| | | ᠰᠣᠷᠪᠤᠯᠵᠢᠯᠠᠭᠰᠠᠨ ᠴᠠᠭ᠄ | 2015 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ | ᠰᠣᠷᠪᠤᠯᠵᠢᠯᠠᠭᠰᠠᠨ ᠵᠣᠴᠢᠨ᠄ | ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ | ᠹᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠤᠷᠢᠳᠴᠢᠯᠠᠨ | ᠰᠡᠷᠭᠡᠶᠢᠯᠡᠬᠦ ᠪᠠ ᠪᠠᠭᠠᠰᠬᠠᠵᠤ᠂ ᠠᠷᠠᠳ ᠤᠯᠠᠨ ᠤ ᠠᠮᠢ ᠨᠠᠰᠤᠨ ᠤ ᠡᠷᠡᠭᠦᠯ ᠮᠡᠨᠳᠦ ᠪᠠ ᠡᠳ᠋ ᠬᠦᠷᠦᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ | ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ︵ | ᠦᠪᠦᠷ ᠵᠠᠰᠠᠭ ᠠᠯᠪᠠᠨ ᠲᠠᠷᠬᠠᠭᠠᠭᠰᠠᠨ ﹇2015﹈ 79 ᠳ᠋ᠤᠭᠠᠷ ᠲᠣᠭᠠᠲᠤ᠂ ᠳᠣᠷᠤᠭᠰᠢ ﹇ᠲᠣᠭᠲᠠᠭᠠᠯ﹈ ᠭᠡᠵᠦ | ᠲᠣᠪᠴᠢᠯᠠᠨ᠎ᠠ︶ ᠢ ᠲᠣᠭᠲᠠᠭᠠᠨ ᠨᠡᠶᠢᠲᠡᠯᠡᠪᠡ᠃ ︽ᠲᠣᠭᠲᠠᠭᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠨᠡᠶᠢᠭᠡᠮ | ᠨᠡᠶᠢᠲᠡ ᠳᠤ ᠤᠯᠠᠮ ᠨᠢᠭᠡ ᠠᠯᠬᠤᠮ ᠭᠦᠨᠵᠡᠭᠡᠢ ᠤᠶᠢᠯᠭᠠᠭᠤᠯᠬᠤ ᠶᠢᠨ ᠲᠤᠰᠠᠳᠠ᠂ ᠤᠶᠢᠷ᠎ᠠ ᠳᠤ ᠪᠢᠳᠡ ᠦᠪᠡᠷᠲᠡᠭᠡᠨ | ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠧᠩ ᠢ ᠤᠷᠢᠵᠤ ︽ᠳᠤᠮᠳᠠᠳᠤ | ᠤᠯᠤᠰ᠂ ᠦᠪᠦᠷ ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠶᠠᠷᠢᠯᠴᠠᠭᠤᠯᠬᠤ ᠪᠠᠷ ᠪᠠᠶᠢᠨ᠎ᠠ᠃ ᠥᠷᠭᠡᠨ | ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ﹇ᠬᠦᠲᠦᠯᠦᠭᠴᠢ﹈᠄ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ | ᠤᠯᠤᠰ ᠦᠪᠦᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠸᠠᠩ ᠵᠢᠶᠦ᠋ᠨ ᠹᠧᠩ ᠢ ᠤᠷᠢᠨ᠂ ᠰᠦᠯᠵᠢᠶᠡᠨ ᠳᠡᠭᠡᠷ᠎ᠡ ︽ᠲᠣᠭᠲᠠᠭᠠᠯ︾ ᠤᠨ | ᠲᠠᠶᠢᠯᠤᠮᠵᠢi ᠬᠢᠯᠭᠡᠬᠦ ᠪᠠᠷ ᠪᠣᠯᠤᠯ᠎ᠠ᠂ ᠲᠠ ᠪᠦᠬᠦᠨ ᠤ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠸᠠᠩ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠸᠠᠩ ᠵᠢᠶᠦ᠋ᠨ ᠹᠧᠩ﹈᠄ | ᠬᠥᠲᠥᠯᠥᠭᠴᠢ ᠲᠠ ᠰᠠᠶᠢᠨ ᠪᠠᠶᠢᠨᠠᠤ᠂ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠦᠦ︕ ᠦᠪᠡᠷᠲᠡᠭᠡᠨ | ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠲᠠᠯ᠎ᠠ ᠪᠠᠷ ᠲᠠ ᠪᠥᠬᠦᠨ ᠲᠠᠢ ᠵᠣᠭᠤᠭᠳᠠᠬᠤ | ᠳᠣᠬᠢᠶᠠᠯ ᠲᠠᠢ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ | ﹇ᠬᠦᠲᠦᠯᠦᠭᠴᠢ﹈᠄ | ᠸᠠᠩ ᠲᠣᠪᠴᠢᠶᠠᠨ ᠳᠠᠷᠤᠭ᠎ᠠ ᠡ᠂ ᠡᠩ ᠲᠡᠷᠢᠭᠦᠨ ᠳᠤ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠨᠡᠶᠢᠲᠡᠯᠡᠭᠰᠡᠨ ᠠᠬᠤᠢ ᠪᠠᠶᠢᠳᠠᠯ ᠢ ᠮᠠᠨ | ᠳᠤ ᠲᠠᠨᠢᠯᠴᠠᠭᠤᠯᠤᠭᠠᠳ ᠥᠭᠭᠦᠨᠡᠦ︖ | ﹇ᠸᠠᠩ ᠵᠢᠶᠦ᠋ᠨ ᠹᠧᠩ﹈᠄ | ᠵᠠ ᠲᠡᠭᠡᠶ᠎ᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ | ᠤᠳᠤᠷᠢᠳᠤᠯᠭ᠎ᠠ ᠪᠣᠯᠤᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ | ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ | ᠤᠶᠢᠷ᠎ᠠ ᠶᠢᠨ ᠵᠢᠯ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠦᠭᠰᠡᠨ ᠲᠤᠭ᠎ᠠ ᠪᠠ ᠦᠭᠦᠭᠰᠡᠨ | ᠬᠥᠮᠦᠨ ᠤ ᠲᠤᠭ᠎ᠠ ︽ᠬᠤᠣᠰ ᠪᠠᠭᠤᠷᠠᠪᠠ︾᠃ ᠭᠡᠪᠡᠴᠦ ᠵᠠᠷᠢᠮ ᠠᠵᠢᠯ ᠲᠦᠷᠦᠯ ᠤᠨ ᠬᠦᠷᠢᠶᠡᠨ ᠳᠤ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠮᠦᠨ ᠯᠡ ᠪᠠᠶᠢᠨ ᠲᠠᠬᠢᠨ ᠭᠠᠷᠴᠤ ᠪᠠᠶᠢᠨ᠎ᠠ᠂ ᠡᠭᠦᠨ ᠤ ᠬᠠᠮᠤᠭ | ᠤᠨ ᠦᠨᠳᠦᠰᠦᠨ ᠰᠢᠯᠲᠠᠭᠠᠨ ᠨᠢ ᠪᠣᠯ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠭᠰᠠᠨ ᠦᠭᠡᠢl ᠶᠠᠪᠤᠭᠳᠠ ᠪᠣᠯᠤᠨ᠎ᠠ᠃ ᠪᠢᠳᠡ ᠪᠠᠶᠢᠴᠠᠭᠠᠬᠤ ᠳᠤᠮᠳᠠ | ᠣᠯᠵᠤ ᠮᠡᠳᠡᠭᠰᠡᠨ ᠢᠶᠠᠷ ᠪᠣᠯ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠠᠯ᠎ᠠ ᠪᠠᠷ ᠵᠠᠰᠠᠭ ᠤᠨ ᠤᠷᠳᠤᠨ | ᠴᠢᠬᠤᠯᠴᠢᠯᠠᠵᠤ ᠠᠵᠤ ᠠᠬᠤᠶᠢᠯᠠᠯ ᠴᠢᠬᠤᠯᠴᠢᠯᠠᠬᠤ ᠦᠭᠡᠢ ᠪᠠᠶᠢᠵᠤ᠂ ᠵᠠᠷᠢᠮ ᠠᠵᠤ ᠠᠬᠤᠶᠢᠯᠠᠯ ᠨᠢ ᠠᠰᠢᠭ | ᠲᠤᠰᠠ ᠶᠢᠨ ᠬᠤᠶᠢᠨ᠎ᠠ ᠠᠴᠠ ᠬᠦᠭᠡᠴᠡᠯᠳᠦᠨ᠂ ᠨᠢᠳᠦᠨ ᠡᠮᠦᠨᠡᠬᠢ ᠪᠠᠨ ᠯᠡ ᠴᠢᠬᠤᠯᠴᠢᠯᠠᠵᠤ᠂ ᠠᠯᠤᠰ ᠬᠤᠯᠠ ᠶᠢ | ᠬᠦᠩᠭᠡᠪᠴᠢᠯᠡᠵᠦ᠂ ᠦᠷ᠎ᠡ ᠠᠰᠢᠭ ᠢ ᠴᠢᠬᠤᠯᠴᠢᠯᠠᠵᠤ᠂ ᠠᠮᠤᠷ ᠲᠦᠪᠰᠢᠨ ᠢ ᠬᠦᠩᠭᠡᠪᠴᠢᠯᠡᠵᠦ᠂ ᠦᠢᠯᠡᠳᠪᠦᠷᠢᠯᠡᠯ ᠢ | ᠴᠢᠬᠤᠯᠴᠢᠯᠠᠨ᠂ ᠬᠠᠮᠢᠶᠠᠷᠤᠯᠲᠠ ᠶᠢ ᠬᠦᠩᠭᠡᠪᠴᠢᠯᠡᠭᠡᠳ᠂ ᠠᠶᠤᠯ ᠦᠭᠡᠢ ᠶᠢᠨ ᠤᠷᠤᠭᠤᠯᠤᠯᠲᠠ ᠪᠠᠷ ᠳᠤᠲᠠᠮᠠᠭ᠂ | ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠭᠰᠠᠨ ᠢᠶᠠᠷ ᠬᠦᠷᠦᠯᠴᠡᠬᠦ ᠦᠭᠡᠢ᠂ ᠠᠶᠤᠯ ᠦᠭᠡᠢ | ᠦᠢᠯᠡᠳᠪᠦᠷᠢᠯᠡᠯ ᠤᠨ ᠲᠣᠭᠲᠠᠭᠠᠯ ᠳᠦᠷᠢᠮ ᠢ ᠨᠠᠶᠢᠳᠠᠪᠤᠷᠢᠵᠢᠭᠤᠯᠬᠤ ᠦᠭᠡᠢ᠂ ᠠᠶᠤᠯ ᠦᠭᠡᠢ ᠶᠢᠨ | ᠬᠦᠮᠦᠵᠢᠯ ᠪᠣᠯᠪᠠᠰᠤᠷᠠᠭᠤᠯᠤᠯ ᠢ ᠪᠣᠳᠠᠲᠠᠢ ᠬᠢᠭᠰᠡᠨ ᠦᠭᠡᠢ ᠵᠡᠷᠭᠡ ᠠᠰᠠᠭᠤᠳᠠᠯ ᠣᠷᠤᠰᠢᠵᠤ ᠪᠠᠶᠢᠨ᠎ᠠ᠂ ᠡᠳᠡᠭᠡᠷ | ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠷᠭ᠎ᠠ ᠬᠡᠮᠵᠢᠶ᠎ᠡ ᠪᠣᠯ ᠠᠵᠤ ᠠᠬᠤᠶᠢᠯᠠᠯ ᠤᠨ ᠠᠶᠤᠯ ᠦᠭᠡᠢ | ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ | ᠶᠠᠪᠤᠳᠠᠯ ᠪᠣᠯᠤᠨ᠎ᠠ᠃ ︽ᠲᠣᠭᠲᠠᠭᠠᠯ︾ ᠢ ᠡᠨᠡᠬᠦ ᠬᠡᠷᠡᠭᠴᠡᠭᠡ ᠳᠤ ᠶᠠᠭ ᠵᠣᠬᠢᠴᠠᠭᠤᠯᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾᠂ ︽ᠦᠪᠦᠷ ᠮᠣᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠪᠠ ᠬᠤᠯᠪᠤᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠪᠣᠳᠠᠲᠠᠢ | ᠪᠠᠶᠢᠳᠠᠯ ᠲᠠᠢ ᠤᠶᠠᠯᠳᠤᠭᠤᠯᠤᠨ᠂ ᠤᠯᠠᠨ ᠵᠢᠯ ᠤᠨ ᠠᠵᠢᠯ ᠤᠨ ᠦᠢᠯᠡᠳᠦᠯᠭᠡ ᠳᠤᠮᠳᠠᠬᠢ ᠪᠦᠲᠦᠮᠵᠢᠲᠡᠢ ᠲᠤᠷᠰᠢᠯᠭ᠎ᠠ | ᠪᠠ ᠠᠷᠭ᠎ᠠ ᠶᠢ ᠳ᠋ᠦᠩᠨᠡᠨ ᠬᠤᠷᠢᠶᠠᠩᠭᠤᠶᠢᠯᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠭᠤᠣᠯᠳᠠᠯᠭ᠎ᠠ ᠲᠠᠢ | ᠠᠵᠤ ᠠᠬᠤᠶᠢᠯᠠᠯ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠲᠣᠭᠲᠠᠭᠠᠨ ᠨᠡᠶᠢᠲᠡᠯᠡᠪᠡ᠃ | ﹇ᠬᠦᠲᠦᠯᠦᠭᠴᠢ﹈᠄ | ︽ᠲᠣᠭᠲᠠᠭᠠᠯ︾ ᠳᠤ ᠳᠤᠷᠠᠳᠤᠭᠰᠠᠨ ᠵᠠᠩᠭᠢᠯᠭ᠎ᠠ ᠶᠢᠨ ᠦᠭᠡ ︽ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ︾ ᠭᠡᠳᠡᠭ ᠨᠢ ᠪᠣᠳᠠᠲᠠᠢ | ᠶᠠᠭᠤ ᠶᠢ ᠵᠢᠭᠠᠵᠤ ᠪᠠᠶᠢᠬᠤ ᠪᠣᠢ︖ ᠡᠨᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠭᠦᠢᠴᠡᠳᠭᠡᠬᠦ ᠤᠢᠭᠡᠢ ᠪᠣᠯ | ᠪᠠᠰᠠ ᠶᠠᠮᠠᠷ ᠦᠷ᠎ᠡ ᠳ᠋ᠦᠩ ᠲᠠᠢ ᠪᠣᠯᠬᠤ ᠪᠣᠢ︖ | ﹇ᠸᠠᠩ ᠵᠢᠶᠦ᠋ᠨ ᠹᠧᠩ﹈᠄ | ᠪᠣᠳᠠᠲᠠᠢ ᠪᠠᠷ ᠬᠡᠯᠡᠪᠡᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠠᠶᠤᠯ ᠦᠭᠡᠢ | ᠦᠢᠯᠡᠳᠪᠦᠷᠢᠯᠡᠯ ᠤᠨ ᠪᠠᠲᠤᠯᠠᠭ᠎ᠠ ᠶᠢᠨ ᠲᠠᠯ᠎ᠠ ᠪᠠᠷ ᠤᠯᠤᠰ ᠤᠨ ᠬᠤᠯᠪᠤᠭᠳᠠᠯ ᠪᠦᠬᠦᠢ ᠠᠶᠤᠯ ᠦᠭᠡᠢ | ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠬᠡᠷᠡᠭᠵᠢᠭᠦᠯᠬᠦ ᠶᠣᠰᠣᠲᠠᠶ ᠬᠤᠯᠪᠣᠭᠳᠠᠯ ᠪᠦᠬᠦᠢ | ᠲᠣᠭᠲᠠᠭᠠᠯ᠂ ᠭᠦᠢᠴᠡᠳᠭᠡᠬᠦ ᠶᠣᠰᠤᠲᠠᠢ ᠠᠵᠢᠯ ᠤᠨ ᠡᠭᠦᠷᠭᠡ ᠬᠠᠷᠢᠭᠤᠴᠠᠯᠭ᠎ᠠ᠂ ᠪᠦᠷᠢᠳᠦᠭᠦᠯᠬᠦ ᠶᠣᠰᠣᠲᠠᠶ ᠠᠶᠤᠯ | ᠦᠭᠡᠢ ᠦᠢᠯᠡᠳᠪᠦᠷᠢᠯᠡᠯ ᠤᠨ ᠨᠥᠬᠦᠴᠡᠯ᠂ ᠬᠡᠷᠡᠭᠵᠢᠭᠦᠯᠬᠦ ᠶᠣᠰᠣᠲᠠᠶ ᠠᠵᠢᠯ ᠲᠥᠷᠥᠯ ᠤᠨ ᠪᠠᠷᠢᠮᠵᠢᠶ᠎ᠠ᠂ ᠡᠭᠦᠷᠭᠡᠯᠡᠬᠦ | ᠶᠣᠰᠣᠲᠠᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃ ᠡᠭᠦᠨ ᠳᠤ ᠲᠠᠪᠤᠨ ᠲᠠᠯ᠎ᠠ ᠶᠢ | ᠳᠣᠪᠤᠶᠢᠯᠭᠠᠬᠤ ᠬᠡᠷᠡᠭᠲᠡᠢ᠄ ᠨᠢᠭᠡᠳᠦᠭᠡᠷ ᠲᠤ᠂ ᠭᠤᠣᠯ ᠬᠠᠷᠢᠭᠤᠴᠠᠯᠭᠠᠲᠠᠨ ᠢ ᠠᠳᠬᠤᠬᠤ᠃ ᠭᠤᠣᠯ | ᠬᠠᠷᠢᠭᠤᠴᠠᠯᠭᠠᠲᠠᠨ ᠨᠢ ᠡᠷᠬᠡᠪᠰᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠪᠣᠳᠠᠲᠠᠶ ᠪᠡᠯᠡ ᠣᠷᠣᠭᠤᠯᠤᠭᠴᠢ ᠪᠠᠶᠢᠬᠤ ᠬᠡᠷᠡᠭᠲᠡᠢ᠃ ᠬᠤᠶᠠᠳᠤᠭᠠᠷ ᠲᠤ᠂ | ᠬᠠᠷᠢᠭᠤᠴᠠᠯᠭ᠎ᠠ ᠶᠢᠨ ᠳᠦᠷᠢᠮ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠤᠳᠤᠷᠢᠳᠬᠤ | ᠺᠠᠳ᠋ᠷ ᠵᠢᠴᠢ ᠡᠯ᠎ᠡ ᠳᠡᠰ ᠳᠠᠪᠬᠤᠷᠭ᠎ᠠ᠂ ᠡᠯ᠎ᠡ ᠲᠦᠷᠦᠯ ᠤᠨ ᠠᠵᠢᠯᠲᠠᠳ ᠤᠨ ᠡᠯ᠎ᠡ ᠠᠵᠢᠯ ᠤᠨ ᠪᠠᠶᠢᠷᠢ ᠶᠢᠨ ᠠᠶᠤᠯ | ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠᠳᠤᠭᠠᠷ ᠲᠤ᠂ ᠵᠣᠬᠢᠶᠠᠨ | ᠪᠠᠶᠢᠭᠤᠯᠬᠤ ᠪᠠᠶᠢᠭᠤᠯᠤᠮᠵᠢ ᠪᠠ ᠠᠵᠢᠯᠲᠠᠨ ᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠦᠬᠦᠨ | ᠡᠷᠬᠡᠪᠰᠢ ᠠᠶᠤᠯ ᠦᠭᠡᠢ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠶᠢ ᠬᠠᠤᠯᠢ ᠶᠣᠰᠤᠭᠠᠷ ᠪᠠᠶᠢᠭᠤᠯᠵᠤ᠂ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠠᠨ ᠢ ᠲᠣᠬᠢᠷᠠᠭᠤᠯᠵᠤ᠂ ᠴᠢᠬᠤᠯᠠ ᠠᠵᠢᠯ ᠤᠨ | ᠪᠠᠶᠢᠷᠢ᠂ ᠵᠠᠩᠭᠢᠯᠭ᠎ᠠ ᠶᠢᠨ ᠭᠤᠭᠴᠤᠭ᠎ᠠ ᠳᠤ ᠡᠯᠪᠡᠭ ᠪᠠᠶᠠᠯᠢᠭ ᠲᠤᠰᠬᠠᠶ ᠮᠡᠷᠭᠡᠵᠢᠯ ᠤᠨ ᠮᠡᠳᠡᠯᠭᠡ ᠪᠠ | ᠬᠠᠮᠢᠶᠠᠷᠤᠯᠲᠠ ᠶᠢᠨ ᠲᠤᠷᠰᠢᠯᠭ᠎ᠠ ᠲᠠᠢ ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠬᠤ ᠬᠡᠷᠡᠭᠲᠡᠢ᠃ ᠳᠥᠷᠪᠡᠳᠦᠭᠡᠷ | ᠲᠤ᠂ ᠣᠷᠤᠭᠤᠯᠤᠯᠲᠠ ᠶᠢ ᠠᠳᠬᠤᠬᠤ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ | ᠦᠢᠯᠡᠳᠪᠦᠷᠢᠯᠡᠯ ᠤᠨ ᠴᠢᠬᠤᠯᠠ ᠬᠡᠷᠡᠭᠴᠡᠭᠡ ᠪᠦᠬᠦᠢ ᠪᠡᠯᠠ ᠮᠦᠩᠭᠦᠨ ᠤ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ | ᠠᠶᠤᠯ ᠥᠭᠡᠢ ᠦᠢᠯᠡᠳᠪᠦᠷᠢᠯᠡᠯ ᠤᠨ ᠵᠠᠷᠤᠳᠠᠯ ᠢ ᠬᠠᠤᠯᠢ ᠶᠣᠰᠣᠭᠠᠷ ᠭᠦᠢᠴᠡᠳ ᠲᠤᠭ᠎ᠠ ᠪᠠᠷ ᠭᠠᠷᠭᠠᠵᠤ ᠠᠪᠤᠨ | ᠰᠠᠶᠢᠲᠤᠷ ᠬᠡᠷᠡᠭᠯᠡᠬᠦ ᠬᠡᠷᠡᠭᠲᠡᠢ᠃ ᠲᠠᠪᠤᠳᠤᠭᠠᠷ ᠲᠤ᠂ ᠳᠦᠷᠢᠮ ᠲᠣᠭᠲᠠᠭᠠᠯ ᠪᠠ ᠠᠵᠢᠯᠯᠠᠬᠤ ᠳᠦᠷᠢᠮ ᠢ ᠠᠳᠬᠤᠬᠤ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠳᠦᠷᠢᠮ | ᠪᠠ ᠠᠶᠤᠯ ᠦᠭᠡᠢ ᠠᠵᠢᠯᠯᠠᠬᠤ ᠳᠦᠷᠢᠮ ᠢ ᠨᠠᠶᠢᠳᠠᠪᠤᠷᠢᠵᠢᠭᠤᠯᠵᠤ᠂ ᠳᠠᠯᠳᠠ ᠭᠡᠮ ᠢ ᠴᠢᠩᠭ᠎ᠠ ᠪᠠᠶᠢᠴᠠᠭᠠᠵᠤ ᠵᠠᠰᠠᠬᠤ᠂ | ᠠᠶᠤᠯ ᠦᠭᠡᠢ ᠶᠢᠨ ᠰᠤᠷᠭᠠᠨ ᠬᠦᠮᠦᠵᠢᠯ ᠤᠨ ᠪᠣᠯᠪᠠᠰᠤᠷᠠᠭᠤᠯᠤᠯ᠂ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | ᠡᠳᠡᠭᠡᠷ ᠠᠭᠤᠯᠭ᠎ᠠ ᠨᠢ ᠮᠠᠰᠢ ᠴᠢᠩᠭ᠎ᠠ ᠴᠢᠭᠯᠡᠭᠦᠯᠬᠦ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ | ᠴᠢᠨᠠᠷ ᠲᠠᠢ ᠪᠠᠶᠢᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠬᠡᠷᠪᠡ ᠳᠡᠭᠡᠷ᠎ᠡ ᠳᠤᠷᠠᠳᠤᠭᠰᠠᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠪᠤᠷᠢᠵᠢᠭᠤᠯᠬᠤ ᠦᠭᠡᠢ ᠪᠣᠯ ᠠᠶᠤᠯ ᠦᠭᠡᠢ ᠦᠢᠯᠡᠳᠪᠦᠷᠢᠯᠡᠯ ᠢ | ᠪᠠᠲᠤᠯᠠᠵᠤ ᠴᠢᠳᠠᠬᠤ ᠦᠭᠡᠢ ᠪᠦᠭᠡᠳ ᠳᠠᠷᠤᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠡᠭᠦᠰᠴᠦ᠂ ᠳᠠᠷᠤᠢ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠬᠤ ᠪᠣᠯᠤᠨ᠎ᠠ᠃ | ﹇ᠸᠠᠩ ᠵᠢᠶᠦ᠋ᠨ ᠹᠧᠩ﹈᠄ | ︽ᠲᠣᠭᠲᠠᠭᠠᠯ︾ ᠳᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠠᠶᠤᠯ ᠦᠭᠡᠢ | ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠥᠯᠦ ᠭᠦᠢᠴᠡᠳᠬᠡᠭᠰᠡᠨ ᠦᠭᠡᠢ ᠭᠤᠣᠯ ᠦᠢᠯᠡ | ᠪᠠᠶᠢᠳᠠᠯ ᠳᠤ ᠴᠢᠩᠭ᠎ᠠ ᠰᠢᠳᠬᠡᠬᠦ ᠠᠷᠭ᠎ᠠ ᠬᠡᠮᠵᠢᠶ᠎ᠡ ᠲᠣᠭᠲᠠᠭᠠᠵᠠᠢ᠂ ᠵᠢᠱᠢᠶᠡᠯᠡᠪᠡᠯ᠂ ᠠᠳᠡᠯ ᠠᠴᠠ ᠭᠦᠨᠵᠡᠭᠡᠢ | ᠰᠤᠷᠭᠠᠮᠵᠢ ᠠᠪᠤᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠴᠢᠩᠭ᠎ᠠ ᠪᠥᠭᠡᠳ | ᠬᠦᠨᠳᠦ ᠪᠠᠷ ᠰᠢᠢᠳᠪᠦᠷᠢᠯᠡᠵᠦ᠂ ᠠᠵᠢᠯ ᠦᠢᠯᠡᠳᠪᠦᠷᠢᠯᠡᠯ ᠢ ᠨᠢ ᠵᠣᠭᠰᠤᠭᠠᠵᠤ ᠴᠡᠭᠴᠡᠯᠡᠭᠦᠯᠦᠭᠡᠳ ᠠᠶᠤᠯ ᠦᠭᠡᠢ | ᠦᠢᠯᠡᠳᠪᠦᠷᠢᠯᠡᠯ ᠤᠨ ᠨᠥᠬᠦᠴᠡᠯ ᠢ ᠮᠥᠨ ᠬᠦ ᠪᠦᠷᠢᠳᠦᠭᠦᠯᠵᠦ ᠳᠡᠶᠢᠯᠦᠭᠰᠡᠨ ᠤᠢᠭᠡᠢ ᠪᠣᠯ᠂ ᠬᠠᠷᠢᠶᠠᠯᠠᠯ ᠤᠨ ᠡᠷᠬᠡ | ᠪᠥᠬᠦᠢ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠭᠡᠳ ᠬᠠᠤᠯᠢ ᠶᠣᠰᠣᠭᠠᠷ ᠬᠠᠭᠠᠵᠤ ᠵᠣᠭᠰᠤᠭᠠᠨ᠎ᠠ᠂ ᠶᠠᠯ᠎ᠠ | ᠬᠢᠭᠰᠡᠨ ᠳᠤ ᠬᠦᠷᠦᠭᠰᠡᠨ ᠪᠣᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠵᠦ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠠᠭᠴᠠᠯᠠᠭᠠᠳ ᠬᠡᠯᠡᠪᠡᠯ᠂ ᠠᠵᠤ ᠠᠬᠤᠶᠢᠯᠠᠯ ᠤᠳ ᠬᠠᠮᠢᠶ᠎ᠡ ᠪᠦᠬᠦᠢ | ᠬᠠᠷᠢᠭᠤᠴᠠᠯᠭ᠎ᠠ ᠪᠠᠨ ᠭᠦᠢᠴᠡᠳᠬᠡᠬᠦ ᠤᠢᠭᠡᠢ ᠯᠠ ᠶᠤᠮ ᠪᠣᠯ᠂ ᠯᠠᠪᠲᠠᠶ ᠴᠢᠩᠭ᠎ᠠ ᠰᠢᠳᠬᠡᠯ ᠣᠯᠵᠤ᠂ ᠬᠠᠤᠯᠢ ᠠᠴᠠ | ᠵᠦᠷᠢᠴᠡᠭᠰᠡᠨ ᠨᠢ ᠶᠡᠭᠡ ᠥᠷᠲᠡᠭ ᠭᠠᠷᠭᠠᠬᠤ ᠪᠣᠯᠭᠠᠵᠤ᠂ ᠡᠭᠦᠨ ᠤ ᠤᠯᠠᠮ ᠢᠶᠠᠷ ᠲᠤᠰ ᠪᠡᠶ᠎ᠡ ᠶᠢᠨ ᠠᠶᠤᠯ ᠦᠭᠡᠢ | ᠦᠢᠯᠡᠳᠪᠦᠷᠢᠯᠡᠯ ᠤᠨ ᠠᠵᠢᠯᠯᠠᠭ᠎ᠠ ᠪᠠᠨ ᠤᠬᠠᠮᠰᠠᠷ ᠠᠴᠠ ᠪᠠᠨ ᠲᠣᠬᠢᠷᠠᠭᠤᠯᠤᠨ ᠵᠢᠷᠤᠮᠵᠢᠭᠤᠯᠵᠤ᠂ ᠠᠶᠤᠯ ᠦᠭᠡᠢ | ᠦᠢᠯᠡᠳᠪᠦᠷᠢᠯᠡᠯ ᠢ ᠪᠡᠶᠡᠯᠡᠭᠦᠯᠬᠦ ᠪᠣᠯᠭᠠᠨ᠎ᠠ᠃ | ﹇ᠬᠦᠲᠦᠯᠦᠭᠴᠢ﹈᠄ | ︽ᠲᠣᠭᠲᠠᠭᠠᠯ︾ ᠳᠤ ᠦᠢᠯᠡᠳᠪᠦᠷᠢᠯᠡᠯ ᠡᠵᠡᠩᠨᠡᠭᠴᠢ ᠶᠢ ᠬᠢᠵᠠᠭᠠᠷᠯᠠᠭᠰᠠᠨ ᠠᠴᠠ ᠭᠠᠳᠠᠨ᠎ᠠ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠲᠤ ᠪᠣᠳᠠᠲᠠᠶ ᠲᠣᠭᠲᠠᠭᠠᠯ ᠪᠠᠶᠢᠨ᠎ᠠ ᠦᠦ︖ | ﹇ᠸᠠᠩ ᠵᠢᠶᠦ᠋ᠨ ᠹᠧᠩ﹈᠄ | ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠨᠢ | ᠪᠦᠲᠦᠮᠵᠢᠲᠡᠶ ᠬᠢᠨᠠᠯᠲᠠ ᠲᠠᠯᠪᠢᠬᠤ ᠠᠴᠠ ᠰᠠᠯᠵᠤ ᠴᠢᠳᠠᠬᠤ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠶᠢᠨ | ᠰᠠᠶᠢᠬᠠᠨ ᠣᠷᠴᠢᠨ ᠠᠬᠤᠶ ᠶᠢ ᠤᠯᠠᠨ ᠰᠠᠯᠠᠭ᠎ᠠ ᠮᠥᠴᠢᠷ ᠤᠨ ᠬᠠᠮᠲᠤᠪᠠᠷ ᠪᠣᠢ ᠪᠣᠯᠭᠠᠬᠤ ᠬᠡᠷᠡᠭᠴᠡᠭᠡ ᠲᠠᠢ ᠶᠤᠮ᠃ | ᠶᠡᠷᠦᠩᠬᠡᠶ ᠱᠦᠵᠢ ᠰᠢ ᠶᠢᠨ ᠫᠢᠩ ︽11.22︾ ᠤᠨ ᠳᠤᠮᠳᠠᠳᠤ ᠤᠯᠤᠰ ᠤᠨ ᠴᠢᠯᠠᠭᠤᠨ ᠳᠣᠰᠣᠠ ᠤ | ᠳ᠋ᠥᠡᠭᠶ᠋ᠢᠩ ᠠᠴᠠ ᠬᠤᠸᠠᠩᠳᠤᠤ ᠬᠦᠷᠬᠦ ᠳᠤᠰᠤ ᠳᠠᠮᠵᠢᠭᠤᠯᠬᠤ ᠬᠤᠭᠤᠯᠠᠶ ᠭᠤᠭᠤᠵᠢᠵᠤ ᠳᠡᠯᠪᠡᠷᠡᠭᠰᠡᠨ ᠣᠨᠴᠠ ᠶᠡᠭᠡ | ᠠᠳᠡᠯ ᠤᠨ ᠠᠶᠤᠯ ᠠᠴᠠ ᠠᠪᠤᠷᠠᠵᠤ ᠪᠠᠶᠢᠭ᠎ᠠ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠳᠤ ᠴᠢᠬᠤᠯᠠᠴᠢᠯᠠᠭᠰᠠᠨ ᠨᠢ᠂ | ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ | ᠡᠷᠬᠡᠪᠰᠢ ᠠᠶᠤᠯ ᠦᠭᠡᠢ ᠶᠢ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ ᠬᠡᠪᠡ᠃ ︽ᠲᠣᠭᠲᠠᠭᠠᠯ︾ ᠳᠤ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ ᠭᠡᠵᠦ | ᠲᠣᠳᠣᠷᠬᠠᠶ ᠳᠤᠷᠠᠳᠤᠪᠠ᠃ ᠡᠭᠦᠨ ᠳᠤ᠂ ᠠᠷᠪᠠᠳᠤᠭᠠᠷ ᠵᠦᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶ ᠶᠢᠨ ᠲᠦᠷᠦ ᠶᠢᠨ ᠪᠤᠳᠤᠯᠭ᠎ᠠ ᠠᠴᠠ ᠦᠵᠡᠭᠦᠯᠬᠦ | ᠤᠳᠤᠷᠢᠳᠤᠮᠵᠢ ᠶᠢᠨ ᠦᠢᠯᠡᠳᠦᠯ ᠶᠢ ᠨᠢ ᠴᠢᠩᠭᠠᠳᠬᠠᠬᠬᠤ ᠬᠡᠷᠡᠭᠲᠡᠢ ᠭᠡᠵᠦ ᠲᠣᠭᠲᠠᠭᠠᠪᠠ︔ ᠠᠷᠪᠠᠨ ᠨᠢᠭᠡᠳᠦᠭᠡᠷ | ᠵᠦᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠠᠶᠤᠯ ᠦᠭᠡᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ | ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ ᠳᠡᠮᠵᠢᠬᠦ ᠪᠠ ᠰᠢᠮᠳᠠᠭᠤᠯᠵᠤ ᠪᠠᠶᠢᠭᠠᠳ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠨᠢ ᠦᠨᠡᠨ ᠬᠦ ᠭᠦᠢᠴᠡᠳᠬᠡᠯᠭᠡᠬᠦ ᠬᠡᠷᠡᠭᠲᠡᠢ᠂ ᠠᠶᠤᠯ ᠥᠭᠡᠢ ᠦᠢᠯᠡᠳᠪᠦᠷᠢᠯᠡᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠶᠠᠮᠠᠷᠪᠠ ᠰᠢᠯᠲᠠᠭ ᠢᠶᠠᠷ ᠰᠢᠭᠤᠳ ᠪᠤᠶᠤ ᠬᠡᠯᠪᠡᠷᠢ ᠶᠢ ᠨᠢ | ᠥᠭᠡᠷᠡᠲᠡᠭᠦᠯᠦᠨ ᠬᠢᠵᠠᠭᠠᠷᠯᠠᠬᠤ ᠨᠥᠬᠦᠴᠡᠯ ᠪᠣᠯᠣᠨ ᠬᠠᠷᠰᠢ ᠰᠠᠭᠠᠳ ᠲᠣᠬᠢᠷᠠᠭᠤᠯᠵᠤ ᠪᠣᠯᠬᠤ ᠦᠭᠡᠢ ᠭᠡᠵᠦ | ᠲᠣᠭᠲᠠᠭᠠᠪᠠ︔ ᠠᠷᠪᠠᠨ ᠬᠤᠶᠠᠳᠤᠭᠠᠷ ᠵᠦᠢᠯ ᠳᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠴᠢᠩᠭ᠎ᠠ ᠬᠢᠨᠠᠨ ᠬᠠᠮᠢᠶᠠᠷᠬᠤ ᠪᠠ | ᠪᠣᠯᠣᠨ ᠪᠦᠲᠦᠮᠵᠢᠲᠡᠶ ᠵᠢᠯᠤᠭᠤᠳᠴᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ | ᠲᠣᠭᠲᠠᠭᠠᠵᠠᠢ᠃ | ﹇ᠬᠦᠲᠦᠯᠦᠭᠴᠢ﹈᠄ | ︽ᠲᠣᠭᠲᠠᠭᠠᠯ︾ ᠢ ᠤᠬᠠᠭᠤᠯᠤᠨ ᠲᠤᠤᠱᠯᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ | ︖ | ﹇ᠸᠠᠩ ᠵᠢᠶᠦ᠋ᠨ ᠹᠧᠩ﹈᠄ | ᠤᠬᠠᠭᠤᠯᠤᠨ ᠲᠤᠤᠱᠯᠠᠭᠤᠯᠬᠤ ᠲᠥᠰᠥᠯ ᠢ ᠪᠢᠳᠡ ᠨᠢᠭᠡᠨᠲᠡ ᠲᠣᠭᠲᠠᠭᠠᠨ ᠲᠠᠷᠬᠠᠭᠠᠳ᠂ ᠣᠳᠣ ᠶᠠᠭ | ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ ᠶᠠᠭ ᠢᠳᠡᠪᠬᠢᠲᠡᠶ ᠥᠷᠨᠢᠭᠦᠯᠵᠦ ᠪᠠᠶᠢᠨ᠎ᠠ᠃ ᠨᠢᠭᠡ ᠳᠤ᠂ ᠥᠪᠡᠷᠲᠡᠭᠡᠨ | ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠺᠣᠮᠢᠰ ᠤᠨ ᠬᠤᠯᠪᠣᠭᠳᠠᠯ ᠪᠥᠬᠦᠢ ᠪᠦᠷᠢᠯᠳᠦᠬᠦᠨ | ᠨᠢᠭᠡᠴᠡ ᠳᠤ ᠲᠤᠰ ᠠᠵᠢᠯ ᠲᠥᠷᠥᠯ ᠤᠨ ᠬᠦᠷᠢᠶᠡᠨ ᠤ ᠣᠨᠴᠠᠯᠢᠭ ᠢᠶᠠᠨ ᠦᠨᠳᠦᠰᠦᠯᠡᠨ ᠲᠤᠰᠬᠠᠶ ᠠᠵᠢᠯ ᠤᠨ | ᠲᠥᠰᠦᠯ ᠲᠣᠭᠲᠠᠭᠠᠵᠤ᠂ ︽ᠲᠣᠭᠲᠠᠭᠠᠯ︾ ᠢ ᠤᠬᠠᠭᠤᠯᠤᠨ ᠲᠤᠤᠱᠯᠠᠭᠤᠯᠬᠤ ᠠᠵᠢᠯ ᠢ ᠥᠷᠨᠢᠭᠦᠯᠬᠦ ᠬᠡᠷᠡᠭᠲᠡᠢ ᠭᠡᠵᠦ | ᠱᠠᠭᠠᠷᠳᠠᠪᠠ᠃ ᠡᠭᠦᠨ ᠤ ᠬᠠᠮᠲᠤ᠂ ᠡᠯ᠎ᠡ ᠠᠶᠢᠮᠠᠭ ᠬᠤᠳᠠ ᠴᠤ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠲᠤᠰ ᠭᠠᠵᠠᠷ ᠣᠷᠣᠨ ᠤ ᠪᠠᠨ ᠤᠬᠠᠭᠤᠯᠤᠨ ᠲᠤᠤᠱᠯᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ | ᠪᠠᠶᠢᠷᠢᠯᠠᠭᠤᠯᠬᠤ ᠶᠢ ᠱᠠᠭᠠᠷᠳᠠᠪᠠ᠃ ᠬᠤᠶᠠᠷ ᠲᠤ ᠤᠯᠠᠨ ᠵᠦᠢᠯ ᠤᠨ ᠬᠡᠯᠪᠡᠷᠢ ᠪᠠᠷ ︽ᠲᠣᠭᠲᠠᠭᠠᠯ︾ ᠢ ᠰᠤᠷᠤᠯᠴᠠᠨ | ᠣᠬᠠᠭᠤᠯᠪᠠ᠃ ᠯᠧᠺᠼᠢ ᠡᠷᠬᠢᠯᠡᠬᠦ᠂ ᠪᠣᠯᠪᠠᠰᠤᠷᠠᠭᠤᠯᠤᠯ ᠡᠷᠬᠢᠯᠡᠬᠦ᠂ ᠤᠷᠢᠶ᠎ᠠ ᠯᠣᠽᠦ᠋ᠩ ᠨᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ︽ᠲᠣᠭᠲᠠᠭᠠᠯ︾ ᠢ ᠣᠶᠢᠯᠠᠭᠠᠭᠤᠯᠬᠤ ᠨᠤᠷᠮ᠎ᠠ ᠶᠢ ᠥᠷᠭᠡᠳᠬᠡᠵᠦ᠂ ᠥᠷᠭᠡᠨ ᠤᠯᠠᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢ ᠨᠢ | ᠳᠡᠭᠡᠭᠰᠢᠯᠡᠭᠦᠯᠪᠡ᠃ ᠭᠤᠷᠪᠠ ᠳᠤ ᠬᠠᠮᠢᠶ᠎ᠡ ᠪᠦᠬᠦᠢ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃ ᠰᠢᠨ᠎ᠡ ︽ | ᠠᠶᠤᠯ ᠦᠭᠡᠢ ᠦᠢᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠲᠤᠤᠱᠯᠠᠭᠤᠯᠬᠤ ᠠᠵᠢᠯ ᠲᠠᠢ ᠤᠶᠠᠯᠳᠤᠭᠤᠯᠤᠨ᠂ | ︽ᠲᠣᠭᠲᠠᠭᠠᠯ︾ ᠤᠨ ᠬᠤᠯᠪᠣᠭᠳᠠᠯ ᠪᠦᠬᠦᠢ ᠠᠭᠤᠯᠭ᠎ᠠ ᠶᠢ ᠺᠠᠳ᠋ᠷᠴᠤᠳ ᠢ ᠪᠣᠯᠪᠠᠰᠤᠷᠠᠭᠤᠯᠬᠤ ᠲᠥᠯᠥᠪᠯᠡᠭᠡ ᠳᠤ | ᠣᠷᠤᠭᠤᠯᠪᠠ︔ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ︽ᠲᠣᠭᠲᠠᠭᠠᠯ︾ ᠤᠨ | ᠰᠤᠷᠤᠯᠴᠠᠯᠭ᠎ᠠ ᠶᠢ ᠭᠤᠣᠯ ᠬᠠᠷᠢᠭᠤᠴᠠᠯᠭᠠᠲᠠᠨ᠂ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠳᠠᠨ | ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠤᠭᠤᠯᠪᠠ᠃ ᠡᠳᠦᠷ | ᠲᠤᠳᠤᠮ ᠤᠨ ᠬᠠᠤᠯᠢ ᠶᠢᠨ ᠬᠡᠷᠡᠭᠵᠢᠭᠦᠯᠦᠯᠲᠡ ᠪᠠᠶᠢᠴᠠᠭᠠᠯᠲᠠ ᠳᠤᠮᠳᠠ ᠰᠢᠨ᠎ᠡ ︽ᠠᠶᠤᠯ ᠦᠭᠡᠢ | ᠦᠢᠯᠡᠳᠪᠦᠷᠢᠯᠡᠯ ᠤᠨ ᠬᠠᠤᠯᠢ︾ ᠪᠣᠯᠣᠨ ︽ᠲᠣᠭᠲᠠᠭᠠᠯ︾ ᠢ ᠲᠥᠭᠡᠮᠡᠯᠵᠢᠭᠦᠯᠬᠦ ᠪᠠ ᠤᠬᠠᠭᠤᠯᠬᠤ ᠪᠠᠨ | ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠲᠤ ᠠᠵᠤ ᠠᠬᠤᠶᠢᠯᠠᠯ ᠤᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠭᠤᠯᠭ᠎ᠠ ᠶᠢ ᠣᠶᠢᠯᠠᠭᠠᠨ | ᠡᠵᠡᠮᠰᠢᠭᠦᠯᠪᠡ᠃ ᠡᠭᠦᠨ ᠤ ᠵᠡᠷᠭᠡᠴᠡᠪᠡᠷ᠂ ︽ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠨ ᠤ | ᠰᠢᠯᠭᠠᠨ ᠬᠢᠨᠠᠬᠤ ᠠᠭᠤᠯᠭ᠎ᠠ ᠳᠤ ᠣᠷᠤᠭᠤᠯᠪᠠ᠃ | ᠳᠠᠷᠠᠭᠠᠴᠢ ᠶᠢᠨ ᠠᠯᠬᠤᠮ ᠳᠤ ᠪᠢᠳᠡ ︽ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠ | ᠬᠡᠷᠡᠭᠵᠢᠭᠦᠯᠦᠭᠰᠡᠨ ᠢ ᠦᠨᠳᠦᠰᠦᠯᠡᠨ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠴᠠᠭ ᠲᠤᠨᠢ | ᠲᠣᠬᠢᠷᠠᠭᠤᠯᠤᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ ᠰᠠᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠢ ᠶᠠᠭ | ᠵᠠᠰᠠᠪᠤᠷᠢ ᠣᠷᠤᠭᠤᠯᠵᠤ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ | ᠦᠢᠯᠡᠳᠪᠦᠷᠢᠯᠡᠯ ᠤᠨ ᠲᠥᠷᠢᠮ︾ ᠳᠤ ᠣᠷᠤᠭᠤᠯᠵᠤ᠂ ᠬᠠᠤᠯᠢ ᠲᠣᠭᠲᠠᠭᠠᠯ ᠤᠨ ᠬᠡᠯᠪᠡᠷᠢ ᠪᠠᠷ | ᠲᠣᠭᠲᠠᠪᠤᠷᠢᠵᠢᠭᠤᠯᠬᠤ ᠪᠠᠷ ᠪᠠᠶᠢᠨ᠎ᠠ᠃ | ﹇ᠬᠦᠲᠦᠯᠦᠭᠴᠢ﹈᠄ | ᠵᠠ ᠰᠠᠶᠢᠨ ᠪᠤᠯᠤᠯ᠎ᠠ᠂ ᠸᠠᠩ ᠲᠣᠪᠴᠢᠶᠠᠨ ᠳᠠᠷᠤᠭ᠎ᠠ ᠶᠢᠨ ᠨᠠᠷᠢᠨ ᠨᠢᠮᠪᠠᠢ ᠲᠠᠶᠢᠯᠪᠤᠷᠢᠯᠠᠯᠳᠠ ᠳᠤ ᠲᠠᠯᠠᠷᠬᠠᠵᠦ | ᠪᠠᠶᠢᠨ᠎ᠠ᠂ ᠮᠠᠨ ᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠰᠢᠨ᠎ᠡ ᠨᠢᠭᠡᠨ ᠳᠡᠭᠲᠡᠷ ᠲᠤ ᠭᠠᠷᠬᠤ ᠶᠢ | ᠠᠳᠡ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ | ᠦᠵᠡᠭᠰᠡᠨ ᠳᠤ ᠲᠠᠯᠠᠷᠬᠠᠵᠦ ᠪᠠᠶᠢᠨ᠎ᠠ᠂ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ | ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ ︕ | | |