2015 ᠣᠨ ᠤ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠲᠣᠭᠲᠠᠪᠤᠷᠢ ᠦᠭᠡᠢ᠂ ᠭᠡᠨᠡᠳᠲᠡ | ᠥᠰᠴᠦ ᠲᠦᠷᠭᠡᠨ ᠪᠠᠭᠤᠷᠠᠵᠤ ᠪᠠᠶᠢᠪᠠ᠃ ᠶᠡᠬᠡᠩᠬᠢ ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠨᠣᠭᠤᠭᠠᠷᠠᠯᠲᠠ | ᠨᠢ ᠤᠢᠢᠷ᠎ᠠ ᠶᠢᠨ 5 ᠵᠢᠯ ᠤᠨ ᠬᠢ ᠲᠠᠢ ᠬᠠᠷᠢᠴᠠᠭᠤᠯᠪᠠᠯ ᠡᠷᠲᠡᠯᠡᠵᠦ᠂ ᠨᠢᠳᠤᠨᠤᠨ ᠤ ᠬᠢ ᠠᠴᠠ ᠣᠷᠣᠶᠢᠲᠠᠪᠠ᠃ | ᠪᠡᠯᠴᠢᠭᠡᠷ ᠡᠪᠡᠰᠦ ᠶᠢᠨ ᠥᠰᠥᠯᠲᠡ ᠶᠢᠨ ᠤᠯᠠᠷᠢᠯ ᠤᠨ ᠡᠮᠦᠨᠡᠬᠢ ᠬᠤᠭᠤᠴᠠᠭᠠᠨ ᠳᠤ ᠠᠭᠠᠷ ᠤᠨ ᠳᠤᠯᠠᠭᠠᠨ ᠤ | ᠬᠡᠮᠵᠢᠶ᠎ᠡ ᠨᠡᠯᠢᠶᠡᠳ ᠳᠣᠣᠷ᠎ᠠ᠂ ᠵᠡᠭᠦᠨ ᠪᠠᠷᠠᠭᠤᠨ ᠣᠷᠣᠨ ᠤ ᠲᠤᠨᠳᠠᠰᠤ ᠨᠡᠯᠢᠶᠡᠳ ᠪᠠᠭ᠎ᠠ᠂ ᠪᠡᠯᠴᠢᠭᠡᠷ ᠡᠪᠡᠰᠦ ᠶᠢᠨ | ᠥᠰᠥᠯᠲᠡ ᠤᠳᠠᠭᠠᠰᠢᠷᠠᠪᠠ᠃ 7 ᠳ᠋ᠤᠭᠠᠷ ᠰᠠᠷ᠎ᠠ ᠶᠢᠨ ᠰᠢᠨᠡᠳ ᠢᠶᠠᠷ᠂ ᠠᠭᠠᠷ ᠤᠨ ᠳᠤᠯᠠᠭᠠᠨ ᠤ ᠬᠡᠮᠵᠢᠶ᠎ᠡ | ᠦᠨᠳᠦᠷᠰᠢᠭᠰᠡᠨ ᠪᠣᠯᠪᠠᠴᠤ᠂ ᠲᠤᠨᠳᠠᠰᠤ ᠪᠠᠭ᠎ᠠ ᠪᠠᠶᠢᠵᠤ᠂ ᠳᠤᠮᠳᠠ ᠪᠠᠷᠠᠭᠤᠨ ᠪᠡᠶ᠎ᠡ ᠶᠢᠨ ᠮᠠᠯᠵᠢᠬᠤ ᠣᠷᠣᠨ | ᠦᠷᠭᠦᠯᠵᠢᠯᠡᠨ ᠭᠠᠩᠳᠠᠵᠤ᠂ ᠬᠥᠯᠥᠨ ᠪᠤᠶᠢᠷ ᠤᠨ ᠪᠠᠷᠠᠭᠤᠨ ᠪᠡᠶ᠎ᠡ ᠶᠢᠨ ᠮᠠᠯᠵᠢᠬᠤ ᠣᠷᠣᠨ ᠨᠡᠯᠢᠶᠡᠳ ᠬᠦᠨᠳᠦ | ᠨᠣᠴᠢᠲᠠᠶ ᠭᠠᠩᠳᠠᠵᠤ᠂ ᠪᠡᠯᠴᠢᠭᠡᠷ ᠡᠪᠡᠰᠦ ᠴᠡᠴᠡᠭᠯᠡᠭᠡᠳᠦᠢ ᠪᠠᠷ ᠬᠠᠲᠠᠪᠠ᠃ 9 ᠳ᠋ᠦ᠋ᠭᠡᠷ ᠰᠠᠷ᠎ᠠ ᠪᠣᠯᠣᠭᠰᠠᠨ ᠤ ᠲᠠᠷᠠᠭ᠎ᠠ | ᠶᠡᠬᠡᠩᠬᠢ ᠮᠠᠯᠵᠢᠬᠤ ᠣᠷᠣᠨ ᠤ ᠲᠤᠨᠳᠠᠰᠤ ᠠᠷᠪᠢᠳᠴᠤ᠂ ᠠᠭᠠᠷ ᠤᠨ ᠳᠤᠯᠠᠭᠠᠨ ᠦᠨᠳᠦᠷᠰᠢᠭᠡᠳ᠂ ᠶᠡᠬᠡᠩᠬᠢ | ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠦᠷᠡᠵᠢᠯ ᠤᠨ ᠬᠤᠭᠤᠴᠠᠭ᠎ᠠ ᠶᠢ ᠤᠷᠲᠤᠳᠬᠠᠵᠤ᠂ ᠰᠢᠷᠠᠯᠠᠬᠤ | ᠬᠤᠭᠤᠴᠠᠭ᠎ᠠ ᠨᠢ ᠨᠢᠳᠤᠨᠤᠨ ᠤ ᠬᠢ ᠪᠠ ᠣᠶᠢᠷ᠎ᠠ ᠶᠢᠨ 5 ᠵᠢᠯ ᠤᠨ ᠬᠢ ᠲᠠᠢ ᠬᠠᠷᠢᠴᠠᠭᠤᠯᠪᠠᠯ ᠳᠤᠮᠳᠠᠴᠢ | ᠬᠤᠭᠤᠴᠠᠭ᠎ᠠ ᠨᠢ ᠴᠥᠮ ᠬᠤᠶᠢᠰᠢᠯᠠᠪᠠ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠠᠮᠢ ᠠᠬᠤᠶ ᠬᠢᠨᠠᠨ ᠬᠡᠮᠵᠢᠬᠦ ᠥᠷᠲᠡᠭᠡ ᠶᠢᠨ | ᠠᠵᠢᠭᠯᠠᠨ ᠬᠡᠮᠵᠢᠭᠰᠡᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠪᠡᠯ᠂ ᠮᠠᠨ ᠤ ᠣᠷᠣᠨ ᠤ ᠶᠡᠬᠡᠩᠬᠢ | ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠰᠢᠷᠠᠯᠠᠬᠤ ᠬᠤᠭᠤᠴᠠᠭ᠎ᠠ ᠨᠢ 9 ᠳ᠋ᠦ᠋ᠭᠡᠷ ᠰᠠᠷ᠎ᠠ ᠳᠤ ᠲᠥᠪᠯᠡᠷᠡᠵᠦ᠂ | ᠨᠢᠭᠡᠨᠲᠡ ᠰᠢᠷᠠᠯᠠᠭᠰᠠᠨ ᠮᠠᠯᠵᠢᠬᠤ ᠣᠷᠣᠨ ᠤ 61.9% ᠶᠢ ᠡᠵᠡᠯᠡᠪᠡ︔ ᠤᠯᠠᠭᠠᠨᠴᠠᠪ ᠬᠤᠲᠠ ᠶᠢᠨ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠡᠮᠦᠨᠡᠲᠦ ᠪᠡᠶ᠎ᠡ ᠶᠢᠨ ᠮᠠᠯᠵᠢᠬᠤ | ᠣᠷᠣᠨ᠂ ᠤᠷᠳᠤᠰ ᠬᠤᠳᠠ ᠶᠢᠨ ᠡᠮᠦᠨᠡᠲᠦ ᠪᠡᠶ᠎ᠡ ᠶᠢᠨ ᠮᠠᠯᠵᠢᠬᠤ ᠣᠷᠣᠨ ᠪᠠ ᠠᠯᠠᠱᠠ ᠶᠢᠨ ᠶᠡᠬᠡᠩᠬᠢ ᠮᠠᠯᠵᠢᠬᠤ | ᠣᠷᠣᠨ ᠤ ᠪᠡᠯᠴᠢᠭᠡᠷ ᠡᠪᠡᠰᠦ 10 ᠳ᠋ᠤᠭᠠᠷ ᠰᠠᠷ᠎ᠠ ᠠᠴᠠ ᠡᠬᠢᠯᠡᠨ ᠰᠢᠷᠠᠯᠠᠵᠤ᠂ ᠨᠢᠭᠡᠨᠲᠡ ᠰᠢᠷᠠᠯᠠᠭᠰᠠᠨ ᠮᠠᠯᠵᠢᠬᠤ | ᠣᠷᠣᠨ ᠤ 31.0% ᠢ ᠡᠵᠡᠯᠡᠵᠦ᠂ ᠦᠯᠡᠳᠡᠭᠰᠡᠨ ᠮᠠᠯᠵᠢᠬᠤ ᠣᠷᠣᠨ ᠤ ᠪᠡᠯᠴᠢᠭᠡᠷ ᠡᠪᠡᠰᠦ 8 ᠳ᠋ᠤᠭᠠᠷ ᠰᠠᠷ᠎ᠠ ᠳᠤ | ᠬᠤᠪᠠᠭ᠋ᠠᠶᠢᠷᠠᠨ ᠰᠢᠷᠠᠯᠠᠪᠠ᠃ ᠪᠡᠯᠴᠢᠭᠡᠷ ᠡᠪᠡᠰᠦᠨ ᠤ ᠰᠢᠷᠠᠯᠠᠬᠤ ᠬᠤᠭᠤᠴᠠᠭ᠎ᠠ ᠶᠢ ᠨᠢᠳᠤᠨᠤᠨ ᠲᠠᠢ ᠬᠠᠷᠢᠴᠠᠭᠤᠯᠪᠠᠯ᠂ | ᠪᠦᠬᠦ ᠣᠷᠣᠨ ᠤ ᠶᠡᠬᠡᠩᠬᠢ ᠮᠠᠯᠵᠢᠬᠤ ᠣᠷᠣᠨ 1 ~ 42 ᠡᠳᠦᠷ ᠬᠤᠶᠢᠰᠢᠯᠠᠵᠤ᠂ ᠨᠢᠭᠡᠨᠲᠡ ᠰᠢᠷᠠᠯᠠᠭᠰᠠᠨ ᠮᠠᠯᠵᠢᠬᠤ | ᠣᠷᠣᠨ ᠤ 57.9% ᠶᠢ ᠡᠵᠡᠯᠡᠵᠦ᠂ ᠣᠨᠴᠠᠭᠠᠶᠢᠯᠠᠨ ᠳᠤᠮᠳᠠ ᠪᠡᠶ᠎ᠡ ᠪᠠ ᠪᠠᠷᠠᠭᠤᠨ ᠪᠡᠶ᠎ᠡ ᠶᠢᠨ ᠭᠠᠵᠠᠷ ᠣᠷᠣᠨ | ᠢᠯᠡᠷᠡᠬᠡᠢ ᠪᠠᠶᠢᠪᠠ᠂ ᠡᠨᠡ ᠨᠢ 2014 ᠣᠨ ᠤ ᠳᠤᠮᠳᠠ ᠪᠠᠷᠠᠭᠤᠨ ᠪᠡᠶ᠎ᠡ ᠶᠢᠨ ᠶᠡᠬᠡᠩᠬᠢ ᠭᠠᠵᠠᠷ ᠣᠷᠣᠨ ᠤ ᠭᠠᠩ | ᠬᠠᠭᠤᠷᠠᠶ ᠠᠴᠠ ᠪᠣᠯᠵᠤ ᠪᠡᠯᠴᠢᠭᠡᠷ ᠡᠪᠡᠰᠦ ᠰᠢᠷᠠᠯᠠᠬᠤ ᠬᠤᠭᠤᠴᠠᠭ᠎ᠠ ᠤᠷᠢᠳᠴᠢᠯᠠᠭᠰᠠᠨ ᠲᠠᠢ ᠬᠤᠯᠪᠣᠭᠳᠠᠯ ᠲᠠᠢ ᠶᠤᠮ | ︔ ᠪᠠᠶᠠᠨᠨᠠᠭᠤᠷ ᠬᠤᠳᠠ ᠶᠢᠨ ᠤᠷᠠᠳ ᠤᠨ ᠳᠤᠮᠳᠠᠳᠤ ᠬᠤᠰᠢᠭᠤ᠂ ᠰᠢᠯᠢ ᠶᠢᠨ ᠭᠤᠣᠯ ᠠᠶᠢᠮᠠᠭ ᠤᠨ ᠬᠥᠪᠡᠭᠡᠲᠦ | ᠰᠢᠷ᠎ᠠ ᠬᠤᠰᠢᠭᠤ ᠪᠠ ᠪᠠᠷᠠᠭᠤᠨ ᠦᠵᠦᠮᠦᠴᠢᠨ ᠬᠤᠰᠢᠭᠤ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ᠂ | ᠲᠦᠩᠯᠢᠶᠣᠤ ᠬᠤᠲᠠ ᠶᠢᠨ ᠬᠦᠷᠢᠶ᠎ᠡ ᠬᠤᠰᠢᠭᠤ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ ᠶᠢᠨ | ᠪᠡᠯᠴᠢᠭᠡᠷ ᠡᠪᠡᠰᠦ ᠰᠢᠷᠠᠯᠠᠬᠤ ᠬᠤᠭᠤᠴᠠᠭ᠎ᠠ ᠨᠢ ᠨᠢᠳᠤᠨᠤᠨ ᠲᠠᠢ ᠠᠳᠠᠯᠢ ᠪᠠᠶᠢᠵᠤ᠂ ᠨᠢᠭᠡᠨᠲᠡ ᠰᠢᠷᠠᠯᠠᠭᠰᠠᠨ ᠮᠠᠯᠵᠢᠬᠤ | ᠣᠷᠣᠨ ᠤ 15.8% ᠶᠢ ᠡᠵᠡᠯᠡᠪᠡ︔ ᠪᠤᠰᠤᠳ ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠰᠢᠷᠠᠯᠠᠬᠤ | ᠬᠤᠭᠤᠴᠠᠭ᠎ᠠ ᠨᠢ 1 ~ 11 ᠡᠳᠦᠷ ᠤᠷᠢᠳᠴᠢᠯᠠᠵᠤ᠂ ᠭᠤᠣᠯᠳᠠᠭᠤ ᠣᠷᠳᠣᠰ ᠬᠤᠲᠠ ᠶᠢᠨ ᠬᠠᠩᠭᠢᠨ ᠬᠤᠰᠢᠭᠤ᠂ | ᠰᠢᠯᠢ ᠶᠢᠨ ᠭᠤᠣᠯ ᠠᠶᠢᠮᠠᠭ ᠤᠨ ᠳᠤᠮᠳᠠ ᠪᠡᠶ᠎ᠡ ᠶᠢᠨ ᠮᠠᠯᠵᠢᠬᠤ ᠣᠷᠣᠨ᠂ ᠤᠯᠠᠭᠠᠨᠬᠠᠳᠠ ᠬᠤᠲᠠ ᠶᠢᠨ ᠪᠠᠭᠠᠷᠢᠨ | ᠪᠠᠷᠠᠭᠤᠨ ᠬᠤᠰᠢᠭᠤ ᠪᠣᠯᠤᠨ ᠬᠥᠯᠥᠨ ᠪᠤᠶᠢᠷ ᠬᠤᠳᠠ ᠶᠢᠨ ᠵᠡᠭᠦᠨ ᠪᠡᠶ᠎ᠡ ᠶᠢᠨ ᠮᠠᠯᠵᠢᠬᠤ ᠣᠷᠣᠨ ᠨᠤᠭᠤᠳ ᠪᠣᠯᠣᠨ᠎ᠠ᠃ | ᠪᠡᠯᠴᠢᠭᠡᠷ ᠡᠪᠡᠰᠦᠨ ᠤ ᠰᠢᠷᠠᠯᠠᠬᠤ ᠬᠤᠭᠤᠴᠠᠭ᠎ᠠ ᠶᠢ ᠣᠶᠢᠷ᠎ᠠ ᠶᠢᠨ 5 ᠵᠢᠯ ᠤᠨ ᠬᠢ ᠲᠠᠢ ᠬᠠᠷᠢᠴᠠᠭᠤᠯᠪᠠᠯ᠂ ᠪᠦᠬᠦ | ᠣᠷᠣᠨ ᠤ ᠶᠡᠬᠡᠩᠬᠢ ᠮᠠᠯᠵᠢᠬᠤ ᠣᠷᠣᠨ 1 ~ 34 ᠡᠳᠦᠷ ᠬᠤᠶᠢᠰᠢᠯᠠᠵᠤ᠂ ᠨᠢᠭᠡᠨᠲᠡ ᠰᠢᠷᠠᠯᠠᠭᠰᠠᠨ ᠮᠠᠯᠵᠢᠬᠤ | ᠣᠷᠣᠨ ᠤ 63.4% ᠶᠢ ᠡᠵᠡᠯᠡᠪᠡ᠃ ᠵᠥᠪᠬᠡᠨ ᠱᠠᠩᠳᠤ ᠰᠢᠶᠠᠨ ᠤ ᠪᠡᠯᠴᠢᠭᠡᠷ ᠡᠪᠡᠰᠦ ᠰᠢᠷᠠᠯᠠᠬᠤ ᠬᠤᠭᠤᠴᠠᠭ᠎ᠠ ᠨᠢ | ᠣᠶᠢᠷ᠎ᠠ ᠶᠢᠨ 5 ᠵᠢᠯ ᠲᠢ ᠠᠳᠠᠯᠢ ᠪᠠᠶᠢᠵᠤ᠂ ᠨᠢᠭᠡᠨᠲᠡ ᠰᠢᠷᠠᠯᠠᠭᠰᠠᠨ ᠮᠠᠯᠵᠢᠬᠤ ᠣᠷᠣᠨ ᠤ 2.4% ᠶᠢ ᠡᠵᠡᠯᠡᠵᠦ᠂ | ᠪᠤᠰᠤᠳ ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠰᠢᠷᠠᠯᠠᠭᠰᠠᠨ ᠬᠤᠭᠤᠴᠠᠭ᠎ᠠ ᠨᠢ 1 ~ 35 ᠡᠳᠦᠷ | ᠤᠷᠢᠳᠴᠢᠯᠠᠵᠤ᠂ ᠭᠤᠣᠯᠳᠠᠭᠤ ᠠᠯᠠᠱᠠ ᠠᠶᠢᠮᠠᠭ ᠤᠨ ᠡᠵᠡᠨ᠎ᠡ ᠬᠤᠰᠢᠭᠤ᠂ ᠤᠷᠳᠤᠰ ᠬᠤᠳᠠ ᠶᠢᠨ ᠵᠡᠭᠦᠨ ᠪᠡᠶ᠎ᠡ ᠶᠢᠨ | ᠶᠡᠬᠡᠩᠬᠢ ᠬᠡᠰᠡᠭ᠂ ᠤᠯᠠᠭᠠᠨᠴᠠᠪ ᠬᠤᠳᠠ ᠶᠢᠨ ᠬᠡᠰᠡᠭ ᠭᠠᠵᠠᠷ᠂ ᠰᠢᠯᠢ ᠶᠢᠨ ᠭᠤᠣᠯ ᠠᠶᠢᠮᠠᠭ ᠤᠨ ᠬᠡᠰᠡᠭ ᠭᠠᠵᠠᠷ ᠤᠨ | ᠮᠠᠯᠵᠢᠬᠤ ᠣᠷᠣᠨ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂ ᠲᠦᠩᠯᠢᠶᠣᠤ ᠬᠤᠲᠠ ᠶᠢᠨ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠣᠯᠤᠨ ᠬᠥᠯᠥᠨ ᠪᠤᠶᠢᠷ ᠬᠤᠳᠠ ᠶᠢᠨ ᠡᠮᠦᠨᠡᠲᠦ ᠪᠡᠶ᠎ᠡ ᠶᠢᠨ ᠮᠠᠯᠵᠢᠬᠤ | ᠣᠷᠣᠨ ᠨᠤᠭᠤᠳ ᠪᠣᠯᠣᠨ᠎ᠠ᠃ | ᠡᠨᠡ ᠵᠢᠯ ᠮᠠᠨ ᠤ ᠣᠷᠣᠨ ᠤ ᠶᠡᠬᠡᠩᠬᠢ ᠮᠠᠯᠵᠢᠬᠤ ᠣᠷᠣᠨ ᠤ ᠪᠡᠯᠴᠢᠭᠡᠷ ᠡᠪᠡᠰᠦ ᠶᠢᠨ ᠰᠢᠷᠠᠯᠠᠬᠤ ᠬᠤᠭᠤᠴᠠᠭ᠎ᠠ | ᠬᠤᠶᠢᠰᠢᠯᠠᠵᠤ᠂ ᠪᠡᠯᠴᠢᠭᠡᠷ ᠡᠪᠡᠰᠦᠨ ᠤ ᠭᠠᠷᠤᠯᠲᠠ ᠪᠠ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠮᠠᠯ ᠤᠨ | ᠭᠠᠷᠭᠠᠯᠲᠠ ᠪᠠ ᠡᠪᠦᠯᠵᠢᠵᠦ ᠬᠠᠪᠤᠷᠵᠢᠬᠤ ᠳᠤ ᠠᠰᠢᠭᠲᠠᠶ ᠶᠤᠮ᠃ ᠭᠡᠪᠡᠴᠦ ᠬᠠᠪᠤᠷ ᠵᠤᠨ ᠤ ᠭᠠᠩ ᠤᠨ ᠨᠥᠯᠥᠭᠡ ᠶᠢ | ᠬᠦᠷᠲᠡᠵᠦ᠂ ᠪᠡᠯᠴᠢᠭᠡᠷ ᠡᠪᠡᠰᠦᠨ ᠤ ᠬᠤᠷᠢᠶᠠᠯᠲᠠ ᠶᠢᠨ ᠬᠡᠮᠵᠢᠶ᠎ᠡ ᠶᠢ ᠬᠢᠵᠠᠭᠠᠷᠯᠠᠭᠰᠠᠨ ᠠᠴᠠ᠂ ᠡᠨᠡ ᠵᠢᠯ ᠤᠨ | ᠪᠡᠯᠴᠢᠭᠡᠷ ᠡᠪᠡᠰᠦᠨ ᠤ ᠬᠤᠷᠢᠶᠠᠯᠲᠠ ᠪᠠ ᠲᠤᠬᠠᠶ ᠶᠢᠨ ᠭᠠᠵᠠᠷ ᠤᠨ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠶᠢᠨ | ᠪᠠᠶᠢᠳᠠᠯ ᠢᠶᠠᠨ ᠦᠨᠳᠦᠰᠦᠯᠡᠵᠦ᠂ ᠨᠠᠮᠤᠷ᠂ ᠡᠪᠦᠯ᠂ ᠬᠠᠪᠤᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠢᠶᠠᠨ | ᠡᠷᠲᠡᠬᠡᠨ ᠲᠣᠬᠢᠷᠠᠭᠤᠯᠵᠤ᠂ ᠡᠪᠡᠰᠦ ᠪᠣᠷᠳᠤᠭ᠎ᠠ ᠭᠦᠢᠴᠡᠳ ᠦᠬᠡᠢ ᠭᠠᠵᠠᠷ ᠣᠷᠣᠨ ᠨᠤᠭᠤᠳ ᠡᠷᠲᠡᠬᠡᠨ ᠰᠢᠯᠵᠢᠭᠦᠯᠦᠨ | ᠲᠡᠭᠡᠭᠡᠪᠦᠷᠢᠯᠡᠬᠦ ᠪᠠ ᠡᠪᠡᠰᠦ ᠪᠣᠷᠳᠤᠭ᠎ᠠ ᠨᠥᠭᠡᠴᠡᠯᠡᠵᠦ᠂ ᠡᠪᠦᠯᠵᠢᠬᠦ ᠮᠠᠯ ᠤᠨ ᠲᠤᠭ᠎ᠠ ᠲᠣᠯᠣᠭᠠᠢ ᠪᠠᠨ ᠵᠦᠢ ᠵᠣᠬᠢᠰᠲᠠᠶ | ᠲᠣᠭᠲᠠᠭᠠᠬᠤ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠨᠠᠭᠤᠯᠵᠤ ᠪᠣᠢ᠃ ᠡᠭᠦᠨ ᠠᠴᠠ ᠭᠠᠳᠠᠨ᠎ᠠ᠂ | ᠪᠡᠯᠴᠢᠭᠡᠷ ᠡᠪᠡᠰᠦ ᠰᠢᠷᠠᠯᠠᠬᠤ ᠬᠤᠭᠤᠴᠠᠭ᠎ᠠ ᠳᠤ ᠣᠷᠣᠭᠰᠠᠨ ᠤ ᠳᠠᠷᠠᠭ᠎ᠠ᠂ ᠮᠠᠯᠵᠢᠬᠤ ᠣᠷᠣᠨ ᠤ ᠨᠠᠮᠤᠷ ᠤᠨ | ᠤᠯᠠᠷᠢᠯ ᠤᠨ ᠭᠠᠩ ᠬᠠᠭᠤᠷᠠᠢ ᠠᠴᠠ ᠪᠣᠯᠵᠤ᠂ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠭᠠᠷᠬᠤ ᠶᠢ | ᠲᠠᠯ᠎ᠠ ᠨᠤᠲᠤᠭ ᠤᠨ ᠣᠷᠣᠨ ᠨᠤᠭᠤᠳ ᠤᠷᠢᠳᠴᠢᠯᠠᠨ ᠰᠡᠷᠭᠡᠶᠢᠯᠡᠬᠦ ᠠᠵᠢᠯ ᠢᠶᠠᠨ ᠴᠢᠩᠭᠠᠳᠬᠠᠬᠤ ᠬᠡᠷᠡᠭᠲᠡᠶ᠃ |