︵ᠳᠦᠷᠪᠡ︶  ᠰᠠᠭᠠᠯᠢ ᠶᠢᠨ ᠦᠨᠢᠶᠡᠨ ᠤ ᠨᠡᠶᠢᠳᠡ ᠶᠢᠨ ᠬᠦᠨᠦᠭᠡᠯ ᠦᠬᠡᠢ ᠲᠡᠵᠢᠭᠡᠯ ᠪᠤᠷᠳᠤᠭ᠎ᠠ ᠶᠢ ᠦᠢᠯᠡᠳᠪᠤᠷᠢᠯᠡᠬᠦ ᠮᠡᠷᠭᠡᠵᠢᠯ
ᠨᠡᠶᠢᠲᠡᠯᠡᠭᠰᠡᠨ ᠴᠠᠭ᠄
2015/11/16

      ᠲᠡᠵᠢᠭᠡᠯ ᠪᠤᠷᠳᠤᠭ᠎ᠠ ᠪᠤᠯ ᠰᠠᠭᠠᠯᠢ ᠶᠢᠨ ᠦᠨᠢᠶ᠎ᠠ ᠶᠢᠨ ᠦᠢᠯᠡᠰ ᠢ ᠬᠦᠭᠵᠢᠬᠦᠯᠬᠦ ᠶᠢᠨ ᠪᠤᠳᠠᠰ ᠤᠨ ᠰᠠᠭᠤᠷᠢ ᠮᠦᠨ᠃ ᠰᠠᠭᠠᠯᠢ ᠶᠢᠨ ᠦᠨᠢᠶᠠᠨ ᠤ ᠢᠳᠡᠰᠢᠯᠡᠭᠰᠡᠨ ᠲᠡᠵᠢᠭᠡᠯ ᠪᠤᠷᠳᠤᠭ᠎ᠠ ᠶᠢᠨ ᠰᠢᠮ᠎ᠠ ᠲᠡᠵᠢᠭᠡᠯ ᠨᠢ ᠤᠯᠠᠷᠢᠨ ᠬᠤᠪᠢᠷᠠᠭᠠᠳ ᠰᠦ ᠪᠤᠯᠵᠤ ᠤᠨᠳᠤᠷᠳᠠᠭ᠃ ᠲᠡᠵᠢᠬᠡᠯ ᠪᠤᠷᠳᠤᠭᠠᠨ ᠤ ᠲᠤᠭ᠎ᠠ ᠬᠡᠮᠵᠢᠶ᠎ᠠ᠂ ᠰᠢᠮ᠎ᠠ ᠲᠡᠵᠢᠭᠡᠯ ᠨᠢ ᠰᠠᠭᠠᠯᠢ ᠶᠢᠨ ᠦᠨᠢᠶᠡᠨ ᠤ ᠦᠰᠦᠯᠳᠡ ᠪᠤᠶᠢᠵᠢᠯᠳᠡ᠂ ᠰᠦᠨ ᠤ ᠶᠠᠰᠤ ᠴᠢᠨᠡᠷ ᠪᠤᠯᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠰᠢᠭᠤᠳ ᠨᠦᠯᠦᠭᠡᠯᠡᠵᠤ᠂ ᠴᠢᠨᠠᠭᠰᠢᠯᠠᠪᠠᠯ ᠬᠦᠮᠦᠨ ᠲᠦᠷᠦᠯᠬᠢᠳᠡᠨ ᠤ ᠡᠷᠡᠭᠦᠯ ᠮᠡᠨᠳᠤ ᠪᠠ ᠤᠷᠤᠰᠢᠨ ᠲᠤᠭᠳᠠᠨᠢᠬᠤ ᠶᠢ ᠰᠦᠷᠳᠡᠭᠦᠯᠳᠡᠭ ᠶᠤᠮ᠃ ᠠᠶᠤᠯ ᠦᠬᠡᠢ ᠪᠦᠭᠡᠳ ᠨᠡᠶᠢᠳᠡ ᠶᠢᠨ ᠬᠦᠨᠦᠬᠡᠯ ᠦᠬᠡᠢ ᠦᠨᠢᠶᠠᠨ ᠰᠦ ᠶᠢᠨ ᠬᠡᠷᠡᠭᠯᠡᠬᠡᠨ ᠨᠢ ᠰᠠᠭᠠᠯᠢ ᠶᠢᠨ ᠦᠨᠢᠶ᠎ᠠ ᠮᠠᠯᠵᠢᠬᠤ ᠦᠢᠯᠡᠰ ᠲᠤ ᠨᠡᠩ ᠦᠨᠳᠦᠷ ᠱᠠᠭᠠᠷᠳᠠᠯᠭ᠎ᠠ ᠲᠤᠷᠠᠳᠴᠤ᠂ ᠦᠯᠡᠮᠵᠢ ᠦᠷ᠎ᠡ ᠠᠰᠢᠭ ᠲᠠᠢ᠂ ᠠᠶᠤᠯ ᠦᠬᠡᠢ᠂ ᠨᠡᠶᠢᠳᠡ ᠶᠢᠨ ᠬᠦᠨᠦᠬᠡᠯ ᠦᠬᠡᠢ ᠰᠠᠭᠠᠯᠢ ᠶᠢᠨ ᠦᠨᠢᠶ᠎ᠠ ᠶᠢ ᠮᠠᠯᠵᠢᠬᠤ ᠦᠢᠯᠡᠰ ᠤᠨ ᠬᠦᠭᠵᠢᠯᠳᠡ ᠶᠢ ᠠᠬᠢᠭᠤᠯᠤᠭᠰᠠᠨ ᠪᠠᠶᠢᠨ᠎ᠠ᠃ ᠡᠶᠢᠮᠤ ᠠᠴᠠ ᠨᠡᠶᠢᠳᠡ ᠶᠢᠨ ᠬᠦᠨᠦᠬᠡᠯ ᠦᠬᠡᠢ ᠲᠡᠵᠢᠭᠡᠯ ᠪᠤᠷᠳᠤᠭ᠎ᠠ ᠶᠢ ᠦᠢᠯᠡᠳᠪᠤᠷᠢᠯᠡᠬᠦ ᠨᠢ ᠲᠤᠯᠭᠠᠮ᠎ᠠ ᠰᠢᠢᠳᠪᠤᠷᠢᠯᠡᠬᠦᠰᠢᠲᠠᠢ ᠠᠰᠠᠭᠤᠳᠠᠯ ᠪᠤᠯᠤᠭᠠᠳ ᠪᠠᠶᠢᠨ᠎ᠠ᠃

      1. ᠲᠡᠵᠢᠬᠡᠯ ᠪᠤᠷᠳᠤᠭ᠎ᠠ ᠶᠢᠨ ᠲᠦᠷᠦᠯ ᠬᠤᠪᠢᠶᠠᠷᠢᠯᠡᠯ ᠪᠠ ᠲᠡᠭᠦᠨ ᠤ ᠰᠢᠮ᠎ᠠ ᠲᠡᠵᠢᠭᠡᠯ ᠤᠨ ᠤᠨᠴᠠᠯᠢᠭ
       ᠲᠡᠵᠢᠭᠡᠯ ᠪᠤᠷᠳᠤᠭ᠎ᠠ ᠶᠢ ᠲᠦᠷᠦᠯ ᠬᠤᠪᠢᠶᠠᠬᠤ ᠳᠤ ᠭᠤᠤᠯ ᠨᠢ ᠲᠡᠵᠢᠭᠡᠯ ᠪᠤᠷᠳᠤᠭ᠎ᠠ ᠶᠢᠨ ᠢᠷᠡᠯᠳᠡ᠂ ᠬᠡᠯᠪᠡᠷᠢ᠂ ᠬᠢᠮᠢ ᠶᠢᠨ ᠪᠦᠷᠢᠯᠳᠦᠬᠦᠨ ᠪᠤᠯᠤᠨ ᠰᠢᠮ᠎ᠠ ᠲᠡᠵᠢᠭᠡᠯ ᠤᠨ ᠦᠨ᠎ᠠ ᠴᠠᠨ᠎ᠠ ᠵᠡᠷᠭᠡ ᠶᠢ ᠦᠨᠳᠦᠰᠦᠯᠠᠨ ᠶᠡᠷᠤᠩᠭᠡᠶᠢᠯᠡᠭᠰᠡᠨ ᠴᠢᠨᠡᠷᠳᠡᠢ ᠲᠦᠷᠦᠯ ᠬᠤᠪᠢᠶᠡᠳᠠᠭ᠃ ᠮᠡᠳᠡᠭᠡ ᠵᠠᠩᠭᠢ ᠪᠠ ᠮᠡᠷᠭᠡᠵᠢᠯ ᠤᠨ ᠬᠦᠭᠵᠢᠯᠳᠡ ᠶᠢ ᠲᠠᠭᠠᠯᠳᠤᠨ ᠲᠡᠵᠢᠬᠡᠯ ᠪᠤᠷᠳᠤᠭ᠎ᠠ ᠶᠢᠨ ᠲᠤᠭ᠎ᠠ ᠪᠠᠷᠢᠮᠳᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠬᠤ ᠶᠢᠨ ᠲᠦᠯᠦᠭᠡ ᠮᠠᠨ ᠤ ᠤᠯᠤᠰ 20 ᠳ᠋ᠤᠭᠠᠷ ᠵᠠᠭᠤᠨ ᠤ ᠨᠠᠶᠠᠭᠠᠳ ᠤᠨ ᠠᠴᠠ ᠡᠬᠢᠯᠡᠨ ᠲᠡᠵᠢᠬᠡᠯ ᠪᠤᠷᠳᠤᠭ᠎ᠠ ᠶᠢ ᠨᠤᠮᠧᠷᠯᠡᠨ ᠳ᠋ᠤᠭᠠᠷᠯᠠᠵᠤ ᠲᠦᠷᠦᠯ ᠬᠤᠪᠢᠶᠠᠬᠤ ᠲᠤᠭᠳᠠᠯᠴᠠᠭ᠎ᠠ ᠶᠢ ᠪᠠᠶᠢᠭᠤᠯᠤᠭᠰᠠᠨ ᠪᠠᠶᠢᠨ᠎ᠠ᠃ ᠡᠨᠡ ᠬᠦ ᠲᠤᠭᠳᠠᠯᠴᠠᠭ᠎ᠠ ᠨᠢ ᠲᠡᠯᠡᠬᠡᠢ ᠶᠢᠨ ᠨᠡᠶᠢᠳᠡᠮ ᠬᠡᠷᠡᠭᠯᠡᠬᠡᠨ ᠤ ᠲᠦᠷᠦᠯ ᠬᠤᠪᠢᠶᠠᠬᠤ ᠵᠠᠷᠴᠢᠮ ᠢ ᠦᠨᠳᠦᠰᠦᠯᠡᠨ ᠲᠡᠵᠢᠬᠡᠯ ᠪᠤᠷᠳᠤᠭ᠎ᠠ ᠶᠢ ᠨᠠᠢᠮᠠᠨ ᠶᠡᠭᠡ ᠲᠦᠷᠦᠯ ᠳᠤ ᠬᠤᠪᠢᠶᠠᠵᠡᠢ᠃ ᠲᠤᠬᠠᠶᠢᠯᠠᠪᠠᠯ ᠪᠦᠳᠦᠬᠦᠯᠢᠭ ᠪᠤᠷᠳᠤᠭ᠎ᠠ᠂ ᠬᠦᠬᠡ ᠪᠤᠷᠳᠤᠭ᠎ᠠ᠂ ᠬᠦᠬᠡ ᠳᠠᠷᠤᠰᠢ ᠪᠤᠷᠳᠤᠭ᠎ᠠ᠂ ᠡᠨᠧᠷᠬᠢ ᠶᠢᠨ ᠪᠤᠷᠳᠤᠭ᠎ᠠ᠂ ᠤᠭᠤᠷᠠᠭᠳᠤ ᠪᠤᠷᠳᠤᠭ᠎ᠠ᠂ ᠮᠢᠨᠧᠷᠡᠯ ᠪᠤᠷᠳᠤᠭ᠎ᠠ᠂ ᠸᠢᠲ᠋ᠠᠮᠢᠨ ᠪᠤᠷᠳᠤᠭ᠎ᠠ ᠪᠠ ᠨᠡᠮᠡᠯᠳᠡ ᠡᠳ᠋ ᠤᠨ ᠪᠤᠷᠳᠤᠭ᠎ᠠ ᠪᠤᠯᠤᠨ᠎ᠠ᠃

      ︵1︶ ᠪᠦᠳᠦᠬᠦᠯᠢᠭ ᠪᠤᠷᠳᠤᠭ᠎ᠠ᠂ ᠲᠡᠵᠢᠭᠡᠯ ᠪᠤᠷᠳᠤᠭᠠᠨ ᠤ ᠬᠠᠭᠤᠷᠠᠢ ᠡᠳ᠋ ᠤᠨ ᠲᠤᠲᠤᠷ᠎ᠠ ᠪᠦᠳᠦᠬᠦᠯᠢᠭ ᠰᠢᠷᠬᠡᠭᠯᠢᠭ ᠤᠨ ᠠᠭᠤᠯᠤᠭᠳᠠᠴᠠ ᠨᠢ 18% ᠪᠠᠶᠢᠵᠤ᠂ ᠬᠠᠳᠠᠭᠠᠭᠰᠠᠨ ᠪᠤᠳᠠᠰ ᠢᠶᠠᠷ ᠲᠡᠵᠢᠬᠡᠬᠦ ᠪᠤᠷᠳᠤᠭ᠎ᠠ ᠶᠢ ᠪᠦᠳᠦᠬᠦᠯᠢᠭ ᠪᠤᠷᠳᠤᠭ᠎ᠠ ᠬᠡᠨ᠎ᠡ᠃ ᠪᠦᠳᠦᠬᠦᠯᠢᠭ ᠪᠤᠷᠳᠤᠭ᠎ᠠ ᠳᠤ ᠬᠠᠭᠤᠷᠠᠢ ᠡᠪᠡᠰᠤ᠂ ᠲᠠᠷᠢᠮᠠᠯ ᠤᠨ ᠡᠰᠢ ᠰᠦᠷᠡᠯ᠂ ᠴᠤᠤᠬᠠᠯ᠂ ᠵᠠᠯ᠎ᠠ ᠤᠷᠢᠶᠠᠩᠭᠤ᠂ ᠪᠤᠷᠴᠠᠭ ᠵᠢᠮᠢᠰ ᠤᠨ ᠬᠠᠯᠢᠰᠤ ᠵᠡᠷᠭᠡ ᠪᠠᠭᠳᠠᠨ᠎ᠠ᠃ ᠪᠦᠳᠦᠬᠦᠯᠢᠭ ᠪᠤᠷᠳᠤᠭ᠎ᠠ ᠨᠢ ᠰᠢᠮ᠎ᠠ ᠲᠡᠵᠢᠬᠡᠯ ᠢᠶᠠᠷ ᠪᠠᠭ᠎ᠠ ᠪᠠᠶᠢᠳᠠᠭ ᠪᠤᠯᠪᠠᠴᠤ ᠰᠠᠭᠠᠯᠢ ᠶᠢᠨ ᠦᠨᠢᠶᠠᠨ ᠤ ᠡᠳᠦᠷ ᠲᠤᠲᠤᠮ ᠤᠨ ᠪᠤᠷᠳᠤᠭᠠᠨ ᠳᠤ ᠨᠢ ᠵᠤᠬᠢᠬᠤ ᠬᠠᠷᠢᠴᠠᠯ ᠢ ᠡᠵᠡᠯᠡᠳᠡᠭ ᠴᠢᠬᠤᠯᠠ ᠲᠡᠵᠢᠬᠡᠯ ᠪᠤᠷᠳᠤᠭ᠎ᠠ ᠶᠢᠨ ᠢᠷᠡᠯᠳᠡ ᠪᠤᠯᠤᠨ᠎ᠠ᠃

       ᠪᠦᠳᠦᠬᠦᠯᠢᠭ ᠪᠤᠷᠳᠤᠭ᠎ᠠ ᠶᠢᠨ ᠰᠢᠮ᠎ᠠ ᠲᠡᠵᠢᠬᠡᠯ ᠨᠢ ᠲᠦᠷᠪᠡᠨ ᠤᠨᠴᠠᠯᠢᠭ ᠲᠠᠢ᠃

        ᠨᠢᠭᠡ᠂ ᠪᠦᠳᠦᠬᠦᠯᠢᠭ ᠰᠢᠷᠬᠡᠭᠯᠢᠭ ᠤᠨ ᠠᠭᠤᠯᠤᠭᠳᠠᠴᠨ ᠪᠠᠷ ᠦᠨᠳᠦᠷ ᠪᠠᠶᠢᠵᠤ᠂ ᠠᠽᠤᠲ ᠦᠬᠡᠢ ᠡᠳ᠋ ᠨᠢ ᠰᠢᠩᠬᠡᠬᠦ ᠳᠤ ᠪᠡᠷᠬᠡ ᠪᠠᠶᠢᠳᠠᠭ᠃ ᠬᠠᠭᠤᠷᠠᠢ ᠡᠪᠡᠰᠤᠨ ᠤ ᠪᠦᠳᠦᠬᠦᠯᠢᠭ ᠰᠢᠷᠬᠡᠭᠯᠢᠭ ᠤᠨ ᠠᠭᠤᠯᠤᠭᠳᠠᠴᠨ ᠨᠢ 25%~30% ᠪᠠᠶᠢᠵᠤ᠂ ᠲᠠᠷᠢᠶᠠᠨ ᠡᠰᠢ ᠰᠦᠷᠡᠯ ᠪᠤᠯᠤᠨ ᠪᠤᠷᠴᠠᠭ ᠤᠨ ᠬᠠᠯᠢᠰᠤ ᠶᠢᠨ ᠬᠢᠨᠢ 25% ᠪᠠᠶᠢᠳᠠᠭ᠃

       ᠬᠤᠶᠠᠷ᠂ ᠪᠦᠳᠦᠬᠦᠯᠢᠭ ᠤᠭᠤᠷᠠᠭ ᠤᠨ ᠠᠭᠤᠯᠤᠭᠳᠠᠴᠨ ᠪᠠᠷ ᠲᠤᠩ ᠪᠠᠭ᠎ᠠ ᠪᠠᠶᠢᠳᠠᠭ᠃ ᠪᠤᠷᠴᠠᠭ ᠤᠨ ᠲᠦᠷᠦᠯ ᠤᠨ ᠡᠪᠡᠰᠤᠨ ᠤ ᠤᠭᠤᠷᠠᠭ ᠤᠨ ᠠᠭᠤᠯᠤᠭᠳᠠᠴᠨ ᠨᠢ 10%~19%᠂ ᠦᠶᠡᠳᠤ ᠤᠷᠭᠤᠮᠠᠯ ᠤᠨ ᠢᠵᠡᠭᠤᠷ ᠤᠨ ᠡᠪᠡᠰᠤᠨ ᠤ ᠬᠢᠨᠢ 6%~10%᠂ ᠲᠡᠷᠢᠶᠠᠨ ᠡᠰᠢ ᠰᠦᠷᠡᠯ᠂ ᠪᠤᠷᠴᠠᠭ ᠤᠨ ᠬᠠᠯᠢᠰᠤ ᠶᠢᠨ ᠬᠢᠨᠢ 3%~5% ᠯᠡ ᠪᠠᠶᠢᠵᠤ᠂ ᠲᠠᠷᠢᠶᠠᠨ ᠡᠰᠢ ᠰᠦᠷᠡᠯ ᠪᠤᠯᠤᠨ ᠴᠤᠤᠬᠠᠯ ᠤᠨ ᠬᠠᠯᠢᠰᠤᠨ ᠲᠤᠲᠤᠷᠡᠬᠢ ᠪᠦᠳᠦᠬᠦᠯᠢᠭ ᠤᠭᠤᠷᠠᠭ ᠨᠢ ᠪᠠᠰᠠ ᠰᠢᠩᠬᠡᠬᠦ ᠳᠤ ᠮᠠᠰᠢ ᠪᠡᠷᠬᠡ ᠲᠠᠢ ᠶᠤᠮ᠃

       ᠭᠤᠷᠪᠠ᠂ ᠺᠠᠯᠼ ᠤᠨ ᠠᠭᠤᠯᠤᠭᠳᠠᠴᠠ ᠪᠠᠷ ᠦᠨᠳᠤᠷ᠂ ᠹᠤᠰᠹᠤᠷ ᠤᠨ ᠠᠭᠤᠯᠤᠭᠳᠠᠴᠠ ᠪᠠᠷ ᠪᠠᠭ᠎ᠠ ᠪᠠᠶᠢᠳᠠᠭ᠃ ᠰᠢᠬᠢᠷᠯᠢᠭ ᠲᠦᠮᠤᠰᠤ ᠶᠢᠨ ᠺᠠᠯᠼ ᠤᠨ ᠠᠭᠤᠯᠤᠭᠳᠠᠴᠠ ᠨᠢ 2% ᠠᠴᠠ ᠲᠡᠭᠡᠭᠰᠢ᠂ ᠪᠤᠷᠴᠠᠭ ᠤᠨ ᠲᠦᠷᠦᠯ ᠤᠨ ᠬᠠᠭᠤᠷᠠᠢ ᠡᠪᠡᠰᠤᠨ ᠤ ᠬᠢ 1.5% ᠤᠷᠴᠢᠮ᠂ ᠦᠶᠡᠳᠤ ᠤᠷᠭᠤᠮᠠᠯ ᠤᠨ ᠢᠵᠡᠭᠤᠷ ᠤᠨ ᠬᠠᠭᠤᠷᠠᠢ ᠡᠪᠡᠰᠤ ᠪᠤᠯᠤᠨ ᠡᠰᠢ ᠰᠦᠷᠠᠯ ᠤᠨ ᠬᠢᠨᠢ ᠺᠠᠯᠼ ᠤᠨ ᠠᠭᠤᠯᠤᠭᠳᠠᠴᠠ ᠨᠢ 0.2%~0.4% ᠪᠠᠶᠢᠳᠠᠭ᠂ ᠡᠯ᠎ᠡ ᠲᠦᠷᠦᠯ ᠤᠨ ᠬᠠᠭᠤᠷᠠᠢ ᠡᠪᠡᠰᠤᠨ ᠤ ᠹᠤᠰᠹᠤᠷ ᠤᠨ ᠠᠭᠤᠯᠤᠭᠳᠠᠴᠠ ᠨᠢ 0.15%~0.3% ᠪᠠᠶᠢᠳᠠᠭ᠂ ᠪᠦᠳᠦᠬᠦᠯᠢᠭ ᠪᠤᠷᠳᠤᠭᠠᠨ ᠳᠤ ᠺᠠᠯᠢ ᠶᠢᠨ ᠠᠭᠤᠯᠤᠭᠳᠠᠴᠠ ᠨᠢ ᠮᠠᠰᠢ ᠦᠨᠳᠦᠷ ᠪᠠᠶᠢᠳᠠᠭ ᠪᠤᠯᠬᠤᠷ ᠦᠭᠡᠷ ᠲᠡᠵᠢᠭᠡᠬᠦ ᠳᠤ ᠮᠠᠰᠢ ᠲᠤᠬᠢᠷᠠᠮᠵᠢᠳᠡᠢ ᠶᠤᠮ᠃

      ᠲᠦᠷᠪᠡ᠂ ᠸᠢᠲ᠋ᠠᠮᠢᠨ ᠤ ᠠᠭᠤᠯᠤᠭᠳᠠᠴᠨ ᠪᠠᠷ ᠡᠯᠪᠡᠭ ᠪᠠᠶᠢᠳᠠᠭ᠃ ᠺᠢᠯᠦᠭᠷᠡᠮ ᠪᠦᠷᠢ ᠳᠡᠭᠡᠨ ᠰᠢᠷ᠎ᠠ ᠯᠤᠤᠪᠠᠩ ᠤᠨ ᠡᠳ᠋ 16mg ᠪᠠᠶᠢᠳᠠᠭ᠃ ᠬᠠᠭᠤᠷᠠᠢ ᠡᠪᠡᠰᠤᠨ ᠳᠤ ᠵᠤᠬᠢᠬᠤ ᠬᠡᠮᠵᠢᠶᠡᠨ ᠤ B ᠲᠦᠷᠦᠯ ᠤᠨ ᠸᠢᠲ᠋ᠠᠮᠢᠨ ᠠᠭᠤᠯᠤᠭᠳᠠᠵᠦ᠂ ᠡᠬᠦᠨ ᠳᠤ ᠪᠤᠷᠴᠠᠭ ᠤᠨ ᠬᠠᠯᠢᠰᠤ ᠪᠤᠯᠤᠨ ᠴᠠᠷᠭᠠᠰᠤ ᠶᠢᠨ ᠬᠠᠳᠠᠮᠠᠯ ᠳᠤ ᠸᠢᠲ᠋ᠠᠮᠢᠨ B2 ᠮᠠᠰᠢ ᠦᠨᠳᠦᠷ ᠠᠭᠤᠯᠤᠭᠳᠠᠵᠦ᠂ ᠺᠢᠯᠦᠭᠷᠡᠮ ᠪᠦᠷᠢ ᠳᠤ 16mg ᠤᠷᠴᠢᠮ ᠪᠠᠶᠢᠳᠠᠭ᠃ ᠬᠡᠬᠦ ᠳᠡᠭᠡᠨ ᠲᠠᠷᠢᠶᠠᠨ ᠡᠰᠢ ᠰᠦᠷᠡᠯ ᠤᠨ ᠪᠤᠷᠳᠤᠭ᠎ᠠ ᠳᠤ B ᠲᠦᠷᠦᠯ ᠤᠨ ᠸᠢᠲ᠋ᠠᠮᠢᠨ ᠲᠤᠳᠠᠮᠠᠭ ᠪᠠᠶᠢᠳᠠᠭ᠃

       ︵2︶ ᠬᠦᠬᠡ ᠪᠤᠷᠳᠤᠭ᠎ᠠ᠂ ᠬᠦᠬᠡ ᠪᠤᠷᠳᠤᠭ᠎ᠠ ᠬᠡᠳᠡᠭ ᠨᠢ ᠤᠰᠤᠨ ᠤ
      ᠠᠭᠤᠯᠤᠭᠳᠠᠴᠠ ᠨᠢ 45% ᠠᠴᠠ ᠦᠨᠳᠦᠷ ᠪᠠᠶᠢᠳᠠᠭ ᠰᠢᠨ᠎ᠠ ᠰᠤᠷᠭᠤᠭ ᠲᠠᠷᠢᠮᠠᠯ ᠡᠪᠡᠰᠤ ᠪᠤᠯᠤᠨ ᠬᠠᠳᠤᠯᠠᠩ ᠡᠪᠡᠰᠤ᠂ ᠵᠡᠷᠯᠢᠭ ᠡᠪᠡᠰᠤ᠂ ᠨᠠᠪᠴᠢᠳᠤ ᠨᠤᠭᠤᠭ᠎ᠠ ᠶᠢᠨ ᠲᠦᠷᠦᠯ ᠤᠨ ᠪᠤᠷᠳᠤᠭ᠎ᠠ᠂ ᠵᠡᠯ᠎ᠡ ᠤᠷᠢᠶᠠᠩᠭᠤ ᠪᠤᠯᠤᠨ ᠪᠤᠯᠪᠠᠰᠤᠷᠠᠭᠠᠳᠤᠢ ᠲᠠᠷᠢᠮᠠᠯ ᠤᠨ ᠵᠦᠢᠯ ᠢ ᠵᠢᠭᠠᠵᠤ ᠪᠠᠶᠢᠨ᠎ᠠ᠃

      ᠬᠦᠬᠡ ᠪᠤᠷᠳᠤᠭ᠎ᠠ ᠶᠢᠨ ᠰᠢᠮ᠎ᠠ ᠲᠡᠵᠢᠬᠡᠯ ᠨᠢ ᠲᠦᠷᠪᠡᠨ ᠲᠠᠯ᠎ᠠ ᠶᠢᠨ ᠤᠨᠴᠠᠯᠢᠭ ᠲᠠᠢ᠃

     ᠨᠢᠭᠡ᠂ ᠪᠦᠳᠦᠬᠦᠯᠢᠭ ᠤᠭᠤᠷᠠᠭ ᠤᠨ ᠠᠭᠤᠯᠤᠭᠳᠠᠴᠠ ᠪᠠᠷ ᠡᠯᠪᠡᠭ᠂ ᠲᠦᠷᠦᠯ ᠴᠢᠨᠠᠷ ᠨᠢ ᠰᠠᠶᠢᠨ᠂ ᠠᠮᠢᠳᠤ ᠪᠤᠳᠠᠰ ᠤᠨ ᠰᠣᠳᠣᠯᠣᠯ ᠤᠨ ᠦᠨ᠎ᠡ ᠴᠠᠨ᠎ᠠ ᠪᠠᠷ ᠦᠨᠳᠦᠷ ᠪᠠᠶᠢᠳᠠᠭ᠃

      ᠬᠤᠶᠠᠷ᠂ ᠸᠢᠲ᠋ᠠᠮᠢᠨ ᠤ ᠠᠭᠤᠯᠤᠭᠳᠠᠴᠠ ᠪᠠᠷ ᠡᠯᠪᠡᠭ ᠪᠠᠶᠢᠳᠠᠭ᠃

      ᠭᠤᠷᠪᠠ᠂ ᠺᠠᠯᠼ᠂ ᠹᠤᠰᠹᠤᠷ ᠤᠨ ᠠᠭᠤᠯᠤᠭᠳᠠᠴᠠ ᠪᠠᠷ ᠠᠨᠠᠢ ᠪᠠᠶᠢᠳᠠᠭ᠃

      ᠲᠦᠷᠪᠡ᠂ ᠠᠽᠤᠲ ᠦᠬᠡᠢ ᠵᠦᠢᠯ ᠤᠨ ᠠᠭᠤᠯᠤᠭᠳᠠᠴᠠ ᠪᠠᠷ ᠨᠡᠯᠢᠶᠠᠳ ᠦᠨᠳᠦᠷ᠂ ᠪᠦᠳᠦᠭᠦᠯᠢᠭ ᠰᠢᠷᠬᠡᠭᠯᠢᠭ ᠨᠢ ᠪᠠᠭ᠎ᠠ ᠪᠠᠶᠢᠵᠤ᠂ ᠰᠠᠭᠠᠯᠢ ᠶᠢᠨ ᠦᠨᠢᠶ᠎ᠠ ᠠᠮᠠᠷᠬᠠᠨ ᠰᠢᠩᠭᠡᠭᠡᠵᠤ ᠰᠢᠮᠡᠵᠢᠭᠦᠯᠳᠡᠭ᠃

      ᠬᠦᠬᠡ ᠪᠤᠷᠳᠤᠭ᠎ᠠ ᠶᠢᠨ ᠤᠷᠭᠤᠯᠳᠠ ᠶᠢᠨ ᠱᠠᠳᠤ ᠨᠢ ᠠᠳᠠᠯᠢ ᠦᠬᠡᠢ ᠠᠴᠠ ᠪᠤᠯᠵᠤ ᠰᠢᠮ᠎ᠠ ᠲᠡᠵᠢᠬᠡᠯ ᠨᠢ ᠴᠤ ᠶᠡᠬᠡᠳᠡ ᠵᠦᠷᠢᠶ᠎ᠠ ᠲᠠᠢ ᠪᠠᠶᠢᠳᠠᠭ᠃ ᠵᠢᠱᠢᠶᠠᠯᠠᠪᠠᠯ ᠬᠠᠳᠤᠵᠤ ᠬᠤᠷᠢᠶᠠᠬᠤ ᠴᠠᠭ ᠢ ᠤᠨᠤᠪᠴᠢᠳᠡᠢ ᠡᠵᠡᠮᠰᠢᠭᠰᠡᠨ ᠦᠬᠡᠢ ᠠᠴᠠ ᠲᠡᠬᠦᠨ ᠤ ᠰᠢᠮ᠎ᠠ ᠲᠡᠵᠢᠬᠡᠯ ᠢ ᠨᠦᠯᠦᠭᠡᠯᠡᠳᠡᠭ᠃ ᠬᠡᠳᠤᠷᠬᠡᠢ ᠡᠷᠳᠡ ᠬᠠᠳᠤᠵᠦ ᠬᠤᠷᠢᠶᠠᠪᠠᠯ ᠲᠡᠵᠢᠭᠡᠯ ᠪᠤᠷᠳᠤᠭ᠎ᠠ ᠨᠢ ᠨᠢᠯᠬ᠎ᠠ ᠵᠦᠬᠡᠯᠡᠨ᠂ ᠤᠰᠤᠷᠬᠠᠭ᠂ ᠤᠨᠠᠯᠳᠠ ᠨᠢ ᠲᠤᠤᠷ᠎ᠠ᠂ ᠰᠢᠮ᠎ᠠ ᠲᠡᠵᠢᠬᠡᠯ ᠨᠢ ᠠᠨᠠᠢ ᠪᠠᠶᠢᠳᠠᠭ᠃ ᠬᠡᠳᠦᠷᠭᠡᠢ ᠤᠷᠤᠢ ᠬᠠᠳᠤᠵᠤ ᠬᠤᠷᠢᠶᠠᠪᠠᠯ ᠪᠦᠳᠦᠬᠦᠯᠢᠭ ᠰᠢᠷᠬᠡᠭᠯᠢᠭ ᠢᠶᠠᠷ ᠦᠨᠳᠦᠷ᠂ ᠰᠢᠩᠭᠡᠭᠡᠯᠳᠡ ᠶᠢᠨ ᠨᠤᠷᠮ᠎ᠠ ᠨᠢ ᠲᠤᠷᠤᠭᠰᠢᠯᠠᠳᠠᠭ᠃ ᠶᠡᠷᠤᠩᠬᠡᠢ ᠳᠡᠭᠡᠨ ᠲᠦᠷᠤᠬᠦᠳᠤᠬᠦ ᠪᠡ ᠴᠡᠴᠡᠭ ᠲᠡᠯᠭᠡᠷᠡᠬᠦ ᠠᠴᠠ ᠡᠮᠤᠨ᠎ᠠ ᠰᠢᠮ᠎ᠠ ᠲᠡᠵᠢᠬᠡᠯ ᠨᠢ ᠮᠠᠰᠢ ᠦᠨᠳᠦᠷ ᠶᠤᠮ᠃ ᠡᠶᠢᠮᠤ ᠠᠴᠠ ᠵᠤᠬᠢᠬᠤ ᠬᠤᠭᠤᠴᠠᠭᠠᠨ ᠳᠤᠨᠢ ᠬᠠᠳᠤᠵᠦ ᠬᠤᠷᠢᠶᠠᠬᠤ ᠪᠠ ᠵᠤᠬᠢᠰᠳᠡᠢ ᠠᠰᠢᠭᠯᠠᠬᠤ ᠨᠢ ᠬᠦᠬᠡ ᠪᠤᠷᠳᠤᠭ᠎ᠠ ᠶᠢᠨ ᠰᠢᠮ᠎ᠠ ᠲᠡᠵᠢᠬᠡᠯ ᠢ ᠲᠡᠭᠡᠭᠰᠢᠯᠡᠬᠦᠯᠬᠦ ᠶᠢᠨ ᠪᠦᠳᠦᠮᠵᠢᠳᠡᠢ ᠠᠷᠭ᠎ᠠ ᠬᠡᠮᠵᠢᠶ᠎ᠠ ᠪᠤᠯᠤᠨ᠎ᠠ᠃

      ︵3︶ ᠬᠦᠬᠡ ᠲᠠᠷᠤᠰᠢ ᠪᠤᠷᠳᠤᠭ᠎ᠠ᠂ ᠬᠦᠬᠡ ᠳᠠᠷᠤᠰᠢ ᠪᠤᠷᠳᠤᠭ᠎ᠠ ᠪᠤᠯ ᠬᠦᠬᠡ ᠪᠤᠷᠳᠤᠭ᠎ᠠ ᠶᠢ ᠬᠦᠴᠢᠯᠳᠦ᠋ᠷᠦᠭᠴᠢᠯᠡᠬᠦ ᠨᠦᠬᠦᠴᠡᠯ ᠲᠤᠤᠷ᠎ᠠ ᠰᠦᠨ ᠬᠦᠴᠢᠯ ᠤᠨ ᠪᠠᠺᠲ᠋ᠧᠷᠢ ᠪᠠᠷ ᠢᠰᠦᠯᠳᠦᠬᠦᠯᠦᠭᠰᠡᠨ ᠬᠠᠳᠠᠭᠠᠯᠠᠬᠤ ᠳᠤ ᠲᠦᠬᠦᠮ ᠨᠢᠭᠡ ᠵᠦᠢᠯ ᠤᠨ ᠪᠤᠷᠳᠤᠭ᠎ᠠ ᠪᠤᠯᠤᠨ᠎ᠠ᠃ ᠬᠦᠬᠡ ᠳᠠᠷᠤᠰᠢ ᠪᠤᠷᠳᠤᠭ᠎ᠠ ᠨᠢ ᠨᠢᠯᠬ᠎ᠠ ᠵᠦᠭᠡᠯᠡᠨ ᠰᠢᠭᠦᠰᠦ ᠰᠠᠶᠢᠳᠠᠢ᠂ ᠦᠨᠦᠷ ᠠᠮᠳᠠᠳᠠᠢ ᠪᠠᠶᠢᠳᠠᠭ ᠲᠤᠯᠠ ᠰᠠᠭᠠᠯᠢ ᠶᠢᠨ ᠦᠨᠢᠶ᠎ᠠ ᠶᠢ ᠤᠷᠳᠤ ᠬᠤᠭᠤᠴᠠᠭ᠎ᠠ ᠪᠠᠷ ᠲᠡᠵᠢᠭᠡᠬᠦ ᠳᠤ ᠲᠤᠳᠠᠭᠳᠠᠵᠤ ᠪᠤᠯᠤᠰᠢ ᠦᠬᠡᠢ ᠴᠢᠬᠤᠯᠠ ᠪᠤᠷᠳᠤᠭ᠎ᠠ ᠪᠤᠯᠤᠨ᠎ᠠ᠃

      ︵4︶ ᠡᠨᠧᠷᠭᠢ ᠪᠤᠷᠳᠤᠭ᠎ᠠ᠂ ᠡᠨᠧᠷᠬᠢ ᠪᠤᠷᠳᠤᠭ᠎ᠠ ᠭᠡᠳᠡᠭ ᠪᠤᠯ ᠬᠠᠭᠤᠷᠠᠢ ᠪᠤᠳᠠᠰ ᠤᠨ ᠲᠤᠲᠤᠷᠠᠬᠢ ᠪᠦᠳᠦᠬᠦᠯᠢᠭ ᠰᠢᠷᠬᠡᠭᠯᠢᠭ ᠤᠨ ᠠᠭᠤᠯᠤᠭᠳᠠᠴᠠ ᠨᠢ 18% ᠠᠴᠠ ᠲᠤᠤᠷ᠎ᠠ ᠪᠠ ᠪᠦᠳᠦᠬᠦᠯᠢᠭ ᠤᠭᠤᠷᠠᠭ ᠤᠨ ᠠᠭᠤᠯᠤᠭᠳᠠᠴᠠ ᠨᠢ 20% ᠠᠴᠠ ᠲᠡᠭᠡᠭᠰᠢ ᠪᠠᠶᠢᠬᠤ ᠨᠢᠭᠡᠨ ᠵᠦᠢᠯ ᠤᠨ ᠪᠤᠷᠳᠤᠭ᠎ᠠ ᠪᠤᠯᠤᠨ᠎ᠠ᠃ ᠡᠨᠡ ᠬᠦ ᠪᠤᠷᠳᠤᠭᠠᠨ ᠤ ᠤᠷᠭᠠᠨᠢᠭ ᠪᠤᠳᠠᠰ ᠤᠨ ᠲᠤᠳᠤᠷ᠎ᠠ ᠭᠤᠤᠯ ᠨᠢ ᠠᠭᠤᠰᠤᠮᠠᠯ ᠴᠢᠨᠠᠷᠳᠡᠢ ᠴᠠᠷᠳᠠᠰᠤ ᠪᠡ ᠰᠢᠬᠢᠷ ᠲᠠᠢ ᠪᠠᠶᠢᠵᠤ᠂ ᠤᠷᠭᠠᠨᠢᠭ ᠪᠤᠳᠠᠰ ᠤᠨ ᠰᠢᠩᠭᠡᠭᠡᠯᠳᠡ ᠶᠢᠨ ᠨᠤᠷᠮ᠎ᠠ ᠨᠢ ᠦᠨᠳᠦᠷ᠂ ᠠᠰᠢᠭᠯᠠᠵᠤ ᠪᠤᠯᠬᠤ ᠡᠨᠧᠷᠭᠢ ᠶᠡᠭᠡᠳᠡᠢ ᠪᠠᠶᠢᠵᠤ᠂ ᠰᠠᠭᠠᠯᠢ ᠶᠢᠨ ᠦᠨᠢᠶᠠᠨ ᠳᠤ ᠡᠨᠧᠷᠬᠢ ᠨᠦᠬᠦᠪᠤᠷᠢᠯᠡᠬᠦ ᠪᠠᠷ ᠭᠤᠤᠯ ᠪᠤᠯᠭᠠᠭᠰᠠᠨ ᠪᠤᠷᠳᠤᠭ᠎ᠠ ᠪᠤᠯᠤᠨ᠎ᠠ᠃ ᠡᠳᠡᠭᠡᠷ ᠪᠤᠷᠳᠤᠭᠠᠨ ᠳᠤ ᠲᠠᠷᠢᠮᠠᠯ ᠤᠨ ᠲᠦᠷᠦᠯ ᠵᠢᠴᠢ ᠨᠠᠷᠢᠯᠢᠬ ᠡᠳ᠋ᠰᠢᠬᠦᠯᠦᠭᠰᠡᠨ ᠳᠠᠭᠠᠯᠳᠠ ᠪᠦᠳᠤᠬᠡᠭᠳᠡᠬᠦᠨ᠂ ᠤᠰᠤ ᠦᠬᠡᠶᠢᠳᠡᠬᠦᠯᠦᠭᠰᠡᠨ ᠲᠦᠮᠦᠰᠦᠯᠢᠭ ᠦᠨᠳᠦᠰᠦ᠂ ᠲᠦᠮᠦᠰᠦᠯᠢᠭ ᠡᠰᠢ ᠪᠠ ᠠᠮᠢᠳᠠᠨ ᠤᠷᠭᠤᠮᠠᠯ ᠤᠨ ᠦᠬᠡᠬᠦ ᠲᠤᠰᠤ ᠵᠡᠷᠭᠡ ᠪᠦᠷ ᠪᠠᠭᠳᠠᠨ᠎ᠠ᠃ ᠵᠢᠱᠢᠶᠠᠯᠠᠪᠠᠯ ᠲᠠᠷᠢᠮᠠᠯ ᠤᠨ ᠲᠦᠷᠦᠯ ᠳᠤ᠄ ᠡᠷᠳᠡᠨᠢ ᠰᠢᠰᠢ᠂ ᠪᠤᠭᠤᠳᠠᠢ᠂ ᠠᠷᠪᠠᠢ᠂ ᠬᠤᠰᠢᠭᠤ ᠪᠤᠳᠠᠭ᠎ᠠ᠂ ᠰᠢᠰᠢ ᠵᠡᠷᠭᠡ ᠪᠠᠭᠳᠠᠨ᠎ᠠ᠃ ᠠᠭ᠎ᠠ ᠬᠡᠪᠡᠭ ᠤᠨ ᠲᠦᠷᠦᠯ ᠳᠤ ᠪᠤᠳᠠᠭᠠᠨ ᠤ ᠠᠭ᠎ᠠ᠂ ᠬᠡᠪᠡᠭ ᠤᠨ ᠬᠠᠯᠢᠰᠤ᠂ ᠡᠷᠳᠡᠨᠢ ᠰᠢᠰᠢ ᠶᠢᠨ ᠬᠠᠯᠢᠰᠤ ᠵᠡᠷᠭᠡ ᠪᠠᠭᠳᠠᠨ᠎ᠠ᠃ ᠲᠦᠮᠦᠰᠦᠯᠢᠭ ᠦᠨᠳᠦᠰᠦ᠂ ᠲᠦᠮᠦᠰᠦᠯᠢᠭ ᠡᠰᠢ ᠶᠢᠨ ᠲᠦᠷᠦᠯ ᠳᠤ ᠰᠢᠬᠢᠷ ᠤᠨ ᠮᠠᠨᠵᠢᠨ᠂ ᠰᠢᠷ᠎ᠠ ᠯᠤᠤᠪᠠᠩ᠂ ᠰᠢᠬᠢᠷ ᠲᠦᠮᠦᠰᠤ ᠵᠡᠷᠭᠡ ᠪᠠᠭᠳᠠᠨ᠎ᠠ᠃ ᠦᠬᠡᠬᠦ ᠲᠤᠰᠤ ᠶᠢᠨ ᠲᠦᠷᠦᠯ ᠳᠤ ᠤᠷᠭᠤᠮᠠᠯ ᠤᠨ ᠲᠤᠰᠤ᠂ ᠠᠮᠢᠳᠠᠨ ᠤ ᠦᠬᠡᠬᠦ ᠲᠤᠰᠤ ᠪᠤᠯᠤᠨ ᠨᠡᠶᠢᠯᠡᠮᠠᠯ ᠦᠬᠡᠬᠦ ᠶᠢᠨ ᠲᠦᠷᠦᠯ ᠪᠠᠭᠳᠠᠨ᠎ᠠ᠃

      ︵5︶ ᠤᠭᠤᠷᠠᠭᠳᠤ ᠪᠤᠷᠳᠤᠭ᠎ᠠ᠂ ᠬᠠᠭᠤᠷᠡᠢ ᠪᠤᠳᠠᠰ ᠤᠨ ᠲᠤᠲᠤᠷ᠎ᠠ ᠪᠦᠳᠦᠬᠦᠯᠢᠭ ᠤᠭᠤᠷᠠᠭ ᠤᠨ ᠠᠭᠤᠯᠤᠭᠳᠠᠴᠨ ᠨᠢ 20% ᠪᠠᠶᠢᠬᠤ ᠪᠦᠬᠡᠳ ᠪᠦᠳᠦᠬᠦᠯᠢᠭ ᠰᠢᠷᠬᠡᠭᠯᠢᠭ ᠤᠨ ᠠᠭᠤᠯᠤᠭᠳᠠᠴᠠ ᠨᠢ 18% ᠠᠴᠠ ᠪᠠᠭ᠎ᠠ ᠪᠠᠶᠢᠬᠤ ᠪᠤᠷᠳᠤᠭ᠎ᠠ ᠶᠢ ᠤᠭᠤᠷᠠᠭᠳᠤ ᠪᠤᠷᠳᠤᠭ᠎ᠠ ᠬᠡᠨ᠎ᠠ᠃ ᠤᠭᠤᠷᠠᠭᠳᠤ ᠪᠤᠷᠳᠤᠭ᠎ᠠ ᠳᠤ ᠤᠷᠭᠤᠮᠠᠯ ᠤᠨ ᠴᠢᠨᠠᠷᠲᠠᠢ ᠤᠭᠤᠷᠠᠭᠳᠤ ᠪᠤᠷᠳᠤᠭ᠎ᠠ᠂ ᠠᠮᠢᠳᠠᠨ ᠤ ᠴᠢᠨᠡᠷᠳᠡᠢ ᠤᠭᠤᠷᠠᠭᠳᠤ ᠪᠤᠷᠳᠤᠭ᠎ᠠ᠂ ᠮᠢᠺᠷᠤᠪ ᠤᠨ ᠤᠭᠤᠷᠠᠭᠳᠤ ᠪᠤᠷᠳᠤᠭ᠎ᠠ ᠵᠢᠴᠢ ᠠᠵᠤ ᠦᠢᠯᠡᠳᠪᠤᠷᠢ ᠶᠢᠨ ᠨᠡᠶᠢᠯᠡᠯᠭᠡ ᠪᠦᠳᠦᠬᠡᠭᠳᠡᠬᠦᠨ ᠵᠡᠷᠭᠡ ᠪᠠᠭᠳᠠᠨ᠎ᠠ᠃

      ᠤᠷᠭᠤᠮᠠᠯ ᠤᠨ ᠴᠢᠨᠠᠷᠲᠠᠢ ᠤᠭᠤᠷᠠᠭᠳᠤ ᠪᠤᠷᠳᠤᠭ᠎ᠠ ᠳᠤ ᠰᠢᠷ᠎ᠠ ᠪᠤᠷᠴᠠᠭ ᠤᠨ ᠪᠠᠵᠢᠮᠠᠭ᠂ ᠬᠦᠪᠦᠩ ᠤᠨ ᠦᠷ᠎ᠡ ᠶᠢᠨ ᠪᠠᠵᠢᠮᠠᠭ᠂ ᠰᠠᠮᠤᠷ ᠤᠨ ᠪᠠᠵᠢᠮᠠᠭ᠂ ᠡᠷᠳᠡᠨᠢ ᠰᠢᠰᠢ ᠶᠢᠨ ᠤᠭᠤᠷᠠᠭ ᠤᠨ ᠨᠤᠨᠳᠠᠭ᠂ ᠫᠢᠸᠤ᠋ ᠶᠢᠨ ᠠᠭ᠎ᠠ᠂ ᠮᠠᠭᠠᠵᠢ ᠶᠢᠨ ᠪᠠᠵᠢᠮᠠᠭ᠂ ᠨᠠᠷᠠᠨ ᠬᠤᠸᠠᠷ ᠤᠨ ᠦᠷ᠎ᠡ ᠶᠢᠨ ᠪᠠᠵᠢᠮᠠᠭ ᠵᠡᠷᠭᠡ ᠪᠠᠭᠳᠠᠵᠤ᠂ ᠡᠳᠡᠭᠡᠷ ᠤᠨ ᠰᠢᠮ᠎ᠠ ᠲᠡᠵᠢᠬᠡᠯ ᠨᠢ ᠮᠠᠰᠢ ᠦᠨᠳᠦᠷ ᠪᠠᠶᠢᠳᠠᠭ ᠪᠦᠭᠡᠳ ᠮᠠᠰᠢ ᠢᠳᠡᠬᠦᠰᠢᠳᠡᠢ ᠪᠠᠶᠢᠳᠠᠭ᠃

      ᠮᠢᠺᠷᠤᠪ ᠤᠨ ᠤᠭᠤᠷᠠᠭᠳᠤ ᠪᠤᠷᠳᠤᠭ᠎ᠠ ᠭᠡᠳᠡᠭ ᠪᠤᠯ ᠭᠤᠤᠯ ᠨᠢ ᠢᠰᠬᠡᠬᠦᠷᠳᠦ ᠤᠭᠤᠷᠠᠭ ᠤᠨ ᠪᠤᠷᠳᠤᠭ᠎ᠠ ᠪᠤᠯᠤᠨ᠎ᠠ᠃ ᠨᠢᠭᠡ ᠨᠢ ᠴᠠᠷᠳᠠᠭᠤᠯ ᠤᠨ ᠠᠵᠤ ᠦᠢᠯᠡᠳᠪᠤᠷᠢ ᠶᠢᠨ ᠬᠡᠬᠡᠭᠳᠡᠮᠡᠯ ᠰᠢᠩᠭᠡᠨ ᠪᠤᠶᠤ ᠴᠠᠭᠠᠰᠤ ᠬᠢᠬᠦ ᠠᠵᠤ ᠦᠢᠯᠡᠳᠪᠤᠷᠢ ᠶᠢᠨ ᠮᠤᠳᠤᠨ ᠮᠠᠲ᠋ᠧᠷᠢᠶᠠᠯ ᠤᠨ ᠤᠰᠤᠨ ᠵᠠᠳᠠᠯᠤᠯᠳᠠ ᠶᠢᠨ ᠰᠢᠩᠭᠡᠨ ᠢ ᠢᠰᠤᠯᠳᠦᠬᠦᠯᠵᠦ ᠬᠢᠭᠰᠡᠨ ᠪᠤᠷᠳᠤᠭ᠎ᠠ ᠪᠤᠯᠤᠨ᠎ᠠ᠃ ᠲᠡᠭᠦᠨ ᠤ ᠪᠦᠳᠦᠬᠦᠯᠢᠭ ᠤᠭᠤᠷᠠᠭ ᠤᠨ ᠠᠭᠤᠯᠣᠭᠳᠠᠴᠠ ᠨᠢ 40%~50% ᠳᠤ ᠬᠦᠷᠳᠡᠭ᠃ ᠨᠦᠬᠦᠬᠡ ᠨᠢᠬᠡ ᠲᠦᠷᠦᠯ ᠨᠢ ᠠᠭ᠎ᠠ ᠰᠢᠭᠠᠷᠤ ᠵᠡᠷᠭᠡ ᠠᠵᠤ ᠦᠢᠯᠡᠳᠪᠤᠷᠢ ᠶᠢᠨ ᠲᠠᠭᠠᠯᠳᠠ ᠦᠢᠯᠡᠳᠭᠦᠨ ᠢ ᠢᠰᠤᠯᠳᠦᠬᠦᠯᠵᠦ ᠬᠢᠭᠰᠡᠨ ᠪᠤᠷᠳᠤᠭ᠎ᠠ ᠪᠤᠯᠤᠨ᠎ᠠ᠃

     2. ᠰᠠᠭᠠᠯᠢ ᠶᠢᠨ ᠦᠨᠢᠶ᠎ᠠ ᠲᠡᠵᠢᠬᠡᠬᠦ ᠪᠤᠷᠳᠤᠭ᠎ᠠ ᠶᠢ ᠨᠡᠶᠢᠳᠡ ᠶᠢᠨ ᠬᠦᠨᠦᠭᠡᠯ ᠦᠬᠡᠢ ᠪᠠᠷ ᠨᠠᠶᠢᠷᠠᠭᠤᠯᠵᠤ ᠪᠤᠯᠪᠠᠰᠤᠷᠠᠭᠤᠯᠬᠤ ᠬᠠᠮᠢᠶᠠᠷᠤᠯᠳᠠ ᠶᠢᠨ ᠠᠷᠭ᠎ᠠ

