ᠰᠢᠯᠢ ᠶᠢᠨ ᠭᠤᠣᠯ ᠤᠨ ᠲᠠᠯ᠎ᠠ ᠨᠤᠲᠤᠭ ︽ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠮᠣᠷᠢᠲᠤ | ᠡᠩᠨᠡᠭᠡ︾ ᠭᠠᠷᠤᠭᠰᠠᠨ ᠤ ᠳᠠᠷᠠᠭ᠎ᠠ᠂ ᠤᠶᠢᠷ᠎ᠠ ᠶᠢᠨ ᠡᠳᠦᠷ ᠪᠠᠰᠠ ︽ᠲᠦᠮᠡᠨ ᠲᠡᠮᠡᠭᠡ︾ ᠪᠠᠷ ᠤᠷᠲᠤ ᠴᠠᠭᠠᠨ | ᠬᠡᠷᠡᠮ ᠢ ᠬᠠᠮᠠᠭᠠᠯᠠᠬᠤ ᠠᠷᠭ᠎ᠠ ᠶᠢ ᠬᠡᠷᠡᠭᠵᠢᠭᠦᠯᠵᠦ᠂ ᠠᠷᠠᠳ ᠤᠯᠠᠨ ᠤ ᠠᠩᠬᠠᠷᠤᠯ ᠢ ᠲᠠᠲᠠᠪᠠ᠃ ︽ᠲᠦᠮᠡᠨ ᠲᠡᠮᠡᠭᠡ︾ | ᠪᠠᠷ ᠬᠠᠮᠠᠭᠠᠯᠠᠬᠤ ᠤᠷᠤᠨ ᠪᠣᠯ ᠦᠪᠦᠷ ᠮᠣᠩᠭᠤᠯ ᠤᠨ ᠳᠤᠮᠳᠠᠳᠤ ᠪᠠᠷᠠᠭᠤᠨ ᠬᠡᠰᠡᠭ ᠲᠤ ᠪᠠᠶᠢᠷᠢᠯᠠᠵᠤ ᠪᠠᠶᠢᠭ᠎ᠠ | ᠠᠯᠠᠱᠠ ᠠᠶᠢᠮᠠᠭ ᠪᠣᠯᠤᠨ᠎ᠠ᠂ ᠡᠨᠡ ᠭᠠᠵᠠᠷ ᠢ ᠪᠠᠰᠠ ︽ᠳᠤᠮᠳᠠᠳᠤ ᠤᠯᠤᠰ ᠤᠨ ᠲᠡᠮᠡᠭᠡ ᠶᠢᠨ ᠨᠤᠲᠤᠭ︾ ᠭᠡᠵᠦ | ᠬᠡᠯᠡᠳᠡᠭ᠃ ᠦᠪᠦᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ | ᠳ᠋ᠠ ᠹᠠᠩ ᠤᠨ ᠲᠠᠨᠢᠯᠴᠠᠭᠤᠯᠬᠤ ᠪᠠᠷ᠂ ᠠᠯᠠᠱᠠ ᠶᠢᠨ ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠲᠤᠬᠠᠢ ᠶᠢᠨ | ᠭᠠᠵᠠᠷ ᠤᠨ ᠮᠠᠯᠴᠢᠳ ᠭᠤᠪᠢ ᠳᠣᠲᠤᠷ᠎ᠠ ᠲᠦᠮᠡᠨ ᠲᠡᠮᠡᠭᠡ ᠮᠠᠯᠯᠠᠨ ᠦᠰᠭᠡᠵᠦ᠂ ᠡᠳᠦᠷ ᠳᠣᠲᠤᠮ ᠤᠨ ᠮᠠᠯᠵᠢᠬᠤ | ᠠᠮᠢᠳᠤᠷᠠᠯ ᠨᠢ ᠲᠡᠮᠡᠭᠡᠨ ᠠᠴᠠ ᠰᠠᠯᠵᠤ ᠳᠡᠶᠢᠯᠳᠡᠭ ᠦᠭᠡᠢ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠠᠰᠠᠭ ᠤᠨ | ᠤᠷᠳᠤᠨ ᠤ ᠰᠠᠯᠠᠭ᠎ᠠ ᠮᠦᠴᠢᠷ ᠤᠨ ᠳᠡᠮᠵᠢᠯᠭᠡ ᠳᠣᠣᠷ᠎ᠠ᠂ ᠦᠨᠳᠦᠰᠦᠨ ᠱᠠᠲᠤᠨ ᠤ ᠮᠠᠯᠴᠢᠳ ᠢ ᠣᠷᠤᠯᠴᠠᠭᠤᠯᠤᠭᠰᠠᠨ | ︽ᠲᠡᠮᠡᠭᠡᠨ ᠪᠦᠬᠦ ᠤᠷᠲᠤ ᠴᠠᠭᠠᠨ ᠬᠡᠷᠡᠮ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠡᠮᠡᠭᠡᠲᠦ ᠡᠩᠨᠡᠭᠡ︾ | ᠶᠢ ᠪᠠᠶᠢᠭᠤᠯᠵᠤ᠂ ᠭᠡᠰᠢᠭᠦᠳ ᠨᠢ 8 ᠰᠣᠮᠦ ᠠᠴᠠ ᠢᠷᠡᠵᠦ᠂ ᠨᠡᠶᠢᠲᠡ 31 ᠮᠠᠯᠴᠢᠨ ᠢᠶᠠᠷ ᠪᠦᠷᠢᠯᠳᠦᠵᠦ᠂ ᠠᠯᠠᠱᠠ | ᠵᠡᠭᠦᠨ ᠬᠤᠰᠢᠭᠤ ᠶᠢᠨ ᠬᠢᠯᠢ ᠳᠣᠲᠤᠷᠠᠬᠢ ᠮᠢᠩ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ᠂ ᠬᠠᠨ ᠤᠯᠤᠰ ᠤᠨ | ᠡᠷᠲᠡᠨ ᠤ ᠣᠩᠭᠤᠨ᠂ ᠪᠠᠷᠠᠭᠤᠨ ᠰᠢᠶᠠ ᠤᠯᠤᠰ ᠤᠨ ᠴᠢᠯᠠᠭᠤᠨ ᠠᠭᠤᠶ ᠶᠢᠨ ᠰᠦᠮ᠎ᠡ ᠵᠡᠷᠭᠡ 100 ᠭᠠᠷᠤᠢ | ᠭᠤᠣᠯᠳᠠᠯᠭᠠᠲᠤ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠬᠤ᠂ ᠤᠬᠠᠭᠤᠯᠬᠤ᠂ ᠲᠣᠭᠤᠷᠢᠨ ᠪᠠᠶᠢᠴᠠᠭᠠᠬᠤ ᠶᠢ | ᠬᠠᠷᠢᠴᠠᠭᠤᠯᠤᠭᠰᠠᠨ ᠪᠠᠶᠢᠨ᠎ᠠ᠃ | ᠠᠯᠠᠱᠠ ᠵᠡᠭᠦᠨ ᠬᠤᠰᠢᠭᠤ ᠳᠤ ᠪᠠᠶᠢᠬᠤ ᠮᠢᠩ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠤᠨ ᠬᠡᠰᠡᠭ | ᠲᠠᠬᠢ ᠨᠢᠩᠰᠢᠶᠠ ᠶᠢᠨ ᠢᠷᠭᠠᠢ ᠲᠠᠢ ᠨᠡᠶᠢᠯᠡᠵᠦ ᠪᠠᠶᠢᠭ᠎ᠠ ᠡᠷᠲᠡᠨ ᠤ ᠤᠷᠲᠤ ᠴᠠᠭᠠᠨ ᠬᠡᠷᠡᠮ ᠤᠨ ᠭᠤᠷᠪᠠᠨ ᠪᠤᠭᠤᠮᠲᠠ | ᠪᠣᠯ ᠬᠠᠮᠤᠭ ᠤᠨ ᠨᠡᠷᠡᠲᠡᠢ ᠶᠤᠮ᠃ ᠮᠢᠩ ᠤᠯᠤᠰ ᠤᠨ ᠬᠠᠭᠠᠨᠲᠤ ᠲᠥᠷᠥ ᠬᠢᠯᠢ ᠶᠢᠨ ᠬᠠᠮᠠᠭᠠᠯᠠᠯᠲᠠ ᠶᠢᠨ ᠠᠮᠤᠷ | ᠲᠦᠪᠰᠢᠨ ᠤ ᠲᠦᠯᠦᠭᠡ᠂ ᠭᠤᠷᠪᠠᠨ ᠪᠤᠭᠤᠮᠲᠠ ᠳᠤ ᠤᠷᠲᠤ ᠬᠡᠷᠡᠮ ︵ᠮᠢᠩ ᠤᠯᠤᠰ ᠤᠨ ᠦᠶ᠎ᠡ ᠳᠤ ᠬᠢᠯᠢ ᠶᠢᠨ | ᠬᠡᠷᠡᠮ ᠭᠡᠳᠡᠭ︶ ᠪᠠᠶᠢᠭᠤᠯᠤᠨ᠂ ᠬᠠᠪᠴᠢᠯ ᠪᠣᠭᠤᠮᠲᠠ ᠭᠠᠷᠭᠠᠵᠤ᠂ ᠲᠤᠬᠠᠢ ᠶᠢᠨ ᠦᠶ᠎ᠡ ᠶᠢᠨ ᠨᠢᠩᠰᠢᠶᠠ | ᠪᠠᠯᠭᠠᠰᠤ ᠶᠢᠨ ᠬᠤᠲᠠ ᠶᠢᠨ ᠬᠠᠮᠠᠭᠠᠯᠠᠯᠲᠠ ᠶᠢᠨ ︽ᠳᠦᠷᠪᠡᠨ ᠪᠡᠷᠬᠡ ᠪᠠᠷᠲᠠᠭᠠᠨ︾ ᠤ ᠨᠢᠭᠡ ᠪᠣᠯᠵᠤ᠂ ᠬᠤᠵᠢᠮ ᠨᠢ | ᠬᠡᠳᠦᠨᠲᠡ ᠵᠠᠰᠠᠵᠤ᠂ ᠨᠡᠮᠡᠨ ᠪᠠᠷᠢᠪᠠ᠃ ᠭᠤᠷᠪᠠᠨ ᠪᠤᠭᠤᠮᠲᠠ ᠶᠢᠨ ᠦᠷᠭᠦᠯᠵᠢᠯᠡᠭᠰᠡᠨ ᠬᠥᠨᠳᠡᠯᠡᠨ ᠭᠤᠯᠳᠤ ᠤᠷᠲᠤ | ᠬᠡᠷᠡᠮ ᠬᠢᠭᠡᠳ ᠰᠢᠷᠤᠢ ᠶᠢᠨ ᠲᠣᠪᠵᠢᠶᠠ᠂ ᠴᠣᠨᠵᠢ ᠨᠢ ᠵᠡᠭᠦᠨᠰᠢ ᠪᠠᠷᠠᠭᠤᠨᠰᠢ ᠪᠠᠨ ᠵᠠᠯᠭᠠᠯᠳᠤᠵᠤ᠂ ᠪᠠᠷᠠᠭᠤᠨᠰᠢ ᠪᠠᠨ | ᠶᠡᠭᠡ ᠭᠤᠪᠢ ᠶᠢ ᠡᠵᠡᠮᠳᠡᠵᠦ᠂ ᠬᠤᠭᠤᠯᠠᠢ ᠪᠠᠭᠠᠯᠵᠤᠤᠷ ᠢ ᠠᠳᠬᠤᠭᠰᠠᠨ ᠮᠡᠲᠦ ᠪᠠᠷᠲᠠᠭᠠᠲᠤ ᠵᠠᠮ ᠪᠣᠯᠤᠨ᠎ᠠ᠃ |