ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠨᠢᠭᠡ ᠬᠤᠷᠠᠯ ᠬᠤᠶᠠᠷ ᠦᠷᠲᠡᠭᠡ︾᠎ ᠶᠢᠨ ᠬᠡᠷᠡᠭᠯᠡᠭᠡᠨ ᠤ ᠡᠷᠬᠡ ᠶᠢ ᠬᠠᠮᠠᠭᠠᠯᠠᠬᠤ ᠰᠦᠯᠵᠢᠶ᠎ᠡ ᠶᠢ ᠪᠦᠷᠢᠨ ᠪᠦᠷᠬᠦᠬᠦᠯᠪᠡ
ᠨᠡᠶᠢᠲᠡᠯᠡᠭᠰᠡᠨ ᠴᠠᠭ᠄
2015/11/16
      11 ᠳ᠋ᠤᠭᠡᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠠᠩᠬᠠᠳᠤᠭᠠᠷ ᠬᠤᠷᠠᠯ ᠬᠥᠬᠡᠬᠤᠲᠠ ᠳᠤ ᠬᠤᠷᠠᠯᠳᠤᠪᠠ᠃ 2007 ~ 2015 ᠣᠨ ᠤ ᠳᠥᠷᠪᠡᠳᠦᠭᠡᠷ ᠬᠤᠭᠤᠴᠠᠭᠠᠨ ᠤ ᠬᠡᠷᠡᠭ ᠡᠷᠭᠢᠯᠡᠭᠴᠢᠳ ᠤᠨ ᠬᠤᠷᠠᠯ ᠤᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ 12315 ᠰᠢᠰᠲ᠋ᠧᠮ ᠪᠤᠯᠤᠨ ᠬᠡᠷᠡᠭᠯᠡᠭᠴᠢᠳ ᠤᠨ ᠨᠡᠶᠢᠭᠡᠮᠯᠢᠭ ᠨᠡᠶᠢᠲᠡ 20.77 ᠲᠦᠮᠡᠨ ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ᠂ 19.91 ᠲᠦᠮᠡᠨ ᠬᠡᠷᠡᠭ ᠢ ᠰᠢᠢᠳᠪᠦᠷᠢᠯᠡᠵᠤ᠂ ᠰᠢᠢᠳᠪᠦᠷᠢᠯᠡᠭᠰᠡᠨ ᠨᠤᠷᠮ᠎ᠠ ᠎ ᠨᠢ 95.9% ᠪᠠᠶᠢᠵᠤ᠂ ᠬᠡᠷᠡᠭᠯᠡᠭᠴᠢᠳ ᠲᠤ 4.5833 ᠳ᠋ᠦᠡᠭᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠵᠦ ᠠᠪᠴᠢᠷᠠᠨ᠂ 340.2 ᠲᠦᠮᠡᠨ ᠬᠥᠮᠦᠨ ︵ᠤᠳᠠᠭ᠎ᠠ︶᠎ ᠤ ᠰᠤᠷᠪᠤᠯᠵᠢᠯᠠᠭ᠎ᠠ ᠶᠢ ᠬᠦᠯᠢᠶᠡᠨ ᠵᠥᠪᠯᠡᠯᠭᠡ ᠦᠭᠴᠦ᠂ ᠬᠡᠷᠡᠭᠯᠡᠭᠴᠢᠳ ᠤᠨ ᠵᠠᠭᠠᠯᠳᠤᠭᠰᠠᠨ 2587 ᠬᠡᠷᠡᠭ ᠢ ᠳᠡᠮᠵᠢᠪᠡ︔ ᠦᠨᠳᠦᠰᠦᠨ ᠱᠠᠲᠤᠨ ᠤ ᠬᠡᠷᠡᠭᠯᠡᠭᠡᠨ ᠤ ᠡᠷᠬᠡ ᠶᠢ ᠬᠠᠮᠠᠭᠠᠯᠠᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ︽ᠨᠢᠬᠡ ᠬᠤᠷᠠᠯ ᠬᠤᠶᠠᠷ ᠥᠷᠲᠡᠭᠡ︾᠎ ᠶᠢᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠴᠢᠩᠭᠠᠳᠬᠠᠵᠤ᠂ ᠬᠡᠷᠡᠭᠯᠡᠭᠴᠢᠳ ᠤᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠢ 1625 ᠪᠠᠶᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠠᠭᠠᠯᠳᠤᠯᠭ᠎ᠠ ᠶᠢᠨ ᠦᠷᠳᠡᠭᠡ᠂ 12315 ᠬᠤᠯᠪᠣᠭᠠᠯᠠᠬᠤ ᠦᠷᠳᠡᠭᠡ ᠶᠢ 3210 ᠪᠠᠶᠢᠭᠤᠯᠵᠤ᠂ ︽ᠨᠢᠬᠡ ᠬᠤᠷᠠᠯ ᠬᠤᠶᠠᠷ ᠦᠷᠲᠡᠭᠡ︾᠎ ᠶᠢᠨ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠰᠦᠯᠵᠢᠶ᠎ᠡ ᠶᠢ ᠪᠦᠬᠦ ᠣᠷᠣᠨ ᠤ ᠬᠡᠪᠴᠢᠶᠡᠨ ᠳᠤ ᠪᠦᠷᠢᠨ ᠪᠦᠷᠬᠦᠬᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠪᠢᠴᠢᠯ ᠪᠯᠤᠭ ᠢ ᠨᠡᠪᠲᠡᠷᠡᠭᠦᠯᠵᠤ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠠᠯᠪᠠᠨ ᠤ ᠪᠢᠴᠢᠯ ᠪᠯᠤᠭ ᠤᠨ ᠰᠣᠨᠣᠰᠤᠭᠴᠢ ᠨᠢᠭᠡᠨᠲᠡ 71100 ᠭᠠᠷᠤᠶ ᠳᠤ ᠬᠦᠷᠴᠦ᠂ ᠬᠡᠷᠡᠭᠯᠡᠭᠴᠢᠳ ᠤᠨ ᠵᠠᠭᠠᠯᠳᠤᠬᠤ ᠪᠠ ᠠᠰᠠᠭᠤᠨ ᠯᠠᠪᠯᠠᠬᠤ ᠬᠠᠮᠤᠭ ᠤᠨ ᠳᠥᠭᠦᠮ ᠳᠥᠲᠡ ᠪᠥᠭᠡᠳ ᠬᠦᠴᠦᠨ ᠪᠦᠬᠦᠢ ᠴᠢᠬᠤᠯᠠ ᠲᠠᠪᠴᠠᠩ ᠪᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号