      ᠲᠡᠵᠢᠭᠡᠯ ᠪᠤᠷᠳᠤᠭ᠎ᠠ ᠪᠤᠯ ᠰᠠᠭᠠᠯᠢ ᠶᠢᠨ ᠦᠨᠢᠶ᠎ᠠ ᠶᠢᠨ ᠦᠢᠯᠡᠳᠪᠤᠷᠢᠯᠡᠯ ᠤᠨ ᠪᠤᠳᠠᠰ ᠤᠨ ᠰᠠᠭᠤᠷᠢ ᠪᠤᠯᠤᠨ᠎ᠠ᠃ ᠰᠠᠭᠠᠯᠢ ᠶᠢᠨ ᠦᠨᠢᠶ᠎ᠠ ᠳᠤ ᠦᠷᠭᠦᠯᠵᠢ ᠬᠡᠷᠡᠭᠯᠡᠬᠦ ᠪᠤᠷᠳᠤᠭ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠨᠠᠶᠢᠷᠠᠭᠤᠯᠵᠤ ᠪᠤᠯᠪᠠᠰᠤᠷᠠᠭᠤᠯᠬᠤ ᠳᠤ ᠡᠷᠭᠡᠪᠡᠰᠢ ᠤᠯᠤᠰ ᠤᠨ ︽ᠲᠡᠵᠢᠭᠡᠯ ᠪᠤᠷᠳᠤᠭ᠎ᠠ ᠪᠠ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠤᠨ ᠬᠠᠮᠢᠶᠠᠷᠤᠯᠳᠠ ᠶᠢᠨ ᠲᠦᠷᠢᠮ︾᠂ ︽ᠲᠡᠵᠢᠭᠡᠯ ᠪᠤᠷᠳᠤᠭ᠎ᠠ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠵᠡᠷᠭᠡ ᠬᠠᠤᠯᠢ ᠲᠤᠭᠳᠠᠭᠠᠯ ᠢ ᠴᠢᠩᠭ᠎ᠠ ᠬᠡᠷᠡᠭᠵᠢᠬᠦᠯᠵᠤ᠂ ᠬᠡᠷᠡᠭᠯᠡᠬᠦ ᠲᠦᠬᠦᠬᠡᠢ ᠮᠠᠲ᠋ᠧᠷᠢᠶᠠᠯ ᠢ ᠪᠤᠬᠢᠷᠳᠤᠯ ᠦᠬᠡᠢ᠂ ᠬᠤᠤᠷ ᠲᠠᠢ ᠪᠤᠳᠠᠰ ᠤᠨ ᠦᠯᠡᠳᠡᠭᠳᠡᠯ ᠦᠬᠡᠢ ᠰᠠᠶᠢᠨ ᠠᠮᠢ ᠠᠬᠤᠢ ᠲᠠᠢ ᠭᠠᠵᠠᠷ ᠤᠷᠤᠨ ᠠᠴᠠ ᠰᠤᠩᠭᠤᠬᠤ ᠭᠡᠷᠡᠭᠳᠡᠢ᠃ ᠠᠵᠤ ᠦᠢᠯᠡᠳᠪᠤᠷᠢ ᠶᠢᠨ ᠨᠡᠶᠢᠯᠡᠯᠭᠡ ᠲᠤᠰᠤ᠂ ᠮᠠᠯ ᠵᠢᠬᠦᠷᠳᠡᠨ ᠤ ᠢᠯᠭᠠᠳᠠᠰᠤ᠂ ᠤᠬᠢᠶᠠᠳᠡᠰᠤ ᠶᠢ ᠬᠡᠷᠡᠭᠯᠡᠵᠤ ᠪᠤᠯᠬᠤ ᠦᠬᠡᠢ᠃ ᠲᠡᠵᠢᠬᠡᠯ ᠪᠤᠷᠳᠤᠭ᠎ᠠ ᠪᠤᠯᠤᠨ ᠲᠡᠵᠢᠭᠡᠯ ᠪᠤᠷᠳᠤᠭᠠᠨ ᠤ ᠨᠡᠮᠡᠯᠳᠡ ᠡᠳ᠋ ᠨᠢ ᠡᠷᠭᠡᠪᠡᠰᠢ ︽ᠲᠡᠵᠢᠬᠡᠯ ᠪᠤᠷᠳᠤᠭᠠᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠳᠤ ᠨᠡᠶᠢᠴᠡᠭᠰᠡᠨ ᠪᠠᠶᠢᠬᠤ ᠭᠡᠷᠡᠭᠳᠡᠢ᠃ ᠲᠡᠵᠢᠬᠡᠯ ᠪᠤᠷᠳᠤᠭᠠᠨ ᠤ ᠨᠡᠮᠡᠯᠳᠡ ᠡᠳ᠋ ᠨᠢ ︽ᠭᠡᠷᠡᠭᠯᠡᠬᠦ ᠶᠢ ᠵᠦᠪᠰᠢᠶᠠᠷᠡᠭᠰᠡᠨ ᠨᠡᠮᠡᠯᠳᠡ ᠡᠳ᠋ ᠤᠨ ᠲᠦᠷᠦᠯ ᠵᠦᠢᠯ ᠤᠨ ᠭᠠᠷᠴᠠᠭ︾ ᠲᠤ ᠲᠤᠭᠳᠠᠭᠠᠭᠰᠠᠨ ᠲᠦᠷᠦᠯ ᠵᠦᠢᠯ ᠪᠠᠶᠢᠵᠤ᠂ ᠡᠨᠡ ᠬᠦ ᠪᠦᠳᠤᠬᠡᠭᠳᠡᠬᠦᠨ ᠨᠢ ᠦᠢᠯᠡᠳᠪᠤᠷᠢᠯᠡᠬᠦ ᠶᠢ ᠵᠦᠪᠰᠢᠶᠡᠷᠡᠭᠰᠡᠨ ᠦᠨᠡᠮᠯᠡᠯ ᠲᠠᠢ ᠠᠵᠤ ᠠᠬᠤᠶᠢᠯᠠᠯ ᠤᠨ ᠦᠢᠯᠡᠳᠪᠤᠷᠢᠯᠡᠭᠰᠡᠨ ᠪᠦᠳᠤᠭᠡᠭᠳᠡᠬᠦᠨ ᠤ ᠵᠦᠪᠰᠢᠶᠠᠷᠡᠯ ᠤᠨ ᠪᠢᠴᠢᠭ ᠲᠡᠮᠳᠡᠭᠯᠡᠯ ᠲᠠᠢ ᠪᠠᠶᠢᠵᠤ᠂ ᠪᠦᠳᠤᠬᠡᠭᠳᠡᠬᠦᠨ ᠤ ᠬᠠᠶ᠋ᠢᠭ ᠲᠤ ᠲᠤᠭᠳᠠᠭᠠᠭᠰᠠᠨ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ ᠪᠠᠷ ᠵᠦᠪ ᠬᠡᠷᠡᠭᠯᠡᠪᠡᠯ ᠵᠤᠬᠢᠨ᠎ᠠ᠃

      3. ᠲᠡᠵᠢᠬᠡᠯ ᠪᠤᠷᠳᠤᠭ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠬᠠᠮᠢᠶᠠᠷᠬᠤ ᠵᠠᠷᠴᠢᠮ

      ᠨᠢᠬᠡ᠂ ᠲᠡᠵᠢᠬᠡᠯ ᠪᠤᠷᠳᠤᠭ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠬᠠᠮᠢᠶᠠᠷᠬᠤ ᠳᠤ ᠡᠷᠭᠡᠪᠡᠰᠢ ᠤᠭ ᠦᠨᠳᠦᠰᠦ ᠠᠴᠠ ᠨᠢ ᠠᠳᠬᠤᠬᠤ ᠬᠡᠷᠡᠭᠳᠡᠢ᠃ ᠨᠡᠶᠢᠳᠡ ᠶᠢᠨ ᠬᠦᠨᠦᠬᠡᠯ ᠦᠬᠡᠢ ᠰᠢᠨ᠎ᠠ ᠰᠤᠷᠭᠤᠭ ᠦᠨᠢᠶᠠᠨ ᠰᠦ ᠦᠢᠯᠡᠳᠪᠤᠷᠢᠯᠡᠬᠦ ᠳᠤ ᠦᠨᠢᠶᠠᠨ ᠲᠡᠯᠡᠪᠡᠢ ᠨᠢ ᠦᠪᠡᠷ ᠤᠨ ᠨᠡᠶᠢᠳᠡ ᠶᠢᠨ ᠬᠦᠨᠦᠭᠡᠯ ᠦᠭᠡᠢ ᠲᠡᠵᠢᠭᠡᠯ ᠪᠤᠷᠳᠤᠭ᠎ᠠ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠤᠷᠢᠯᠡᠯ ᠤᠨ ᠰᠠᠭᠤᠷᠢᠨ ᠭᠠᠵᠠᠷ ᠠᠴᠠ ᠲᠡᠵᠢᠭᠡᠯ ᠪᠤᠷᠳᠤᠭ᠎ᠠ ᠶᠢᠨ ᠲᠦᠬᠦᠭᠡᠢ ᠮᠠᠲ᠋ᠧᠷᠢᠶᠠᠯ ᠬᠤᠳᠠᠯᠳᠤᠨ ᠠᠪᠴᠤ᠂ ᠦᠢᠯᠡᠳᠪᠤᠷᠢᠯᠡᠬᠦ ᠲᠡᠵᠢᠬᠡᠯ ᠪᠤᠷᠳᠤᠭ᠎ᠠ ᠶᠢᠨ ᠲᠤᠲᠤᠷ᠎ᠠ ᠬᠤᠤᠷ ᠬᠦᠨᠦᠬᠡᠯ ᠤᠨ ᠪᠤᠳᠠᠰ ᠤᠨ ᠦᠯᠡᠳᠡᠭᠳᠡᠯ ᠦᠬᠡᠢ ᠪᠠᠶᠢᠬᠤ ᠶᠢ ᠪᠠᠳᠤᠯᠠᠬᠤ ᠪᠠ ᠬᠤᠤᠷ ᠦᠬᠡᠢ ᠮᠢᠺᠷᠤᠪ ᠡᠳ᠋ ᠤᠨ ᠠᠭᠤᠯᠤᠭᠳᠠᠴᠠ ᠨᠢ ︽GB ᠲᠡᠵᠢᠬᠡᠯ ᠪᠤᠷᠳᠤᠭᠠᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠳᠤ ᠨᠡᠶᠢᠴᠡᠭᠰᠡᠨ ᠪᠠᠶᠢᠬᠤ ᠭᠡᠷᠡᠭᠳᠡᠢ᠃

     ᠬᠤᠶᠠᠷ᠂ ᠬᠡᠷᠡᠭᠯᠡᠬᠦ ᠠᠵᠤ ᠦᠢᠯᠡᠳᠪᠤᠷᠢ ᠶᠢᠨ ᠳᠠᠭᠠᠯᠳᠠ ᠪᠦᠳᠤᠭᠡᠭᠳᠡᠬᠦᠨ ᠤ ᠲᠡᠵᠢᠬᠡᠯ ᠪᠤᠷᠳᠤᠭ᠎ᠠ ᠨᠢ ᠡᠷᠬᠡᠪᠡᠰᠢ ᠪᠤᠬᠢᠷᠳᠤᠯ ᠦᠬᠡᠢ ᠢᠳᠡᠬᠡᠨ ᠪᠠ ᠨᠡᠶᠢᠳᠡ ᠶᠢᠨ ᠬᠦᠨᠦᠭᠡᠯ ᠦᠬᠡᠢ ᠢᠳᠡᠭᠡᠨ ᠢ ᠪᠤᠯᠪᠠᠰᠤᠷᠠᠭᠤᠯᠤᠭᠰᠠᠨ ᠲᠠᠭᠠᠯᠳᠠ ᠪᠦᠳᠤᠭᠡᠭᠳᠡᠬᠦᠨ ᠪᠠᠶᠢᠬᠤ ᠭᠡᠷᠡᠭᠳᠡᠢ᠃

      ᠭᠤᠷᠪᠠ᠂ ᠲᠡᠵᠢᠭᠡᠯ ᠪᠤᠷᠳᠤᠭ᠎ᠠ ᠶᠢᠨ ᠲᠦᠬᠦᠬᠡᠢ ᠮᠡᠲ᠋ᠧᠷᠢᠶᠠᠯ ᠤᠨ ᠲᠤᠲᠤᠷ᠎ᠠ ᠠᠭᠤᠯᠤᠭᠳᠠᠵᠦ ᠪᠦᠬᠦᠢ ᠨᠡᠮᠡᠯᠳᠡ ᠡᠳ᠋ ᠲᠤ ᠲᠤᠳᠤᠷᠬᠠᠶᠢᠯᠠᠯᠳᠠ ᠪᠠᠶᠢᠬᠤ ᠭᠡᠷᠡᠭᠳᠡᠢ᠃ ᠭᠠᠳᠠᠭᠠᠳᠤ ᠠᠴᠠ ᠤᠷᠤᠭᠤᠯᠬᠤ ᠪᠦᠷᠢᠳᠭᠡᠯ ᠤᠨ ᠦᠨᠡᠮᠯᠡᠯ ᠦᠬᠡᠢ ᠪᠠᠷ ᠭᠠᠳᠠᠭᠠᠳᠤ ᠠᠴᠠ ᠤᠷᠤᠭᠤᠯᠤᠭᠰᠠᠨ ᠲᠡᠵᠢᠭᠡᠯ ᠪᠤᠷᠳᠤᠭ᠎ᠠ ᠪᠠ ᠨᠠᠮᠠᠯᠳᠠ ᠡᠳ᠋ ᠢ ᠬᠡᠷᠡᠭᠯᠡᠵᠤ ᠪᠤᠯᠬᠤ ᠦᠬᠡᠢ᠃ ᠲᠡᠵᠢᠭᠡᠯ ᠪᠤᠷᠳᠤᠭ᠎ᠠ ᠳᠤ ᠴᠠᠭᠠᠵᠠ ᠠᠴᠠ ᠵᠦᠷᠢᠴᠡᠭᠰᠡᠨ ᠡᠮ ᠪᠤᠶᠤ ᠨᠡᠮᠡᠯᠳᠡ ᠡᠳ᠋ ᠢ ᠬᠡᠷᠡᠭᠯᠡᠵᠤ ᠪᠤᠯᠬᠤ ᠦᠬᠡᠢ᠃ ᠠᠮᠢᠳᠠᠨ ᠠᠴᠠ ᠢᠷᠡᠯᠳᠡ ᠲᠠᠢ ᠵᠢᠱᠢᠶᠠᠯᠠᠪᠠᠯ ᠶᠠᠰᠤ ᠮᠢᠬᠠᠨ ᠤ ᠨᠤᠨᠳᠠᠭ᠂ ᠴᠢᠰᠤᠨ ᠡᠭᠡᠳᠡᠩ ᠤᠨ ᠨᠤᠨᠳᠠᠭ᠂ ᠠᠮᠢᠳᠠᠨ ᠤ ᠦᠬᠡᠬᠦ᠂ ᠬᠠᠭᠤᠷᠠᠢ ᠴᠢᠰᠤᠨ ᠡᠭᠡᠳᠡᠩ ᠵᠢᠴᠢ ᠴᠢᠰᠤᠨ ᠤ ᠪᠦᠳᠤᠭᠡᠭᠳᠡᠬᠦᠨ᠂ ᠣᠰᠣ ᠦᠬᠡᠶᠢᠳᠡᠭᠦᠯᠦᠭᠰᠡᠨ ᠤᠭᠤᠷᠠᠭ᠂ ᠦᠳᠦ ᠨᠤᠤᠰᠤᠨ ᠤ ᠨᠤᠨᠳᠠᠭ᠂ ᠵᠢᠭᠠᠰᠤᠨ ᠤ ᠨᠤᠨᠳᠠᠭ ᠪᠤᠯᠤᠨ ᠶᠠᠰᠤᠨ ᠴᠠᠪᠠᠤ ᠵᠡᠷᠭᠡ ᠶᠢ ᠬᠡᠷᠡᠭᠯᠡᠬᠦ ᠶᠢ ᠴᠠᠭᠠᠵᠠᠯᠠᠨ᠎ᠠ᠃

