ᠥᠪᠥᠷ ᠮᠣᠩᠭᠤᠯ ᠰᠢᠯᠢᠳᠡᠭ ᠰᠣᠨᠢᠨ ᠮᠡᠳᠡᠭᠡᠨ ᠤ ᠠᠵᠢᠯᠲᠠᠳ ᠢ ᠰᠠᠶᠢᠰᠢᠶᠠᠨ ᠬᠦᠬᠢᠭᠦᠯᠪᠡ
ᠨᠡᠶᠢᠲᠡᠯᠡᠭᠰᠡᠨ ᠴᠠᠭ᠄
2015/11/16
     ᠬᠤᠷᠢᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠨᠢᠨ ᠮᠡᠳᠡᠭᠡᠨ ᠤ ᠱᠠᠩᠨᠠᠯ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠤᠷᠠᠯ ᠴᠢᠳᠠᠪᠤᠷᠢ ᠬᠤᠣᠰᠯᠠᠭᠰᠠᠨ ᠰᠢᠯᠢᠳᠡᠭ ᠰᠣᠨᠢᠨ ᠮᠡᠳᠡᠭᠡᠨ ᠤ ᠠᠵᠢᠯᠲᠠᠳ ᠲᠤ ᠱᠠᠩᠨᠠᠯ ᠤᠯᠭᠤᠬᠤ ᠮᠡᠳᠡᠬᠦᠯᠦᠯᠲᠡ ᠶᠢᠨ ᠬᠤᠷᠠᠯ ᠤᠨ ᠲᠠᠯᠠᠪᠤᠷ      11 ᠳ᠋ᠦ᠋ᠭᠡᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠰᠣᠷᠪᠣᠯᠵᠢᠯᠠᠭᠴᠢᠳ ᠤᠨ ᠨᠡᠶᠢᠭᠡᠮᠯᠢᠭ ᠬᠥᠬᠡᠬᠤᠲᠠ ᠳᠤ ᠬᠤᠷᠢᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠨᠢᠨ ᠮᠡᠳᠡᠭᠡᠨ ᠤ ᠱᠠᠩᠨᠠᠯ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠤᠷᠠᠯ ᠴᠢᠳᠠᠪᠤᠷᠢ ᠬᠤᠣᠰᠯᠠᠭᠰᠠᠨ ᠰᠢᠯᠢᠳᠡᠭ ᠰᠣᠨᠢᠨ ᠮᠡᠳᠡᠭᠡᠨ ᠤ ᠠᠵᠢᠯᠲᠠᠳ ᠲᠤ ᠱᠠᠩᠨᠠᠯ ᠣᠯᠭᠤᠬᠤ ᠮᠡᠳᠡᠭᠦᠯᠦᠯᠲᠡ ᠶᠢᠨ ᠬᠤᠷᠠᠯ ᠡᠷᠬᠢᠯᠡᠵᠦ᠂ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠣᠨᠢᠨ ᠮᠡᠳᠡᠭᠡᠨ ᠤ ᠱᠠᠩᠨᠠᠯ ᠣᠯᠭᠤᠬᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠣᠨᠢᠨ ᠮᠡᠳᠡᠭᠡᠨ ᠤ ᠠᠵᠢᠯᠲᠠᠳ ᠤᠨ ᠦᠵᠡᠭᠦᠯᠦᠭᠰᠡᠨ ᠬᠤᠪᠢ ᠨᠡᠮᠡᠷᠢ ᠶᠢ ᠰᠠᠶᠢᠰᠢᠶᠠᠨ ᠬᠦᠬᠢᠭᠦᠯᠵᠦ᠂ ᠪᠦᠬᠦ ᠣᠷᠣᠨ ᠤ ᠰᠣᠨᠢᠨ ᠮᠡᠳᠡᠭᠡᠨ ᠤ ᠹᠷᠣᠨᠲ ᠤᠨ ᠣᠯᠤᠭᠰᠠᠨ ᠦᠷ᠎ᠡ ᠪᠦᠲᠦᠭᠡᠯ ᠢ ᠳ᠋ᠦᠩᠨᠡᠪᠡ᠃      ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠃ ᠤᠯᠠᠭᠠᠨ ᠡᠨᠡ ᠵᠢᠯ ᠤᠨ ᠲᠤᠷᠰᠢ ᠪᠦᠬᠦ ᠣᠷᠣᠨ ᠤ ᠰᠣᠨᠢᠨ ᠮᠡᠳᠡᠭᠡᠯᠡᠯ ᠰᠤᠷᠲᠠᠯ ᠤᠬᠠᠭᠤᠯᠭ᠎ᠠ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠣᠲᠠᠯᠠᠭᠰᠠᠨ ᠪᠥᠭᠡᠳ ︽13· 5︾᠎ ᠶᠢᠨ ᠲᠥᠯᠥᠪᠵᠢᠭᠦᠯᠭᠡ ᠳᠤ ᠬᠠᠷᠠᠴᠠ ᠪᠠᠨ ᠲᠥᠪᠯᠡᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠣᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ︽ᠦᠨᠳᠦᠰᠦᠨ ᠱᠠᠲᠤᠨ ᠳᠤ ᠬᠦᠨᠵᠡᠭᠡᠶᠢᠷᠡᠵᠦ᠂ ᠠᠵᠢᠯ ᠤᠨ ᠤᠪᠤᠷ ᠢᠶᠠᠨ ᠬᠤᠪᠢᠷᠠᠭᠤᠯᠤᠠ᠂ ᠵᠤᠬᠢᠶᠠᠯ ᠤᠨ ᠰᠤᠷᠲᠠᠯ ᠢᠶᠠᠨ ᠰᠠᠶᠢᠵᠢᠷᠠᠭᠤᠯᠬᠤ︾ ᠵᠣᠷᠢᠭ ᠰᠠᠨᠠᠭ᠎ᠠ ᠶᠢ  ᠪᠠᠳᠠᠷᠠᠭᠤᠯᠵᠤ᠂ ᠬᠡᠵᠢᠶᠡᠳᠠ ᠠᠷᠠᠳ ᠳᠦᠮᠡᠨ ᠤ ᠳᠦᠯᠦᠬᠡ ᠰᠤᠷᠪᠤᠯᠵᠢᠯᠠᠨ ᠪᠢᠴᠢᠵᠤ᠂ ᠴᠠᠬ ᠦᠶ᠎ᠡ ᠶᠢ ᠮᠠᠭᠳᠠᠨ ᠳᠠᠭᠤᠯᠠᠵᠤ᠂ ᠰᠣᠨᠢᠨ ᠮᠡᠳᠡᠭᠡᠨ ᠤ ᠡᠷᠬᠢᠯᠡᠭᠰᠡᠨ ᠠᠵᠢᠯ ᠳᠠᠭᠠᠨ ᠴᠠᠭᠠᠷᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠ ᠠᠵᠢᠯᠯᠠᠬᠤ ᠴᠢᠳᠠᠪᠤᠷᠢ ᠪᠠᠨ ᠨᠡᠮᠡᠭᠳᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠤᠨ ᠬᠠᠷᠢᠭᠤᠴᠠᠯᠭ᠎ᠠ ᠪᠣᠯᠣᠨ ᠠᠵᠢᠯ ᠮᠡᠷᠭᠡᠵᠢᠯ ᠤᠨ ᠶᠣᠰᠣ ᠮᠣᠷᠠᠯ ᠢ ᠤᠬᠠᠮᠰᠠᠷ ᠠᠴᠠ ᠪᠠᠨ ᠰᠠᠬᠢᠬᠤ ᠵᠡᠷᠭᠡ ᠲᠠᠯ᠎ᠠ ᠪᠠᠷ ᠰᠣᠨᠢᠨ ᠮᠡᠳᠡᠭᠡᠨ ᠤ ᠠᠵᠢᠯᠲᠠᠳ ᠲᠤ ᠬᠦᠰᠡᠯ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠱᠠᠩᠨᠠᠯ ᠣᠯᠭᠤᠬᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠱᠠᠩᠨᠠᠯ ᠬᠦᠷᠲᠡᠭᠰᠡᠳ ᠪᠣᠯᠣᠨ ᠱᠠᠩᠨᠠᠯ ᠬᠦᠷᠲᠡᠭᠰᠡᠨ ᠨᠢᠭᠡᠴᠡ ᠶᠢᠨ ᠲᠥᠯᠥᠭᠡᠯᠡᠭᠴᠢ ᠦᠭᠡ ᠶᠠᠷᠢᠪᠠ᠃ ᠥᠪᠡᠷᠲᠡᠭᠡᠨ ᠵᠠᠰᠠᠬᠤ ᠣᠷᠣᠨ ᠤ ᠰᠣᠨᠢᠨ   ᠮᠡᠳᠡᠭᠡ ᠤᠬᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠣᠨ ᠤ ᠰᠢᠭᠤᠳ ᠬᠠᠷᠢᠶ᠎ᠠ ᠭᠤᠣᠯ ᠪᠣᠯᠬᠤ ᠰᠣᠨᠢᠨ ᠮᠡᠳᠡᠭᠡᠨ ᠤ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠰᠣᠨᠢᠨ ᠮᠡᠳᠡᠭᠡᠨ ᠤ ᠠᠵᠢᠯᠲᠠᠳ ᠤᠨ ᠲᠥᠯᠥᠭᠡᠯᠡᠭᠴᠢ ᠪᠣᠯᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠳᠡᠭᠡᠳᠦ ᠰᠤᠷᠭᠠᠭᠤᠯᠢ ᠰᠠᠯᠪᠤᠷᠢ ᠶᠢᠨ ᠰᠤᠷᠤᠭᠴᠢᠳ ᠤᠨ ᠲᠥᠯᠥᠭᠡᠯᠡᠭᠴᠢ ᠪᠠᠷᠤᠭ 240 ᠬᠥᠮᠦᠨ ᠬᠤᠷᠠᠯ ᠳᠤ ᠣᠷᠣᠯᠴᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号