ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠥᠷᠲᠡᠭᠡ ᠶᠢᠨ ᠲᠥᠷᠥᠯ ᠵᠦᠢᠯ ᠤᠨ ᠵᠣᠯᠭᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2015/11/16
     ᠣᠶᠢᠷ᠎ᠠ ᠳᠤ᠂ ︽ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠥᠷᠲᠡᠭᠡ ᠶᠢᠨ ᠲᠥᠷᠥᠯ ᠵᠦᠢᠯ ᠤᠨ ᠵᠣᠯᠭᠠᠭᠤᠯᠬᠤ ᠬᠤᠷᠠᠯ︾ ᠬᠥᠬᠡᠬᠤᠲᠠ ᠳᠤ ᠬᠤᠷᠠᠯᠳᠤᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠥᠷᠲᠡᠭᠡ ᠨᠢᠭᠡ ᠪᠦᠯᠦᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠠᠭᠤᠳᠠᠯᠵᠤ᠂ ᠰᠢᠯᠢᠨ ᠰᠣᠩᠭᠤᠵᠤ ᠬᠢᠨᠠᠨ ᠬᠠᠷᠭᠤᠭᠤᠯᠤᠭᠰᠠᠨ ᠤ ᠲᠠᠷᠠᠭ᠎ᠠ 26 ᠵᠦᠢᠯ ᠢ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠭᠡᠵᠦ ᠦᠵᠡᠪᠡ᠃ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠪᠯᠡᠯ ᠤᠨ ᠮᠡᠷᠭᠡᠵᠢᠯ ᠤᠨ ᠰᠣᠯᠢᠯᠴᠠᠭ᠎ᠠ ᠠᠷᠠᠯᠵᠢᠶ᠎ᠡ ᠶᠢ ᠠᠬᠢᠭᠤᠯᠬᠤ ᠲᠥᠪ ᠠᠴᠠ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠳᠤ 26 ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠭᠰᠡᠨ ᠪᠥᠭᠡᠳ ᠵᠣᠯᠭᠠᠭᠤᠯᠬᠤ ᠬᠤᠷᠠᠯ ᠢ ᠬᠤᠷᠠᠯᠳᠤᠭᠤᠯᠬᠤ ᠪᠠᠷ ᠢᠳᠡᠪᠬᠢᠲᠡᠢ ᠪᠡᠯᠡᠳᠬᠡᠵᠦ᠂ 13 ᠵᠦᠢᠯ ᠨᠢ ᠲᠤᠰᠬᠠᠢ ᠮᠡᠷᠭᠡᠵᠢᠯᠲᠡᠨ ᠤ ᠪᠥᠲᠦᠮᠵᠢᠲᠡᠢ ᠬᠠᠷᠢᠭᠤ ᠶᠢ ᠣᠯᠵᠣ᠂ ᠡᠭᠦᠨ ᠳᠤ 5 ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠤᠢᠢᠷ᠎ᠠ ᠶᠢᠨ ᠬᠤᠭᠤᠴᠠᠭᠠᠨ ᠳᠤ ᠬᠤᠷᠠᠯ ᠤᠨ ᠬᠡᠯᠪᠡᠷᠢ ᠪᠠᠷ ᠵᠣᠯᠭᠠᠯᠳᠤᠭᠤᠯᠬᠤ ᠪᠠᠷ ᠪᠣᠯᠪᠠ᠃ ᠡᠭᠦᠨ ᠤ ᠲᠤᠰᠠᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠥᠷᠲᠡᠭᠡ ᠶᠢᠨ ᠲᠥᠷᠥᠯ ᠵᠦᠢᠯ ᠤᠨ ᠵᠣᠯᠭᠠᠭᠤᠯᠬᠤ ᠬᠤᠷᠠᠯ ᠢ ᠡᠷᠬᠢᠯᠡᠭᠰᠡᠨ ᠪᠠᠶᠢᠨ᠎ᠠ᠃ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠥᠬᠦᠴᠡᠯ ᠡᠳ᠋ ᠤᠨ ᠵᠠᠰᠠᠭ ᠤᠨ ᠭᠠᠵᠠᠷ ᠭᠤᠣᠯᠴᠢᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠪᠠᠮᠪᠠᠷ ᠤᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠲᠥᠪ ᠳᠠᠭᠠᠭᠠᠨ ᠠᠪᠴᠤ ᠭᠦᠢᠴᠡᠳᠬᠡᠪᠡ᠃ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠠᠵᠢᠯᠲᠠᠳ᠂ ᠨᠡᠶᠢᠰᠯᠡᠯ ᠤᠨ ᠬᠤᠯᠪᠣᠭᠳᠠᠯ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠨ᠂ ᠨᠥᠬᠦᠴᠡᠯ ᠤᠨ ᠲᠠᠪᠴᠠᠩ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠥᠷᠲᠡᠭᠡ ᠶᠢᠨ ᠪᠠᠶᠠᠨᠨᠠᠭᠤᠷ ᠲᠠᠬᠢ ᠠᠵᠢᠯᠯᠠᠬᠤ ᠥᠷᠳᠡᠭᠡ᠂ ᠠᠯᠠᠱᠠ ᠤᠨ ᠠᠵᠢᠯᠯᠠᠬᠤ ᠥᠷᠲᠡᠭᠡ ᠶᠢᠨ ᠬᠠᠷᠢᠭᠤᠴᠠᠯᠭᠠᠲᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 20 ᠭᠠᠷᠤᠶ ᠬᠥᠮᠦᠨ ᠬᠤᠷᠠᠯ ᠳᠤ ᠣᠷᠣᠯᠴᠠᠵᠠᠶ᠃ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠥᠬᠦᠴᠡᠯ ᠡᠳ᠋ ᠤᠨ ᠵᠠᠰᠠᠭ ᠤᠨ ᠭᠠᠵᠠᠷ ᠤᠨ ᠳᠡᠳ᠋ ᠳᠠᠷᠤᠭ᠎ᠠ ᠡᠾᠦ᠋ᠸᠧ ᠵᠦᠩ ᠯᠢᠶᠠᠨ ᠬᠤᠷᠠᠯ ᠢ ᠡᠷᠭᠢᠯᠡᠭᠰᠡᠨ ᠪᠥᠭᠡᠳ ᠬᠠᠮᠲᠤᠷᠠᠯᠴᠠᠭᠠᠨ ᠤ ᠥᠷᠲᠡᠭᠡ ᠶᠢᠨ ᠠᠵᠢᠯᠯᠠᠭᠠᠨ ᠤ ᠪᠠᠶᠢᠳᠠᠯ ᠢ ᠲᠠᠨᠢᠯᠴᠠᠭᠤᠯᠪᠠ᠃ ᠣᠳᠣᠬᠠᠨ ᠳᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠤᠳᠤᠯᠭᠠᠨ ᠤ ᠲᠤᠷᠰᠢᠯᠲᠠ ᠶᠢᠨ ᠦᠢᠯᠡᠴᠢᠯᠡᠭᠡᠨ ᠤ ᠰᠠᠭᠤᠷᠢᠨ ᠭᠠᠵᠠᠷ᠂ ᠪᠤᠭᠤᠲᠤ ᠶᠢᠨ ᠬᠤᠪᠣᠷ ᠰᠢᠷᠣᠶ ᠥᠩᠭᠡᠲᠦ ᠲᠡᠮᠦᠷᠯᠢᠭ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠦᠢᠯᠡᠴᠢᠯᠡᠭᠡᠨ ᠤ ᠰᠠᠭᠤᠷᠢᠨ ᠭᠠᠵᠠᠷ᠂ ᠪᠠᠶᠠᠨᠨᠠᠭᠤᠷ ᠬᠤᠳᠠ ᠶᠢᠨ ᠪᠣᠬᠢᠷᠲᠤᠯ ᠦᠭᠡᠢ ᠲᠠᠷᠢᠶᠠᠯᠠᠩ ᠤᠨ ᠣᠷᠣᠨ ᠤ ᠠᠵᠢᠯᠯᠠᠬᠤ ᠦᠷᠳᠡᠭᠡ᠂ ᠠᠯᠠᠱᠠ ᠠᠶᠢᠮᠠᠭ ᠤᠨ ᠣᠷᠣᠨ ᠪᠦᠰᠡ ᠶᠢᠨ ᠠᠵᠢᠯᠯᠠᠬᠤ ᠦᠷᠳᠡᠭᠡ᠂ ᠠᠯᠠᠱᠠ ᠵᠡᠭᠦᠨ ᠬᠤᠰᠢᠭᠤᠨ ᠤ ᠠᠵᠢᠯᠯᠠᠬᠤ ᠦᠷᠳᠡᠭᠡ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠯᠠᠬᠤ ᠥᠷᠲᠡᠭᠡ ᠵᠡᠷᠭᠡ 6 ᠬᠤᠪᠢᠶᠠᠷᠢ ᠦᠷᠳᠡᠭᠡ ᠨᠢ ᠴᠢᠭ᠋ ᠢᠶᠠᠷ ᠪᠦᠬᠦ ᠲᠠᠯ᠎ᠠ ᠶᠢ ᠳᠠᠶᠢᠴᠢᠯᠠᠨ᠂ ᠠᠶᠢᠮᠠᠭ ᠬᠤᠳᠠ ᠬᠠᠮᠲᠤᠷᠠᠨ ᠬᠥᠳᠡᠯᠦᠯᠴᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠪᠡ᠃ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠲᠣᠬᠢᠷᠠᠭᠤᠯᠤᠨ ᠡᠮᠬᠢᠯᠡᠨ ᠴᠡᠭᠴᠡᠯᠡᠬᠦ ᠶᠢᠨ ᠬᠠᠮᠲᠤ ᠡᠯ᠎ᠡ ᠠᠶᠢᠮᠠᠭ ᠬᠤᠲᠠ ᠶᠢᠨ ᠵᠢᠱᠢᠶ᠎ᠡ ᠦᠵᠡᠭᠦᠯᠬᠦ ᠠᠵᠢᠯᠯᠠᠬᠤ ᠥᠷᠲᠡᠭᠡ ᠨᠦᠭᠦᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠯᠡᠬᠦ ᠳᠤ ᠬᠦᠴᠢᠷᠲᠡᠢ ᠪᠠᠶᠢᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠠᠭᠤᠳᠠᠯᠵᠤ᠂ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠴᠢᠨᠠᠷ ᠰᠠᠶᠢᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠠᠰᠢᠭᠯᠠᠨ ᠰᠢᠢᠳᠪᠦᠷᠢᠯᠡᠬᠦ ᠲᠥᠰᠥᠯ ᠳᠤᠷᠠᠳᠤᠭᠰᠠᠨ ᠪᠠᠶᠢᠨ᠎ᠠ᠃ ᠵᠠᠳᠠᠯᠵᠤ ᠰᠢᠯᠭᠠᠨ ᠪᠠᠶᠢᠴᠠᠭᠠᠬᠤ᠂ ᠬᠠᠮᠲᠤᠷᠠᠵᠤ ᠰᠤᠳᠤᠯᠤᠨ ᠨᠡᠬᠡᠬᠡᠬᠦ᠂ ᠲᠧᠭᠨᠢᠭ ᠮᠡᠷᠭᠡᠵᠢᠯ ᠢ ᠤᠯᠠᠷᠢᠭᠤᠯᠬᠤ ᠵᠡᠷᠭᠡ ᠡᠯ᠎ᠡ ᠵᠢᠱᠢᠶ᠎ᠡ ᠦᠵᠡᠭᠦᠯᠬᠦ ᠠᠵᠢᠯᠯᠠᠬᠤ ᠦᠷᠳᠡᠭᠡ ᠶᠢᠨ ᠨᠡᠶᠢᠲᠡ ᠠᠭᠤᠳᠠᠯᠤᠭᠰᠠᠨ ᠡᠯ᠎ᠡ ᠲᠦᠷᠦᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ 80 ᠭᠠᠷᠤᠶ ᠵᠦᠢᠯ ᠪᠠᠶᠢᠵᠤ᠂ ᠡᠭᠦᠨ ᠳᠤ ᠬᠠᠮᠲᠤᠷᠠᠯᠴᠠᠬᠤ ᠰᠠᠨᠠᠭ᠎ᠠ ᠲᠠᠢ ᠪᠠᠶᠢᠭ᠎ᠠ ᠨᠢ ᠠᠯᠠᠱᠠ ᠠᠶᠢᠮᠠᠭ ᠤᠨ ᠠᠮᠢᠳᠤ ᠪᠣᠳᠠᠰ ᠤᠨ ᠡᠮ ᠡᠮᠨᠡᠯᠭᠡ᠂ ᠡᠨᠧᠷᠭᠢ ᠶᠢᠨ ᠰᠤᠷᠪᠤᠯᠵᠢ ᠶᠢᠨ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠬᠦᠷᠢᠶᠡᠨ ᠳᠤ ᠬᠤᠯᠪᠣᠭᠳᠠᠭᠰᠠᠨ 19 ᠵᠦᠢᠯ᠂ ᠪᠠᠶᠠᠨᠨᠠᠭᠤᠷ ᠬᠤᠳᠠ ᠶᠢᠨ ᠪᠣᠬᠢᠷᠲᠤᠯ ᠦᠭᠡᠢ ᠲᠠᠷᠢᠶᠠᠯᠠᠩ ᠤᠨ ᠵᠢᠱᠢᠶ᠎ᠡ ᠦᠵᠡᠭᠦᠯᠬᠦ ᠠᠵᠢᠯᠯᠠᠬᠤ ᠦᠷᠳᠡᠭᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ 16 ᠵᠦᠢᠯ ᠪᠠᠶᠢᠵᠤ᠂ ᠰᠢᠭᠰᠢᠨ ᠡᠮᠬᠢᠯᠡᠵᠦ ᠰᠢᠯᠢᠨ ᠰᠣᠩᠭᠤᠬᠤ ᠪᠠᠷ ᠳᠠᠮᠵᠢᠭᠤᠯᠤᠨ᠂ ᠠᠯᠠᠱᠠ ᠠᠶᠢᠮᠠᠭ ᠤᠨ 11 ᠵᠦᠢᠯ᠂ ᠪᠠᠶᠠᠨᠨᠠᠭᠤᠷ ᠬᠤᠳᠠ ᠶᠢᠨ 3 ᠵᠦᠢᠯ᠂ ᠨᠡᠶᠢᠲᠡ 14 ᠵᠦᠢᠯ ᠢ ᠪᠦᠲᠦᠮᠵᠢᠲᠡᠶ ᠪᠠᠷ ᠵᠣᠯᠭᠠᠭᠤᠯᠪᠠ᠃      ᠡᠨᠡ ᠤᠳᠠᠭᠠᠨ ᠤ ᠵᠣᠯᠭᠠᠭᠤᠯᠬᠤ ᠬᠤᠷᠠᠯ ᠳᠡᠭᠡᠷ᠎ᠡ᠂ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠲᠤᠰᠬᠠᠶ ᠮᠡᠷᠭᠡᠵᠢᠯᠲᠡᠳ ᠥᠪᠡᠷ ᠥᠪᠡᠷ ᠤᠨ ᠢᠶᠠᠨ ᠰᠠᠭᠤᠷᠢᠨ ᠭᠠᠵᠠᠷ ᠤᠨ ᠦᠢᠯᠡᠴᠢᠯᠡᠭᠡᠨ ᠤ ᠣᠨᠴᠠᠯᠢᠭ ᠪᠣᠯᠣᠨ ᠦᠷ᠎ᠡ ᠪᠦᠲᠦᠭᠡᠯ ᠢᠶᠠᠨ ᠲᠠᠨᠢᠯᠴᠠᠭᠤᠯᠪᠠ᠃ ᠳᠠᠷᠠᠭ᠎ᠠ ᠨᠢ᠂ ᠪᠠᠶᠠᠨᠨᠠᠭᠤᠷ ᠬᠤᠳᠠ ᠶᠢᠨ ᠬᠠᠷᠢᠶ᠎ᠠ ᠪᠥᠬᠦᠢ ︽ᠥᠪᠥᠷ ᠮᠣᠩᠭᠤᠯ ᠤᠨ ᠵᠥᠡᠭ ᠺᠧ ᠵᠢᠩᠭᠢᠨᠢ ᠪᠠᠷᠢᠮᠵᠢᠶᠠᠲᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︾ ᠵᠡᠷᠭᠡ ᠭᠤᠷᠪᠠᠨ ᠠᠵᠤ ᠠᠬᠤᠶᠢᠯᠠᠯ ᠪᠣᠯᠤᠨ ᠠᠯᠠᠱᠠ ᠠᠶᠢᠮᠠᠭ ᠤᠨ ︽ᠥᠪᠥᠷ ᠮᠣᠩᠭᠤᠯ ᠤᠨ ᠯᠠᠨ ᠲᠠᠢ ᠠᠵᠤ ᠦᠢᠯᠡᠰ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ︾ ᠵᠡᠷᠭᠡ ᠬᠤᠶᠠᠷ ᠠᠵᠤ ᠠᠬᠤᠶᠢᠯᠠᠯ ᠤᠨ 5 ᠲᠥᠷᠥᠯ ᠵᠦᠢᠯ ᠢ ᠰᠣᠯᠢᠯᠴᠠᠭᠰᠠᠨ ᠪᠠ ᠪᠦᠲᠦᠮᠵᠢᠲᠡᠶ ᠪᠠᠷ ᠵᠣᠯᠭᠠᠯᠳᠤᠭᠤᠯᠵᠤ᠂ ᠡᠭᠦᠨ ᠤ ᠳᠣᠲᠣᠷᠠᠬᠢ ᠲᠦᠷᠪᠡᠨ ᠲᠥᠷᠥᠯ ᠵᠦᠢᠯ ᠳᠤ ᠬᠤᠷᠰᠢᠬᠤ ᠰᠠᠨᠠᠮᠵᠢ ᠲᠣᠬᠢᠷᠠᠯᠴᠠᠪᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠦᠭᠡᠯᠡᠭᠴᠢᠳ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠥᠷᠲᠡᠭᠡ ᠶᠢᠨ ᠪᠠᠶᠢᠭᠤᠯᠤᠭᠰᠠᠨ ᠰᠠᠶᠢᠨ ᠰᠠᠶᠢᠬᠠᠨ ᠬᠠᠮᠲᠤᠷᠠᠨ ᠠᠵᠢᠯᠯᠠᠬᠤ ᠠᠷᠭ᠎ᠠ ᠵᠠᠮ ᠳᠤ ᠲᠠᠯᠠᠷᠬᠠᠵᠤ ᠪᠠᠶᠢᠬᠤ ᠪᠠᠨ ᠢᠯᠡᠷᠬᠡᠶᠢᠯᠡᠵᠦ᠂ ᠨᠡᠶᠢᠰᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ ᠤᠨ ᠲᠠᠪᠴᠠᠩ ᠤᠨ ᠡᠬᠢ ᠪᠠᠶᠠᠯᠢᠭ ᠤᠨ ᠨᠢᠭᠡᠴᠡ ᠯᠦᠭᠡ ᠭᠦᠨᠵᠡᠭᠡᠶ ᠰᠣᠯᠢᠯᠴᠠᠵᠤ᠂ ᠤᠯᠠᠨ ᠵᠦᠢᠯ ᠤᠨ ᠬᠠᠮᠲᠤᠷᠠᠨ ᠠᠵᠢᠯᠯᠠᠬᠤ ᠠᠷᠭ᠎ᠠ ᠮᠠᠶ᠋ᠢᠭ ᠢ ᠰᠢᠨᠵᠢᠯᠡᠨ ᠰᠤᠳᠤᠯᠵᠤ᠂ ᠨᠡᠶᠢᠰᠯᠡᠯ ᠤᠨ ᠮᠡᠷᠭᠡᠵᠢᠯ᠂ ᠴᠢᠳᠠᠪᠤᠷᠢᠲᠠᠨ ᠵᠡᠷᠭᠡ ᠴᠢᠨᠠᠷ ᠰᠠᠶᠢᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠦᠢᠯᠡᠴᠢᠯᠡᠭᠡ ᠶᠢᠨ ᠬᠦᠴᠦ ᠶᠢ ᠠᠰᠢᠭᠯᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ᠂ ᠠᠳᠠᠯ ᠦᠢᠯᠡᠰ ᠴᠣᠭᠴᠠᠯᠠᠬᠤ ᠠᠵᠢᠯᠯᠠᠭ᠎ᠠ ᠳᠤ ᠦᠢᠯᠡᠴᠢᠯᠡᠬᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠪᠡᠭᠡᠵᠢᠩ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠪᠯᠡᠯ᠂ ᠠᠶᠢᠮᠠᠭ ᠬᠤᠳᠠ ᠶᠢᠨ ᠬᠠᠮᠲᠤᠷᠠᠯᠴᠠᠭᠠᠨ ᠤ ᠥᠷᠲᠡᠭᠡ ᠶᠢᠨ ᠤᠯᠠᠨ ᠲᠠᠯ᠎ᠠ ᠶᠢᠨ ᠠᠵᠢᠯᠲᠠᠳ ᠦᠷᠭᠦᠯᠵᠢᠯᠡᠨ ᠮᠥᠷᠳᠡᠨ ᠳᠠᠭᠠᠵᠤ ᠦᠢᠯᠡᠴᠢᠯᠡᠨ᠂ ᠬᠤᠶᠠᠷ ᠭᠠᠵᠠᠷ ᠤᠨ ᠲᠥᠷᠥᠯ ᠵᠦᠢᠯ ᠢ ᠨᠡᠩ ᠣᠯᠠᠨ ᠵᠣᠯᠭᠠᠭᠤᠯᠬᠤ ᠶᠢ ᠬᠦᠰᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号