     ᠳᠦᠷᠪᠡ᠂ ᠲᠡᠵᠢᠭᠡᠯ ᠪᠤᠷᠳᠤᠭ᠎ᠠ ᠦᠢᠯᠡᠳᠪᠤᠷᠢᠯᠡᠬᠦ ᠶᠠᠪᠤᠴᠠ ᠳᠠᠬᠢ ᠶᠠᠰᠤ ᠴᠢᠨᠠᠷ ᠤᠨ ᠡᠵᠡᠮᠳᠡᠯ ᠬᠠᠮᠢᠶᠠᠷᠤᠯᠳᠠ ᠶᠢ ᠴᠢᠩᠭᠠᠳᠬᠠᠨ᠎ᠠ᠃ ᠪᠤᠷᠳᠤᠭ᠎ᠠ ᠨᠠᠶᠢᠷᠠᠭᠤᠯᠬᠤ ᠳᠠᠭᠠᠨ ᠰᠠᠭᠠᠯᠢ ᠶᠢᠨ ᠦᠨᠢᠶᠠᠨ ᠤ ᠰᠢᠮ᠎ᠠ ᠲᠡᠵᠢᠭᠡᠯ ᠤᠨ ᠪᠠᠷᠢᠮᠵᠢᠶ᠎ᠠ ᠪᠤᠯᠤᠨ ᠬᠠᠮᠢᠶ᠎ᠠ ᠪᠦᠬᠦᠢ ᠲᠤᠲᠤᠷᠬᠠᠶᠢᠯᠠᠯᠳᠠ ᠶᠢᠨ ᠮᠠᠲ᠋ᠧᠷᠢᠶᠠᠯ ᠳᠤ ᠲᠤᠭᠳᠠᠭᠠᠭᠰᠠᠨ ᠭᠡᠷᠡᠭᠯᠡᠬᠦ ᠠᠷᠭ᠎ᠠ ᠪᠠ ᠬᠡᠮᠵᠢᠶ᠎ᠠ ᠪᠠᠷ ᠬᠡᠷᠡᠭᠵᠢᠬᠦᠯᠵᠤ᠂ ᠬᠡᠮᠵᠢᠬᠦᠷ ᠤᠨ ᠲᠦᠭᠦᠭᠡᠷᠦᠮᠵᠢ ᠶᠢ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠡᠯᠪᠢᠵᠤ᠂ ᠲᠡᠭᠦᠨ ᠤ ᠤᠨᠤᠪᠴᠢᠳᠤ ᠴᠢᠨᠠᠷ ᠪᠡ ᠲᠤᠭᠳᠠᠭᠤᠨ ᠴᠢᠨᠠᠷ ᠢ ᠪᠠᠳᠤᠯᠠᠵᠤ᠂ ᠳᠠᠰᠢᠶ᠎ᠠ ᠶᠢᠨ ᠨᠤᠷᠮ᠎ᠠ ᠶᠢ ᠲᠤᠭᠳᠠᠭᠰᠠᠨ ᠬᠡᠪᠴᠢᠶᠠᠨ ᠲᠤᠲᠤᠷ᠎ᠠ ᠪᠠᠶᠢᠯᠭᠠᠬᠤ ᠶᠢ ᠪᠠᠳᠤᠯᠠᠨ᠎ᠠ᠃

      ᠲᠠᠪᠤ᠂ ᠲᠡᠵᠢᠬᠡᠯ ᠪᠤᠷᠳᠤᠭ᠎ᠠ ᠶᠢᠨ ᠬᠠᠶ᠋ᠢᠭ᠂ ᠪᠤᠭᠤᠯᠳᠠ᠂ ᠬᠠᠳᠠᠭᠠᠯᠠᠯᠳᠡ ᠪᠠ ᠲᠡᠭᠡᠭᠡᠪᠤᠷᠢᠯᠡᠯᠳᠡ ᠶᠢᠨ ᠲᠠᠯ᠎ᠠ ᠪᠠᠷ ᠨᠡᠶᠢᠳᠡ ᠶᠢᠨ ᠬᠦᠨᠦᠬᠡᠯ ᠦᠭᠡᠢ ᠶᠢᠨ ᠪᠠᠷᠢᠮᠵᠢᠶ᠎ᠠ ᠳᠤ ᠬᠦᠷᠦᠬᠦᠯᠬᠦ ᠬᠡᠷᠡᠭᠳᠡᠢ᠃

      4. ᠨᠡᠶᠢᠳᠡ ᠶᠢᠨ ᠬᠦᠨᠦᠭᠡᠯ ᠦᠬᠡᠢ ᠲᠡᠵᠢᠬᠡᠯ ᠪᠤᠷᠳᠤᠭ᠎ᠠ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠤᠷᠢᠯᠠᠯ ᠤᠨ ᠰᠠᠭᠤᠷᠢᠨ ᠭᠠᠵᠠᠷ ᠪᠠᠶᠢᠭᠤᠯᠬᠤ

      ᠨᠡᠶᠢᠳᠡ ᠶᠢᠨ ᠬᠦᠨᠦᠭᠡᠯ ᠦᠬᠡᠢ ᠦᠨᠢᠶᠠᠨ ᠰᠦ ᠶᠢ ᠦᠢᠯᠡᠳᠪᠤᠷᠢᠯᠡᠬᠦ ᠳᠤ ᠡᠷᠬᠡᠪᠡᠰᠢ ᠰᠠᠭᠠᠯᠢ ᠶᠢᠨ ᠦᠨᠢᠶ᠎ᠠ ᠪᠠᠨ ᠨᠡᠶᠢᠳᠡ ᠶᠢᠨ ᠬᠦᠨᠦᠬᠡᠯ ᠦᠬᠡᠢ ᠲᠡᠵᠢᠭᠡᠯ ᠪᠤᠷᠳᠤᠭ᠎ᠠ ᠪᠠᠷ ᠲᠡᠵᠢᠬᠡᠬᠦ ᠬᠡᠷᠡᠭᠳᠡᠢ᠃ ᠡᠶᠢᠮᠤ ᠠᠴᠠ ᠰᠠᠭᠠᠯᠢ ᠶᠢᠨ ᠦᠨᠢᠶᠡᠨ ᠤ ᠲᠠᠯᠠᠪᠠᠢ ᠨᠢ ᠠᠯᠢ ᠴᠢᠳᠡᠬᠤ ᠪᠠᠷ ᠦᠪᠡᠷ ᠤᠨ ᠭᠡᠰᠡᠨ ᠨᠡᠶᠢᠳᠡ ᠶᠢᠨ ᠬᠦᠨᠦᠬᠡᠯ ᠦᠬᠡᠢ ᠲᠡᠵᠢᠬᠡᠯ ᠪᠤᠷᠳᠤᠭ᠎ᠠ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠤᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠳᠡᠢ᠃

      ᠶᠡᠷᠤᠩᠭᠡᠢ ᠳᠤᠨᠢ ᠠᠪᠴᠤ ᠬᠡᠯᠡᠪᠡᠯ ᠲᠡᠵᠢᠬᠡᠯ ᠪᠤᠷᠳᠤᠭ᠎ᠠ ᠶᠢᠨ ᠪᠤᠬᠢᠷᠳᠤᠯ ᠤᠨ ᠭᠤᠤᠯ ᠨᠢ ᠠᠵᠤ ᠦᠢᠯᠡᠳᠪᠤᠷᠢ ᠶᠢᠨ ᠬᠠᠶᠠᠭᠳᠠᠮᠠᠯ ᠤᠰᠤ᠂ ᠬᠡᠢ ᠰᠢᠭᠠᠷᠤ᠂ ᠬᠤᠳᠠ ᠶᠢᠨ ᠬᠤᠭ ᠨᠤᠪᠰᠢ᠂ ᠲᠠᠷᠢᠶᠠᠨ ᠭᠠᠵᠠᠷ ᠤᠨ ᠰᠦᠯᠢᠶᠤᠤ ᠪᠦᠷᠬᠦᠬᠦᠯ᠂ ᠠᠽᠤᠲᠴᠢᠯᠠᠭᠰᠠᠨ ᠪᠤᠷᠳᠤᠭᠤᠷ᠂ ᠲᠡᠷᠢᠶᠠᠨ ᠡᠮ ᠵᠢᠴᠢ ᠲᠡᠭᠡᠭᠡᠪᠤᠷᠢ ᠪᠤᠷᠤᠯᠠᠭᠤᠯᠭ᠎ᠠ ᠶᠢᠨ ᠶᠠᠪᠤᠴᠠ ᠳᠤ ᠲᠡᠵᠢᠭᠡᠯ ᠪᠤᠷᠳᠤᠭ᠎ᠠ ᠶᠢ ᠪᠤᠬᠢᠷᠳᠤᠭᠤᠯᠬᠤ ᠬᠦᠨᠦᠬᠡᠯ ᠲᠠᠢ ᠪᠤᠶᠤ ᠬᠤᠤᠷ ᠲᠠᠢ ᠪᠤᠳᠠᠰ ᠠᠴᠠ ᠢᠷᠡᠯᠳᠡ ᠲᠠᠢ ᠪᠠᠶᠢᠳᠠᠭ᠃ ᠡᠳᠡᠭᠡᠷ ᠬᠤᠤᠷ ᠲᠠᠢ ᠪᠤᠶᠤ ᠬᠦᠨᠦᠬᠡᠯ ᠲᠠᠢ ᠪᠤᠳᠠᠰ ᠨᠢ ᠲᠡᠵᠢᠭᠡᠯ ᠪᠤᠷᠳᠤᠭ᠎ᠠ ᠶᠢ ᠰᠢᠭᠤᠳ ᠪᠤᠶᠤ ᠲᠠᠮ ᠢᠶᠠᠷ ᠪᠤᠬᠢᠷᠳᠤᠭᠤᠯᠵᠦ ᠪᠠᠶᠢᠳᠠᠭ᠃ ᠰᠢᠭᠤᠳ ᠪᠤᠬᠢᠷᠳᠤᠭᠤᠯᠤᠯ ᠭᠡᠳᠡᠭ ᠨᠢ ᠲᠡᠷᠢᠶᠠᠨ ᠡᠮ ᠤᠨ ᠪᠤᠬᠢᠷᠳᠤᠯ᠂ ᠠᠭᠠᠷ ᠮᠠᠨᠳᠡᠯ ᠳᠠᠬᠢ ᠬᠤᠤᠷ ᠲᠠᠢ ᠬᠦᠨᠦᠬᠡᠯ ᠲᠠᠢ ᠬᠡᠢ ᠪᠡᠶᠡᠳᠤ ᠵᠢᠴᠢ ᠬᠤᠮᠠᠬᠢ ᠲᠤᠭᠤᠰᠤᠨ ᠤ ᠪᠤᠬᠢᠷᠳᠤᠯ ᠢ ᠵᠢᠭᠠᠵᠤ ᠪᠠᠶᠢᠨ᠎ᠠ᠃ ᠲᠠᠮ ᠪᠤᠬᠢᠷᠳᠤᠭᠤᠯᠤᠯ ᠬᠡᠳᠡᠭ ᠨᠢ ᠤᠰᠤᠨ ᠰᠤᠷᠪᠤᠯᠵᠢ ᠶᠢ ᠪᠤᠬᠢᠷᠳᠤᠭᠤᠯᠤᠭᠠᠳ᠂ ᠲᠡᠵᠢᠭᠡᠯ ᠪᠤᠷᠳᠤᠭ᠎ᠠ ᠶᠢᠨ ᠲᠠᠯᠠᠪᠠᠢ ᠶᠢᠨ ᠤᠰᠤᠯᠠᠯᠳᠠ ᠨᠢ ᠲᠡᠵᠢᠭᠡᠯ ᠪᠤᠷᠳᠤᠭ᠎ᠠ ᠶᠢᠨ ᠲᠠᠷᠢᠮᠠᠯ ᠢ ᠪᠤᠬᠢᠷᠳᠤᠭᠤᠯᠵᠤ᠂ ᠵᠠᠷᠢᠮ ᠨᠢ ᠪᠤᠷᠳᠤᠭᠠᠨ ᠲᠠᠷᠢᠶᠠᠨ ᠤ ᠬᠦᠷᠦᠰᠤ ᠰᠢᠷᠤᠢ ᠶᠢ ᠪᠤᠬᠢᠷᠳᠤᠭᠤᠯᠵᠤ᠂ ᠲᠡᠬᠢᠨ ᠲᠡᠵᠢᠭᠡᠯ ᠪᠤᠷᠳᠤᠭ᠎ᠠ ᠶᠢ ᠪᠤᠬᠢᠷᠳᠤᠭᠤᠯᠳᠠᠭ᠃ ᠡᠶᠢᠮᠤ ᠠᠴᠠ ᠨᠡᠶᠢᠳᠡ ᠶᠢᠨ ᠬᠦᠨᠦᠬᠡᠯ ᠦᠬᠡᠢ ᠲᠡᠵᠢᠭᠡᠯ ᠪᠤᠷᠳᠤᠭ᠎ᠠ ᠶᠢᠨ ᠲᠦᠬᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠢ ᠰᠤᠩᠭᠤᠬᠤ ᠳᠠᠭᠠᠨ ᠲᠠᠷᠢᠮᠠᠯ ᠤᠨ ᠠᠮᠢ ᠠᠬᠤᠢ ᠶᠢᠨ ᠤᠷᠴᠢᠨ ᠠᠬᠤᠢ ᠶᠢ ᠰᠢᠨᠵᠢᠯᠡᠨ ᠪᠠᠶᠢᠴᠠᠭᠠᠵᠤ᠂ ᠠᠭᠠᠷ ᠮᠠᠨᠳᠠᠯ ᠤᠨ ᠪᠤᠬᠢᠷᠳᠤᠯ᠂ ᠤᠰᠤᠨ ᠤ ᠪᠤᠬᠢᠷᠳᠤᠯ᠂ ᠬᠦᠷᠦᠰᠤ ᠰᠢᠷᠤᠢ ᠶᠢᠨ ᠪᠤᠬᠢᠷᠳᠤᠯ ᠢᠶᠠᠷ ᠨᠡᠯᠢᠶᠡᠳ ᠪᠠᠭ᠎ᠠ ᠪᠠᠶᠢᠳᠠᠭ ᠭᠠᠵᠠᠷ ᠤᠷᠤᠨ ᠢ ᠰᠤᠩᠭᠤᠵᠤ ᠬᠤᠳᠠ ᠲᠡᠭᠦᠷᠬᠡ᠂ ᠠᠵᠤ ᠦᠢᠯᠡᠳᠪᠤᠷᠢᠯᠡᠯ ᠤᠨ ᠤᠷᠤᠨ ᠠᠴᠠ ᠵᠠᠶᠢᠳᠠᠢ ᠪᠠᠶᠢᠬᠤ ᠬᠡᠷᠡᠭᠳᠡᠢ᠃

      ᠲᠡᠬᠢᠪᠡᠯ ᠨᠡᠶᠢᠳᠡ ᠶᠢᠨ ᠬᠦᠨᠦᠬᠡᠯ ᠦᠬᠡᠢ ᠲᠡᠵᠢᠬᠡᠯ ᠪᠤᠷᠳᠤᠭ᠎ᠠ ᠶᠢᠨ ᠲᠦᠬᠦᠬᠡᠢ ᠮᠠᠲ᠋ᠧᠷᠢᠶᠠᠯ ᠤᠨ ᠦᠢᠯᠡᠳᠪᠤᠷᠢᠯᠡᠯ ᠤᠨ ᠶᠠᠪᠤᠴᠠ ᠳᠤ ᠲᠡᠷᠢᠶᠠᠨ ᠡᠮ ᠤᠨ ᠪᠤᠬᠢᠷᠳᠤᠯ ᠢ ᠴᠢᠩᠭ᠎ᠠ ᠬᠤᠷᠢᠭᠯᠠᠬᠤ ᠭᠡᠷᠡᠭᠳᠡᠢ᠃ ᠲᠡᠷᠢᠶᠠᠨ ᠡᠮ ᠨᠢ ᠲᠡᠵᠢᠬᠡᠯ ᠪᠤᠷᠳᠤᠭ᠎ᠠ ᠶᠢᠨ ᠲᠠᠷᠢᠮᠠᠯ ᠤᠨ ᠭᠡᠮ ᠬᠤᠷᠤᠬᠠᠢ ᠶᠢᠨ ᠬᠦᠨᠦᠭᠡᠯ ᠢ ᠰᠡᠷᠭᠡᠶᠢᠯᠡᠵᠤ᠂ ᠤᠨᠠᠯᠳᠠ ᠪᠠ ᠶᠠᠰᠤ ᠴᠢᠨᠠᠷ ᠢ ᠲᠡᠭᠡᠭᠰᠢᠯᠡᠬᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠳᠡᠭ᠃ ᠭᠡᠪᠡᠴᠤ ᠬᠡᠷᠪᠡ ᠲᠠᠷᠢᠶᠠᠨ ᠡᠮ ᠤᠨ ᠲᠦᠷᠦᠯ ᠢ ᠵᠤᠬᠢᠰ ᠦᠬᠡᠢ ᠭᠡᠷᠡᠭᠯᠡᠬᠦ ᠪᠤᠶᠤ ᠬᠡᠮᠵᠢᠶ᠎ᠠ ᠠᠴᠠ ᠨᠢ ᠬᠡᠳᠦᠷᠡᠭᠦᠯᠬᠦ ᠳᠤ ᠬᠦᠷᠪᠡᠯ ᠲᠡᠵᠢᠬᠡᠯ ᠪᠤᠷᠳᠤᠭ᠎ᠠ ᠶᠢᠨ ᠲᠦᠬᠦᠬᠡᠢ ᠮᠠᠲ᠋ᠧᠷᠢᠶᠠᠯ ᠤᠨ ᠲᠤᠲᠤᠷ᠎ᠠ ᠲᠠᠷᠢᠶᠠᠨ ᠡᠮ ᠤᠨ ᠦᠯᠡᠳᠡᠭᠳᠡᠯ ᠨᠢ ᠪᠠᠷᠢᠮᠵᠢᠶ᠎ᠠ ᠠᠴᠠ ᠲᠠᠪᠠᠭᠠᠳ᠂ ᠰᠠᠭᠠᠯᠢ ᠶᠢᠨ ᠦᠨᠢᠶ᠎ᠠ ᠪᠤᠯᠤᠨ ᠦᠨᠢᠶᠠᠨ ᠰᠦ ᠬᠡᠷᠡᠭᠯᠡᠭᠴᠢᠳ ᠤᠨ ᠡᠷᠡᠭᠦᠯ ᠮᠡᠨᠳᠤ ᠶᠢ ᠮᠠᠰᠢ ᠶᠡᠭᠡ ᠰᠦᠷᠳᠡᠬᠦᠯᠬᠦ ᠪᠤᠯᠤᠨ᠎ᠠ᠃ ᠲᠠᠷᠢᠶᠠᠨ ᠡᠮ ᠤᠨ ᠪᠤᠬᠢᠷᠳᠤᠯ ᠨᠢ ᠤᠷᠭᠠᠨᠢᠭ ᠡᠾᠯᠤᠷ᠂ ᠤᠷᠭᠠᠨᠢᠭ ᠹᠤᠰᠹᠤᠷ ᠵᠢᠴᠢ ᠦᠭᠡᠷ᠎ᠡ ᠪᠤᠬᠢᠷᠳᠤᠯ ᠠᠴᠠ ᠢᠷᠡᠯᠳᠡ ᠲᠠᠢ ᠶᠤᠮ᠃ ᠬᠦᠮᠦᠨ ᠮᠠᠯ ᠤᠨ ᠡᠷᠡᠬᠦᠯ ᠮᠡᠨᠳᠦ ᠶᠢ ᠬᠠᠮᠠᠭᠠᠯᠠᠵᠤ᠂ ᠲᠡᠷᠢᠶᠠᠨ ᠡᠮ ᠤᠨ ᠦᠯᠡᠳᠡᠭᠳᠡᠯ ᠬᠦᠨᠦᠬᠡᠯ ᠢ ᠰᠡᠷᠭᠡᠶᠢᠯᠡᠬᠦ ᠶᠢᠨ ᠲᠤᠰᠠᠳᠠ ᠲᠡᠵᠢᠬᠡᠯ ᠪᠤᠷᠳᠤᠭ᠎ᠠ ᠶᠢᠨ ᠰᠠᠭᠤᠷᠢᠨ ᠭᠠᠵᠠᠷ ᠨᠢ ᠡᠷᠬᠡᠪᠰᠢ ᠲᠠᠷᠢᠶᠠᠨ ᠡᠮ ᠤᠨ ᠬᠡᠷᠡᠭᠯᠡᠯᠳᠡ ᠶᠢ ᠪᠦᠳᠦᠮᠵᠢᠳᠡᠢ ᠪᠠᠷ ᠬᠤᠷᠢᠭᠯᠠᠵᠤ᠂ ᠲᠡᠵᠢᠭᠡᠯ ᠪᠤᠷᠳᠤᠭᠠᠨ ᠤ ᠲᠦᠬᠦᠬᠡᠢ ᠮᠠᠲ᠋ᠧᠷᠢᠶᠠᠯ ᠳᠠᠬᠢ ᠲᠠᠷᠢᠶᠠᠨ ᠡᠮ ᠤᠨ ᠪᠤᠬᠢᠷᠳᠤᠯ ᠤᠨ ᠬᠡᠮᠵᠢᠶ᠎ᠠ ᠶᠢ ᠴᠠᠭ ᠲᠤᠬᠠᠢ ᠳᠤᠨᠢ ᠰᠢᠯᠭᠠᠨ ᠬᠡᠮᠵᠢᠵᠤ᠂ ᠨᠡᠶᠢᠳᠡ ᠶᠢᠨ ᠬᠦᠨᠦᠬᠡᠯ ᠦᠬᠡᠢ ᠲᠡᠵᠢᠬᠡᠯ ᠪᠤᠷᠳᠤᠭ᠎ᠠ ᠶᠢᠨ ᠲᠦᠬᠦᠬᠡᠢ ᠮᠠᠲ᠋ᠧᠷᠢᠶᠠᠯ ᠤᠨ ᠦᠢᠯᠡᠳᠪᠤᠷᠢᠯᠡᠯ ᠢ ᠬᠠᠤᠯᠢ ᠶᠤᠰᠤᠭᠠᠷ ᠶᠠᠪᠤᠭᠳᠠᠭᠤᠯᠬᠤ ᠭᠡᠷᠡᠭᠳᠡᠢ᠃
      5. ᠰᠠᠭᠠᠯᠢ ᠶᠢᠨ ᠦᠨᠢᠶ᠎ᠠ ᠶᠢ ᠲᠡᠵᠢᠬᠡᠬᠦ ᠨᠡᠶᠢᠳᠡ ᠶᠢᠨ ᠬᠦᠨᠦᠬᠡᠯ ᠦᠬᠡᠢ ᠲᠡᠵᠢᠬᠡᠯ ᠪᠤᠷᠳᠤᠭ᠎ᠠ ᠳᠤ ᠨᠡᠮᠡᠯᠳᠡ ᠡᠳ᠋ ᠬᠡᠷᠡᠭᠯᠡᠬᠦ ᠪᠠ ᠲᠡᠭᠦᠨ ᠢ ᠢᠯᠭᠠᠨ ᠲᠠᠨᠢᠬᠤ

       ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠤᠨ ᠬᠡᠷᠡᠭᠯᠡᠯᠳᠡ ᠨᠢ ᠰᠠᠭᠠᠯᠢ ᠶᠢᠨ ᠦᠨᠢᠶ᠎ᠠ ᠶᠢᠨ ᠪᠡᠶ᠎ᠡ ᠪᠢᠯᠳᠡᠷ ᠭᠢᠭᠡᠳ ᠰᠦᠨ ᠭᠠᠷᠤᠯᠳᠠ ᠶᠢ ᠲᠡᠭᠡᠭᠰᠢᠯᠡᠭᠦᠯᠬᠦ ᠳᠤ ᠬᠤᠯᠪᠤᠭᠳᠠᠬᠤ ᠪᠦᠭᠡᠳ ᠪᠠᠰᠠ ᠨᠡᠶᠢᠳᠡ ᠶᠢᠨ ᠬᠦᠨᠦᠬᠡᠯ ᠦᠬᠡᠢ ᠦᠨᠢᠶᠠᠨ ᠰᠦᠨ ᠤ ᠶᠠᠰᠤ ᠴᠢᠨᠠᠷ ᠪᠤᠯᠤᠨ ᠬᠦᠮᠦᠨ ᠲᠦᠷᠦᠯᠭᠢᠳᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠲᠠᠢ ᠬᠤᠯᠪᠤᠭᠳᠠᠨ᠎ᠠ᠃ ᠡᠶᠢᠮᠤ ᠠᠴᠠ ᠰᠠᠭᠠᠯᠢ ᠶᠢᠨ ᠦᠨᠢᠶ᠎ᠠ ᠶᠢᠨ ᠲᠠᠯᠠᠪᠠᠢ ᠨᠢ ︽ᠲᠡᠵᠢᠬᠡᠯ ᠪᠤᠷᠳᠤᠭ᠎ᠠ ᠪᠠ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠤᠨ ᠬᠠᠮᠢᠶᠠᠷᠤᠯᠳᠠ ᠶᠢᠨ ᠲᠦᠷᠢᠮ︾ ᠢ ᠴᠢᠩᠭ᠎ᠠ ᠬᠡᠷᠡᠭᠵᠢᠬᠦᠯᠬᠦ ᠬᠡᠷᠡᠭᠳᠡᠢ᠃ ᠬᠤᠳᠠᠯᠳᠤᠨ ᠠᠪᠬᠤ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠪᠠ ᠲᠦᠬᠦᠬᠡᠢ ᠮᠠᠲ᠋ᠧᠷᠢᠶᠠᠯ ᠨᠢ ᠡᠷᠭᠡᠪᠡᠰᠢ ᠪᠦᠳᠤᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ᠂ ᠪᠦᠳᠤᠭᠡᠭᠳᠡᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠦᠨᠡᠮᠯᠡᠯ᠂ ᠦᠢᠯᠡᠳᠪᠤᠷᠢᠯᠠᠯ ᠤᠨ ᠵᠦᠪᠰᠢᠶᠠᠷᠠᠯ ᠤᠨ ᠦᠨᠡᠮᠯᠡᠯ ᠪᠠ ᠪᠦᠳᠤᠭᠡᠭᠳᠡᠬᠦᠨ ᠤ ᠵᠦᠪᠰᠢᠶᠠᠷᠠᠯ ᠤᠨ ᠪᠢᠴᠢᠭ ᠪᠠᠷᠢᠮᠳᠠ ᠲᠠᠢ ᠪᠠᠶᠢᠬᠤ ᠬᠡᠷᠡᠭᠳᠡᠢ᠃ ᠴᠢᠬᠤᠯᠠ ᠲᠠᠢ ᠦᠶᠡᠰ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠲᠤ ᠶᠠᠰᠤ ᠴᠢᠨᠠᠷ ᠤᠨ ᠬᠢᠨᠠᠨ ᠲᠤᠭᠳᠠᠭᠠᠯ ᠪᠠ ᠰᠢᠯᠭᠠᠨ ᠪᠠᠶᠢᠴᠠᠭᠠᠯᠳᠠ ᠬᠢᠵᠤ ᠪᠤᠯᠤᠨ᠎ᠠ᠃ ᠲᠡᠵᠢᠬᠡᠯ ᠪᠤᠷᠳᠤᠭᠠᠨ ᠤ ᠨᠡᠮᠡᠯᠳᠡ ᠡᠳ᠋ ᠢ ᠲᠦᠷᠭᠡᠨ ᠢᠯᠭᠠᠨ ᠲᠠᠨᠢᠬᠤ ᠪᠠ ᠰᠢᠯᠭᠠᠨ ᠬᠡᠮᠵᠢᠬᠦ ᠳᠤ ᠰᠡᠷᠡᠯ ᠢᠶᠠᠷ ᠬᠢᠨᠡᠨ ᠲᠤᠭᠳᠠᠭᠠᠬᠤ᠂ ᠹᠢᠽᠢᠺ ᠤᠨ ᠰᠢᠯᠭᠠᠨ ᠬᠡᠮᠵᠢᠯᠳᠡ ᠬᠢᠬᠦ᠂ ᠬᠢᠮᠢ ᠶᠢᠨ ᠵᠠᠳᠠᠯᠤᠯᠳᠠ ᠬᠢᠬᠦ ᠵᠡᠷᠭᠡ ᠦᠨᠳᠦᠰᠦᠨ ᠠᠷᠭ᠎ᠠ ᠶᠢ ᠬᠡᠷᠡᠭᠯᠡᠵᠤ ᠪᠤᠯᠤᠨ᠎ᠠ᠃

