10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠨᠡᠶᠢᠲᠡ 2157 ᠳ᠋ᠦᠩᠰᠢᠭᠤᠷ ᠲᠥᠭᠦᠷᠢᠭ | ᠣᠷᠣᠭᠤᠯᠵᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ132 ᠲᠦᠮᠡᠨ ᠡᠷᠦᠬᠡ ᠶᠢ | ᠥᠭᠡᠷᠡᠴᠢᠯᠡᠵᠦ᠂ 500 ᠲᠦᠮᠡ ᠭᠠᠷᠤᠢ ᠤᠯᠠᠨ ᠲᠦᠮᠡᠨ ᠲᠤ ᠠᠰᠢᠭ ᠬᠦᠷᠲᠡᠭᠡᠪᠡ᠃ ᠵᠢᠱᠢᠯᠲᠡ ᠪᠠᠷ 11 ᠳ᠋ᠦ᠋ᠭᠡᠷ | ᠰᠠᠷ᠎ᠠ ᠶᠢᠨ ᠡᠴᠦᠰ ᠪᠣᠯᠲᠠᠯ᠎ᠠ᠂ ᠪᠧᠶ ᠯᠢᠶᠠᠩ ᠤᠨ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ 3. | 3 ᠲᠦᠮᠡᠨ ᠲᠥᠪᠬᠢᠨᠡᠭᠦᠯᠬᠦ ᠭᠡᠷ ᠪᠠᠶᠢᠰᠢᠩ ᠤᠨ ᠪᠥᠳᠥᠭᠡᠨ ᠪᠠᠶᠢᠭᠤᠯᠤᠯᠲᠠ ᠪᠦᠬᠦ ᠲᠠᠯ᠎ᠠ ᠪᠠᠷ ᠠᠵᠢᠯ ᠳᠠᠭᠤᠰᠴᠤ᠂ | ᠨᠡᠭᠦᠯᠭᠡᠬᠦ ᠰᠠᠭᠤᠭᠠᠯᠢ ᠠᠷᠠᠳ ᠤᠳ ᠢ ᠰᠠᠶᠢᠲᠤᠷ ᠲᠣᠬᠢᠷᠠᠭᠤᠯᠤᠨ᠂ 3 ᠵᠢᠯ ᠶᠠᠪᠤᠭᠳᠠᠭᠰᠠᠨ ᠪᠧᠶ ᠯᠢᠶᠠᠩ ᠤᠨ | ᠳᠦᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠠᠮᠵᠢᠯᠲᠠᠲᠠᠶ ᠪᠡᠶᠡᠯᠡᠭᠳᠡᠬᠦ ᠪᠠᠷ ᠪᠠᠶᠢᠨ᠎ᠠ᠃ | ᠨᠢᠳᠤᠨᠤᠨ ᠵᠢᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠠᠯ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠣᠬᠠᠢ | ᠥᠪᠡᠷᠲᠡᠭᠡᠨ ᠵᠠᠰᠠᠬᠤ ᠣᠷᠣᠨ ᠤ ᠠᠵᠢᠯ ᠤᠨ ᠢᠯᠡᠳᠬᠡᠯ ᠢ ᠰᠤᠨᠤᠰᠬᠤ ᠶᠢᠨ ᠬᠠᠮᠲᠤ ᠬᠢᠨᠠᠨ ᠵᠥᠪᠯᠡᠵᠦ᠂ ᠬᠤᠷᠠᠯ ᠠᠴᠠ | ᠳᠤᠷᠠᠳᠤᠭᠰᠠᠨ ᠬᠢᠨᠠᠨ ᠵᠥᠪᠯᠡᠭᠰᠡᠨ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ | ᠳᠠᠷᠤᠮᠠᠯᠯᠠᠨ ᠲᠠᠷᠬᠠᠭᠠᠪᠠ᠃ ᠡᠨᠡ ᠵᠢᠯ ᠳᠤ ᠬᠢᠨᠠᠨ ᠵᠥᠪᠯᠡᠭᠰᠡᠨ ᠰᠠᠨᠠᠯ ᠢ ᠵᠠᠰᠠᠭ ᠤᠨ ᠣᠷᠳᠣᠨ ᠠᠴᠠ | ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠦᠷᠳᠡᠵᠦ ᠬᠢᠨᠠᠯᠲᠠ ᠲᠠᠯᠪᠢᠭᠠᠳ᠂ ᠳᠥᠭᠦᠮ ᠪᠦᠳᠦᠭᠦᠯᠢᠭ ᠣᠷᠣᠨ | ᠰᠠᠭᠤᠴᠠ ᠶᠢ ᠥᠭᠡᠷᠡᠴᠢᠯᠡᠬᠦ ᠠᠵᠢᠯ ᠪᠦᠬᠦᠯᠢ ᠴᠣᠭᠴᠠ ᠪᠠᠷ ᠢᠶᠠᠨ ᠡᠮᠬᠢ ᠵᠢᠷᠤᠮ ᠲᠠᠢ ᠠᠬᠢᠭᠳᠠᠵᠤ ᠪᠠᠶᠢᠬᠤ ᠶᠢ | ᠣᠯᠵᠣ ᠮᠡᠳᠡᠵᠡᠢ᠃ ᠣᠶᠢᠯᠠᠭᠠᠭᠰᠠᠨ ᠢᠶᠠᠷ᠂ ᠡᠨᠡ ᠵᠢᠯ ᠤᠯᠤᠰ ᠠᠴᠠ ᠮᠠᠨ ᠤ ᠣᠷᠣᠨ ᠳᠤ 19.9 ᠲᠦᠮᠡᠨ ᠡᠯ᠎ᠡ | ᠲᠥᠷᠥᠯ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠪᠠᠭᠤᠯᠭᠠᠭᠰᠠᠨ ᠰᠠᠭᠤᠷᠢᠨ | ᠳᠡᠭᠡᠷ᠎ᠡ᠂ ᠮᠠᠨ ᠤ ᠣᠷᠣᠨ ᠰᠢᠨ᠎ᠡ ᠪᠠᠷ 4.36 ᠲᠦᠮᠡᠨ ᠥᠭᠡᠷᠡᠴᠢᠯᠡᠬᠦ ᠡᠭᠦᠷᠭᠡ ᠨᠡᠮᠡᠵᠦ ᠂ ᠪᠦᠬᠦ ᠵᠢᠯ ᠳᠤ ᠨᠡᠶᠢᠲᠡ | 24.2 ᠲᠦᠮᠡᠨ ᠢᠵᠢ ᠶᠢ ᠥᠭᠡᠷᠡᠴᠢᠯᠡᠪᠡ᠃ 10 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ ᠣᠷᠣᠨ ᠤ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠳᠤ 485 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 23.7 ᠲᠦᠮᠡᠨ ᠢᠵᠢ ᠨᠢ ᠠᠵᠢᠯ ᠢᠶᠠᠨ ᠡᠬᠢᠯᠡᠭᠦᠯᠵᠦ᠂ | ᠠᠵᠢᠯ ᠡᠬᠢᠯᠡᠭᠦᠯᠦᠭᠰᠡᠨ ᠨᠣᠷᠮ᠎ᠠ ᠨᠢ 97.9% ᠬᠦᠷᠪᠡ᠃ | ᠪᠥᠬᠦ ᠣᠷᠣᠨ ᠤ ᠲᠠᠸᠠᠷ ᠤᠨ ᠣᠷᠣᠨ ᠰᠠᠭᠤᠴᠠ ᠨᠡᠯᠢᠶᠡᠳ ᠣᠯᠠᠨ ᠦᠯᠡᠳᠡᠵᠦ ᠪᠠᠶᠢᠭ᠎ᠠ ᠪᠤᠳᠠᠳᠤ | ᠪᠠᠶᠢᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠲᠠᠸᠠᠷ ᠤᠨ ᠣᠷᠣᠨ ᠰᠠᠭᠤᠴᠠ ᠶᠢ ᠰᠢᠭᠤᠳ ᠬᠤᠳᠠᠯᠳᠤᠨ | ᠠᠪᠬᠤ ᠵᠡᠷᠭᠡ ᠠᠷᠭ᠎ᠠ ᠬᠡᠯᠪᠡᠷᠢ ᠶᠢ ᠠᠪᠴᠤ᠂ ᠲᠦᠬᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ | ᠥᠭᠡᠷᠡᠴᠢᠯᠡᠯᠲᠡ ᠶᠢ ᠵᠣᠭᠤᠰᠵᠢᠯᠠᠭᠤᠯᠤᠨ ᠲᠥᠪᠬᠢᠨᠡᠭᠦᠯᠬᠦ ᠠᠵᠢᠯ ᠢ ᠬᠦᠴᠦᠯᠡᠨ ᠠᠬᠢᠭᠤᠯᠪᠠ᠃ 10 ᠳ᠋ᠤᠭᠠᠷ | ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ ᠣᠷᠣᠨ ᠤ13.2 ᠲᠦᠮᠡᠨ ᠳᠥᠭᠦᠮ ᠪᠦᠳᠦᠭᠦᠯᠢᠭ ᠣᠷᠣᠨ | ᠰᠠᠭᠤᠴᠠᠲᠤ ᠡᠷᠦᠬᠡ ᠶᠢ ᠵᠣᠭᠤᠰᠵᠢᠯᠠᠭᠤᠯᠤᠨ ᠲᠥᠪᠬᠢᠨᠡᠭᠦᠯᠵᠦ᠂ ᠡᠨᠡ ᠵᠢᠯ ᠤᠨ ᠳᠥᠭᠦᠮ ᠪᠦᠳᠦᠭᠦᠯᠢᠭ ᠣᠷᠣᠨ | ᠰᠠᠭᠤᠴᠠ ᠶᠢ ᠥᠭᠡᠷᠡᠴᠢᠯᠡᠬᠦ ᠡᠭᠦᠷᠭᠡ ᠶᠢᠨ 54.4% ᠶᠢ ᠡᠵᠡᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠰᠠᠨᠠᠭᠤᠯᠤᠭᠰᠠᠨ ᠨᠢ᠂ ᠵᠣᠭᠤᠰᠵᠢᠭᠤᠯᠤᠨ ᠲᠥᠪᠬᠢᠨᠡᠭᠦᠯᠬᠦ | ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ | ᠲᠥᠪᠬᠢᠨᠡᠭᠦᠯᠬᠦ ᠦᠶᠡᠯᠡᠯ ᠢ ᠪᠣᠭᠤᠨᠢᠰᠬᠠᠵᠤ᠂ ᠡᠭᠦᠨ ᠤ ᠵᠡᠷᠭᠡᠴᠡᠭᠡᠪᠡᠷ ᠳᠦᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠬᠦ ᠦᠢᠯᠡᠴᠢᠯᠡᠭᠡ ᠶᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠠᠵᠢᠯ ᠢ ᠲᠥᠷᠭᠡᠨ ᠡᠬᠢᠯᠡᠭᠦᠯᠵᠦ᠂ | ᠪᠡᠯᠡ ᠲᠣᠬᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠶ ᠭᠡᠵᠡᠢ᠃ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠬᠦ ᠶᠢ ᠠᠬᠢᠭᠤᠯᠬᠤ ᠳᠤᠮᠳᠠ᠂ ᠡᠯ᠎ᠡ ᠭᠠᠵᠠᠷ ᠤᠨ ᠬᠢᠨ ᠮᠠᠰᠢ ᠠᠷᠪᠢᠨ | ᠲᠤᠷᠰᠢᠯᠭ᠎ᠠ ᠪᠣᠯᠣᠨ ᠰᠠᠶᠢᠨ ᠠᠷᠭ᠎ᠠ ᠬᠤᠷᠠᠮᠳᠤᠭᠤᠯᠤᠭᠰᠠᠨ ᠶᠤᠮ᠃ ᠪᠤᠭᠤᠲᠤ ᠬᠤᠳᠠ ᠶᠢᠨ ᠪᠸᠢ ᠯᠢᠶᠠᠩ ᠤᠨ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠳᠤ ᠥᠩᠭᠡᠷᠡᠭᠰᠡᠨ ᠤ ︽ᠤᠷᠢᠳᠠᠪᠠᠷ | ᠨᠤᠷᠠᠭᠠᠵᠤ ᠨᠡᠭᠦᠯᠭᠡᠨ᠂ ᠳᠠᠷᠠᠭ᠎ᠠ ᠨᠢ ᠲᠥᠪᠬᠢᠨᠡᠭᠦᠯᠬᠦ︾ ᠠᠴᠠ ᠪᠠᠨ ︽ᠤᠷᠢᠳ ᠢᠶᠠᠷ ᠳᠥᠪᠬᠢᠨᠡᠭᠦᠯᠦᠨ᠂ ᠳᠠᠷᠠᠭ᠎ᠠ | ᠪᠠᠷ ᠨᠤᠷᠠᠭᠠᠵᠤ ᠨᠡᠭᠦᠯᠭᠡᠬᠦ︾ ᠪᠣᠯᠭᠠᠵᠤ᠂ ︽ᠣᠨᠳᠣᠣ ᠭᠠᠵᠠᠷ ᠲᠤ ᠨᠡᠭᠦᠯᠭᠡᠬᠦ ᠪᠠᠷ ᠭᠤᠣᠯ ᠪᠣᠯᠭᠠᠵᠤ᠂ ᠨᠢᠭᠡ ᠬᠡᠰᠡᠭ | ᠢ ᠨᠢ ᠤᠭ ᠣᠷᠣᠨ ᠳᠤᠨᠢ ᠦᠯᠡᠳᠡᠭᠡᠨ ᠥᠭᠡᠷᠡᠴᠢᠯᠡᠬᠦ ᠪᠠᠷ ᠬᠠᠪᠰᠤᠷᠤᠮᠵᠢ ᠪᠣᠯᠭᠠᠨ᠂ ᠰᠠᠭᠤᠭᠠᠯᠢ ᠠᠷᠠᠳ ᠤᠨ | ᠠᠵᠢᠯ ᠤᠯᠬᠤ ᠶᠢ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ︾ ᠵᠠᠷᠴᠢᠮ ᠢ ᠪᠠᠷᠢᠮᠲᠠᠯᠠᠨ᠂ ᠰᠠᠭᠤᠭᠠᠯᠢ | ᠠᠷᠠᠳ ᠤᠨ ᠭᠡᠷ ᠪᠠᠶᠢᠰᠢᠩ ᠢ ᠨᠤᠷᠠᠭᠠᠵᠤ ᠨᠡᠭᠦᠯᠭᠡᠭᠰᠡᠨ ᠤ ᠳᠠᠷᠠᠭ᠎ᠠ ᠲᠥᠪᠬᠢᠨᠡᠭᠦᠯᠬᠦ ᠭᠠᠵᠠᠷ ᠦᠭᠡᠢ᠂ ᠠᠵᠢᠯ | ᠤᠯᠬᠤ ᠳᠤ ᠬᠦᠴᠢᠷᠲᠡᠶ᠂ ᠬᠠᠮᠵᠢᠯᠴᠠᠬᠤ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠡᠯᠢᠶᠡᠳ ᠰᠠᠶᠢᠲᠤᠷ | ᠰᠢᠢᠳᠪᠦᠷᠢᠯᠡᠪᠡ᠃ ᠤᠯᠠᠭᠠᠨᠬᠠᠳᠠ ᠬᠤᠲᠠ ᠶᠢᠨ ᠲᠢᠶᠧ ᠨᠠᠨ ᠤ ᠳᠦᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠬᠦ ᠳᠤ ᠪᠠᠨ ᠰᠤᠷᠪᠣᠯᠵᠢᠯᠠᠬᠤ ᠪᠠᠷ ᠢᠷᠡᠭᠰᠡᠨ ᠣᠯᠠᠨ ᠲᠦᠮᠡᠨ ᠢ ᠦᠭᠡᠷᠡᠴᠢᠯᠡᠯᠲᠡ ᠶᠢᠨ ᠲᠣᠬᠠᠢ ᠶᠢᠨ | ᠭᠠᠵᠠᠷ ᠬᠦᠯᠢᠶᠡᠨ ᠠᠪᠴᠤ᠂ ᠢᠷᠭᠡᠨ ᠤ ᠵᠢᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠭᠠᠵᠠᠷ | ᠰᠢᠷᠣᠶ ᠲᠠᠲᠠᠪᠤᠷᠢᠯᠠᠬᠤ ᠶᠠᠪᠤᠴᠠ ᠳᠤ ᠣᠯᠠᠨ ᠨᠡᠶᠢᠲᠡ ᠶᠢᠨ ᠴᠢᠨᠠᠷᠲᠠᠶ ᠬᠡᠷᠡᠭ ᠪᠣᠯᠣᠨ ᠠᠮᠤᠷ ᠲᠦᠪᠰᠢᠨ ᠤ ᠬᠡᠷᠡᠭ ᠢ | ᠨᠢᠭᠡ ᠴᠦ ᠭᠠᠷᠭᠠᠭᠰᠠᠨ ᠦᠭᠡᠢ᠃ |