︽ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠪᠦᠬᠦ ᠲᠠᠯ᠎ᠠ ᠪᠠᠷ | ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2015﹈ 57 ᠳ᠋ᠤᠭᠠᠷ ᠲᠣᠭᠠᠲᠤ︶︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠦᠨᠳᠦ | ᠡᠪᠡᠳᠴᠢᠨ ᠤ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ | ᠡᠪᠡᠳᠴᠢᠲᠡᠨ ᠤ ᠡᠮ ᠡᠮᠨᠡᠯᠭᠡ ᠶᠢᠨ ᠰᠦᠢᠳᠬᠡᠯ ᠤᠨ ᠬᠦᠨᠳᠦ ᠳᠠᠷᠤᠭᠠᠰᠤ ᠶᠢ ᠬᠥᠩᠭᠡᠷᠡᠭᠦᠯᠵᠦ᠂ ᠪᠦᠬᠦ ᠠᠷᠠᠳ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠲᠣᠣᠷ ᠤᠨ ᠰᠠᠭᠤᠷᠢ ᠶᠢ ᠪᠠᠬᠢᠵᠢᠭᠦᠯᠵᠦ᠂ ᠨᠡᠩ ᠣᠯᠠᠨ ᠬᠥᠮᠦᠰ ᠲᠤ ᠠᠰᠢᠭ | ᠬᠦᠷᠲᠡᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠦᠪᠰᠢᠶᠡᠷᠡᠭᠦᠯᠦᠭᠰᠡᠨ᠂ | ᠮᠠᠨ ᠤ ᠤᠷᠤᠨ ᠤ ᠶᠡᠭᠡ ᠡᠪᠡᠳᠴᠢᠨ ᠤ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠬᠦ ᠰᠠᠨᠠᠯ ᠢ ᠳᠤᠷᠠᠳᠪᠠ᠃ | ᠰᠠᠨᠠᠯ ᠳᠤ ᠵᠢᠠᠭᠠᠭᠰᠠᠨ ᠨᠢ᠂ ᠥᠪᠥᠷ ᠮᠣᠩᠭᠤᠯ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ | ᠲᠦᠯᠦᠪᠯᠡᠬᠦ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠥᠪᠡᠷᠲᠡᠭᠡᠨ ᠵᠠᠰᠠᠬᠤ | ᠣᠷᠣᠨ ᠤ ᠱᠠᠲᠤᠨ ᠳᠤ ᠨᠢᠭᠡᠳᠦᠯᠲᠡᠶ ᠲᠦᠯᠦᠪᠯᠡᠬᠦ ᠶᠢ ᠬᠠᠶᠢᠨ ᠰᠦᠪᠡᠭᠴᠢᠯᠡᠵᠦ᠂ ᠰᠠᠭᠤᠷᠢ ᠮᠥᠩᠭᠦᠨ ᠤ ᠠᠶᠤᠯ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠦᠨᠳᠦ ᠣᠨᠴᠠ | ᠡᠪᠡᠳᠴᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ ᠡᠮ | ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠡᠮᠬᠢᠯᠡᠨ ᠨᠡᠶᠢᠯᠡᠭᠦᠯᠵᠦ᠂ ︽ᠨᠢᠭᠡ ᠯᠡ ᠥᠷᠲᠡᠭᠡᠨ ᠤ ᠬᠡᠯᠪᠡᠷᠢᠲᠦ︾ | ᠴᠠᠭ ᠲᠤᠬᠠᠢ ᠳᠤᠨᠢ ᠪᠤᠳᠤᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠦᠨᠳᠦ ᠣᠨᠴᠠ ᠶᠡᠭᠡ ᠡᠪᠡᠳᠴᠢᠨ ᠤ ᠡᠮ | ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ ᠡᠪᠡᠳᠴᠢᠨ ᠡᠮᠭᠡᠭ ᠤᠨ ᠪᠠᠴᠢᠮ | ᠪᠠᠶᠢᠳᠠᠯ ᠢ ᠠᠪᠤᠷᠠᠨ ᠲᠤᠰᠠᠯᠠᠬᠤ ᠲᠦᠷᠢᠮ ᠢ ᠪᠠᠶᠢᠭᠤᠯᠵᠤ᠂ ᠰᠠᠭᠤᠷᠢ ᠳᠤ ᠨᠠᠶᠢᠳᠠᠨ ᠠᠪᠤᠷᠠᠨ ᠲᠤᠰᠠᠯᠠᠬᠤ | ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠶᠠᠪᠤᠳᠠᠯ ᠢ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠡᠪᠡᠳᠴᠢᠨ ᠤ ᠳᠠᠭᠠᠳᠬᠠᠯ ᠪᠤᠯᠤᠨ ᠡᠪᠡᠳᠴᠢᠨ ᠡᠮᠭᠡᠭ ᠤᠨ ᠪᠠᠴᠢᠮ ᠠᠪᠤᠷᠠᠨ ᠲᠤᠰᠠᠯᠠᠬᠤ ᠵᠡᠷᠭᠡ | ᠳᠦᠷᠢᠮ ᠯᠦᠭᠡ ᠲᠥᠷᠥ ᠶᠢᠨ ᠪᠣᠳᠣᠯᠭ᠎ᠠ ᠶᠢᠨ ᠲᠦᠯᠦᠪᠯᠡᠭᠡ᠂ ᠲᠥᠰᠦᠯ ᠲᠣᠭᠲᠠᠭᠠᠬᠤ᠂ ᠵᠠᠷᠤᠳᠠᠯ ᠢ ᠳ᠋ᠦᠩᠨᠡᠨ | ᠪᠤᠳᠤᠬᠤ ᠪᠠ ᠠᠵᠢᠯ ᠤᠨ ᠲᠣᠭᠲᠠᠴᠠ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠬᠦᠨᠳᠦ | ᠣᠨᠴᠠ ᠡᠪᠡᠳᠴᠢᠨ ᠡᠮᠭᠡᠭ ᠤᠨ ᠡᠮᠴᠢᠯᠡᠭᠡ ᠶᠢ ᠪᠠᠲᠤᠯᠠᠬᠤ ᠠᠵᠢᠯ ᠤᠨ ᠬᠤᠪᠢᠶᠠᠷᠢᠯᠠᠯ ᠲᠣᠳᠣᠷᠬᠠᠶ᠂ ᠵᠤᠯᠭᠠᠯᠳᠤᠯ ᠨᠢ | ᠡᠮᠬᠢ ᠵᠢᠷᠤᠮ ᠲᠠᠢ᠂ ᠪᠠᠲᠤᠯᠠᠭ᠎ᠠ ᠨᠢ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠨᠳᠦ | ᠣᠨᠴᠠ ᠡᠪᠡᠳᠴᠢᠨ ᠡᠮᠭᠡᠭ ᠤᠨ ᠡᠮᠴᠢᠯᠡᠭᠡ ᠶᠢ ᠪᠠᠲᠤᠯᠠᠬᠤ ᠲᠣᠣᠷ ᠢ ᠪᠠᠬᠢᠵᠢᠭᠦᠯᠦᠨ᠎ᠡ᠃ ᠡᠪᠡᠳᠴᠢᠲᠡᠨ ᠢ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠢᠶᠠᠷ ᠵᠠᠷᠤᠳᠠᠯ ᠢᠶᠠᠨ ᠦᠭᠭᠦᠭᠰᠡᠨ ᠤ ᠲᠠᠷᠠᠭ᠎ᠠ ᠬᠤᠪᠢ ᠬᠥᠮᠦᠨ ᠤ ᠡᠭᠦᠷᠭᠡᠯᠡᠬᠦ | ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠳᠤ ᠬᠦᠨᠳᠦ ᠡᠪᠡᠳᠴᠢᠨ ᠤ ᠳᠠᠭᠠᠳᠬᠠᠯ ᠠᠴᠠ ᠪᠣᠳᠠᠲᠠᠶ ᠦᠭᠬᠦ | ᠵᠠᠷᠤᠳᠠᠯ ᠤᠨ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠃ ᠲᠡᠷᠴᠢᠯᠡᠨ ᠠᠵᠢᠯᠲᠠᠨ ᠠᠵᠢᠯᠴᠢᠨ ᠤ | ᠨᠥᠬᠦᠪᠥᠷᠢ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠲᠡᠭᠦᠯᠳᠡᠷᠵᠢᠭᠦᠯᠦᠨ᠎ᠡ᠃ ᠡᠭᠦᠨ ᠠᠴᠠ | ᠭᠠᠳᠠᠨ᠎ᠠ ᠪᠠᠰᠠ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠳᠥᠯᠥᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ︔ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠶᠡᠬᠡᠪᠡᠷ ᠬᠥᠭᠵᠢᠭᠦᠯᠦᠨ᠎ᠡ᠃ |