭᠠᠨ ᠤ ᠭᠤᠣᠯ ᠱᠤᠭᠤᠮ ᠳᠠᠭᠠᠤ ᠶᠢᠨ ᠠᠵᠤ ᠠᠬᠤᠢ ᠶᠢᠨ ᠪᠦᠰᠡ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠦᠯᠦᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠡᠭᠦᠨ ᠬᠤᠶᠢᠲᠤ ᠣᠷᠣᠨ ᠤ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠡᠭᠦᠨ ᠬᠡᠰᠡᠭ ᠤᠨ ᠠᠶᠢᠮᠠᠭ ᠬᠤᠲᠠ ᠶᠢᠨ | ᠬᠥᠭᠵᠢᠯᠲᠡ ᠪᠠᠨ ᠲᠦᠷᠭᠡᠳᠭᠡᠬᠦ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 73᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠪᠠ ᠣᠶᠢᠲᠤ ᠣᠷᠣᠨ ᠤ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠲᠦᠯᠬᠢᠨ ᠠᠬᠢᠭᠤᠯᠵᠤ᠂ ᠮᠠᠯᠵᠢᠬᠤ ᠬᠤᠰᠢᠭᠤ ᠰᠢᠶᠠᠨ᠂ ᠬᠢᠯᠢ ᠶᠢᠨ ᠬᠤᠰᠢᠭᠤ | ᠬᠤᠲᠠ᠂ ᠭᠤᠷᠪᠠᠨ ᠴᠦᠬᠡᠨ ᠲᠣᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ | ᠰᠢᠶᠠᠩ ᠪᠠ ᠴᠦᠬᠡᠨ ᠲᠣᠭᠠᠲᠤ ᠦᠨᠳᠦᠰᠦᠲᠡᠨ ᠤ ᠬᠦᠮᠦᠨ ᠠᠮᠠ ᠬᠠᠷᠢᠴᠠᠩᠭᠤᠢ ᠲᠦᠪᠯᠡᠷᠡᠭᠰᠡᠨ ᠭᠠᠵᠠᠷ ᠣᠷᠣᠨ ᠢ | ᠲᠡᠳᠭᠦᠬᠦ ᠡᠷᠴᠢᠮ ᠢᠶᠠᠨ ᠴᠢᠩᠭᠠᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠣᠢ ᠰᠢᠭᠤᠢ ᠶᠢᠨ ᠲᠢᠩᠬᠢᠮ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ | ᠡᠳ᠋ ᠤᠨ ᠵᠠᠰᠠᠭ ᠤᠨ ᠲᠢᠩᠬᠢᠮ᠂ ᠶᠠᠳᠠᠭᠤ ᠶᠢ ᠲᠡᠳᠭᠦᠬᠦ ᠠᠯᠪᠠᠨ ᠭᠡᠷ ᠵᠡᠷᠭᠡ ᠨᠢᠭᠡᠴᠡ ᠠᠴᠠ ᠬᠠᠷᠢᠭᠤᠴᠠᠨ᠎ᠠ︶ | ᠵᠢᠷᠭᠤᠭ᠎ᠠ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠲᠦᠮᠡᠨ ᠤ | ᠠᠮᠢᠳᠤᠷᠠᠯ ᠤᠨ ᠬᠢᠷᠢ ᠲᠥᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ | ︵ᠠᠷᠪᠠᠨ ᠳᠤᠯᠤᠭ᠎ᠠ︶ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ | ᠵᠠᠮ ᠢᠶᠠᠷ ᠨᠡᠮᠡᠭᠳᠡᠭᠦᠯᠦᠨ᠎ᠡ᠃ | 74᠂ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ | ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠤᠨ᠂ ᠬᠤᠰᠢᠭᠤ ᠰᠢᠶᠠᠨ ᠤ ᠱᠠᠲᠤᠨ ᠠᠴᠠ ᠳᠣᠷᠤᠭᠰᠢᠬᠢ ᠪᠠᠶᠢᠭᠤᠯᠭ᠎ᠠ ᠶᠢᠨ | ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠳᠦᠷᠢᠮ ᠢ ᠬᠡᠷᠡᠭᠵᠢᠭᠦᠯᠵᠦ᠂ | ᠠᠵᠢᠯᠲᠠᠨ ᠠᠵᠢᠯᠴᠢᠨ ᠤ ᠴᠠᠯᠢᠩ ᠲᠠᠢ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ | ᠴᠠᠯᠢᠩ ᠬᠦᠯᠦᠰᠦ ᠶᠢ ᠬᠠᠮᠲᠤ ᠪᠠᠷ ᠵᠦᠪᠳᠡᠯᠴᠡᠬᠦ ᠶᠢ ᠲᠦᠯᠬᠢᠨ ᠠᠬᠢᠭᠤᠯᠵᠤ᠂ ᠨᠠᠭᠠᠲᠤ ᠵᠠᠬ᠎ᠠ ᠶᠢᠨ ᠴᠠᠯᠢᠩ | ᠬᠦᠯᠦᠰᠦ ᠶᠢᠨ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠦᠪᠡᠷᠲᠡᠭᠡᠨ ᠵᠠᠰᠬᠠᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠢᠯᠴᠢᠨ ᠤ ᠶᠡᠷᠦᠩᠬᠡᠢ ᠡᠪᠯᠡᠯ᠂ ᠠᠵᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 75᠂ ᠮᠠᠯᠴᠢᠨ ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠣᠯᠭᠤᠬᠤ ᠶᠢ | ᠬᠦᠲᠦᠯᠦᠨ ᠵᠢᠯᠤᠭᠤᠳᠴᠤ᠂ ᠮᠠᠯᠴᠢᠨ ᠲᠠᠷᠢᠶᠠᠴᠢᠳ ᠲᠤ ᠬᠠᠷᠠᠭᠠᠯᠵᠠᠯ ᠦᠵᠡᠭᠦᠯᠵᠦ ᠡᠯ᠎ᠡ ᠵᠦᠢᠯ ᠤᠨ ᠨᠦᠬᠦᠪᠦᠷᠢ | ᠣᠯᠭᠤᠬᠤ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠎ᠠ᠃ ︵ᠦᠪᠡᠷᠲᠡᠭᠡᠨ ᠵᠠᠰᠠᠬᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 76᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠳᠤ ᠨᠦᠬᠦᠪᠦᠷᠢ | ᠣᠯᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠯᠴᠢᠨ ᠲᠠᠷᠢᠶᠠᠴᠢᠳ ᠤᠨ ᠭᠠᠵᠠᠷ ᠰᠢᠷᠤᠢ᠂ ᠭᠡᠷ | ᠪᠠᠷᠢᠬᠤ ᠭᠠᠵᠠᠷ ᠪᠠ ᠬᠠᠮᠲᠤ ᠶᠢᠨ ᠡᠳ᠋ ᠬᠦᠷᠦᠩᠭᠡ ᠶᠢᠨ ᠡᠷᠬᠡ ᠠᠰᠢᠭ ᠢ ᠬᠠᠤᠯᠢ ᠶᠤᠰᠤᠭᠠᠷ ᠪᠠᠲᠤᠯᠠᠨ᠎ᠠ᠃ ︵ | ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠠᠷᠪᠠᠨ ᠨᠠᠢᠮᠠ︶ ᠨᠡᠶᠢᠭᠡᠮ ᠤᠨ ᠪᠠᠲᠤᠯᠠᠭ᠎ᠠ ᠶᠢᠨ ᠠᠮᠦᠷ ᠲᠥᠪᠰᠢᠨ ᠤ ᠲᠣᠣᠷ ᠢ ᠨᠢᠭᠲᠠ ᠪᠠᠬᠢ | ᠪᠠᠶᠢᠭᠤᠯᠤᠨ᠎ᠠ᠃ | 77᠂ ᠠᠵᠤ ᠠᠬᠤᠶᠢᠯᠠᠯ ᠤᠨ ᠠᠵᠢᠯ ᠠᠴᠠ ᠪᠠᠭᠤᠭᠰᠠᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠮᠦᠩᠭᠦ ᠪᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠦᠩᠭᠦ᠂ | ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠪᠠ ᠠᠮᠢᠳᠤᠷᠠᠯ ᠤᠨ ᠨᠦᠬᠦᠪᠦᠷᠢ᠂ ᠬᠤᠲᠠ ᠬᠦᠳᠡᠭᠡ ᠶᠢᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠨᠦᠬᠦᠪᠦᠷᠢ ᠶᠢᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ | ᠨᠢᠭᠡᠴᠡ ᠠᠴᠠ ᠬᠠᠷᠢᠭᠤᠴᠠᠨ᠎ᠠ︶ | 78᠂ ᠨᠡᠶᠢᠭᠡᠮ ᠤᠨ ᠳᠠᠭᠠᠳᠬᠠᠯ ᠤᠨ ᠨᠢᠭᠡᠲᠦᠯᠲᠡᠢ ᠲᠦᠯᠦᠪᠯᠡᠬᠦ ᠳᠡᠰ ᠳᠠᠪᠬᠤᠷᠭ᠎ᠠ ᠪᠠ ᠪᠠᠲᠤᠯᠠᠭ᠎ᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ | ᠲᠣᠬᠠᠢ ᠦᠪᠡᠷᠲᠡᠭᠡᠨ ᠵᠠᠰᠠᠬᠤ ᠣᠷᠣᠨ ᠤ ᠨᠢᠭᠡᠲᠦᠯᠲᠡᠢ ᠲᠦᠯᠦᠪᠯᠡᠬᠦ ᠬᠠᠮᠢᠶᠠᠷᠤᠯᠲᠠ ᠶᠢᠨ ᠠᠷᠭ᠎ᠠ ᠶᠢ | ᠲᠡᠭᠦᠯᠳᠡᠷᠵᠢᠭᠦᠯᠦᠨ᠂ ᠡᠮᠴᠢᠯᠡᠭᠡ᠂ ᠦᠷᠡᠵᠢᠯ ᠵᠡᠷᠭᠡ ᠳᠠᠭᠠᠳᠬᠠᠯ ᠤᠨ ᠲᠠᠯ᠎ᠠ ᠪᠠᠷ ᠬᠢ ᠠᠶᠢᠮᠠᠭ ᠬᠤᠲᠠ ᠶᠢᠨ | ᠱᠠᠲᠤᠨ ᠤ ᠨᠢᠭᠡᠲᠦᠯᠲᠡᠢ ᠲᠦᠯᠦᠪᠯᠡᠬᠦ ᠶᠢ ᠵᠢᠷᠤᠮᠵᠢᠭᠤᠯᠤᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠣᠬᠠᠢ ᠤᠯᠤᠰ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠳ ᠤᠨ ᠨᠡᠶᠢᠭᠡᠮ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠦᠮᠦᠨ | ᠠᠮᠠ ᠶᠢ ᠬᠤᠲᠠ ᠪᠠᠯᠭᠠᠰᠤ ᠶᠢᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠤ ᠠᠯᠬᠤᠮ | ᠠᠯᠬᠤᠮ ᠢᠶᠠᠷ ᠣᠷᠤᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 79᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠦᠨᠳᠦ ᠡᠪᠡᠳᠴᠢᠨ ᠢ | ᠡᠮᠴᠢᠯᠡᠬᠦ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠭᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠢ ᠡᠮᠴᠢᠯᠡᠬᠦ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠢ ᠵᠣᠯᠭᠠᠭᠤᠯᠬᠤ ᠶᠢ ᠲᠦᠯᠬᠢᠨ | ᠠᠬᠢᠭᠤᠯᠵᠤ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ | ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠲᠠᠯ᠎ᠠ ᠪᠠᠷ ᠬᠢ ᠵᠠᠰᠠᠭ ᠤᠨ ᠣᠷᠳᠤᠨ ᠤ | ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠦᠮᠦᠨ ᠨᠢᠭᠡᠪᠦᠷᠢ ᠶᠢᠨ ᠵᠢᠯ ᠳᠤ 320 ᠲᠦᠭᠦᠷᠢᠭ | ᠪᠠᠶᠢᠭᠰᠠᠨ ᠢ 380 ᠲᠦᠭᠦᠷᠢᠭ ᠪᠣᠯᠭᠠᠨ ᠳᠡᠭᠡᠭᠰᠢᠯᠡᠭᠦᠯᠦᠨ᠎ᠡ᠃ ᠡᠮᠴᠢᠯᠡᠭᠡ ᠶᠢᠨ ᠳᠠᠭᠠᠳᠬᠠᠯ ᠤᠨ ᠰᠦᠢᠳᠭᠡᠯ | ᠲᠤᠰᠢᠶᠠᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠣᠷᠣᠨ ᠤ ᠬᠡᠪᠴᠢᠶᠡᠨ ᠳᠤᠲᠤᠷ᠎ᠠ ᠪᠤᠰᠤᠳ ᠭᠠᠵᠠᠷ ᠡᠮᠨᠡᠭᠦᠯᠬᠦ ᠳᠤ ᠰᠢᠭᠤᠳ ᠳ᠋ᠦᠩᠨᠡᠨ ᠪᠤᠳᠤᠬᠤ ᠶᠢ | ᠪᠡᠶᠡᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ | ︶ | 80᠂ ᠲᠦᠷ ᠴᠠᠭ ᠠᠪᠤᠷᠠᠨ ᠲᠤᠰᠠᠯᠠᠬᠤ ᠪᠠ ᠣᠨᠴᠤᠭᠤᠢ ᠬᠦᠨᠳᠦ ᠡᠪᠡᠳᠴᠢᠨ ᠢ ᠡᠮᠴᠢᠯᠡᠵᠦ ᠠᠪᠤᠷᠠᠨ | ᠲᠤᠰᠠᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠬᠦᠴᠢᠷᠳᠡᠯᠲᠡᠢ ᠣᠯᠠᠨ ᠲᠦᠮᠡᠨ ᠢ ᠨᠡᠶᠢᠭᠡᠮ ᠠᠴᠠ ᠠᠪᠤᠷᠠᠨ | ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠨ᠎ᠡ᠃ ︵ᠦᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶ | ︵ᠠᠷᠪᠠ ᠶᠢᠰᠦ︶ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠠᠶᠢᠭᠤᠯᠤᠯᠲᠠ ᠶᠢ | ᠬᠦᠴᠦᠲᠡᠢ ᠠᠬᠢᠭᠤᠯᠤᠨ᠎ᠠ᠃ | 81᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠲᠦᠯᠦᠪᠵᠢᠭᠦᠯᠭᠡ ᠶᠢᠨ ᠲᠦᠰᠦᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠲᠦᠷᠦᠯ ᠵᠦᠢᠯ ᠢ ᠵᠦᠢ ᠵᠣᠬᠢᠰᠲᠠᠢ ᠪᠠᠷ ᠪᠠᠶᠢᠷᠢᠯᠠᠭᠤᠯᠤᠨ᠂ ᠠᠵᠢᠯ ᠢ ᠨᠢᠮᠪᠠᠢ | ᠵᠣᠬᠢᠶᠠᠨ ᠪᠠᠶᠢᠭᠤᠯᠵᠤ᠂ ᠬᠤᠶᠢᠨᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠦᠪᠡᠷᠲᠡᠭᠡᠨ ᠵᠠᠰᠠᠬᠤ | ᠣᠷᠣᠨ ᠤ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨᠬᠦ | ᠱᠠᠯᠠᠪᠳᠠᠨ ᠪᠤᠲᠠᠲᠠᠢ ᠠᠳᠬᠤᠵᠤ᠂ ᠥᠷᠭᠡᠨ ᠣᠯᠠᠨ ᠮᠠᠯᠴᠢᠨ ᠲᠠᠷᠢᠶᠠᠴᠢᠳ ᠲᠤ ᠤᠷᠲᠤ ᠬᠤᠭᠤᠴᠠᠭ᠎ᠠ ᠪᠠᠷ ᠠᠰᠢᠭ | ᠬᠦᠷᠲᠡᠭᠡᠨ᠎ᠡ᠃ ︵ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ | ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶ᠋ᠯᠠᠭᠩ | ᠮᠠᠯ ᠠᠵᠤ ᠠᠬᠤᠢ ᠶᠢᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠰᠤᠷᠭᠠᠨ | ᠬᠦᠮᠦᠵᠢᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠰᠤᠶᠤᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 82᠂ ᠠᠳᠠᠯ ᠦᠢᠯᠡᠰ ᠴᠤᠭᠴᠠᠯᠠᠵᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠᠷ ᠭᠤᠣᠯᠳᠠᠯᠭ᠎ᠠ ᠪᠣᠯᠭᠠᠵᠤ᠂ ᠮᠠᠯᠴᠢᠨ | ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ᠂ ᠨᠤᠲᠤᠭ ᠲᠠᠭᠠᠨ ᠪᠣᠴᠠᠵᠤ ᠠᠳᠠᠯ ᠦᠢᠯᠡᠰ ᠴᠤᠭᠴᠠᠯᠠᠬᠤ ᠪᠠ | ᠬᠤᠲᠠ ᠪᠠᠯᠭᠠᠰᠤ ᠶᠢᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠦᠮᠦᠰ ᠲᠤ ᠠᠵᠢᠯ ᠣᠯᠭᠤᠬᠤ | ᠠᠵᠢᠯ ᠢ ᠨᠢᠭᠡᠲᠦᠯᠲᠡᠢ ᠲᠦᠯᠦᠪᠯᠡᠵᠦ ᠰᠠᠶᠢᠲᠤᠷ ᠬᠢᠨ᠎ᠡ᠃ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠨ ᠪᠦᠬᠦᠳᠡᠭᠡᠷ ᠢᠶᠠᠨ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠶᠢ ᠳᠠᠶᠢᠴᠢᠯᠠᠨ᠎ᠠ᠃ ᠬᠦᠳᠡᠯᠮᠦᠷᠢ | ᠬᠦᠴᠦ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠪᠠ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠶᠢ ᠶᠡᠬᠡᠪᠡᠷ ᠲᠡᠳᠭᠦᠵᠦ᠂ ᠵᠠᠰᠠᠭ ᠤᠨ ᠣᠷᠳᠤᠨ ᠤ ᠣᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠨᠢᠭᠡ ᠨᠢ | ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠬᠦᠳᠡᠯᠦᠩᠭᠦᠢ ᠪᠠᠶᠢᠳᠠᠯ ᠢ ᠦᠭᠡᠢ ᠪᠣᠯᠭᠠᠬᠤ ᠶᠢ ᠪᠠᠲᠤᠯᠠᠵᠤ᠂ | ᠬᠤᠲᠠ ᠪᠠᠯᠭᠠᠰᠤ ᠶᠢᠨ 25 ᠲᠦᠮᠡᠨ ᠬᠦᠮᠦᠨ ᠳᠤ ᠰᠢᠨ᠎ᠡ ᠪᠠᠷ ᠠᠵᠢᠯ ᠣᠯᠭᠤᠬᠤ ᠶᠢ ᠨᠡᠮᠡᠭᠳᠡᠭᠦᠯᠬᠦ᠂ ᠬᠤᠲᠠ | ᠪᠠᠯᠭᠠᠰᠤ ᠶᠢᠨ ᠲᠡᠮᠲᠡᠭᠯᠡᠭᠰᠡᠨ ᠠᠵᠢᠯ ᠠᠯᠳᠠᠭᠰᠠᠨ ᠨᠤᠷᠮ᠎ᠠ ᠶᠢ 4% ᠳᠣᠲᠤᠷ᠎ᠠ ᠬᠢᠵᠠᠭᠠᠷᠯᠠᠬᠤ ᠬᠠᠷᠠᠯᠲᠠ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠵᠡᠷᠭᠡ | ᠨᠢᠭᠡᠴᠡ ᠠᠴᠠ ᠬᠠᠷᠢᠭᠤᠴᠠᠨ᠎ᠠ︶ | 83᠂ ᠶᠠᠳᠠᠭᠤ ᠶᠢ ᠲᠡᠳᠭᠦᠵᠦ ᠪᠤᠭᠤᠮᠲᠠ ᠰᠢᠪᠲᠤᠯᠬᠤ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠵᠤ᠂ | ᠤᠳᠤᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠴᠢᠬ ᠯᠤᠭ᠎ᠠ ᠬᠠᠷᠢᠯᠴᠠᠬᠤ ᠳᠦᠷᠢᠮ ᠢ ᠬᠢᠨᠠᠮᠠᠭᠠᠢ | ᠨᠠᠶᠢᠳᠠᠪᠤᠷᠢᠵᠢᠭᠤᠯᠤᠨ᠂ ︽ᠭᠤᠷᠪᠠ ᠶᠢ ᠲᠤᠰᠬᠤᠨ ᠬᠢᠭᠡᠳ ᠡᠷᠦᠬᠡ ᠳᠤ ᠬᠦᠷᠭᠡᠬᠦ︾ ᠬᠠᠪᠰᠤᠷᠤᠨ ᠲᠡᠳᠭᠦᠬᠦ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠦᠩᠭᠦᠨ ᠭᠦᠢᠯᠭᠡᠭᠡ᠂ ᠰᠤᠷᠭᠠᠨ ᠬᠦᠮᠦᠵᠢᠯ ᠪᠠ ᠨᠡᠶᠢᠭᠡᠮ ᠠᠴᠠ | ᠶᠠᠳᠠᠭᠤ ᠶᠢ ᠲᠡᠳᠭᠦᠬᠦ ᠶᠢ ᠦᠨᠡᠨᠬᠦ ᠰᠠᠶᠢᠲᠤᠷ ᠠᠳᠬᠤᠵᠤ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ | ᠲᠦᠪᠯᠡᠷᠡᠵᠦ ᠬᠡᠰᠡᠭᠷᠡᠵᠦ ᠵᠠᠯᠭᠠᠯᠳᠤᠭᠰᠠᠨ ᠣᠨᠴᠠ ᠬᠦᠴᠢᠷᠳᠡᠯᠲᠡᠢ ᠣᠷᠣᠨ ᠪᠠ ᠶᠠᠨᠱᠠᠨ — ᠲᠠᠢ ᠬᠠᠩ ᠱᠠᠨ | ᠠᠭᠤᠯᠠ ᠬᠦᠷᠲᠡᠯᠡᠬᠢ ᠬᠡᠰᠡᠭ ᠣᠷᠣᠨ ᠤ ᠶᠠᠳᠠᠭᠤ ᠶᠢ ᠲᠡᠳᠭᠦᠵᠦ ᠪᠤᠭᠤᠮᠲᠠ ᠰᠢᠪᠲᠣᠯᠬᠤ ᠲᠦᠯᠦᠪᠵᠢᠭᠦᠯᠭᠡ ᠶᠢ | ᠲᠦᠷᠭᠡᠳᠭᠡᠨ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ 40 ᠲᠦᠮᠡ ᠪᠠᠭᠠᠰᠬᠠᠬᠤ ᠶᠢ ᠦᠨᠡᠨᠬᠦ | ᠪᠠᠲᠤᠯᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠳᠡᠵᠦ ᠪᠠᠶᠢᠭ᠎ᠠ ᠭᠡᠷ ᠪᠦᠯᠢ ᠶᠢᠨ | ᠣᠶᠣᠲᠠᠳ ᠤᠨ ᠰᠤᠷᠭᠠᠭᠤᠯᠢ ᠳᠤ ᠣᠷᠣᠬᠤ ᠶᠢ ᠡᠳ᠋ ᠮᠦᠩᠭᠦ ᠪᠠᠷ ᠲᠤᠰᠠᠯᠠᠬᠤ ᠪᠠ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭ᠎ᠠ ᠲᠠᠢ ᠭᠡᠷ ᠪᠦᠯᠢ ᠳᠤ ᠳᠤᠯᠠᠭᠠᠯᠠᠭ᠎ᠠ ᠶᠢᠨ ᠨᠡᠭᠦᠷᠡᠰᠦ ᠶᠢ ᠦᠨ᠎ᠡ ᠲᠦᠯᠦᠪᠦᠷᠢ ᠦᠭᠡᠢ ᠥᠭᠬᠦ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠭᠦᠬᠦ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 84᠂ ᠠᠷᠠᠳ ᠣᠯᠠᠨ ᠤ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ | ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠬᠠᠤ ᠠᠯᠬᠤᠴᠠ ᠶᠢ | ᠲᠦᠷᠭᠡᠳᠭᠡᠨ᠂ ᠪᠤᠭᠤᠳᠤ ᠶᠢᠨ ᠬᠦᠷᠡᠯ ᠰᠢᠯᠢ᠂ ᠤᠯᠠᠭᠠᠠᠬᠠᠳᠠ ᠶᠢᠨ ᠲᠡᠮᠦᠷ ᠵᠠᠮ ᠤᠨ ᠡᠮᠦᠨᠡᠬᠢ᠂ ᠬᠢᠩᠭᠠᠨ | ᠠᠶᠢᠮᠠᠭ ᠤᠨ ᠷᠠᠰᠢᠶᠠᠨ ᠵᠡᠷᠭᠡ ᠭᠤᠣᠯᠳᠠᠯᠭ᠎ᠠ ᠲᠠᠢ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠰᠢᠨᠡᠳᠭᠡᠨ ᠵᠠᠰᠠᠬᠤ ᠪᠠᠷᠢᠯᠭ᠎ᠠ ᠶᠢ ᠬᠦᠴᠦᠲᠡᠢ ᠰᠠᠶᠢᠲᠤᠷ ᠠᠳᠬᠤᠵᠤ᠂ ᠪᠠᠲᠤᠯᠠᠭ᠎ᠠ ᠶᠢᠨ ᠭᠡᠷ ᠪᠠᠶᠢᠰᠢᠩ ᠤᠨ | ᠬᠤᠪᠢᠶᠠᠷᠢᠯᠠᠯᠲᠠ ᠬᠠᠮᠢᠶᠠᠷᠤᠯᠲᠠ ᠶᠢ ᠴᠢᠩᠭᠠᠳᠬᠠᠨ᠂ ᠳᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ | ᠵᠠᠰᠬᠠᠤ ᠳᠤ ᠵᠣᠭᠤᠰᠤᠵᠢᠭᠤᠯᠤᠨ ᠲᠦᠪᠬᠢᠨᠡᠭᠦᠯᠬᠦ ᠶᠢ ᠲᠦᠯᠬᠢᠨ ᠠᠬᠢᠭᠤᠯᠵᠤ᠂ 24.2 ᠲᠦᠮᠡᠨ ᠢᠵᠢ | ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢ ᠰᠢᠨ᠎ᠡ ᠪᠠᠷ ᠪᠠᠷᠢᠯᠭ᠎ᠠ ᠡᠬᠢᠯᠡᠭᠦᠯᠬᠦ᠂ 16 ᠲᠦᠮᠡᠨ | ᠢᠵᠢ ᠶᠢ ᠦᠨᠳᠦᠰᠦᠨ ᠳᠡᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ 17 | ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠶᠢ ᠪᠡᠶᠡᠯᠡᠭᠦᠯᠦᠨ᠎ᠡ᠃ ︵ | ᠦᠪᠡᠷᠲᠡᠭᠡᠨ ᠵᠠᠰᠬᠠᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠠᠴᠠ ᠬᠠᠷᠢᠭᠤᠴᠠᠨ᠎ᠠ︶ | ᠳᠣᠯᠤᠭ᠎ᠠ᠂ ᠰᠤᠶᠤᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠲᠦᠮᠡᠨ ᠤ ᠤᠶᠤᠨ | ᠰᠠᠨᠠᠭ᠎ᠠ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ | ︵ᠬᠤᠷᠢ︶ ᠬᠠᠮᠲᠤ ᠶᠢᠨ ᠣᠶᠣᠨ ᠰᠠᠨᠠᠭᠠᠨ ᠤ ᠬᠦᠰᠡᠯᠡᠩ ᠤᠨ ᠭᠡᠷ ᠬᠦᠷᠢᠶᠡᠯᠡᠩ ᠢ ᠬᠦᠴᠦᠯᠡᠨ ᠪᠠᠶᠢᠭᠤᠯᠤᠨ᠎ᠠ | ᠃ | 85᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠪᠠ ᠳᠤᠮᠳᠠᠳᠤ ᠶᠢᠨ | ᠵᠡᠭᠦᠳᠦ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠬᠤ | ᠥᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠬᠡᠷᠡᠭᠵᠢᠭᠦᠯᠬᠦ ᠰᠠᠨᠠᠯ ᠢ ᠬᠢᠨᠠᠮᠠᠭᠠᠢ | ᠨᠠᠶᠢᠳᠠᠪᠤᠷᠢᠵᠢᠭᠤᠯᠤᠨ᠂ ︽ᠳᠤᠮᠳᠠᠳᠤ ᠶᠢᠨ ᠵᠡᠭᠦᠳᠦ · ᠬᠠᠷᠢᠭᠤᠴᠠᠯᠭ᠎ᠠ ᠪᠠᠨ ᠭᠦᠢᠴᠡᠳᠭᠡᠵᠦ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠰᠢᠷᠢᠰ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠬᠠᠮᠲᠤᠪᠠᠷ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ︵ᠦᠪᠡᠷᠲᠡᠭᠡᠨ ᠵᠠᠰᠬᠠᠤ | ᠣᠷᠣᠨ ᠤ ᠰᠤᠶᠤᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠨᠢᠭᠡᠴᠡ ᠠᠴᠠ | ᠬᠠᠷᠢᠭᠤᠴᠠᠨ᠎ᠠ︶ | 86᠂ ᠦᠢᠯᠡᠳᠦᠯᠭᠡ ᠶᠢᠨ ᠱᠠᠭᠠᠷᠳᠠᠯᠭ᠎ᠠ ᠶᠢ ᠳᠤᠪᠤᠶᠢᠯᠭᠠᠵᠤ᠂ ᠠᠵᠢᠯᠯᠠᠭᠠᠨ ᠤ ᠠᠴᠢᠶᠠᠯᠠᠪᠤᠷᠢ ᠶᠢ | ᠪᠠᠶᠠᠯᠢᠬᠵᠢᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ ᠶᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠ ᠣᠯᠠᠨ ᠲᠦᠮᠡᠨ ᠤ ᠰᠣᠶᠣᠯ ᠤᠨ | ᠠᠵᠢᠯᠯᠠᠭ᠎ᠠ ᠯᠤᠭ᠎ᠠ ᠬᠠᠷᠢᠯᠴᠠᠨ ᠤᠶᠠᠯᠳᠤᠭᠤᠯᠵᠤ᠂ ᠭᠤᠣᠯ ᠬᠥᠭ ᠠᠶᠠᠰ ᠢ ᠪᠠᠳᠠᠷᠠᠭᠤᠯᠤᠨ᠂ ᠢᠳᠡᠪᠬᠢ ᠬᠦᠴᠦᠨ ᠢ | ᠨᠢᠭᠲᠠᠷᠠᠭᠤᠯᠵᠤ᠂ ᠠᠷᠠᠳ ᠢᠷᠭᠡᠳ ᠤᠨ ᠶᠣᠰᠣ ᠮᠤᠷᠠᠯ ᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠠ ᠶᠢ | ᠪᠦᠬᠦ ᠲᠠᠯ᠎ᠠ ᠪᠠᠷ ᠳᠡᠭᠡᠭᠰᠢᠯᠡᠭᠦᠯᠦᠨ᠂ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠤᠶᠤᠨ ᠰᠠᠨᠠᠭᠠᠨ ᠤ ᠬᠦᠳᠡᠯᠭᠡᠬᠦ | ᠬᠦᠴᠦᠨ ᠢ ᠬᠥᠭᠵᠢᠭᠡᠨ᠎ᠡ᠃ ︵ᠦᠪᠡᠷᠲᠡᠭᠡᠨ ᠵᠠᠰᠠᠬᠤ ᠣᠷᠣᠨ ᠤ ᠰᠤᠶᠤᠯ ᠤᠨ ᠲᠢᠩᠬᠢᠮ᠂ ᠰᠣᠨᠢᠨ ᠮᠡᠳᠡᠭᠡ ᠬᠡᠪᠯᠡᠯ | ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠰᠤᠷᠭᠠᠨ ᠬᠦᠮᠦᠵᠢᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | | ︵ᠬᠤᠷᠢᠨ ᠨᠢᠭᠡ︶ ᠰᠤᠶᠤᠯ ᠤᠨ ᠠᠵᠢᠯ ᠦᠢᠯᠡᠰ ᠢ ᠶᠡᠬᠡᠪᠡᠷ ᠬᠥᠭᠵᠢᠭᠦᠯᠦᠨ᠎ᠡ᠃ | 87᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠷᠢᠮᠵᠢᠶᠠᠵᠢᠭᠤᠯᠬᠤ᠂ | ᠲᠡᠩᠴᠡᠭᠦᠷᠢᠵᠢᠭᠦᠯᠬᠦ ᠪᠠᠶᠢᠭᠤᠯᠤᠯᠲᠠ ᠶᠢ ᠲᠦᠷᠭᠡᠳᠭᠡᠵᠦ᠂ ᠣᠳᠣ ᠦᠶ᠎ᠡ ᠶᠢᠨ ᠣᠯᠠᠨ ᠨᠠᠶᠢᠲᠡ ᠶᠢᠨ ᠰᠤᠶᠤᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢᠨ ᠬᠡᠷᠡᠭᠵᠢᠭᠦᠯᠬᠦ ᠰᠠᠨᠠᠯ ᠪᠠ ᠣᠯᠠᠨ ᠨᠡᠶᠢᠲᠡ ᠶᠢᠨ ᠰᠤᠶᠤᠯ ᠤᠨ | ᠦᠨᠳᠦᠰᠦᠨ ᠦᠢᠯᠡᠴᠢᠯᠡᠭᠡᠨ ᠤ ᠵᠢᠯᠤᠭᠤᠳᠬᠤ ᠪᠠᠷᠢᠮᠵᠢᠶ᠎ᠠ ᠶᠢ ᠨᠡᠶᠢᠲᠡᠯᠡᠨ᠎ᠡ᠃ ︵ᠦᠪᠡᠷᠲᠡᠭᠡᠨ ᠵᠠᠰᠠᠬᠤ ᠣᠷᠣᠨ ᠤ | ᠰᠤᠶᠤᠯ ᠤᠨ ᠲᠢᠩᠬᠢᠮ ᠠᠴᠠ ᠬᠠᠷᠢᠭᠤᠴᠠᠨ᠎ᠠ︶ | 88᠂ ᠰᠤᠶᠤᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠣᠭᠠᠴᠢᠯᠠᠭᠰᠠᠨ ᠨᠣᠮ ᠤᠨ | ᠰᠠᠩ ᠵᠡᠷᠭᠡ ᠰᠤᠶᠤᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠲᠣᠭᠠᠴᠠᠯᠠᠭᠰᠠᠨ ᠰᠤᠶᠤᠯ ᠢ ᠮᠣᠩᠭᠤᠯ | ᠭᠡᠷ ᠲᠤ ᠣᠷᠤᠭᠤᠯᠬᠤ︾ ᠢᠨᠵᠧᠨᠧᠷᠢᠩ ᠤᠨ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠬᠢᠯᠢ ᠶᠢᠨ ᠬᠤᠰᠢᠭᠤ | ᠰᠢᠶᠠᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠢᠶᠠᠷ ᠬᠢᠯᠢ ᠪᠠᠨ ᠪᠠᠬᠢᠵᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠦᠪᠡᠷᠲᠡᠭᠡᠨ ᠵᠠᠰᠬᠠᠤ ᠣᠷᠣᠨ ᠤ ᠲᠦᠷᠦᠭᠦᠦ ᠪᠦᠯᠦᠭ ᠣᠯᠠᠨ ᠨᠡᠶᠢᠲᠡ ᠶᠢᠨ ᠰᠤᠶᠤᠯ ᠤᠨ ᠵᠢᠱᠢᠶ᠎ᠡ | ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠲᠦᠷᠦᠯ ᠵᠦᠢᠯ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠨᠡᠶᠢᠭᠡᠮ ᠤᠨ ᠰᠢᠨᠵᠢᠯᠡᠬᠦ ᠤᠬᠠᠭᠠᠨ᠂ ᠷᠠᠳᠢᠣ᠋ ᠺᠢᠨᠣ᠋ ᠲᠧᠯᠸᠢᠰ ᠵᠡᠷᠭᠡ ᠠᠵᠢᠯ ᠦᠢᠯᠡᠰ ᠢ ᠴᠡᠴᠡᠭᠯᠡᠨ ᠬᠥᠭᠵᠢᠭᠦᠯᠵᠦ᠂ | ᠰᠢᠨ᠎ᠡ ᠬᠡᠯᠪᠡᠷᠢ ᠶᠢᠨ ᠵᠠᠭᠤᠴᠢᠯᠠᠭᠤᠷ ᠬᠢᠭᠡᠳ ᠤᠯᠠᠮᠵᠢᠯᠠᠯᠲᠤ ᠵᠠᠭᠤᠴᠢᠯᠠᠭᠤᠷ ᠤᠨ ᠬᠠᠮᠲᠤᠷᠠᠨ ᠬᠦᠳᠡᠯᠦᠯᠴᠡᠬᠦ ᠪᠠ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠰᠤᠶᠤᠯ ᠤᠨ ᠲᠢᠩᠬᠢᠮ᠂ ᠰᠣᠨᠢᠨ | ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 89᠂ ᠰᠣᠳᠣᠨ ᠪᠦᠲᠦᠭᠡᠯ ᠵᠣᠬᠢᠶᠠᠨ ᠪᠦᠲᠦᠭᠡᠵᠦ ᠲᠣᠭᠯᠠᠬᠤ ᠶᠢ ᠲᠡᠳᠭᠦᠵᠦ ᠬᠦᠲᠦᠯᠦᠨ ᠵᠢᠯᠤᠭᠤᠳᠬᠤ ᠪᠠᠨ | ᠴᠢᠩᠭᠠᠳᠬᠠᠵᠤ᠂ ︽ᠳᠤᠮᠳᠠᠳᠤ ᠶᠢᠨ ᠵᠡᠭᠦᠳᠦ︾ ᠭᠤᠣᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ | ᠠᠵᠢᠯᠯᠠᠭ᠎ᠠ ᠪᠠᠷ ᠭᠠᠷᠳᠠᠴᠠ ᠪᠣᠯᠭᠠᠵᠤ᠂ ᠦᠪᠦᠷ ᠮᠣᠩᠭᠤᠯ ᠤᠨ ᠰᠤᠶᠤᠯ ᠤᠷᠠᠯᠢᠭ ᠤᠨ ᠤᠷᠲᠤ ᠬᠤᠩᠬᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠭᠤᠣᠯᠳᠠᠯᠭ᠎ᠠ ᠲᠠᠢ ᠲᠠᠶᠢᠰᠠᠨ ᠤ ᠲᠣᠭᠯᠠᠯᠲᠠ ᠵᠦᠴᠦᠭᠡ ᠶᠢᠨ ᠰᠣᠳᠣᠨ | ᠪᠦᠲᠦᠭᠡᠯ ᠢ ᠵᠣᠬᠢᠶᠠᠨ ᠪᠦᠲᠦᠭᠡᠬᠦ᠂ ᠲᠠᠯ᠎ᠠ ᠨᠤᠲᠤᠭ ᠤᠨ ᠤᠷᠠᠨ ᠵᠣᠬᠢᠶᠠᠯ ᠤᠨ ᠰᠣᠳᠣᠨ ᠪᠦᠲᠦᠭᠡᠯ ᠵᠣᠬᠢᠶᠠᠬᠤ ᠪᠠ | ᠮᠣᠩᠭᠤᠯ ᠬᠡᠯᠡᠨ ᠤ ᠰᠢᠯᠢᠳᠡᠭ ᠵᠣᠬᠢᠶᠠᠯ ᠪᠦᠲᠦᠭᠡᠯ ᠤᠨ ᠣᠷᠴᠢᠭᠤᠯᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ | ᠠᠳᠬᠤᠨ᠎ᠠ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ᠂ ᠪᠤᠳᠠᠰ ᠤᠨ ᠪᠣᠰᠤ ᠰᠤᠶᠤᠯ ᠤᠨ ᠥᠪ ᠢ | ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠦᠨᠳᠦᠰᠦᠲᠡᠨ ᠤ ᠰᠢᠯᠢᠳᠡᠭ ᠰᠤᠶᠤᠯ ᠢ ᠤᠯᠠᠮᠵᠢᠯᠠᠵᠤ ᠬᠠᠮᠠᠭᠠᠯᠠᠬᠤ ᠪᠠ | ᠰᠢᠨ᠎ᠡ ᠶᠢ ᠡᠭᠦᠳᠴᠦ ᠬᠥᠭᠵᠢᠭᠦᠯᠬᠦ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠰᠤᠶᠤᠯ ᠤᠨ | ᠲᠢᠩᠬᠢᠮ ᠠᠴᠠ ᠬᠠᠷᠢᠭᠤᠴᠠᠨ᠎ᠠ︶ | ︵ᠬᠤᠷᠢᠨ ᠬᠤᠶᠠᠷ︶ ᠦᠪᠡᠷᠮᠢᠴᠡ ᠣᠨᠴᠠᠯᠢᠭ ᠪᠦᠬᠦᠢ ᠰᠤᠶᠤᠯ ᠤᠨ ᠠᠵᠤ ᠦᠢᠯᠡᠰ ᠤᠨ ᠬᠥᠭᠵᠢᠯᠲᠡ ᠶᠢ | ᠢᠳᠡᠪᠬᠢᠲᠡᠢ ᠲᠦᠯᠬᠢᠨ ᠠᠬᠢᠭᠤᠯᠤᠨ᠎ᠠ᠃ | 90᠂ ᠰᠤᠶᠤᠯ ᠤᠨ ᠠᠵᠤ ᠦᠢᠯᠡᠰ ᠤᠨ ᠤᠷᠲᠣᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ | ᠲᠦᠯᠦᠪᠵᠢᠭᠦᠯᠭᠡ ᠶᠢ ᠬᠡᠷᠡᠭᠵᠢᠭᠦᠯᠵᠦ᠂ ᠣᠨᠴᠠᠯᠢᠬᠵᠢᠭᠰᠠᠨ᠂ ᠵᠦᠷᠢᠶᠡᠵᠢᠭᠰᠡᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠤᠨ ᠬᠦᠮᠦᠷᠭᠡ ᠶᠢ | ᠪᠦᠷᠢᠨᠰᠢᠭᠦᠯᠵᠦ᠂ ᠰᠣᠶᠣᠯ ᠤᠨ ᠠᠵᠤ ᠦᠢᠯᠡᠰ ᠤᠨ ᠭᠤᠣᠯ ᠴᠣᠭᠴᠠ ᠶᠢ ᠪᠤᠶᠢᠵᠢᠭᠤᠯᠤᠨ᠂ ᠲᠤᠮᠤ ᠠᠵᠤ ᠠᠬᠤᠶᠢᠯᠠᠯ | ᠲᠤᠮᠤ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠪᠡᠷᠮᠢᠴᠡ ᠣᠨᠴᠠᠯᠢᠭ ᠪᠦᠬᠦᠢ | ᠳᠤᠮᠳᠠ ᠪᠠᠭ᠎ᠠ ᠵᠢᠵᠢᠭ ᠰᠣᠶᠣᠯ ᠤᠨ ᠠᠵᠤ ᠠᠬᠤᠶᠢᠯᠠᠯ ᠢ ᠲᠡᠳᠭᠦᠨ ᠬᠥᠭᠵᠢᠭᠦᠯᠵᠦ᠂ ᠭᠤᠣᠯᠯᠠᠬᠤ ᠦᠷᠢᠰᠦᠯᠳᠦᠬᠦ | ᠬᠦᠴᠦᠨ ᠲᠠᠢ ᠨᠢᠭᠡ ᠪᠦᠯᠦᠭ ᠣᠨᠴᠠᠯᠢᠭᠲᠤ ᠰᠣᠶᠣᠯ ᠤᠨ ᠠᠵᠤ ᠠᠬᠤᠶᠢᠯᠠᠯ ᠪᠠ ᠨᠡᠷᠡᠲᠦ ᠲᠦᠷᠦᠯ ᠲᠡᠮᠲᠡᠭᠲᠦ ᠶᠢ | ᠪᠣᠢ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠠᠴᠠ ᠬᠠᠷᠢᠭᠤᠴᠠᠨ᠎ᠠ︶ | 91᠂ ᠦᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ | ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠡᠪᠴᠡᠩ ᠢ ᠪᠠᠶᠢᠭᠤᠯᠵᠤ᠂ ᠰᠣᠶᠣᠯ ᠤᠨ ᠠᠵᠤ ᠦᠢᠯᠡᠰ ᠢ ᠬᠥᠭᠵᠢᠭᠦᠯᠬᠦ | ᠲᠣᠰᠬᠠᠢ ᠵᠦᠢᠯ ᠤᠨ ᠪᠡᠯᠡ ᠮᠦᠩᠭᠦ ᠶᠢᠨ ᠬᠡᠪᠴᠢᠶ᠎ᠡ ᠶᠢ ᠦᠷᠭᠡᠳᠭᠡᠨ᠎ᠡ᠃ ᠨᠢᠭᠡ ᠪᠦᠯᠦᠭ ᠣᠨᠴᠠᠯᠢᠭᠲᠤ ᠰᠣᠶᠣᠯ ᠤᠨ | ᠵᠢᠭᠤᠯᠴᠢᠯᠠᠯ ᠤᠨ ᠲᠦᠷᠦᠯ ᠵᠦᠢᠯ ᠢ ᠬᠦᠲᠦᠯᠦᠨ ᠵᠢᠯᠤᠭᠤᠳᠴᠤ ᠨᠡᠭᠡᠭᠡᠨ ᠬᠥᠭᠵᠢᠭᠦᠯᠦᠨ᠎ᠡ᠃ ︵ᠦᠪᠡᠷᠲᠡᠭᠡᠨ | ᠵᠠᠰᠠᠬᠤ ᠣᠷᠣᠨ ᠤ ᠰᠣᠶᠣᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ ᠵᠡᠷᠭᠡ | ᠨᠢᠭᠡᠴᠡ ᠠᠴᠠ ᠬᠠᠷᠢᠭᠤᠴᠠᠨ᠎ᠠ︶ | ︵ᠬᠤᠷᠢᠨ ᠭᠤᠷᠪᠠ︶ ᠭᠠᠳᠠᠭᠠᠲᠤ ᠯᠤᠭ᠎ᠠ ᠶᠢᠨ ᠰᠤᠶᠤᠯ ᠤᠨ ᠰᠣᠯᠢᠯᠴᠠᠭ᠎ᠠ ᠶᠢᠨ ᠬᠢᠷᠢ ᠬᠡᠮᠵᠢᠶ᠎ᠠ ᠶᠢ ᠴᠢᠷᠮᠠᠶᠢᠨ | ᠳᠡᠭᠡᠭᠰᠢᠯᠡᠭᠦᠯᠦᠨ᠎ᠡ᠃ | 92᠂ ᠤᠯᠤᠰ ᠤᠨ ᠭᠠᠳᠠᠭᠠᠲᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠠᠵᠢᠯᠯᠠᠭ᠎ᠠ ᠳᠤ ᠢᠳᠡᠪᠬᠢᠲᠡᠢ | ᠣᠷᠤᠯᠴᠠᠵᠤ᠂ ᠮᠠᠨ ᠤ ᠣᠷᠣᠨ ᠤ ᠦᠨᠳᠦᠰᠦᠲᠡᠨ ᠤ ᠰᠢᠯᠢᠳᠡᠭ ᠰᠣᠶᠣᠯ ᠤᠨ ᠨᠡᠩ ᠰᠠᠶᠢᠨ ᠢᠶᠠᠷ ᠭᠠᠷᠴᠤ ᠶᠠᠪᠤᠬᠤ ᠶᠢ | ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠭᠠᠳᠠᠭᠠᠲᠤ ᠤᠬᠠᠭᠤᠯᠭ᠎ᠠ ᠶᠢᠨ ᠠᠵᠢᠯ ᠢ | ᠴᠢᠩᠭᠠᠳᠬᠠᠬᠤ ᠲᠣᠬᠠᠢ ᠰᠠᠨᠠᠯ ᠤᠨ ᠱᠠᠭᠠᠷᠳᠠᠯᠭ᠎ᠠ ᠶᠤᠰᠤᠭᠠᠷ᠂ ᠭᠤᠣᠯᠳᠠᠯᠭ᠎ᠠ ᠪᠣᠯᠬᠤ ᠡᠭᠦᠷᠭᠡ ᠶᠢ | ᠨᠠᠶᠢᠳᠠᠪᠤᠷᠢᠵᠢᠭᠤᠯᠵᠤ᠂ ᠤᠷᠲᠤ ᠬᠤᠭᠤᠴᠠᠭ᠎ᠠ ᠶᠢᠨ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠰᠣᠯᠢᠯᠴᠠᠭ᠎ᠠ | ᠬᠢᠵᠦ ᠬᠠᠮᠲᠤᠷᠠᠯᠴᠠᠬᠤ ᠬᠦᠷᠢᠶ᠎ᠡ ᠶᠢ ᠥᠷᠭᠡᠳᠭᠡᠵᠦ᠂ ᠦᠭᠡ ᠬᠡᠯᠡᠨ ᠤ ᠰᠢᠰᠲ᠋ᠧᠮᠵᠢ ᠪᠠ ᠢᠯᠡᠳᠭᠡᠬᠦ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠳᠤᠮᠳᠠᠳᠤ ᠤᠯᠤᠰ ᠪᠠ ᠦᠪᠦᠷ ᠮᠣᠩᠭᠤᠯ ᠤᠨ ᠦᠯᠢᠭᠡᠷ ᠢᠶᠠᠨ ᠰᠠᠶᠢᠲᠤᠷ | ᠤᠬᠠᠭᠤᠯᠤᠨ᠎ᠠ᠃ ᠰᠤᠶᠤᠯ ᠤᠨ ᠪᠦᠲᠦᠭᠡᠭᠳᠡᠭᠦᠨ ᠪᠠ ᠦᠢᠯᠡᠴᠢᠯᠡᠭᠡᠨ ᠤ ᠭᠠᠳᠠᠭᠠᠲᠤ ᠳᠤ ᠭᠠᠷᠬᠤ ᠶᠢ ᠥᠷᠭᠡᠳᠭᠡᠵᠦ᠂ | ᠲᠠᠯ᠎ᠠ ᠨᠤᠲᠤᠭ ᠤᠨ ᠰᠤᠶᠤᠯ ᠤᠨ ᠭᠠᠳᠠᠭᠠᠲᠤ ᠳᠠᠬᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠦᠪᠡᠷᠲᠡᠭᠡᠨ | ᠵᠠᠰᠠᠬᠤ ᠣᠷᠣᠨ ᠤ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠠᠴᠠ | ᠲᠦᠷᠦᠭᠦᠯᠡᠨ ᠬᠠᠷᠢᠭᠤᠴᠠᠨ᠎ᠠ︶ | ᠨᠠᠢᠮᠠ᠂ ᠨᠡᠶᠢᠭᠡᠮ ᠤᠨ ᠠᠵᠢᠯ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠰᠢᠨ᠎ᠡ ᠶᠢ ᠡᠭᠦᠳᠦᠨ᠎ᠡ | ︵ᠬᠤᠷᠢᠨ ᠳᠥᠷᠪᠡ︶ ᠨᠡᠶᠢᠭᠡᠮ ᠤᠨ ᠡᠯ᠎ᠡ ᠵᠦᠢᠯ ᠤᠨ ᠦᠢᠯᠡᠰ ᠢ ᠲᠦᠷᠭᠡᠳᠭᠡᠨ ᠬᠥᠭᠵᠢᠭᠦᠯᠦᠨ᠎ᠡ᠃ | 93᠂ ᠰᠤᠷᠭᠠᠨ ᠬᠦᠮᠦᠵᠢᠯ ᠤᠨ ᠣᠷᠤᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠠᠯᠪᠠᠨ ᠵᠢᠷᠤᠮ ᠤᠨ | ᠰᠤᠷᠭᠠᠨ ᠬᠦᠮᠦᠵᠢᠯ ᠢ ᠲᠡᠩᠴᠡᠭᠦᠷᠢᠲᠡᠢ ᠬᠥᠭᠵᠢᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ | ᠰᠠᠨᠠᠯ ᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠬᠥᠭᠵᠢᠭᠦᠯᠬᠦ | ᠬᠤᠰᠢᠭᠤ ᠰᠢᠶᠠᠨ ᠳᠠᠬᠢ ᠬᠠᠮᠣᠷᠬᠤ ᠬᠡᠪᠴᠢᠶ᠎ᠡ ᠶᠢ ᠥᠷᠭᠡᠳᠭᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ᠂ ᠣᠨᠴᠤᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ | ᠰᠤᠷᠭᠠᠨ ᠬᠦᠮᠦᠵᠢᠯ ᠪᠠ ᠦᠷᠭᠦᠯᠵᠢᠯᠡᠯ ᠰᠤᠷᠭᠠᠨ ᠬᠦᠮᠦᠵᠢᠯ ᠤᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ | ᠠᠬᠢᠭᠤᠯᠵᠤ᠂ ᠡᠩ ᠤᠨ ᠦᠨᠳᠦᠷ ᠳᠤᠮᠳᠠᠳᠤ ᠶᠢᠨ ᠣᠯᠠᠨ ᠶᠠᠩᠵᠤᠵᠢᠯᠠᠬᠤ᠂ ᠣᠨᠴᠠᠯᠢᠬᠵᠢᠬᠤ ᠪᠠ ᠳᠡᠭᠡᠳᠦ | ᠵᠡᠷᠭᠡ ᠶᠢᠨ ᠰᠤᠷᠭᠠᠨ ᠬᠦᠮᠦᠵᠢᠯ ᠤᠨ ᠠᠭᠤᠯᠠᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠤᠨ᠂ ᠣᠳᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ᠂ | ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢᠨ ᠲᠣᠬᠠᠢ ᠦᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠠᠷᠭ᠎ᠠ ᠶᠢ ᠨᠡᠶᠢᠲᠡᠯᠡᠨ᠎ᠡ᠃ ︵ᠦᠪᠡᠷᠲᠡᠭᠡᠨ ᠵᠠᠰᠬᠠᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 94᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠦᠢᠯᠡᠰ ᠢ ᠶᠡᠬᠡᠪᠡᠷ ᠬᠥᠭᠵᠢᠭᠦᠯᠵᠦ᠂ ᠦᠪᠡᠷᠲᠡᠭᠡᠨ | ᠵᠠᠰᠬᠠᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠪᠠ ᠠᠶᠢᠮᠠᠭ | ᠬᠤᠲᠠ᠂ ᠬᠤᠰᠢᠭᠤ ᠰᠢᠶᠠᠨ ᠵᠢᠴᠢ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠬᠦᠮᠦᠨ ᠨᠢᠭᠡᠪᠦᠷᠢ ᠶᠢᠨ ᠳᠤᠮᠳᠠᠴᠢ ᠵᠠᠷᠤᠳᠠᠯ ᠤᠨ | ᠪᠠᠷᠢᠮᠵᠢᠶ᠎ᠠ ᠶᠢ 40 ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠡᠮ ᠤᠨ ᠵᠦᠢᠯ ᠤᠨ ᠦᠨᠳᠦᠰᠦᠨ ᠳᠦᠷᠢᠮ ᠪᠠ | ᠦᠨᠳᠦᠰᠦᠨ ᠱᠠᠲᠤᠨ ᠤ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠪᠠᠬᠢᠵᠢᠭᠦᠯᠵᠦ᠂ ᠡᠮ ᠤᠨ ᠵᠦᠢᠯ ᠤᠨ | ᠦᠨᠳᠦᠰᠦᠨ ᠳᠦᠷᠢᠮ ᠤᠨ ᠬᠡᠷᠡᠭᠵᠢᠭᠦᠯᠬᠦ ᠬᠡᠪᠴᠢᠶ᠎ᠡ ᠶᠢ ᠥᠷᠭᠡᠳᠭᠡᠨ᠎ᠡ᠃ ᠮᠣᠩᠭᠤᠯ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠦᠨ᠂ ᠮᠣᠩᠭᠤᠯ ᠡᠮ ᠡᠮᠨᠡᠯᠭᠡ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠥᠷᠭᠡᠳᠭᠡᠨ᠎ᠡ᠃ ᠬᠦᠨᠳᠦ ᠡᠪᠡᠳᠴᠢᠨ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠬᠦᠮᠦᠵᠢᠭᠦᠯᠬᠦ ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢᠨ ᠲᠡᠩᠴᠡᠭᠦᠷᠢᠵᠢᠯᠲᠡ ᠶᠢ ᠲᠦᠯᠬᠢᠨ ᠠᠬᠢᠭᠤᠯᠬᠤ ᠳᠤ ᠴᠢᠳᠠᠪᠤᠷᠢᠲᠠᠨ ᠤ | ᠪᠠᠲᠤᠯᠠᠭ᠎ᠠ ᠶᠢ ᠬᠠᠩᠭᠠᠨ᠎ᠠ᠃ ︵ᠦᠪᠡᠷᠲᠡᠭᠡᠨ ᠵᠠᠰᠬᠠᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠨᠢᠭᠡᠴᠡ ᠠᠴᠠ | ᠬᠠᠷᠢᠭᠤᠴᠠᠨ᠎ᠠ︶ | 95᠂ ᠣᠷᠤᠯᠳᠤᠭᠠᠨ ᠤ ᠪᠡᠶ᠎ᠡ ᠶᠢᠨ ᠲᠠᠮᠢᠷ ᠬᠢᠭᠡᠳ ᠣᠯᠠᠨ ᠲᠦᠮᠡᠨ ᠤ ᠪᠡᠶ᠎ᠡ ᠶᠢᠨ ᠲᠠᠮᠢᠷ ᠤᠨ ᠵᠣᠬᠢᠴᠠᠩᠭᠤᠢ | ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ ᠬᠥᠯ ᠪᠦᠮᠪᠦᠭᠡ ᠶᠢᠨ ᠦᠢᠯᠡᠰ ᠤᠨ | ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠤᠯᠤᠰ ︵ᠤᠮᠠᠷᠠᠲᠤ ᠣᠷᠣᠨ︶ ᠤᠨ ᠬᠥᠯ | ᠪᠦᠮᠪᠦᠭᠡ ᠶᠢᠨ ᠰᠣᠷᠢᠯᠲᠠ ᠶᠢᠨ ᠰᠠᠭᠤᠷᠢᠨ ᠭᠠᠵᠠᠷ ᠪᠠ ᠤᠯᠤᠰ ︵ᠤᠮᠠᠷᠠᠲᠤ ᠣᠷᠣᠨ︶ ᠤᠨ ᠵᠠᠯᠠᠭᠤᠴᠤᠳ | ᠪᠠᠭᠠᠴᠤᠳ ᠤᠨ ᠬᠥᠯ ᠪᠦᠮᠪᠦᠭᠡ ᠶᠢᠨ ᠵᠣᠰᠠᠯᠠᠩ ᠤᠨ ᠠᠵᠢᠯᠯᠠᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ︵ᠦᠪᠡᠷᠲᠡᠭᠡᠨ ᠵᠠᠰᠬᠠᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ᠂ ᠰᠤᠷᠭᠠᠨ ᠬᠦᠮᠦᠵᠢᠯ ᠤᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 96᠂ ᠲᠦᠯᠦᠪᠯᠡᠭᠡᠲᠦ ᠦᠷᠡᠵᠢᠯ ᠤᠨ ᠲᠣᠬᠠᠢ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ | ᠲᠦᠷᠦᠵᠦ ᠦᠵᠡᠭᠳᠡᠬᠦ ᠬᠦᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠬᠦᠮᠦᠨ ᠠᠮᠠ ᠶᠢᠨ ᠤᠷᠲᠤ | ᠬᠤᠭᠤᠴᠠᠭ᠎ᠠ ᠪᠠᠷ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠬᠠᠷᠢᠭᠤᠴᠠᠨ᠎ᠠ︶ | ︵ᠬᠤᠷᠢᠨ ᠲᠠᠪᠤ︶ ᠦᠨᠳᠦᠰᠦᠲᠡᠨ ᠱᠠᠰᠢᠨ ᠰᠣᠷᠲᠠᠬᠤᠨ ᠤ ᠠᠵᠢᠯ ᠢ ᠦᠨᠡᠨᠬᠦ ᠰᠠᠶᠢᠲᠤᠷ ᠬᠢᠨ᠎ᠡ᠃ | 97᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ | ᠣᠨᠣᠪᠴᠢᠲᠠᠢ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠲᠣᠬᠠᠢ ᠨᠠᠮ ᠤᠨ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠦᠪᠡᠷᠲᠡᠭᠡᠨ | ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠤᠯᠢᠯᠴᠠᠭ᠎ᠠ | ᠠᠭᠤᠰᠤᠯᠴᠠᠭ᠎ᠠ ᠶᠢ ᠪᠠᠷᠢᠮᠲᠠᠯᠠᠨ᠂ ᠰᠠᠬᠢᠨ ᠪᠠᠷᠠᠭᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠵᠦ᠂ ︽ | ᠳᠥᠷᠪᠡᠨ ᠬᠠᠮᠲᠤ ᠶᠢᠨ ᠲᠠᠨᠢᠯᠲᠠ︾ ᠪᠠ ︽ᠭᠤᠷᠪᠠᠨ ᠰᠠᠯᠵᠤ ᠪᠣᠯᠣᠰᠢ ᠦᠭᠡᠢ︾ ᠦᠵᠡᠯ ᠰᠨᠠᠠᠭ᠎ᠠ ᠶᠢ ᠬᠦᠮᠦᠰ ᠤᠨ | ᠰᠡᠳᠬᠢᠯ ᠳᠤ ᠭᠦᠨ ᠬᠠᠳᠠᠩᠰᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠠᠴᠠ ᠬᠠᠷᠢᠭᠤᠴᠠᠨ᠎ᠠ︶ | 98᠂ ᠬᠥᠭᠵᠢᠯᠲᠡ ᠪᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠷᠭ᠎ᠠ ᠵᠠᠮ | ᠪᠣᠯᠭᠠᠵᠤ᠂ ᠴᠦᠬᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠨᠦᠭᠦᠳ ᠤᠨ ᠲᠦᠪᠯᠡᠷᠡᠨ ᠰᠠᠭᠤᠭᠰᠠᠨ ᠭᠠᠵᠠᠷ | ᠣᠷᠣᠨ ᠤ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠠᠯᠬᠤᠴᠠ ᠶᠢ ᠲᠦᠷᠭᠡᠳᠭᠡᠨ᠎ᠡ᠃ ᠬᠢᠯᠢ ᠬᠢᠵᠠᠭᠠᠷ ᠣᠷᠣᠨ ᠢᠶᠠᠨ ᠬᠥᠭᠵᠢᠭᠦᠯᠵᠦ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠮᠦᠨ ᠠᠮᠠ ᠨᠡᠯᠢᠶᠡᠳ ᠴᠦᠬᠡᠨ | ᠦᠨᠳᠦᠰᠦᠲᠡᠨ ᠤ ᠬᠥᠭᠵᠢᠯᠲᠡ ᠶᠢ ᠲᠡᠳᠭᠦᠨ᠎ᠡ᠃ ︵ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠠᠴᠠ ᠲᠦᠷᠦᠭᠦᠯᠡᠨ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 99᠂ ᠬᠤᠲᠠ ᠶᠢᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠮᠣᠩᠭᠤᠯ ᠦᠭᠡ | ᠬᠡᠯᠡ ᠦᠰᠦᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ | ᠮᠣᠩᠭᠤᠯ ᠬᠡᠯᠡ ᠪᠢᠴᠢᠭ ᠤᠨ ᠬᠠᠤᠯᠢᠵᠢᠬᠤ᠂ ᠵᠢᠷᠤᠮᠵᠢᠬᠤ᠂ ᠪᠠᠷᠢᠮᠵᠢᠶᠠᠵᠢᠬᠤ ᠪᠠ ᠮᠡᠳᠡᠭᠡ ᠵᠠᠩᠬᠢᠵᠢᠬᠤ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠣᠯᠠᠨ ᠲᠦᠮᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤᠮᠳᠠᠬᠢ ᠱᠠᠰᠢᠨ ᠰᠤᠷᠲᠠᠬᠤᠨ ᠤ ᠡᠲᠡᠭᠡᠳ ᠤᠨ ᠬᠢᠨ ᠪᠠ ᠱᠠᠰᠢᠨ ᠰᠢᠲᠦᠭᠴᠢᠳ ᠤᠨ ᠢᠳᠡᠪᠬᠢ | ᠦᠢᠯᠡᠳᠦᠯ ᠢ ᠪᠠᠳᠠᠷᠠᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠠᠴᠠ ᠬᠠᠷᠢᠭᠤᠴᠠᠨ᠎ᠠ︶ | ︵ᠬᠤᠷᠢᠨ ᠵᠢᠷᠭᠤᠭ᠎ᠠ︶ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ | ᠬᠠᠮᠠᠭᠠᠯᠠᠨ᠎ᠠ᠃ | 100᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠯᠤᠭ᠎ᠠ ᠬᠤᠯᠪᠣᠭᠳᠠᠬᠤ | ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠵᠤ ᠨᠡᠶᠢᠭᠡᠮ ᠤᠨ | ᠲᠣᠭᠲᠠᠭᠤᠨ ᠤ ᠲᠠᠯ᠎ᠠ ᠪᠠᠷ ᠬᠢ ᠠᠶᠤᠯ ᠲᠥᠭᠰᠢᠭᠦᠷᠢ ᠶᠢᠨ ᠦᠨᠡᠯᠡᠨ ᠵᠢᠱᠢᠬᠦ ᠲᠣᠭᠲᠠᠴᠠ ᠶᠢ ᠴᠢᠩᠭ᠎ᠠ | ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ | ᠲᠢᠩᠬᠢᠮ ᠠᠴᠠ ᠲᠦᠷᠦᠭᠦᠯᠡᠨ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 101᠂ ᠬᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠤ | ᠠᠬᠤᠶᠢᠯᠠᠯ ᠤᠨ ᠠᠵᠢᠯᠲᠠᠨ ᠬᠡᠷᠡᠭᠯᠡᠬᠦ ᠡᠮᠬᠢ ᠵᠢᠷᠤᠮ ᠢ ᠵᠢᠷᠤᠮᠵᠢᠭᠤᠯᠤᠨ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠲᠤ ᠴᠠᠯᠢᠩ ᠬᠦᠯᠦᠰᠦ ᠶᠢ ᠨᠢ ᠦᠷᠢᠲᠦᠵᠦ ᠪᠠᠶᠢᠭ᠎ᠠ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ | ᠬᠦᠳᠡᠯᠮᠦᠷᠢᠴᠢᠳ ᠤᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠨ᠎ᠠ᠃ ︵ᠦᠪᠡᠷᠲᠡᠭᠡᠨ ᠵᠠᠰᠠᠬᠤ ᠣᠷᠣᠨ ᠤ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠲᠣᠳᠤᠭᠠᠲᠤ ᠶᠢ ᠬᠠᠮᠠᠭᠠᠯᠠᠬᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠠᠮᠢᠶᠠᠷᠤᠯᠲᠠ ᠶᠢᠨ ᠵᠦᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠠᠵᠢᠯᠴᠢᠨ ᠤ | ᠶᠡᠷᠦᠩᠬᠡᠢ ᠡᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 102᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ | ᠲᠣᠭᠤᠷᠢᠭ ᠤᠨ ᠵᠠᠰᠠᠵᠤ ᠦᠢᠯᠡᠴᠢᠯᠡᠬᠦ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠂ ᠭᠠᠴᠠᠭ᠎ᠠ ᠲᠤᠰᠬᠤᠨ ᠤ ᠠᠷᠠᠳ ᠤᠨ | ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠬᠠᠤᠯᠢ ᠶᠤᠰᠤᠭᠠᠷ ᠰᠠᠶᠢᠲᠤᠷ ᠬᠢᠨ᠎ᠡ᠃ ︵ᠦᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶ | 103᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠪᠦᠬᠦ | ᠨᠡᠶᠢᠭᠡᠮ ᠢ ᠬᠠᠮᠤᠷᠤᠭᠰᠠᠨ ᠢᠲᠡᠭᠡᠮᠵᠢ ᠶᠢᠨ ᠪᠠᠶᠢᠳᠠᠯ ᠢ ᠣᠶᠢᠯᠠᠭᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ | ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠢᠨᠲ᠋ᠤᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠵᠡᠷᠭᠡ | ᠨᠢᠭᠡᠴᠡ ᠠᠴᠠ ᠬᠠᠷᠢᠭᠤᠴᠠᠨ᠎ᠠ︶ | 104᠂ ᠵᠠᠬᠢᠳᠠᠯ ᠰᠣᠷᠪᠤᠯᠵᠢᠯᠠᠯ ᠢ ᠬᠠᠤᠯᠢ ᠪᠠᠷ ᠵᠠᠰᠠᠬᠤ ᠵᠠᠮ ᠳᠤ ᠣᠷᠤᠭᠤᠯᠵᠤ᠂ ᠡᠷᠬᠡ ᠪᠠᠨ ᠬᠠᠤᠯᠢ | ᠶᠤᠰᠤᠭᠠᠷ ᠬᠠᠮᠠᠭᠠᠯᠠᠬᠤ ᠪᠠ ᠵᠢᠭᠤᠷᠠᠯᠳᠤᠭᠠᠨ ᠢ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ᠂ ᠭᠠᠵᠠᠷ ᠲᠠᠲᠠᠪᠤᠷᠢᠯᠠᠨ | ᠨᠤᠷᠠᠭᠠᠵᠤ ᠨᠡᠭᠦᠯᠭᠡᠬᠦ᠂ ᠬᠦᠳᠡᠯᠮᠦᠷᠢ ᠨᠡᠶᠢᠭᠡᠮ ᠤᠨ ᠪᠠᠲᠤᠯᠠᠭ᠎ᠠ᠂ ᠡᠬᠢ ᠪᠠᠶᠠᠯᠢᠭ ᠤᠨ ᠨᠡᠭᠡᠭᠡᠯᠲᠡ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠵᠠᠬᠢᠳᠠᠯ ᠰᠤᠷᠪᠣᠯᠵᠢᠯᠠᠯ ᠤᠨ ᠠᠰᠠᠭᠤᠳᠠᠯ ᠢ | ᠰᠠᠶᠢᠲᠤᠷ ᠰᠢᠢᠳᠪᠦᠷᠢᠯᠡᠨ᠎ᠡ᠃ ︵ᠦᠪᠡᠷᠲᠡᠭᠡᠨ ᠵᠠᠰᠬᠠᠤ ᠣᠷᠣᠨ ᠤ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠠᠴᠠ | ᠲᠦᠷᠦᠭᠦᠯᠡᠨ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 105᠂ ︽ᠠᠮᠤᠭᠤᠯᠠᠩ ᠲᠠᠶᠢᠪᠣᠩ ᠦᠪᠦᠷ ᠮᠣᠩᠭᠤᠯ︾ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠨᠡᠶᠢᠭᠡᠮ ᠤᠨ ᠠᠮᠦᠷ ᠲᠥᠪᠰᠢᠨ ᠤ ᠶᠡᠷᠦᠩᠬᠡᠶᠢᠯᠡᠨ ᠵᠠᠰᠬᠠᠤ ᠪᠠᠨ ᠴᠢᠩᠭᠠᠳᠬᠠᠨ᠂ ᠪᠤᠰᠤᠭ᠎ᠠ | ᠴᠣᠭᠴᠠᠵᠢᠳᠤ ᠨᠡᠶᠢᠭᠡᠮ ᠤᠨ ᠠᠮᠦᠷ ᠲᠥᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠦᠷᠭᠡᠳᠭᠡᠨ | ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ | ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠪᠦᠬᠦ ᠲᠠᠯ᠎ᠠ ᠶᠢᠨ ᠠᠮᠦᠷ ᠲᠣᠭᠲᠠᠭᠤᠨ ᠢ ᠬᠠᠮᠠᠭᠠᠯᠠᠨ᠎ᠠ᠃ | ᠰᠦᠯᠵᠢᠶᠡᠨ ᠤ ᠬᠢᠨᠠᠯᠲᠠ ᠬᠠᠮᠢᠶᠠᠷᠤᠯᠲᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠦᠲᠦᠯᠦᠨ ᠵᠢᠯᠤᠭᠤᠳᠬᠤ ᠪᠠᠨ | ᠴᠢᠩᠭᠠᠳᠬᠠᠵᠤ᠂ ᠢᠨᠲ᠋ᠧᠷ ᠰᠦᠯᠵᠢᠶ᠎ᠡ ᠶᠢᠨ ᠠᠵᠢᠯᠯᠠᠭᠠᠨ ᠤ ᠠᠮᠦᠷ ᠲᠥᠪᠰᠢᠨ ᠢ ᠪᠠᠲᠤᠯᠠᠨ᠎ᠠ᠃ ︵ᠦᠪᠡᠷᠲᠡᠭᠡᠨ | ᠵᠠᠰᠠᠬᠤ ᠣᠷᠣᠨ ᠤ ᠳᠣᠲᠤᠭᠠᠲᠤ ᠶᠢ ᠬᠠᠮᠠᠭᠠᠯᠠᠬᠤ ᠲᠢᠩᠬᠢᠮ᠂ ᠰᠤᠶᠤᠯ ᠤᠨ ᠲᠢᠩᠬᠢᠮ᠂ ᠰᠣᠨᠢᠨ ᠮᠡᠳᠡᠭᠡ ᠬᠡᠪᠯᠡᠯ | ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠵᠡᠷᠭᠡ ᠨᠢᠭᠡᠴᠡ ᠠᠴᠠ ᠬᠠᠷᠢᠭᠤᠴᠠᠨ᠎ᠠ︶ | 106᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ | ᠠᠭᠤᠷᠬᠠᠢ ᠶᠢᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ ᠶᠢᠨ ᠵᠦᠢᠯ ᠵᠡᠷᠭᠡ | ᠬᠦᠷᠢᠶᠡᠨ ᠳᠠᠬᠢ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠲᠣᠮᠣ ᠬᠡᠪᠴᠢᠶᠡᠨ ᠤ | ᠠᠵᠢᠯᠯᠠᠭ᠎ᠠ ᠶᠢᠨ ᠠᠮᠦᠷ ᠢ ᠬᠠᠮᠠᠭᠠᠯᠠᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠭᠠᠯ ᠰᠡᠷᠭᠡᠶᠢᠯᠡᠬᠦ ᠠᠮᠦᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠳᠠᠯᠳᠠ ᠠᠶᠤᠯ ᠬᠡᠮ ᠢ ᠵᠢᠭᠰᠠᠭᠠᠨ | ᠪᠠᠶᠢᠴᠠᠭᠠᠬᠤ ᠪᠠ ᠲᠤᠰᠬᠠᠶᠢᠯᠡᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠦᠷᠦᠯ ᠤᠨ ᠣᠨᠴᠠ | ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ︵ᠦᠪᠡᠷᠲᠡᠭᠡᠨ ᠵᠠᠰᠠᠬᠤ ᠣᠷᠣᠨ ᠤ ᠠᠶᠤᠯ ᠦᠭᠡᠢ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠤᠳᠤᠭᠠᠲᠤ ᠶᠢ | ᠬᠠᠮᠠᠭᠠᠯᠠᠬᠤ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 107᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠤᠰᠤᠭᠠᠷ ᠬᠦᠨᠳᠦ ᠪᠦᠭᠡᠳ ᠲᠥᠷᠭᠡᠨ ᠴᠣᠬᠢᠯᠲᠠ ᠥᠭᠭᠦᠨ᠎ᠡ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | 108᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ | ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠤ ᠠᠯᠪᠠᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠦᠪᠦᠷ ᠮᠣᠩᠭᠤᠯ ᠤᠨ ᠭᠠᠵᠠᠷ ᠬᠦᠳᠡᠯᠦᠯᠲᠡ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠨᠢᠭᠡᠴᠡ ᠠᠴᠠ | ᠬᠠᠷᠢᠭᠤᠴᠠᠨ᠎ᠠ︶ | 109᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠭᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠ ᠴᠡᠷᠢᠭ ᠠᠷᠠᠳ ᠤᠨ | ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶ | ᠶᠢᠰᠦ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ | ᠂ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ | ︵ᠬᠤᠷᠢᠨ ᠳᠤᠯᠤᠭ᠎ᠠ︶ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ | ᠃ | 110᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠰᠡᠯᠬᠦᠬᠦ᠂ | ᠪᠡᠯᠴᠢᠭᠡᠷ ᠡᠭᠡᠯᠵᠢᠯᠡᠭᠦᠯᠬᠦ ᠱᠠᠲᠤᠴᠢ ᠴᠢᠨᠠᠷᠲᠠᠢ ᠠᠷᠭ᠎ᠠ ᠬᠡᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ 4000 ᠲᠦᠮᠡᠨ ᠮᠦ ᠠᠴᠠ ᠳᠡᠭᠡᠭᠰᠢᠬᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠨᠢᠭᠡᠴᠡ ᠠᠴᠠ | ᠬᠠᠷᠢᠭᠤᠴᠠᠨ᠎ᠠ︶ | 111᠂ ᠪᠠᠶᠢᠭᠠᠯᠢ ᠶᠢᠨ ᠣᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠡᠷᠬᠢᠨ ᠲᠣᠭᠤᠷᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠂ 1000 ᠲᠦᠮᠡᠨ ᠮᠦ ᠶᠢᠨ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ᠂ 200 