ᠥᠪᠥᠷ ᠮᠣᠩᠭᠤᠯ᠄  6 ᠲᠥᠷᠥᠯ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ ᠪᠠᠷ ᠵᠠᠭᠤᠨ ᠲᠦᠮᠡᠨ ᠬᠥᠮᠥᠨ ᠤ ᠠᠵᠢᠯ ᠣᠯᠭᠤᠯᠲᠠ ᠶᠢ ᠴᠢᠷᠮᠠᠶᠢᠨ ᠳᠠᠶᠢᠴᠢᠯᠠᠬᠤ ᠪᠠᠷ ᠪᠤᠢ
ᠨᠡᠶᠢᠲᠡᠯᠡᠭᠰᠡᠨ ᠴᠠᠭ᠄
2015/11/16
      ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠤᠶᠢᠷ᠎ᠠ ᠶᠢᠨ ᠡᠳᠦᠷ ᠤᠨ ᠨᠡᠶᠢᠲᠡᠯᠡᠭᠰᠡᠨ ᠮᠡᠳᠡᠭᠡ ᠳᠤ᠂ 2016 ᠣᠨ ᠠᠴᠠ ᠡᠬᠢᠯᠡᠨ 6 ᠲᠥᠷᠥᠯ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ ᠶᠢ ᠭᠤᠣᠯᠳᠠᠯᠭ᠎ᠠ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 2020 ᠣᠨ ᠪᠣᠯᠬᠤ ᠳᠤ ᠪᠦᠬᠦ ᠣᠷᠣᠨ ᠤ ᠰᠢᠨ᠎ᠡ ᠪᠠᠷ ᠨᠡᠮᠡᠭᠳᠡᠭᠰᠡᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ 30 ᠲᠦᠮᠡ ᠳᠤ ᠴᠢᠷᠮᠠᠶᠢᠨ ᠬᠦᠷᠭᠡᠵᠦ᠂ 100 ᠲᠦᠮᠡ ᠠᠴᠠ ᠳᠡᠭᠡᠭᠰᠢᠬᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠬᠤ ᠪᠠᠷ ᠪᠠᠶᠢᠨ᠎ᠠ᠃       6 ᠲᠥᠷᠥᠯ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ ᠨᠢ ᠴᠣᠭᠴᠠᠯᠠᠭᠴᠢ ᠶᠢᠨ ᠬᠦᠰᠡᠯ ᠢᠶᠠᠨ ᠪᠡᠶᠡᠯᠡᠭᠦᠯᠬᠦ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠵᠠᠮᠴᠢᠯᠠᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠬᠦᠯᠡᠮᠵᠢ ᠶᠢᠨ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠪᠡᠯᠡ ᠮᠥᠩᠭᠦ ᠶᠢᠨ ᠬᠤᠷᠠᠮᠳᠤᠯ ᠢ ᠰᠢᠯᠤᠭᠤᠳᠬᠠᠬᠤ ᠲᠥᠯᠥᠪᠯᠡᠭᠡ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠤ ᠠᠳᠠᠯ ᠦᠢᠯᠡᠰ ᠴᠣᠭᠴᠠᠯᠠᠬᠤ ᠲᠥᠯᠥᠪᠯᠡᠭᠡ ᠪᠣᠯᠣᠨ᠎ᠠ᠃       ᠣᠶᠢᠯᠭᠠᠭᠰᠠᠨ ᠢᠶᠠᠷ᠂ ᠥᠪᠥᠷ ᠮᠣᠩᠭᠤᠯ ᠨᠢ ᠠᠵᠢᠯ ᠣᠯᠭᠤᠯᠲᠠ ᠶᠢᠨ ᠴᠢᠳᠠᠪᠤᠷᠢ ᠪᠠᠷ ᠬᠦᠴᠦᠷᠬᠡᠭ ᠠᠵᠤ  ᠦᠢᠯᠡᠰ ᠢ ᠣᠷᠣᠭᠤᠯᠤᠨ ᠠᠪᠴᠢᠷᠠᠵᠤ ᠦᠷᠭᠦᠯᠵᠢᠯᠡᠨ ᠬᠥᠭᠵᠢᠭᠦᠯᠬᠦ ᠪᠠᠷ ᠪᠤᠢ᠂ ᠳᠠᠷᠤᠢ ᠮᠥᠩᠭᠦᠨ ᠭᠦᠢᠯᠭᠡᠭᠡᠨ ᠤ ᠲᠦᠷᠢᠶᠡᠰᠦᠯᠡᠯ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠳᠣᠬᠢᠴᠢ ᠪᠣᠳᠠᠰ ᠤᠨ ᠭᠦᠢᠯᠭᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠵᠢᠴᠢ ᠵᠢᠭᠤᠯᠴᠢᠯᠠᠯ ᠰᠡᠯᠡᠭᠦᠴᠡᠯ᠂ ᠡᠷᠡᠭᠦᠯᠵᠢᠯ ᠨᠠᠰᠤᠲᠠᠳ ᠤᠨ ᠠᠰᠠᠷᠠᠮᠵᠢ᠂ ᠭᠡᠷ ᠪᠦᠯᠢ ᠶᠢᠨ ᠦᠢᠯᠡᠴᠢᠯᠡᠭᠡ᠂ ᠨᠡᠶᠢᠭᠡᠮ ᠤᠨ ᠠᠵᠢᠯ᠂ ᠰᠣᠶᠣᠯ ᠲᠠᠮᠢᠷ ᠵᠡᠷᠭᠡ ᠨᠡᠶᠢᠭᠡᠮ ᠤᠨ ᠦᠢᠯᠡᠴᠢᠯᠡᠭᠡᠨ ᠤ ᠦᠢᠯᠡᠰ ᠤᠳ ᠪᠣᠯᠣᠨ᠎ᠠ︔ ᠪᠣᠳᠠᠲᠤ ᠥᠷᠲᠡᠭ ᠤᠨ ᠳᠠᠪᠠᠭᠤᠯᠢᠭ ᠲᠠᠢ ᠡᠬᠢ ᠪᠠᠶᠠᠯᠢᠭ ᠤᠨ ᠪᠣᠯᠪᠠᠰᠤᠷᠠᠭᠤᠯᠤᠯᠲᠠ ᠶᠢᠨ ᠬᠡᠯᠪᠡᠷᠢ ᠶᠢ ᠤᠯᠠᠮ ᠨᠢᠭᠡ ᠠᠯᠬᠤᠮ ᠵᠢᠯᠣᠭᠤᠳᠴᠤ᠂ ᠬᠥᠳᠡᠯᠮᠦᠷᠢ ᠬᠦᠴᠦᠨ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠳᠪᠦᠷᠢ ᠵᠢᠴᠢ ᠵᠠᠬ᠎ᠠ ᠳᠡᠯᠭᠡᠭᠦᠷ ᠤᠨ ᠱᠠᠭᠠᠷᠳᠠᠯᠭ᠎ᠠ ᠲᠠᠢ ᠪᠡᠯᠡ ᠮᠥᠩᠭᠦ ᠨᠢᠭᠲᠠᠷᠠᠭᠰᠠᠨ ᠬᠡᠯᠪᠡᠷᠢ᠂ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠳᠪᠦᠷᠢ ᠶᠢ ᠲᠤᠰ ᠭᠠᠵᠠᠷ ᠣᠷᠣᠨ ᠲᠡᠶᠢᠰᠢ ᠰᠢᠯᠵᠢᠭᠦᠯᠦᠨ᠎ᠡ᠃ ᠥᠪᠥᠷ ᠮᠣᠩᠭᠤᠯ ᠪᠠᠰᠠ ᠵᠢᠵᠢᠭ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢᠨ ᠡᠳ᠋ ᠤᠨ ᠵᠠᠰᠠᠭ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠪᠢᠴᠢᠯ ᠬᠡᠯᠪᠡᠷᠢ ᠶᠢᠨ ᠠᠵᠤ ᠦᠢᠯᠡᠰ ᠤᠨ ᠠᠵᠢᠯ ᠣᠯᠭᠤᠯᠲᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃       ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠪᠡᠯᠡ ᠮᠥᠩᠭᠦ᠂ ᠣᠶᠣᠨ ᠤᠬᠠᠭᠠᠨ ᠪᠣᠯᠣᠨ ᠲᠤᠷᠰᠢᠯᠭ᠎ᠠ ᠎ ᠢᠶᠠᠨ ᠠᠪᠴᠤ ᠨᠤᠲᠤᠭ ᠲᠤ ᠪᠠᠨ ᠪᠤᠴᠠᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠶᠢᠨ ᠲᠤᠰᠠᠳᠠ᠂ ᠳᠠᠷᠠᠭᠠᠴᠢ ᠶᠢᠨ 5 ᠵᠢᠯ ᠳᠤ᠂ ᠥᠪᠥᠷ ᠮᠣᠩᠭᠤᠯ ᠲᠡᠳᠡᠨ ᠤ ᠰᠢᠶᠠᠨ ᠤ ᠬᠡᠪᠴᠢᠶᠡᠨ ᠳᠠᠬᠢ ᠠᠵᠤ ᠠᠬᠤᠢ ᠪᠣᠯᠣᠨ ᠣᠨᠴᠠᠯᠢᠭᠲᠤ ᠠᠵᠤ ᠠᠬᠤᠢ ᠳᠤ ᠪᠠᠨ ᠲᠦᠰᠢᠭᠯᠡᠨ᠂ ᠮᠠᠯᠴᠢᠨ ᠲᠠᠷᠢᠶᠠᠴᠢᠨ ᠤ ᠮᠡᠷᠭᠡᠵᠢᠯ ᠤᠨ ᠬᠠᠮᠲᠤᠷᠠᠯᠴᠠᠭᠠᠨ ᠤ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ᠂ ᠰᠡᠯᠡᠭᠦᠴᠡᠯ ᠤᠨ ᠮᠠᠯᠵᠢᠬᠤ ᠲᠠᠷᠢᠶᠠᠯᠠᠬᠤ ᠦᠢᠯᠡᠰ᠂ ᠬᠥᠳᠡᠭᠡ ᠲᠣᠰᠬᠤᠨ ᠤ ᠵᠢᠭᠤᠯᠴᠢᠯᠠᠯ᠂ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠭᠡᠬᠦ ᠮᠡᠲᠦ ᠰᠢᠨ᠎ᠡ ᠬᠡᠯᠪᠡᠷᠢ ᠶᠢᠨ ᠠᠵᠤ ᠠᠬᠤᠢ ᠶᠢᠨ ᠴᠣᠭᠴᠠ ᠶᠢ ᠡᠷᠬᠢᠯᠡᠨ ᠴᠣᠭᠴᠠᠯᠠᠵᠤ᠂ ᠥᠪᠡᠷ ᠤᠨ ᠳᠠᠯᠳᠠ ᠬᠦᠴᠦᠨ ᠢᠶᠠᠨ ᠪᠠᠳᠠᠷᠠᠭᠤᠯᠤᠨ᠂ ᠬᠥᠳᠡᠭᠡ ᠨᠤᠲᠤᠭ ᠤᠨ ᠠᠷᠠᠳ ᠲᠦᠮᠡᠨ ᠢᠶᠠᠨ ᠳᠠᠭᠠᠭᠤᠯᠤᠨ ᠬᠠᠮᠲᠤᠪᠠᠷ ᠴᠢᠨᠡᠭᠡᠯᠢᠭᠵᠢᠬᠦ ᠶᠢ ᠳᠡᠮᠵᠢᠬᠦ ᠪᠠᠷ ᠪᠤᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号