| ᠨᠠ ᠸᠧᠢ ᠴᠢᠩ ᠳᠡᠳ᠋ ᠨᠠᠷᠢᠨ ᠪᠢᠴᠢᠭ ᠤᠨ ᠳᠠᠷᠤᠭ᠎ᠠ ᠶᠠᠷᠢᠶ᠎ᠠ ᠲᠠᠯᠪᠢᠪᠠ | | ᠳᠠᠪᠬᠤᠷᠪᠠᠶᠠᠷ ᠳᠡᠳ᠋ ᠲᠣᠭᠤᠷᠢᠨ ᠪᠠᠶᠢᠴᠠᠭᠠᠭᠴᠢ ᠳ᠋ᠦᠡᠭᠨᠡᠯᠲᠡ ᠶᠢᠨ ᠶᠠᠷᠢᠶ᠎ᠠ ᠲᠠᠯᠪᠢᠪᠠ | | ᠬᠤᠷᠠᠯ ᠤᠨ ᠲᠤᠬᠠᠢ ᠶᠢᠨ ᠲᠠᠯᠠᠪᠠᠢ | 2015 ᠣᠨ ᠤ 11 ᠳ᠋ᠤᠭᠡᠷ ᠰᠠᠷ᠎ᠠ ᠶᠢᠨ12 —13 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠡᠯᠧᠺᠲᠷᠣᠨ ᠵᠠᠰᠠᠭ ᠤᠨ ᠶᠠᠪᠤᠳᠠᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠬᠤᠷᠠᠯ | ᠬᠥᠬᠡᠬᠤᠲᠠ ᠳᠤ ᠬᠤᠷᠠᠯᠳᠤᠪᠠ᠃ ᠬᠤᠷᠠᠯ ᠳᠤ ︽ᠡᠯᠧᠺᠲᠷᠣᠨ ᠵᠠᠰᠠᠭ ᠤᠨ ᠶᠠᠪᠤᠳᠠᠯ ᠤᠨ ᠵᠣᠬᠢᠴᠠᠩᠭᠤᠶ | ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 66 ᠳ᠋ᠤᠭᠠᠷ ᠲᠣᠭᠠᠲᠤ︶ ᠪᠣᠯᠤᠨ ︽ᠡᠯᠧᠺᠲᠷᠣᠨ | ᠵᠠᠰᠠᠭ ᠤᠨ ᠶᠠᠪᠤᠳᠠᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2015﹈ 111 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ | ᠡᠳ᠋ᠯᠡᠵᠦ ᠠᠰᠢᠭᠯᠠᠬᠤ ᠠᠵᠢᠯ ᠢ ᠰᠤᠳᠤᠯᠵᠤ᠂ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠭᠰᠠᠨ ᠪᠥᠭᠡᠳ ᠳᠠᠷᠠᠭᠠᠬᠢ | ᠱᠠᠲᠤᠨ ᠤ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠳᠤ ᠪᠠᠶᠢᠷᠢᠯᠠᠭᠤᠯᠤᠯᠲᠠ | ᠬᠢᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ | ᠰᠤᠳᠤᠯᠬᠤ ᠭᠡᠷ ︵ᠵᠥᠪᠯᠡᠭᠴᠢ ᠶᠢᠨ ᠭᠡᠷ︶ ᠤᠨ ᠡᠷᠬᠢᠯᠡᠭᠴᠢ ᠨᠠ ᠸᠧᠶ ᠴᠢᠩ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠵᠠᠶ᠃ 14 ᠠᠶᠢᠮᠠᠭ ᠬᠤᠳᠠ ︵ᠮᠠᠨᠵᠤᠤᠷ᠂ ᠡᠷᠢᠶᠡᠨ ᠬᠤᠲᠠ ᠶᠢ ᠪᠠᠭᠲᠠᠭᠠᠪᠠ︶ ᠶᠢᠨ ᠵᠠᠰᠠᠭ ᠤᠨ ᠣᠷᠳᠣᠨ ︵ | ᠵᠠᠰᠠᠭ ᠵᠠᠬᠢᠷᠭ᠎ᠠ︶ ᠤ ᠠᠯᠪᠠᠨ ᠰᠠᠯᠠᠭ᠎ᠠ ᠮᠥᠴᠢᠷ ᠤᠨ ᠡᠯᠧᠺᠲᠷᠣᠨ ᠵᠠᠰᠠᠭ ᠤᠨ ᠶᠠᠪᠤᠳᠠᠯ ᠢ ᠬᠤᠪᠢᠳᠠᠨ ᠬᠠᠮᠢᠶᠠᠷᠴᠤ | ᠪᠥᠬᠦᠢ ᠤᠳᠤᠷᠢᠳᠤᠯᠭ᠎ᠠ ᠵᠢᠴᠢ ᠬᠠᠷᠢᠭᠤᠴᠠᠯᠭᠠᠲᠠᠨ ᠨᠥᠬᠦᠳ᠂ ᠣᠷᠣᠨ ᠤ 70 ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠤᠨ ᠬᠠᠷᠢᠭᠤᠴᠠᠯᠭᠠᠲᠠᠨ ᠵᠢᠴᠢ ᠬᠠᠮᠢᠶ᠎ᠡ ᠪᠦᠬᠦᠢ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠨᠡᠶᠢᠲᠡ 170 ᠭᠠᠷᠤᠢ ᠲᠥᠯᠦᠭᠡᠯᠡᠭᠴᠢᠳ ᠬᠤᠷᠠᠯ ᠳᠤ | ᠣᠷᠣᠯᠴᠠᠵᠠᠶ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠳᠠᠪᠬᠤᠷᠪᠠᠶᠠᠷ ᠡᠷᠬᠢᠯᠡᠪᠡ᠃ | ᠬᠤᠷᠠᠯ ᠳᠡᠭᠡᠷ᠎ᠡ᠂ ᠨᠠ ᠸᠧᠶ ᠴᠢᠩ ᠳᠡᠳ᠋ ᠨᠠᠷᠢᠨ ᠪᠢᠴᠢᠭ ᠤᠨ ᠳᠠᠷᠤᠭ᠎ᠠ ᠲᠥᠷᠦ ᠠᠯᠪᠠᠨ ᠲᠠᠷᠬᠠᠭᠠᠭᠰᠠᠨ 66 | ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠴᠢ ᠥᠪᠡᠷᠲᠡᠭᠡᠨ ᠵᠠᠰᠠᠬᠤ | ᠣᠷᠣᠨ ᠤ ᠬᠡᠷᠡᠭᠵᠢᠭᠦᠯᠬᠦ ᠰᠠᠨᠠᠯ ᠤᠨ ᠵᠣᠷᠢᠭ ᠰᠠᠨᠠᠭ᠎ᠠ ᠶᠣᠰᠤᠭᠠᠷ᠂ ︽ᠭᠤᠷᠪᠠ ᠶᠢ ᠪᠤᠲᠠᠲᠠᠶᠢᠵᠢᠭᠤᠯᠬᠤ︾ ᠶᠢ | ᠪᠡᠶᠡᠯᠡᠭᠦᠯᠦᠨ᠂ ᠪᠥᠬᠦ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠵᠣᠬᠢᠴᠠᠩᠭᠤᠶ ᠬᠥᠭᠵᠢᠯᠲᠡ ᠶᠢ ᠤᠯᠠᠮ | ᠨᠢᠭᠡ ᠠᠯᠬᠤᠮ ᠠᠬᠢᠭᠤᠯᠬᠤ ᠶᠢ ᠴᠢᠬᠤᠯᠠᠴᠢᠯᠠᠵᠠᠢ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠡᠯᠧᠺᠲᠷᠣᠨ ᠵᠠᠰᠠᠭ ᠤᠨ ᠶᠠᠪᠤᠳᠠᠯ ᠤᠨ ᠬᠥᠭᠵᠢᠯᠲᠡ ᠶᠢᠨ ᠴᠠᠭ ᠦᠶ᠎ᠡ ᠶᠢᠨ ᠰᠢᠨᠵᠢ ᠲᠡᠮᠳᠡᠭ ᠢ ᠪᠠᠲᠤ ᠡᠵᠡᠮᠰᠢᠬᠦ | ᠬᠡᠷᠡᠭᠲᠡᠢ᠃ ᠲᠡᠷᠡ ᠵᠢᠭᠠᠵᠤ ᠭᠠᠷᠭᠠᠭᠰᠠᠨ ᠨᠢ᠂ ᠡᠯᠧᠺᠲᠷᠣᠨ ᠵᠠᠰᠠᠭ ᠤᠨ ᠶᠠᠪᠤᠳᠠᠯ ᠤᠨ ᠵᠣᠬᠢᠴᠠᠩᠭᠤᠶ | ᠬᠥᠭᠵᠢᠯᠲᠡ ᠶᠢ ᠠᠬᠢᠭᠤᠯᠬᠤ ᠪᠣᠯ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠶᠢᠨ | ᠱᠠᠭᠠᠷᠳᠠᠯᠭ᠎ᠠ᠂ ᠣᠯᠠᠨ ᠲᠦᠮᠡᠨ ᠳᠤ ᠦᠢᠯᠡᠴᠢᠯᠡᠬᠦ ᠴᠢᠬᠤᠯᠠ ᠠᠷᠭ᠎ᠠ ᠵᠠᠮ᠂ ᠵᠠᠰᠠᠭ ᠤᠨ ᠣᠷᠳᠣᠨ ᠤ ᠡᠭᠦᠷᠭᠡ | ᠲᠤᠰᠢᠶᠠᠯ ᠢ ᠬᠤᠪᠢᠷᠠᠭᠤᠯᠬᠤ ᠲᠤᠯᠭᠠᠮ᠎ᠠ ᠱᠠᠭᠠᠷᠳᠠᠯᠭ᠎ᠠ ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠡᠯᠧᠺᠲᠷᠣᠨ ᠵᠠᠰᠠᠭ ᠤᠨ ᠶᠠᠪᠤᠳᠠᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠲᠠᠨᠢᠯᠲᠠ ᠪᠠᠨ | ᠭᠦᠨᠵᠡᠭᠡᠶᠢᠷᠡᠭᠦᠯᠵᠦ᠂ ᠲᠥᠷᠦ ᠠᠯᠪᠠᠨ ᠲᠠᠷᠬᠠᠭᠠᠭᠰᠠᠨ 66 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠠ | ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠨ | ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠵᠣᠬᠢᠴᠠᠩᠭᠤᠶ | ᠬᠥᠭᠵᠢᠯᠲᠡ ᠶᠢ ᠠᠬᠢᠭᠤᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠬᠦ ᠬᠡᠷᠡᠭᠲᠡᠢ᠃ ᠬᠤᠶᠠᠷ ᠲᠤ ᠡᠭᠦᠷᠭᠡ ᠶᠢ ᠨᠠᠶᠢᠳᠠᠪᠤᠷᠢᠵᠢᠭᠤᠯᠬᠤ ᠶᠢ | ᠪᠤᠲᠠᠲᠠᠶᠢᠵᠢᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠤᠨ ᠬᠠᠷᠠᠯᠲᠠ ᠶᠢᠨ ᠭᠤᠣᠯᠳᠠᠯᠭ᠎ᠠ ᠶᠢ ᠪᠠᠲᠤ | ᠡᠵᠡᠮᠰᠢᠬᠦ ᠬᠡᠷᠡᠭᠲᠡᠢ᠃ ᠲᠥᠷᠦ ᠠᠯᠪᠠᠨ ᠲᠠᠷᠬᠠᠭᠠᠭᠰᠠᠨ 66 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠠ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢ ᠨᠠᠷᠢᠨ | ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠰᠦᠯᠵᠢᠶᠡᠨ ᠲᠠᠪᠴᠠᠩ ᠤᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ | ᠴᠢᠯᠥᠭᠡᠲᠡᠶ ᠠᠰᠢᠭᠯᠠᠬᠤ ᠶᠢ ᠠᠬᠢᠭᠤᠯᠤᠨ᠂ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠬᠠᠮᠵᠢᠯᠴᠠᠬᠤ ᠠᠵᠢᠯᠯᠠᠭ᠎ᠠ ᠶᠢ | ᠥᠷᠨᠢᠭᠦᠯᠵᠦ᠂ ᠮᠡᠳᠡᠭᠡ ᠵᠠᠩᠭᠢ ᠶᠢᠨ ᠠᠮᠤᠷ ᠲᠦᠪᠰᠢᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠮᠠᠨ ᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠤᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ | ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ᠭᠤᠷᠪᠠ ᠳᠤ ᠠᠵᠢᠯ ᠤᠨ ᠪᠠᠲᠤᠯᠠᠭ᠎ᠠ ᠶᠢ ᠪᠣᠲᠠᠲᠠᠶᠢᠵᠢᠭᠤᠯᠵᠤ᠂ | ᠨᠠᠶᠢᠳᠠᠪᠤᠷᠢᠵᠢᠭᠤᠯᠤᠨ ᠦᠷ᠎ᠡ ᠪᠥᠲᠦᠮᠵᠢ ᠣᠯᠬᠤ ᠡᠨᠡ ᠨᠢᠭᠡᠨ ᠵᠠᠩᠭᠢᠯᠠᠭ᠎ᠠ ᠶᠢᠨ ᠭᠤᠭᠴᠤᠭ᠎ᠠ ᠶᠢ ᠪᠠᠲᠤ ᠡᠵᠡᠮᠰᠢᠬᠦ | ᠬᠡᠷᠡᠭᠲᠡᠢ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ᠂ ᠰᠢᠮᠳᠠᠭᠤᠯᠤᠨ ᠪᠠᠶᠢᠴᠠᠭᠠᠬᠤ ᠬᠢᠨᠠᠨ | ᠰᠢᠯᠭᠠᠬᠤ ᠶᠢ ᠴᠢᠩᠭᠠᠷᠠᠭᠤᠯᠬᠤ ᠵᠡᠷᠭᠡ ᠲᠠᠯ᠎ᠠ ᠠᠴᠠ ᠭᠠᠷᠳᠠᠨ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠦᠬᠦ ᠣᠷᠣᠨ ᠤ ᠡᠯᠧᠺᠲᠷᠣᠨ ᠵᠠᠰᠠᠭ ᠤᠨ | ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠡᠯᠧᠺᠲᠷᠤᠨ ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠾᠧ ᠪᠢᠶᠣᠤ᠂ ᠡᠯᠧᠺᠲᠷᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠱᠢ ᠵᠢᠶᠠᠨ ᠭᠦᠸᠧ ᠲᠤᠰ ᠲᠤᠰ ᠵᠠᠰᠠᠭ ᠤᠨ ᠣᠷᠳᠣᠨ ᠤ | ᠰᠦᠯᠵᠢᠶᠡᠨ ᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠪᠠ 66 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠬᠢᠭᠡᠳ | ᠬᠡᠷᠡᠭᠵᠢᠭᠦᠯᠬᠦ ᠰᠠᠨᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠶᠢᠷᠢᠯᠠᠭᠤᠯᠤᠯᠲᠠ ᠪᠠ | ᠲᠣᠳᠣᠷᠬᠠᠶᠢᠯᠠᠯᠲᠠ ᠬᠢᠪᠡ︔ ᠪᠠᠶᠠᠨᠨᠠᠭᠤᠷ ᠬᠤᠳᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 6 ᠠᠶᠢᠮᠠᠭ ᠬᠤᠲᠠ᠂ ᠰᠠᠯᠠᠭ᠎ᠠ ᠮᠥᠴᠢᠷ ᠤᠨ ᠬᠢᠨ | ᠵᠠᠰᠠᠭ ᠤᠨ ᠶᠠᠪᠤᠳᠠᠯ ᠤᠨ ᠴᠤᠪᠤᠷᠠᠯ ᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ᠂ ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ | ᠠᠬᠢᠭᠤᠯᠬᠤ ᠪᠠ ᠤᠳᠤᠷᠢᠳᠤᠯᠭ᠎ᠠ ᠶᠢ ᠬᠠᠮᠵᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠡᠷᠭᠡ ᠲᠠᠯ᠎ᠠ ᠶᠢᠨ | ᠲᠣᠭᠤᠷᠢᠨ ᠳᠤ ᠨᠡᠶᠢᠲᠡᠯᠢᠭ ᠴᠢᠨᠠᠷ ᠲᠠᠢ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠲᠣᠭᠤᠷᠢᠨ | ᠪᠠᠶᠢᠴᠠᠭᠠᠭᠴᠢ ᠳᠠᠪᠬᠤᠷᠪᠠᠶᠠᠷ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠲᠡᠷᠡ ᠵᠢᠭᠠᠵᠤ ᠭᠠᠷᠭᠠᠭᠰᠠᠨ ᠨᠢ᠂ ᠲᠥᠷᠥ | ᠠᠯᠪᠠᠨ ᠲᠠᠷᠬᠠᠭᠠᠭᠰᠠᠨ 66 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠣᠯ ᠢᠷᠡᠭᠡᠳᠦᠶ ᠶᠢᠨ ᠲᠠᠪᠤᠨ ᠵᠢᠯ ᠳᠠᠬᠢ | ᠡᠯᠧᠺᠲᠷᠤᠨ ᠵᠠᠰᠠᠭ ᠤᠨ ᠶᠠᠪᠤᠳᠠᠯ ᠤᠨ ᠠᠵᠢᠯ ᠤᠨ ᠲᠣᠬᠠᠢ ᠪᠦᠬᠦ ᠴᠣᠭᠴᠠ ᠶᠢᠨ ᠴᠢᠨᠠᠷᠲᠠᠶ᠂ ᠬᠥᠲᠥᠯᠪᠦᠷᠢ ᠶᠢᠨ | ᠴᠢᠨᠠᠷᠲᠠᠶ ᠪᠢᠴᠢᠭ ᠮᠠᠲ᠋ᠧᠷᠢᠶᠠᠯ ᠮᠥᠨ᠂ ᠮᠠᠨ ᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ᠤᠨ ᠵᠣᠬᠢᠴᠠᠩᠭᠤᠶ ᠪᠠᠷ | ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦ ᠪᠣᠯᠣᠨ ᠪᠠᠲᠤ ᠴᠢᠩᠭ᠎ᠠ ᠪᠠᠲᠤᠯᠠᠭ᠎ᠠ ᠬᠠᠩᠭᠠᠬᠤ | ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠣᠶᠢᠯᠠᠭᠠᠵᠤ᠂ ᠨᠠᠶᠢᠳᠠᠪᠤᠷᠢᠵᠢᠭᠤᠯᠬᠤ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠣᠬᠢᠴᠠᠯᠳᠤᠨ | ᠬᠠᠮᠵᠢᠯᠴᠠᠬᠤ ᠶᠢ ᠦᠨᠡᠨ ᠬᠦ ᠴᠢᠩᠭᠠᠳᠬᠠᠵᠤ ᠂ ᠨᠢᠭᠡᠳᠦᠯᠲᠡᠶ ᠲᠥᠯᠥᠪᠵᠢᠭᠦᠯᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ | ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠲᠥᠷᠥ ᠠᠯᠪᠠᠨ | ᠲᠠᠷᠬᠠᠭᠠᠭᠰᠠᠨ 66 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ | ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠢᠨ᠎ᠡ ᠠᠵᠠ ᠲᠣᠬᠢᠶᠠᠯ ᠲᠠᠢ ᠴᠢᠩᠭ᠎ᠠ ᠤᠶᠠᠯᠳᠤᠭᠤᠯᠤᠨ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠴᠠᠭ ᠲᠣᠬᠢᠶᠠᠯ ᠢ ᠠᠮᠵᠢᠨ ᠠᠳᠬᠤᠵᠤ᠂ ᠡᠯᠧᠺᠲᠷᠤᠨ | ᠵᠠᠰᠠᠭ ᠤᠨ ᠶᠠᠪᠤᠳᠠᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ ᠦᠵᠡᠭᠦᠯᠪᠡᠰᠦ ᠵᠣᠬᠢᠬᠤ ᠬᠤᠪᠢ | ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃ | ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠭᠤᠯᠤᠯᠲᠠ ᠶᠢᠨ ᠵᠥᠪᠯᠡᠯ ᠤᠨ | ᠤᠤᠯ ᠤᠨ ᠲᠣᠭᠤᠷᠢᠨ ᠪᠠᠶᠢᠴᠠᠭᠠᠭᠴᠢ ᠯᠠᠨ ᠾᠦᠢ᠂ ᠳᠤᠮᠳᠠᠳᠤ ᠤᠯᠤᠰ ᠤᠨ ᠬᠡᠮᠵᠢᠨ ᠵᠢᠷᠤᠬᠤ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠵᠠᠰᠠᠭ ᠤᠨ ᠣᠷᠳᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠰᠤᠳᠤᠯᠭᠠᠨ ᠤ ᠲᠥᠪ ᠤᠨ ᠡᠷᠬᠢᠯᠡᠭᠴᠢ ᠵᠠᠩ ᠹᠦ᠋ ᠬᠤᠤ ᠳ᠋ᠣᠺᠲ᠋ᠣᠷ᠂ ᠱᠠᠩᠬᠠᠶ ᠶᠢᠨ ᠮᠧᠩ ᠴᠤᠸᠠᠩ | ᠵᠥᠭᠡᠯᠡᠨ ᠲᠤᠨᠤᠭᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ | ᠳᠠᠷᠤᠭ᠎ᠠ ᠰᠦᠩ ᠷᠦ᠋ ᠯᠢᠶᠠᠩ ᠳ᠋ᠣᠺᠲ᠋ᠣᠷ ᠵᠢᠴᠢ ᠥᠪᠥᠷ ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠭᠡᠳᠦ ᠰᠢᠨ᠎ᠡ ᠮᠡᠷᠭᠡᠵᠢᠯ ᠤᠨ ᠭᠠᠵᠠᠷ ᠤᠨ ᠳᠠᠷᠤᠭ᠎ᠠ ᠳ᠋ᠢᠩ ᠱᠧᠩ ᠯᠢᠶᠠᠨ ᠵᠡᠷᠭᠡ ᠲᠤᠰᠬᠠᠶ | ᠮᠡᠷᠭᠡᠵᠢᠯᠲᠡᠳ ᠡᠷᠳᠡᠮᠲᠡᠳ ᠬᠤᠷᠠᠯ ᠳᠤ ᠣᠷᠣᠯᠴᠠᠭᠰᠠᠨ ᠰᠤᠷᠤᠭᠴᠢᠳ ᠲᠤ ᠲᠤᠰᠬᠠᠶ ᠰᠡᠳᠦᠪᠲᠦ ᠪᠣᠯᠪᠠᠰᠤᠷᠠᠭᠤᠯᠤᠯ | ᠬᠢᠵᠡᠢ᠃ | ᠬᠤᠷᠠᠯ ᠤᠨ ᠬᠤᠭᠤᠴᠠᠭᠠᠨ ᠳᠤ᠂ ᠪᠠᠰᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ | ᠮᠦᠴᠢᠷ ᠤᠳ ᠢ ᠴᠤᠭᠯᠠᠭᠤᠯᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠨ ᠠᠰᠢᠭᠯᠠᠬᠤ | ᠠᠵᠢᠯ ᠢ ᠰᠤᠳᠤᠯᠤᠨ ᠪᠠᠶᠢᠷᠢᠯᠠᠭᠤᠯᠪᠠ᠃ ᠡᠭᠦᠨ ᠤ ᠬᠠᠮᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ | ᠤᠳᠤᠷᠢᠳᠤᠯᠭ᠎ᠠ ᠶᠢᠨ ᠶᠠᠷᠢᠶ᠎ᠠ ᠶᠢ ᠲᠤᠤᠱᠯᠠᠭᠤᠯᠬᠤ ᠶᠢᠨ ᠲᠤᠭᠤᠷᠢᠨ ᠳᠤ᠂ ᠲᠤᠰ ᠲᠤᠰ ᠠᠶᠢᠮᠠᠭ ᠬᠤᠳᠠ ᠪᠣᠯᠤᠨ | ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠯᠤᠭ᠎ᠠ ᠰᠤᠯᠢᠯᠴᠠᠵᠤ | ᠶᠠᠷᠢᠯᠴᠠᠬᠤ ᠶᠢ ᠵᠣᠬᠢᠶᠠᠨ ᠪᠠᠶᠢᠭᠤᠯᠵᠤ᠂ ᠤᠯᠠᠨ ᠢᠶᠠᠷ ᠢᠶᠠᠨ ᠢᠳᠡᠪᠬᠢᠲᠡᠶ ᠪᠠᠷ ᠶᠠᠷᠢᠶ᠎ᠠ ᠲᠠᠯᠪᠢᠨ᠂ ᠡᠨᠡ ᠤᠳᠠᠭᠠᠨ ᠤ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠭᠦᠨᠵᠡᠭᠡᠶ ᠰᠤᠳᠤᠯᠤᠨ | ᠶᠠᠷᠢᠯᠴᠠᠵᠠᠶ᠃ ᠬᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ ᠬᠤᠷᠠᠯ ᠤᠨ ᠳᠠᠷᠠᠭ᠎ᠠ ᠵᠠᠪᠠᠯ ᠬᠤᠷᠠᠯ ᠤᠨ ᠵᠣᠷᠢᠭ | ᠰᠠᠨᠠᠭ᠎ᠠ ᠶᠣᠰᠣᠭᠠᠷ ᠡᠯᠧᠺᠲᠷᠤᠨ ᠵᠠᠰᠠᠭ ᠤᠨ ᠶᠠᠪᠣᠳᠠᠯ ᠤᠨ ᠣᠳᠣᠬᠠᠨ ᠤ ᠪᠣᠯᠣᠨ ᠬᠤᠶᠢᠰᠢᠳᠠ ᠶᠢᠨ ᠨᠢᠭᠡ | ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠨ᠎ᠡ ᠭᠡᠵᠡᠢ᠃ | |