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ | ᠪᠡᠶᠡᠯᠡᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠴᠢᠳᠠᠮᠵᠢᠲᠦ ᠣᠷᠣᠨ ᠪᠠ | ᠤᠰᠤᠯᠢᠭ ᠨᠤᠭᠤ ᠭᠠᠵᠠᠷ᠂ ᠬᠡᠭᠡᠷ᠎ᠡ ᠶᠢᠨ ᠠᠮᠢᠲᠠᠨ ᠣᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠵᠤ᠂ ᠣᠢ ᠰᠢᠭᠤᠢ | ᠂ ᠡᠯᠡᠰᠦ᠂ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠣᠢ | ᠰᠢᠭᠤᠢ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠨᠢᠭᠡᠴᠡ ᠠᠴᠠ ᠬᠠᠷᠢᠭᠤᠴᠠᠨ᠎ᠠ︶ | 112᠂ ᠬᠦᠷᠦᠰᠦ ᠰᠢᠷᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ 650 ᠲᠦᠮᠡᠨ | ᠮᠦ ᠬᠦᠷᠦᠰᠦ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠᠨ ᠪᠡᠶᠡᠯᠡᠭᠦᠯᠦᠨ᠎ᠡ᠃ ᠬᠦᠯᠦᠨ ᠨᠠᠭᠤᠷ ᠪᠠ | ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ︵ | ᠦᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ ︵ᠬᠤᠷᠢᠨ | ᠨᠠᠢᠮᠠ︶ ᠣᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠶᠢ ᠭᠦᠨᠵᠡᠭᠡᠢ ᠦᠷᠨᠢᠭᠦᠯᠦᠨ᠎ᠡ᠃ | 113᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠪᠠ ᠬᠦᠨᠳᠦ ᠲᠡᠮᠦᠷᠯᠢᠭ ᠤᠨ ᠪᠣᠬᠢᠷᠳᠤᠯ ᠢ | ᠶᠡᠷᠦᠩᠬᠡᠶᠢᠯᠡᠨ ᠰᠡᠷᠭᠡᠶᠢᠯᠡᠵᠦ ᠵᠠᠰᠠᠬᠤ ᠶᠢ ᠴᠢᠩᠭᠠᠳᠬᠠᠵᠤ᠂ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠵᠤ | ᠪᠣᠬᠢᠷᠳᠤᠯ ᠵᠠᠰᠬᠠᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠬᠢᠷᠳᠤᠯ | ᠭᠠᠳᠠᠭᠰᠢᠯᠠᠭᠤᠯᠬᠤ ᠡᠷᠬᠡ ᠶᠢ ᠦᠨ᠎ᠡ ᠲᠦᠯᠦᠪᠦᠷᠢ ᠲᠠᠢ ᠬᠡᠷᠡᠭᠯᠡᠬᠦ ᠪᠠ ᠰᠣᠯᠢᠯᠴᠠᠬᠤ ᠲᠣᠷᠰᠢᠯᠲᠠ ᠶᠢᠨ ᠴᠢᠬ ᠢ | ᠲᠦᠯᠬᠢᠨ ᠠᠬᠢᠭᠤᠯᠵᠤ᠂ ᠣᠷᠴᠢᠨ ᠲᠤᠭᠤᠷᠢᠨ ᠤ ᠪᠣᠬᠢᠷᠳᠤᠯ ᠢ ᠭᠤᠷᠪᠠᠳᠠᠬᠢ ᠡᠲᠡᠭᠡᠳ ᠠᠴᠠ ᠵᠠᠰᠠᠬᠤ ᠵᠠᠭᠪᠣᠷ ᠢ | ᠰᠦᠪᠡᠭᠴᠢᠯᠡᠨ ᠬᠡᠷᠡᠭᠵᠢᠭᠦᠯᠬᠦ ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠭᠤᠷᠢ ᠮᠦᠩᠭᠦ ᠶᠢ ᠪᠠᠶᠢᠭᠤᠯᠵᠤ᠂ | ᠣᠯᠠᠨ ᠲᠦᠮᠡᠨ ᠤ ᠡᠷᠡᠭᠦᠯ ᠮᠡᠨᠳᠦ ᠳᠤ ᠬᠤᠣᠷ ᠲᠠᠢ ᠣᠷᠴᠢᠨ ᠲᠤᠭᠤᠷᠢᠨ ᠤ ᠪᠣᠬᠢᠷᠳᠤᠯ ᠤᠨ ᠠᠰᠠᠭᠤᠳᠠᠯ ᠢ ᠶᠡᠬᠡᠬᠡᠨ | ᠬᠦᠴᠦ ᠵᠠᠷᠤᠴᠠᠭᠤᠯᠤᠨ ᠰᠢᠢᠳᠪᠦᠷᠢᠯᠡᠨ᠎ᠡ᠃ ᠣᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠪᠠ ᠬᠠᠤᠯᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠣᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ︽ᠦᠴᠦᠬᠡᠨ ᠴᠦ ᠠᠭᠤᠴᠢᠯᠠᠬᠤ ᠦᠭᠡᠢ︾ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠬᠠᠷᠢᠭᠤᠴᠠᠨ᠎ᠠ︶ | 114᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠠ ᠶᠢ ᠲᠡᠭᠦᠯᠳᠡᠷᠵᠢᠭᠦᠯᠵᠦ᠂ ᠠᠷᠪᠠᠨ ᠲᠤᠮᠤ ᠭᠤᠣᠯᠳᠠᠯᠭ᠎ᠠ ᠲᠠᠢ ᠡᠨᠧᠷᠭᠢ ᠠᠷᠪᠢᠯᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠲᠥᠷᠦᠯ ᠪᠠ ᠠᠵᠤ | ᠠᠬᠤᠶᠢᠯᠠᠯ ᠤᠨ ᠡᠨᠧᠷᠭᠢ ᠠᠷᠪᠢᠯᠠᠵᠤ ᠬᠤᠷᠤᠭᠳᠠᠯ ᠪᠠᠭᠠᠰᠬᠠᠬᠤ ᠮᠡᠷᠭᠡᠵᠢᠯ ᠤᠨ ᠦᠭᠡᠷᠡᠴᠢᠯᠡᠯᠲᠡ ᠶᠢ ᠲᠦᠷᠭᠡᠳᠭᠡᠵᠦ᠂ | ᠨᠡᠭᠦᠷᠡᠰᠦᠳᠦ᠋ᠷᠦᠭᠴᠢ ᠶᠢ ᠭᠠᠳᠠᠭᠰᠢᠯᠠᠭᠤᠯᠬᠤ᠂ ᠨᠡᠭᠦᠷᠡᠰᠦᠳᠦ᠋ᠷᠦᠭᠴᠢ ᠶᠢ ᠠᠷᠠᠯᠵᠢᠶᠠᠯᠠᠬᠤ ᠳᠦᠷᠢᠮ ᠤᠨ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠳᠣᠣᠷ᠎ᠠ ᠨᠡᠭᠦᠷᠡᠰᠦᠳᠦ᠋ᠷᠦᠭᠴᠢᠲᠦ ᠲᠣᠷᠰᠢᠯᠲᠠ ᠶᠢᠨ ᠴᠢᠬ ᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ | ᠦᠷᠭᠦᠯᠵᠢᠯᠡᠨ ᠰᠢᠯᠢᠭᠳᠡᠭᠦᠯᠦᠨᠡ᠃ ᠲᠠᠷᠢᠶᠠᠯᠠᠩ ᠮᠠᠯ ᠠᠵᠤ ᠠᠬᠤᠢ ᠶᠢᠨ ᠴᠡᠪᠡᠷ ᠦᠢᠯᠡᠳᠪᠦᠷᠢᠯᠡᠯ᠂ ᠠᠵᠤ | ᠦᠢᠯᠡᠳᠪᠦᠷᠢ ᠶᠢᠨ ᠣᠷᠴᠢᠯ ᠠᠰᠢᠭᠯᠠᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠪᠠ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠬᠢ ᠪᠠᠶᠠᠯᠢᠭ ᠤᠨ ᠶᠡᠷᠦᠩᠬᠡᠢ | ᠠᠰᠢᠭᠯᠠᠯᠲᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠬᠠᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 115᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ | ᠬᠡᠷᠡᠭᠵᠢᠭᠦᠯᠵᠦ᠂ ᠬᠦᠷᠦᠰᠦᠨ ᠳᠣᠣᠷᠠᠬᠢ ᠤᠰᠤ ᠶᠢ ᠠᠷᠪᠢᠯᠠᠵᠤ ᠬᠠᠮᠠᠭᠠᠯᠠᠬᠤ ᠪᠠᠨ ᠴᠢᠩᠭᠠᠳᠬᠠᠨ᠎ᠠ᠃ ︵ᠦᠪᠡᠷᠲᠡᠭᠡᠨ | ᠵᠠᠰᠬᠠᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠬᠠᠷᠢᠭᠤᠴᠠᠨ᠎ᠠ︶ | 116᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ᠂ ᠭᠠᠵᠠᠷ ᠬᠦᠷᠦᠰᠦ ᠶᠢᠨ ᠭᠠᠢ ᠭᠠᠮᠰᠢᠭ ᠵᠢᠴᠢ | ᠨᠡᠭᠦᠷᠡᠰᠦᠨ ᠤ ᠠᠢ ᠰᠠᠪᠠ ᠶᠢᠨ ᠭᠠᠯ ᠨᠣᠴᠣᠭᠰᠠᠨ ᠣᠷᠣᠨ᠂ ᠴᠦᠮᠦᠷᠡᠭᠰᠡᠨ ᠣᠷᠣᠨ ᠤ ᠣᠷᠴᠢᠨ ᠲᠣᠭᠤᠷᠢᠨ ᠢ | ᠵᠠᠰᠠᠬᠤ ᠪᠠᠨ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠲᠢᠩᠬᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠵᠡᠷᠭᠡ ᠨᠢᠭᠡᠴᠡ ᠠᠴᠠ | ᠬᠠᠷᠢᠭᠤᠴᠠᠨ᠎ᠠ︶ | ︵ᠬᠤᠷᠢ ᠶᠢᠰᠦ︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ | ᠠᠬᠢᠭᠤᠯᠤᠨ᠎ᠠ᠃ | 117᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠤᠷᠰᠢᠭ | ᠳ᠋ᠦᠩ ᠢᠶᠠᠷ ᠨᠢ ᠴᠢᠩᠭ᠎ᠠ ᠵᠠᠯᠬᠠᠭᠠᠬᠤ ᠶᠢ ᠪᠠᠷᠢᠮᠲᠠᠯᠠᠵᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠣᠯᠠᠨ | ᠲᠠᠯ᠎ᠠ ᠪᠠᠷ ᠬᠠᠮᠢᠶᠠᠷᠤᠨ ᠵᠡᠷᠭᠡ ᠳᠤᠨᠢ ᠭᠦᠢᠴᠡᠳᠭᠡᠨ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ | ᠪᠠᠶᠢᠭᠤᠯᠤᠯᠲᠠ ᠶᠢ ᠲᠦᠷᠭᠡᠳᠭᠡᠵᠦ᠂ ᠬᠠᠮᠤᠭ ᠤᠨ ᠶᠡᠭᠡ ᠬᠡᠮᠵᠢᠶ᠎ᠡ ᠪᠠᠷ ᠠᠮᠢ ᠠᠬᠤᠢ ᠶᠢᠨ ᠡᠳ᠋ ᠬᠦᠷᠦᠩᠭᠡ ᠶᠢ | ᠨᠡᠮᠡᠭᠳᠡᠭᠦᠯᠦᠨ᠂ ᠣᠷᠴᠢᠨ ᠲᠣᠭᠤᠷᠢᠨ ᠤ ᠥᠷᠢ ᠥᠭᠴᠡᠭᠡ ᠶᠢ ᠪᠠᠭᠠᠰᠬᠠᠨ᠎ᠠ᠃ ᠭᠤᠣᠯ ᠴᠤᠭᠴᠠ ᠶᠢᠨ ᠴᠢᠳᠠᠮᠵᠢᠲᠦ | ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠶᠢ ᠦᠷᠭᠦᠯᠵᠢᠯᠡᠨ | ᠦᠷᠨᠢᠭᠦᠯᠵᠦ᠂ ᠠᠮᠢ ᠠᠬᠤᠢ ᠶᠢᠨ ᠤᠯᠠᠭᠠᠨ ᠱᠤᠭᠤᠮ ᠪᠠ ᠦᠨᠳᠦᠰᠦᠨ ᠨᠤᠲᠤᠭ ᠪᠡᠯᠴᠢᠭᠡᠷ ᠤᠨ ᠤᠯᠠᠭᠠᠨ | ᠱᠤᠭᠤᠮ ᠢ ᠢᠯᠭᠠᠨ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠰᠦᠢᠳᠦᠯ ᠤᠨ | ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠵᠤ ᠰᠢᠯᠵᠢᠬᠦ | ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠤᠳᠤᠯᠲᠠ ᠬᠢᠬᠦ᠂ ᠠᠮᠢ ᠠᠬᠤᠢ ᠶᠢᠨ | ᠣᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ ᠨᠠᠰᠤᠨ ᠲᠣᠷᠰᠢ ᠨᠡᠭᠡᠮᠵᠢᠯᠡᠬᠦ ᠳᠦᠷᠢᠮ ᠭᠤᠷᠪᠠᠨ | ᠭᠤᠣᠯᠳᠠᠯᠭ᠎ᠠ ᠲᠠᠢ ᠡᠭᠦᠷᠭᠡ ᠶᠢ ᠢᠳᠡᠪᠬᠢᠲᠡᠢ ᠲᠦᠯᠬᠢᠨ ᠠᠬᠢᠭᠤᠯᠵᠤ᠂ ᠡᠬᠢ ᠪᠠᠶᠠᠯᠢᠭ ᠢ ᠦᠨ᠎ᠡ ᠲᠦᠯᠦᠪᠦᠷᠢ ᠲᠠᠢ | ᠬᠡᠷᠡᠭᠯᠡᠬᠦ ᠪᠠ ᠠᠮᠢ ᠠᠬᠤᠢ ᠶᠢᠨ ᠨᠦᠬᠦᠪᠦᠷᠢ ᠥᠭᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ | ᠪᠣᠯᠪᠠᠰᠤᠨ ᠤ ᠱᠠᠭᠠᠷᠳᠠᠯᠭ᠎ᠠ ᠶᠢ ᠢᠯᠡᠷᠡᠭᠦᠯᠦᠭᠰᠡᠨ ᠦᠨᠡᠯᠡᠯᠲᠡ᠂ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠪᠦᠷᠢᠨᠰᠢᠭᠦᠯᠦᠨ᠎ᠡ᠃ ︵ᠦᠪᠡᠷᠲᠡᠭᠡᠨ ᠵᠠᠰᠬᠠᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠲᠤᠭ᠎ᠠ ᠪᠦᠷᠢᠳᠭᠡᠯ ᠤᠨ ᠲᠣᠪᠴᠢᠶ᠎ᠠ᠂ ᠬᠢᠨᠠᠨ ᠪᠣᠳᠣᠬᠤ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | ᠠᠷᠪᠠ᠂ ᠵᠠᠰᠠᠭ ᠤᠨ ᠣᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠪᠦᠬᠦ ᠲᠠᠯ᠎ᠠ ᠪᠠᠷ | ᠴᠢᠩᠭᠠᠳᠬᠠᠵᠤ᠂ ᠵᠠᠰᠠᠭ ᠤᠨ ᠣᠷᠳᠤᠨ ᠤ ᠬᠡᠷᠡᠭᠵᠢᠭᠦᠯᠬᠦ ᠬᠦᠴᠦᠨ ᠪᠠ ᠨᠡᠶᠢᠲᠡ ᠳᠤ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ | ︵ᠭᠤᠴᠢ︶ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠤᠨ᠎ᠠ᠃ | 118᠂ ᠵᠠᠰᠠᠭ ᠤᠨ ᠣᠷᠳᠤᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠦᠨᠡᠨᠬᠦ | ᠣᠷᠤᠭᠤᠯᠵᠤ᠂ ᠬᠠᠤᠯᠢ ᠪᠠᠷ ᠵᠠᠰᠠᠬᠤ ᠰᠡᠳᠭᠢᠭᠦᠢ ᠪᠠ ᠠᠷᠭ᠎ᠠ ᠮᠠᠶ᠋ᠢᠭ ᠢ ᠬᠡᠷᠡᠭᠯᠡᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠢᠭᠡᠳ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠰᠢᠢᠳᠪᠦᠷᠢ᠂ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠬᠠᠤᠯᠢ ᠶᠤᠰᠤᠭᠠᠷ ᠠᠵᠢᠯ ᠢᠶᠠᠨ ᠮᠡᠳᠡᠭᠦᠯᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ᠂ ᠠᠵᠢᠯ ᠤᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠠᠭᠤᠯᠭᠠ ᠪᠠ ᠤᠯᠤᠰ | ᠲᠥᠷᠥ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠭᠦᠢᠴᠡᠳᠭᠡᠨ᠂ ᠦᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠤᠨ ᠪᠠ ᠤᠯᠤᠰ ᠲᠥᠷᠥ ᠶᠢᠨ ᠵᠦᠪᠯᠡᠯᠭᠡᠨ ᠤ ᠣᠨ ᠤ ᠵᠦᠪᠳᠡᠯᠴᠡᠬᠦ | ᠲᠦᠯᠦᠪᠯᠡᠭᠡ ᠶᠢ ᠢᠳᠡᠪᠬᠢᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ | ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠦᠮᠦᠰ ᠪᠠ ᠠᠷᠠᠳ ᠤᠨ | ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠤᠨ᠎ᠠ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ᠤ ᠠᠯᠪᠠᠨ ᠲᠢᠩᠬᠢᠮ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 119᠂ ᠵᠠᠰᠠᠭ ᠤᠨ ᠣᠷᠳᠤᠨ ᠤ ᠬᠠᠤᠯᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ | ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠳᠡᠰ | ᠳᠠᠷᠠᠭᠠᠯᠠᠯ ᠢ ᠴᠢᠩᠭ᠎ᠠ ᠵᠢᠷᠤᠮᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ | ᠪᠠᠶᠢᠭᠤᠯᠤᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠭᠤᠣᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ | ᠠᠯᠪᠠᠨ ᠭᠡᠷ ᠠᠴᠠ ᠬᠠᠷᠢᠭᠤᠴᠠᠨ᠎ᠠ︶ | 120᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠶᠡᠬᠡᠪᠡᠷ ᠬᠡᠷᠡᠭᠵᠢᠭᠦᠯᠵᠦ᠂ ᠠᠷᠠᠳ ᠣᠯᠠᠨ ᠤ ᠪᠠᠶᠢᠳᠠᠯ | ᠣᠶᠢᠯᠠᠭᠠᠬᠤ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ︵ | ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ᠂ ᠬᠠᠮᠢᠶ᠎ᠠ ᠪᠦᠬᠦᠢ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶ ︵ᠭᠤᠴᠢᠨ ᠨᠢᠭᠡ︶ | ᠬᠠᠮᠢᠶᠠᠷᠤᠯᠲᠠ ᠪᠠ ᠦᠢᠯᠡᠴᠢᠯᠡᠭᠡ ᠳᠤ ᠰᠢᠨ᠎ᠡ ᠶᠢ ᠡᠭᠦᠳᠦᠨ᠎ᠡ᠃ | 121᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠠᠭᠪᠤᠷ ᠢ ᠲᠡᠭᠦᠯᠳᠡᠷᠵᠢᠭᠦᠯᠵᠦ᠂ ᠵᠠᠰᠠᠭ ᠤᠨ | ᠣᠷᠳᠤᠨ ᠤ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠬᠡᠪᠴᠢᠶ᠎ᠡ ᠶᠢ ᠥᠷᠭᠡᠳᠭᠡᠨ᠎ᠡ᠃ ︵ | ᠦᠪᠡᠷᠲᠡᠭᠡᠨ ᠵᠠᠰᠬᠠᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ᠎ᠠ︶ | 122᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠰᠢᠨ᠎ᠡ ᠶᠢ ᠡᠭᠦᠳᠴᠦ᠂ ᠵᠠᠬ᠎ᠠ | ᠳᠡᠯᠭᠡᠭᠦᠷ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠨᠡᠩ ᠣᠯᠠᠨ ᠬᠡᠷᠡᠭ ᠶᠠᠪᠤᠳᠠᠯ ᠢ ᠡᠭᠦᠷᠭᠡᠯᠡᠭᠦᠯᠦᠨ᠎ᠡ᠃ ︵ | ᠦᠪᠡᠷᠲᠡᠭᠡᠨ ᠵᠠᠰᠬᠠᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶ | 123᠂ ᠨᠢᠭᠡᠲᠦᠯᠲᠡᠢ ᠵᠢᠷᠤᠮᠵᠢᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠡᠪᠴᠡᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠶᠡᠭᠡ ᠲᠠᠩᠬᠢᠮ ᠪᠠ ᠡᠯᠧᠺᠲᠷᠣᠨ ᠵᠠᠰᠠᠭ ᠤᠨ ᠶᠠᠪᠤᠳᠠᠯ ᠤᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠶᠡᠷᠦᠩᠬᠡᠶᠢᠯᠡᠭᠰᠡᠨ ᠦᠨᠳᠦᠷ ᠪᠦᠲᠦᠮᠵᠢᠲᠡᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠵᠠᠰᠠᠭ ᠤᠨ ᠣᠷᠳᠤᠨ ᠤ ᠠᠯᠪᠠᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠭᠤᠴᠢᠨ ᠬᠤᠶᠠᠷ︶ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | 124᠂ ᠨᠠᠮ ᠢ ᠴᠢᠩᠭ᠎ᠠ ᠵᠠᠰᠠᠬᠤ ᠨᠠᠢᠮᠠᠨ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠂ ᠡᠷᠡᠰ ᠪᠠᠲᠤ ᠪᠦᠭᠡᠳ | ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶᠡᠨ ᠤ ᠨᠢᠭᠡᠲᠦᠯᠲᠡᠢ ᠪᠠᠶᠢᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠬᠠᠤ ᠣᠷᠣᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠎ᠠ᠃ ᠵᠣᠷᠢᠯᠲᠠ ᠶᠢᠨ | ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠲᠠᠢ ᠬᠤᠯᠪᠤᠭᠳᠠᠬᠤ ᠲᠦᠪᠡᠭᠲᠡᠢ᠂ ᠬᠠᠯᠠᠮᠰᠢᠯ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠣᠪᠣᠷ | ᠰᠤᠷᠲᠠᠯ ᠤᠨ ᠪᠠᠶᠢᠭᠤᠯᠤᠯᠲᠠ ᠶᠢᠨ ᠪᠤᠳᠠᠳᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠣᠨ᠎ᠠ᠃ ᠨᠠᠮ ᠤᠨ | ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ | ᠦᠷᠭᠡᠳᠭᠡᠵᠦ᠂ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠣᠪᠣᠷ | ᠰᠤᠷᠲᠠᠯ ᠤᠨ ᠪᠠᠶᠢᠭᠤᠯᠤᠯᠲᠠ ᠶᠢᠨ ᠬᠡᠪ ᠤᠨ ᠪᠠᠶᠢᠳᠠᠯᠵᠢᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ | ᠬᠢᠨᠠᠨ ᠪᠠᠶᠢᠴᠠᠭᠠᠬᠤ ᠲᠢᠩᠬᠢᠮ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ︵ᠭᠤᠴᠢᠨ ᠭᠤᠷᠪᠠ︶ ᠡᠷᠬᠡ ᠶᠢ ᠬᠠᠤᠯᠢ ᠶᠤᠰᠤᠭᠠᠷ ᠵᠠᠰᠠᠬᠤ ᠶᠢ ᠪᠠᠷᠢᠮᠲᠠᠯᠠᠨ᠎ᠠ᠃ | 125᠂ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠢ ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠤ | ᠴᠣᠪᠣᠷᠠᠯ ᠢ ᠬᠠᠤᠯᠢ ᠶᠤᠰᠤᠭᠠᠷ ᠢᠯᠡ ᠪᠣᠯᠭᠠᠵᠤ᠂ ᠡᠭᠦᠷᠭᠡ ᠴᠢᠳᠠᠪᠤᠷᠢᠲᠦ ᠰᠠᠯᠠᠭ᠎ᠠ ᠮᠦᠴᠢᠷ ᠤᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ | ᠠᠵᠢᠯ ᠢᠶᠠᠨ ᠦᠯᠦ ᠬᠢᠬᠦ᠂ ᠳᠤᠷ᠎ᠠ ᠪᠠᠷ ᠪᠠᠨ ᠦᠢᠯᠡᠳᠬᠦ ᠪᠠᠶᠢᠳᠠᠯ ᠢ ᠡᠷᠡᠰ ᠴᠡᠭᠴᠡᠯᠡᠨ ᠵᠠᠰᠠᠨ᠎ᠠ᠃ ︵ᠦᠪᠡᠷᠲᠡᠭᠡᠨ | ᠵᠠᠰᠬᠠᠤ ᠣᠷᠣᠨ ᠤ ᠬᠠᠤᠯᠢ ᠳᠦᠷᠢᠮ ᠤᠨ ᠠᠯᠪᠠᠨ ᠭᠡᠷ᠂ ᠬᠢᠨᠠᠨ ᠪᠠᠶᠢᠴᠠᠭᠠᠬᠤ ᠲᠢᠩᠬᠢᠮ᠂ ᠵᠠᠰᠠᠭ ᠤᠨ ᠣᠷᠳᠤᠨ ᠤ | ᠠᠯᠪᠠᠨ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | 126᠂ ᠴᠢᠬᠤᠯᠠ ᠬᠦᠷᠢᠶ᠎ᠡ᠂ ᠵᠠᠩᠬᠢᠯᠠᠭ᠎ᠠ ᠶᠢᠨ ᠠᠵᠢᠯ ᠤᠨ ᠪᠠᠶᠢᠷᠢ ᠳᠤ ᠵᠠᠰᠠᠭ ᠵᠠᠬᠢᠷᠭᠠᠨ ᠤ ᠬᠢᠨᠠᠨ | ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ | ᠬᠡᠯᠡᠯᠴᠡᠬᠦ ᠡᠷᠴᠢᠮ ᠢ ᠴᠢᠩᠭᠠᠷᠠᠭᠤᠯᠤᠨ᠎ᠠ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠵᠠᠷᠠᠮᠠᠯ ᠢ ᠡᠰᠡᠷᠭᠦᠴᠡᠵᠦ ᠠᠷᠢᠭᠤᠨ | ᠴᠢᠭᠡᠴᠢ ᠶᠢ ᠡᠷᠬᠢᠮᠯᠡᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠣᠷᠳᠤᠨ ᠤ ᠰᠢᠰᠲ᠋ᠧᠮ ᠤᠨ | ᠴᠢᠭᠡᠴᠢ ᠵᠠᠰᠠᠭ ᠤᠨ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠵᠦ᠂ ᠡᠷᠬᠡ ᠶᠢᠨ | ᠠᠵᠢᠯᠯᠠᠭᠠᠨ ᠳᠤ ᠬᠢᠨᠠᠯᠲᠠ ᠲᠠᠯᠪᠢᠬᠤ ᠪᠠ ᠬᠦᠯᠢᠶᠡᠰᠦᠯᠡᠬᠦ ᠶᠢ ᠴᠢᠩᠭᠠᠳᠬᠠᠨ᠎ᠠ᠃ ︵ᠦᠪᠡᠷᠲᠡᠭᠡᠨ ᠵᠠᠰᠠᠬᠤ ᠣᠷᠣᠨ ᠤ | ᠬᠢᠨᠠᠨ ᠪᠠᠶᠢᠴᠠᠭᠠᠬᠤ ᠲᠢᠩᠬᠢᠮ᠂ ᠬᠢᠨᠠᠨ ᠪᠤᠳᠤᠬᠤ ᠲᠢᠩᠬᠢᠮ ᠵᠡᠷᠭᠡ ᠨᠢᠭᠡᠴᠡ ᠠᠴᠠ ᠬᠠᠷᠢᠭᠤᠴᠠᠨ᠎ᠠ︶ | ︵ᠭᠤᠴᠢᠨ ᠳᠥᠷᠪᠡ︶ ︽13 · 5︾ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠰᠠᠶᠢᠲᠤᠷ ᠬᠢᠨ᠎ᠡ᠃ | 127᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠪᠠᠷ ᠳᠠᠶᠢᠴᠢᠯᠠᠵᠤ᠂ ᠭᠦᠨᠵᠡᠭᠡᠢ ᠪᠠᠶᠢᠴᠠᠭᠠᠨ ᠰᠤᠳᠤᠯᠵᠤ | ᠂ ᠥᠷᠭᠡᠨ ᠳᠡᠯᠭᠡᠷᠡᠩᠭᠦᠢ ᠪᠠᠷ ᠰᠠᠨᠠᠯ ᠬᠤᠷᠢᠶᠠᠵᠤ᠂ ᠦᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠ ᠠᠯᠤᠰ | ᠬᠡᠳᠦ ᠶᠢᠨ ᠬᠥᠭᠵᠢᠯᠲᠡ ᠳᠤ ᠬᠤᠯᠪᠤᠭᠳᠠᠬᠤ ᠴᠢᠬᠤᠯᠠ ᠶᠡᠭᠡ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠠ ᠪᠠ | ᠲᠦᠷᠦᠯ ᠵᠦᠢᠯ ᠢ ᠰᠠᠶᠢᠲᠤᠷ ᠰᠤᠳᠤᠯᠤᠨ ᠲᠦᠰᠦᠪᠯᠡᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠲᠦᠯᠬᠢᠨ | ᠠᠬᠢᠭᠤᠯᠵᠤ᠂ ᠠᠷᠠᠳ ᠢᠶᠠᠨ ᠪᠠᠶᠠᠵᠢᠭᠤᠯᠵᠤ ᠣᠷᠣᠨ ᠢᠶᠠᠨ ᠬᠦᠴᠦᠷᠭᠡᠭᠵᠢᠭᠦᠯᠬᠦ ᠶᠢ ᠪᠡᠶᠡᠯᠡᠭᠦᠯᠬᠦ ᠳᠤ ᠬᠦᠴᠦᠲᠡᠢ | ᠲᠦᠰᠢᠭ ᠲᠤᠯᠭᠠᠭᠤᠷᠢ ᠶᠢ ᠬᠠᠩᠭᠠᠨ᠎ᠠ᠃ ︵ᠦᠪᠡᠷᠲᠡᠭᠡᠨ ᠵᠠᠰᠬᠠᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ︵ᠭᠤᠴᠢᠨ ᠲᠠᠪᠤ︶ 70 ᠵᠢᠯ ᠤᠨ ᠣᠢ ᠶᠢᠨ ᠦᠪᠡᠳᠡᠭᠰᠢ ᠶᠡᠭᠡ ᠪᠠᠶᠠᠷ ᠢ ᠤᠭᠲᠤᠬᠤ ᠪᠡᠯᠡᠳᠭᠡᠯ ᠠᠵᠢᠯ ᠢ | ᠰᠠᠶᠢᠲᠤᠷ ᠬᠢᠨ᠎ᠡ᠃ | 128᠂ ᠴᠢᠬᠤᠯᠠ ᠶᠡᠭᠡ ᠤᠭᠲᠤᠵᠤ ᠪᠡᠯᠭᠡᠯᠡᠬᠦ ᠲᠦᠷᠦᠯ ᠵᠦᠢᠯ ᠤᠨ ᠲᠤᠭᠤᠷᠢᠨ ᠳᠤ᠂ ᠨᠢᠭᠡᠲᠦᠯᠲᠡᠢ | ᠲᠦᠯᠦᠪᠯᠡᠵᠦ ᠵᠣᠬᠢᠴᠠᠭᠤᠯᠬᠤ ᠪᠠᠨ ᠴᠢᠩᠭᠠᠳᠬᠠᠵᠤ᠂ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠤᠨ᠂ | ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠦᠨᠡᠨᠬᠦ | ᠪᠠᠲᠤᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠬᠠᠮᠢᠶ᠎ᠠ | ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 2015 ᠣᠨ ᠪᠣᠯ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠬᠢᠯᠠᠭ᠎ᠠ ᠶᠢᠨ ᠣᠨ | ᠪᠣᠯᠣᠨ᠎ᠠ᠂ ᠬᠠᠤᠯᠢ ᠶᠤᠰᠤᠭᠠᠷ ᠣᠷᠣᠨ ᠢᠶᠠᠨ ᠵᠠᠰᠬᠠᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ | ᠡᠬᠢᠯᠡᠯᠲᠡ ᠶᠢᠨ ᠣᠨ ᠪᠣᠯᠣᠨ᠎ᠠ᠂ ᠮᠦᠨ ᠴᠦ ︽12 · 5︾ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ | ᠪᠡᠶᠡᠯᠡᠭᠦᠯᠵᠦ ᠳᠠᠭᠤᠰᠬᠠᠬᠤ ᠣᠨ ᠪᠣᠯᠣᠨ᠎ᠠ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠣᠢ ᠶᠢ ᠤᠭᠲᠤᠬᠤ ᠡᠯ᠎ᠡ ᠵᠦᠢᠯ ᠤᠨ ᠠᠵᠢᠯ ᠢ ᠴᠦ ᠪᠦᠬᠦ ᠲᠠᠯ᠎ᠠ ᠪᠠᠷ ᠡᠬᠢᠯᠡᠭᠦᠯᠬᠦ ᠪᠣᠯᠬᠤᠷ᠂ ᠦᠭᠡᠷᠡᠴᠢᠯᠡᠯᠲᠡ | ᠬᠥᠭᠵᠢᠯᠲᠡ ᠶᠢᠨ ᠡᠭᠦᠷᠭᠡ ᠬᠠᠲᠠᠭᠤ ᠪᠡᠷᠬᠡ ᠪᠦᠭᠡᠳ ᠬᠦᠨᠳᠦ ᠨᠦᠰᠡᠷ ᠪᠠᠶᠢᠨ᠎ᠠ᠃ ᠡᠯ᠎ᠡ ᠰᠠᠯᠠᠭ᠎ᠠ ᠮᠦᠴᠢᠷ᠂ ᠡᠯ᠎ᠡ | ᠨᠢᠭᠡᠴᠡ ᠨᠦᠭᠦᠳ ᠦᠵᠡᠯ ᠰᠠᠨᠠᠭ᠎ᠠ ᠪᠠ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢᠨ ᠲᠤᠭᠤᠷᠢᠨ ᠳᠤ ᠦᠨᠡᠨᠬᠦ | ᠨᠢᠭᠡᠳᠭᠡᠵᠦ᠂ ︽ᠵᠠᠰᠠᠭ ᠤᠨ ᠣᠷᠳᠤᠨ ᠤ ᠠᠵᠢᠯ ᠤᠨ ᠢᠯᠡᠳᠭᠡᠯ︾ ᠳᠤ ᠳᠤᠷᠠᠳᠤᠭᠰᠠᠨ ᠡᠯ᠎ᠡ ᠵᠦᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠳᠠᠯ ᠢᠶᠠᠨ ᠡᠭᠦᠷᠭᠡ ᠬᠠᠷᠢᠭᠤᠴᠠᠯᠭ᠎ᠠ ᠭᠦᠢᠴᠡᠳᠭᠡᠬᠦ ᠶᠢᠨ ᠭᠤᠣᠯᠳᠠᠯᠭ᠎ᠠ | ᠪᠣᠯᠭᠠᠨ᠂ ᠠᠮᠵᠢᠯᠲᠠ ᠣᠯᠬᠤ ᠪᠠᠷ ᠬᠦᠴᠦᠯᠡᠨ ᠴᠢᠷᠮᠠᠶᠢᠬᠤ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠣᠶᠣᠨ | ᠴᠢᠳᠠᠯ ᠢᠶᠠᠨ ᠲᠦᠪᠯᠡᠷᠡᠭᠦᠯᠦᠨ ᠪᠤᠲᠠᠲᠠᠢ ᠠᠵᠢᠯᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠦᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠥᠭᠰᠢᠭᠦᠷᠢ ᠶᠢ | ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠲᠦᠯᠲᠡᠢ ᠲᠦᠯᠦᠪᠯᠡᠨ ᠰᠠᠶᠢᠲᠤᠷ ᠬᠢᠵᠦ᠂ 2015 ᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠨᠢᠭᠡᠨ ᠬᠤᠪᠢ ᠬᠢᠷᠢ | ᠲᠡᠩᠴᠡᠭᠰᠡᠨ ︽ᠬᠠᠷᠢᠭᠤᠯᠲᠠ ᠶᠢᠨ ᠬᠠᠭᠤᠳᠠᠰᠤ︾ ᠲᠤᠰᠢᠶᠠᠵᠤ᠂ ᠠᠷᠠᠳ ᠣᠯᠠᠨ ᠤ ᠬᠦᠰᠡᠯ ᠡᠷᠡᠮᠡᠯᠵᠡᠯ ᠢ | ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠨᠦᠭᠦᠳ ᠢᠳᠡᠪᠬᠢᠲᠡᠢ ᠪᠠᠷ ᠬᠦᠳᠡᠯᠦᠯᠴᠡᠵᠦ᠂ | ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠤᠨ᠂ ᠭᠤᠣᠯᠳᠠᠯᠭ᠎ᠠ ᠲᠠᠢ ᠠᠵᠢᠯ ᠢ | ᠨᠠᠶᠢᠳᠠᠪᠤᠷᠢᠵᠢᠭᠤᠯᠬᠤ ᠳᠤ ᠬᠡᠷᠡᠭᠵᠢᠭᠦᠯᠬᠦ ᠲᠦᠰᠦᠯ ᠢ ᠪᠤᠲᠠᠲᠠᠢ ᠲᠠᠢ ᠪᠠᠨ ᠤᠶᠠᠯᠳᠤᠭᠤᠯᠵᠤ ᠱᠠᠯᠠᠪᠳᠠᠨ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠢᠭᠡᠳᠦᠭᠡᠷ ᠭᠠᠷ | ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠴᠦᠮ ᠨᠢᠭᠡᠴᠡ ᠪᠠ | ᠬᠦᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠬᠠᠮᠵᠢᠯᠴᠠᠨ ᠵᠣᠬᠢᠴᠠᠭᠤᠯᠬᠤ ᠪᠠᠨ | ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠨᠦᠭᠦᠳ ᠪᠦᠬᠦ ᠲᠠᠯ᠎ᠠ ᠠᠴᠠ ᠡᠭᠦᠰᠴᠦ᠂ | ᠨᠢᠭᠲᠠ ᠬᠠᠮᠵᠢᠯᠴᠠᠨ᠂ ᠬᠤᠷᠰᠢᠯᠴᠠᠬᠤ ᠪᠠᠨ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ | ᠳᠡᠭᠡᠭᠰᠢᠯᠡᠭᠦᠯᠵᠦ᠂ ᠬᠠᠷᠢᠯᠴᠠᠨ ᠰᠢᠯᠲᠠᠭᠯᠠᠨ ᠲᠦᠯᠬᠢᠯᠴᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠣᠯᠠᠨ ᠰᠠᠯᠠᠭ᠎ᠠ | ᠮᠦᠴᠢᠷ ᠤᠳ ᠣᠷᠤᠯᠴᠠᠬᠤ ᠴᠢᠬᠤᠯᠠᠲᠠᠢ ᠠᠵᠢᠯ ᠳᠤ ᠲᠦᠷᠦᠭᠦᠯᠡᠨ ᠬᠠᠷᠢᠭᠤᠴᠠᠬᠤ ᠰᠠᠯᠠᠭ᠎ᠠ ᠮᠦᠴᠢᠷ ᠨᠢ ᠭᠤᠣᠯᠯᠠᠬᠤ | ᠦᠢᠯᠡᠳᠦᠯ ᠢᠶᠠᠨ ᠪᠠᠳᠠᠷᠠᠭᠤᠯᠵᠤ᠂ ᠬᠠᠮᠵᠢᠯᠴᠠᠨ ᠭᠦᠢᠴᠡᠳᠭᠡᠬᠦ ᠰᠠᠯᠠᠭ᠎ᠠ ᠮᠦᠴᠢᠷ ᠤᠳ ᠢᠳᠡᠪᠬᠢᠲᠡᠢ ᠪᠠᠷ | ᠬᠤᠷᠰᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠢ᠃ ᠭᠤᠷᠪᠠ ᠳᠤ ᠠᠵᠢᠯ ᠤᠨ ᠪᠣᠲᠠᠲᠠᠢ | ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ | ᠂ ᠠᠵᠢᠯ ᠤᠨ ᠪᠤᠳᠠᠳᠤ ᠪᠠᠶᠢᠳᠠᠯ ᠠᠴᠠ ᠪᠠᠨ ᠡᠭᠦᠰᠴᠦ᠂ ᠵᠣᠷᠢᠭᠲᠠᠢ ᠪᠠᠷ ᠨᠡᠭᠡᠭᠡᠯᠲᠡ ᠬᠢᠵᠦ ᠰᠢᠨ᠎ᠡ ᠶᠢ ᠡᠭᠦᠳᠦᠨ᠂ | ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠴᠢᠨᠠᠷᠲᠠᠢ ᠪᠠᠷ ᠰᠠᠶᠢᠲᠤᠷ ᠠᠳᠬᠤᠬᠤ ᠬᠡᠷᠡᠭᠲᠡᠢ᠃ ᠦᠨᠳᠦᠰᠦᠨ | ᠱᠠᠲᠤᠨ ᠳᠤ ᠭᠦᠨᠵᠡᠭᠡᠶᠢᠷᠡᠨ᠂ ᠠᠷᠠᠳ ᠠᠴᠠ ᠰᠠᠨᠠᠯ ᠰᠤᠨᠤᠰᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠳᠥᠷᠪᠡ ᠳᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ | ᠃ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠪᠠᠶᠢᠷᠢᠯᠠᠭᠤᠯᠤᠯᠲᠠ ᠲᠠᠢ᠂ ᠰᠢᠮᠳᠠᠭᠤᠯᠤᠯᠲᠠ ᠲᠠᠢ᠂ | ᠪᠠᠶᠢᠴᠠᠭᠠᠯᠲᠠ ᠲᠠᠢ ᠪᠠᠶᠢᠯᠭᠠᠵᠤ᠂ ᠰᠠᠷ᠎ᠠ ᠳᠤ ᠲᠣᠬᠢᠷᠠᠭᠤᠯᠤᠯᠲᠠ ᠬᠢᠵᠦ᠂ ᠤᠯᠠᠷᠢᠯ ᠳᠤ ᠵᠠᠳᠠᠯᠤᠯᠲᠠ ᠬᠢᠵᠦ᠂ ᠣᠨ ᠤ | ᠳᠤᠮᠳᠠᠴᠢ ᠪᠠᠷ ᠭᠤᠣᠯᠳᠠᠯᠭ᠎ᠠ ᠲᠠᠢ ᠰᠤᠭᠤᠴᠠᠨ ᠪᠠᠶᠢᠴᠠᠭᠠᠵᠤ᠂ ᠵᠢᠯ ᠤᠨ ᠰᠡᠭᠦᠯᠴᠢ ᠪᠠᠷ ᠲᠦᠪᠯᠡᠷᠡᠭᠦᠯᠦᠨ | ᠰᠢᠮᠳᠠᠭᠤᠯᠤᠨ ᠭᠦᠢᠴᠡᠳᠭᠡᠯᠭᠡᠵᠦ᠂ ᠭᠤᠣᠯᠳᠠᠯᠭ᠎ᠠ ᠲᠠᠢ ᠠᠵᠢᠯ ᠤᠨ ᠲᠣᠭᠲᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ | ᠦᠨᠡᠨᠬᠦ ᠪᠠᠲᠤᠯᠠᠬᠤ ᠬᠡᠷᠡᠭᠲᠡᠢ᠃ ᠲᠠᠪᠤ ᠳᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠵᠠᠰᠠᠭ | ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠪᠠᠨ ᠴᠢᠩᠭᠠᠳᠬᠠᠵᠤ᠂ ᠵᠠᠰᠠᠭ ᠤᠨ ᠵᠠᠷᠯᠢᠭ ᠤᠨ ᠰᠠᠭᠠᠳ ᠦᠭᠡᠢ | ᠶᠠᠪᠤᠭᠳᠠᠬᠤ ᠶᠢ ᠦᠨᠡᠨᠬᠦ ᠪᠠᠲᠤᠯᠠᠨ᠂ ᠡᠭᠦᠷᠭᠡ ᠪᠠᠨ ᠭᠦᠢᠴᠡᠳᠭᠡᠭᠰᠡᠨ ᠦᠭᠡᠢ᠂ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠳᠠᠭᠠᠨ ᠴᠠᠯᠠᠭᠠᠶᠢᠷᠠᠵᠤ ᠬᠤᠶᠢᠷᠭᠤᠰᠢᠭᠰᠠᠨ ᠠᠴᠠ ᠬᠠᠷᠠᠯᠲᠠ ᠶᠢᠨ | ᠡᠭᠦᠷᠭᠡ ᠶᠢ ᠪᠡᠶᠡᠯᠡᠭᠦᠯᠵᠦ ᠴᠢᠳᠠᠭᠰᠠᠨ ᠦᠭᠡᠢ ᠪᠠᠶᠢᠪᠠᠯ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠠᠴᠠ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠦᠷᠳᠡᠨ ᠰᠢᠮᠳᠠᠭᠤᠯᠬᠤ ᠪᠠ ᠬᠤᠷᠢᠶᠠᠩᠭᠤᠶᠢᠯᠠᠨ ᠮᠡᠳᠡᠭᠦᠯᠵᠦ᠂ | ᠭᠤᠣᠯᠳᠠᠯᠭ᠎ᠠ ᠲᠠᠢ ᠡᠭᠦᠷᠭᠡ ᠳᠤ ᠴᠠᠭ ᠲᠤᠨᠢ ᠲᠣᠬᠢᠷᠠᠭᠤᠯᠵᠤ ᠲᠤᠰᠬᠠᠶᠢᠯᠠᠨ ᠰᠢᠮᠳᠠᠭᠤᠯᠵᠤ ᠪᠠᠶᠢᠴᠠᠭᠠᠬᠤ ᠶᠢ | ᠦᠷᠨᠢᠭᠦᠯᠦᠨ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠨᠢ ᠲᠣᠬᠢᠷᠠᠭᠤᠯᠤᠨ ᠮᠡᠳᠡᠬᠡᠯᠡᠬᠦ ᠬᠡᠷᠡᠭᠲᠡᠢ᠃ | | | |