       ᠨᠢᠭᠡ ᠳᠤ᠂ ᠰᠡᠷᠡᠯ ᠢᠶᠠᠷ ᠬᠢᠨᠡᠨ ᠲᠤᠭᠳᠠᠭᠠᠬᠤ᠃ ᠰᠡᠷᠡᠯ ᠢᠶᠠᠷ ᠬᠢᠨᠡᠨ ᠲᠤᠭᠳᠠᠭᠠᠬᠤ ᠭᠡᠳᠡᠭ ᠨᠢ ᠰᠡᠷᠡᠯ ᠤᠨ ᠡᠷᠭᠡᠳᠡᠨ ᠢᠶᠠᠷ ᠢᠶᠠᠨ ᠲᠦᠬᠦᠬᠡᠢ ᠮᠠᠲ᠋ᠧᠷᠢᠶᠠᠯ ᠤᠨ ᠭᠠᠳᠠᠷ ᠪᠠᠶᠢᠳᠠᠯ ᠢ ᠨᠢ ᠰᠢᠯᠭᠠᠨ ᠪᠠᠶᠢᠴᠠᠭᠠᠬᠤ ᠪᠠ ᠬᠢᠨᠠᠨ ᠲᠤᠭᠳᠠᠭᠠᠬᠤ ᠶᠢ ᠵᠢᠭᠠᠵᠤ ᠪᠠᠶᠢᠨ᠎ᠠ᠃ ᠰᠡᠷᠡᠯ ᠢᠶᠠᠷ ᠬᠢᠨᠡᠨ ᠲᠤᠭᠳᠠᠭᠠᠬᠤ ᠪᠤᠯ ᠪᠢᠳᠡᠨ ᠤ ᠡᠳᠦᠷ ᠲᠤᠳᠤᠮ ᠤᠨ ᠬᠠᠮᠤᠭ ᠤᠨ ᠲᠦᠷᠤᠬᠦᠨ ᠳᠤ ᠬᠡᠷᠡᠭᠯᠡᠳᠡᠭ ᠨᠢᠭᠡᠨ ᠵᠦᠢᠯ ᠤᠨ ᠢᠯᠭᠠᠨ ᠲᠠᠨᠢᠬᠤ ᠠᠷᠭ᠎ᠠ ᠪᠤᠯᠤᠨ᠎ᠠ᠃ ᠮᠦᠨ ᠴᠦ ᠬᠡᠷᠡᠭᠯᠡᠯᠳᠡ ᠪᠠᠷ ᠬᠠᠮᠤᠭ ᠤᠯᠠᠨ᠂ ᠮᠠᠰᠢ ᠲᠦᠬᠦᠮ᠂ ᠮᠠᠰᠢ ᠬᠤᠷᠳᠤᠨ ᠪᠠᠶᠢᠳᠠᠭ᠃ ᠡᠨᠡ ᠬᠦ ᠦᠨᠳᠦᠰᠦᠨ ᠠᠷᠭ᠎ᠠ ᠶᠢ ᠡᠵᠡᠮᠰᠢᠪᠠᠯ ᠲᠦᠬᠦᠬᠡᠢ ᠮᠠᠲ᠋ᠧᠷᠢᠶᠠᠯ ᠤᠨ ᠦᠨᠡᠨ ᠬᠤᠳᠠᠯ᠂ ᠰᠠᠶᠢᠨ ᠮᠠᠭᠤ ᠶᠢ ᠲᠡᠷᠡ ᠲᠤᠤᠷ᠎ᠠ ᠨᠢ ᠨᠤᠳᠠᠯᠠᠨ ᠮᠠᠭᠠᠳᠯᠠᠵᠤ ᠴᠢᠳᠡᠨ᠎ᠡ᠃ ① ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠤᠨ ᠲᠦᠬᠦᠬᠡᠢ ᠮᠠᠲ᠋ᠧᠷᠢᠶᠠᠯ ᠤᠨ ᠭᠠᠳᠠᠷ ᠪᠠᠶᠢᠳᠠᠯ ᠢ ᠬᠢᠨᠡᠨ ᠲᠤᠭᠳᠠᠭᠠᠬᠤ᠃ ᠭᠠᠳᠠᠷ ᠪᠠᠶᠢᠳᠠᠯ ᠢ ᠬᠢᠨᠡᠨ ᠲᠤᠭᠳᠠᠭᠠᠬᠤ ᠶᠢᠨ ᠡᠰᠢ ᠪᠠᠷᠢᠮᠳᠠ ᠭᠡᠪᠡᠯ ᠲᠦᠷᠦᠯ ᠪᠦᠷᠢ ᠶᠢᠨ ᠲᠦᠬᠦᠬᠡᠢ ᠮᠡᠲ᠋ᠧᠷᠢᠶᠠᠯ ᠤᠨ ᠭᠠᠳᠠᠷ ᠪᠠᠶᠢᠳᠠᠯ ᠨᠢ ᠹᠢᠽᠢᠺ ᠤᠨ ᠤᠨᠴᠠᠯᠢᠭ ᠰᠢᠨᠵᠢ ᠲᠠᠢ ᠪᠠᠶᠢᠳᠠᠭ᠃ ᠡᠬᠦᠨ ᠢ ᠬᠦᠮᠦᠰ ᠤᠨ ᠠᠵᠢᠭᠯᠠᠯᠳᠠ᠂ ᠲᠠᠮᠳᠡᠷᠢᠯᠳᠡ᠂ ᠦᠨᠦᠷᠯᠡᠯᠳᠡ ᠪᠠᠷ ᠲᠠᠮᠵᠢᠨ ᠬᠢᠨᠠᠨ ᠲᠤᠭᠳᠠᠭᠠᠨ᠎ᠠ᠃ ② ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠤᠨ ᠪᠤᠭᠤᠳᠠᠯ ᠪᠠᠭᠯᠠᠭ᠎ᠠ ᠶᠢ ᠪᠠᠶᠢᠴᠠᠭᠠᠬᠤ᠃ ᠠᠳᠠᠯᠢ ᠪᠤᠰᠤ ᠬᠡᠯᠪᠡᠷᠢ ᠳᠡᠰ ᠵᠡᠷᠭᠡ ᠶᠢᠨ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠨᠢ ᠠᠳᠠᠯᠢ ᠪᠤᠰᠤ ᠪᠤᠭᠤᠳᠠᠯ ᠪᠠᠭᠯᠠᠭ᠎ᠠ ᠶᠢᠨ ᠤᠨᠴᠠᠯᠢᠭ ᠰᠢᠨᠵᠢ ᠲᠠᠢ ᠪᠠᠶᠢᠳᠠᠭ᠃ ᠦᠨ᠎ᠠ ᠨᠢ ᠦᠨᠳᠦᠷ᠂ ᠬᠡᠮᠵᠢᠶ᠎ᠠ ᠨᠢ ᠪᠠᠭ᠎ᠠ ᠪᠦᠬᠡᠳ ᠲᠤᠭᠳᠠᠪᠤᠷᠢᠳᠤ ᠴᠢᠨᠡᠷ ᠢᠶᠠᠷ ᠪᠠᠷᠤᠭᠳᠠᠢ ᠪᠠᠶᠢᠳᠠᠭ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠤᠨ ᠬᠢ ᠨᠠᠩ ᠴᠢᠬᠤᠯᠠ ᠪᠠᠶᠢᠳᠠᠭ᠃ ᠵᠢᠩᠬᠢᠨᠢ ᠰᠢᠯᠢᠳᠡᠭ ᠨᠡᠮᠡᠯᠳᠡ ᠡᠳ᠋ ᠤᠨ ᠪᠠᠭᠯᠠᠭ᠎ᠠ ᠪᠤᠭᠤᠳᠠᠯ ᠨᠢ ᠨᠢᠭᠲᠠ ᠴᠢᠩᠭ᠎ᠠ᠂ ᠴᠢᠬᠢᠭ ᠤᠨ ᠰᠡᠷᠭᠡᠶᠢᠯᠡᠯᠳᠡ ᠲᠠᠢ᠂ ᠪᠢᠲᠡᠭᠦᠮᠵᠢ ᠨᠢ ᠰᠦᠷᠡᠬᠡᠢ ᠡᠪᠳᠡᠭᠳᠡᠭᠰᠡᠨ ᠦᠬᠡᠢ ᠪᠠᠶᠢᠳᠠᠭ᠃ ᠭᠠᠳᠠᠷ ᠪᠤᠭᠤᠳᠠᠯ ᠪᠠᠭᠯᠠᠭ᠎ᠠ ᠲᠡᠭᠡᠷ᠎ᠡ ᠨᠢ ᠦᠢᠯᠡᠳᠭᠦᠨ ᠤ ᠨᠡᠷ᠎ᠡ᠂ ᠲᠤᠭ᠎ᠠ ᠬᠡᠮᠵᠢᠶ᠎ᠡ᠂ ᠡᠵᠡᠯᠡᠬᠦᠨ᠂ ᠬᠦᠨᠳᠦ ᠶᠢᠨ ᠬᠡᠮᠵᠢᠶ᠎ᠡ᠂ ᠵᠦᠪᠰᠢᠶᠠᠷᠡᠯ ᠤᠨ ᠨᠤᠮᠧᠷ᠂ ᠬᠦᠴᠦᠨ ᠲᠠᠢ ᠴᠠᠭ ᠬᠤᠭᠤᠴᠠᠭ᠎ᠠ᠂ ᠲᠠᠩᠰᠠᠯᠠᠭᠤᠯᠤᠭᠰᠠᠨ ᠲᠠᠸᠠᠷ ᠤᠨ ᠲᠡᠮᠳᠡᠭ᠂ ᠦᠢᠯᠡᠳᠪᠤᠷᠢ ᠶᠢᠨ ᠨᠡᠷ᠎ᠡ᠂ ᠦᠢᠯᠡᠳᠪᠤᠷᠢ ᠶᠢᠨ ᠬᠠᠶ᠋ᠢᠭ᠂ ᠬᠠᠳᠠᠭᠠᠯᠠᠵᠤ ᠲᠡᠭᠡᠭᠡᠪᠤᠷᠢᠯᠡᠬᠦ ᠶᠢᠨ ᠵᠢᠷᠤᠭᠳᠤ ᠲᠡᠮᠳᠡᠭ ᠵᠡᠷᠭᠡ ᠶᠢ ᠬᠠᠳᠠᠭᠰᠠᠨ ᠪᠠᠶᠢᠳᠠᠭ ᠪᠦᠭᠡᠳ ᠪᠤᠭᠤᠳᠠᠯ ᠪᠠᠭᠯᠠᠭ᠎ᠠ ᠲᠤᠲᠤᠷ᠎ᠠ ᠨᠢ ᠦᠢᠯᠡᠳᠬᠦᠨ ᠤ ᠬᠢᠷᠢ ᠳᠤ ᠲᠡᠩᠴᠡᠭᠰᠡᠨ ᠦᠨᠡᠮᠯᠡᠯ ᠢ ᠲᠠᠭᠠᠯᠳᠠᠭᠤᠯᠤᠭᠰᠠᠨ ᠪᠠᠶᠢᠳᠠᠭ᠃ ᠲᠤᠲᠤᠭᠠᠳᠤ ᠪᠤᠭᠤᠳᠠᠯ ᠪᠠᠭᠯᠠᠭ᠎ᠠ ᠶᠢ ᠨᠢ ᠠᠳᠠᠯᠢ ᠪᠤᠰᠤ ᠲᠦᠷᠦᠯ ᠵᠦᠢᠯ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠲᠤᠭᠳᠠᠭᠠᠯ ᠢ ᠦᠨᠳᠦᠰᠦᠯᠠᠨ ᠪᠠᠶᠢᠴᠠᠭᠠᠵᠤ᠂ ᠴᠡᠪᠡᠷ ᠳᠡᠭᠰᠢ ᠬᠤᠤᠷ ᠦᠬᠡᠢ᠂ ᠬᠠᠭᠤᠷᠠᠢ ᠪᠠᠶᠢᠬᠤ ᠪᠠ ᠪᠢᠳᠡᠬᠦᠮᠵᠢ ᠨᠢ ᠨᠢᠭᠳᠠ᠂ ᠡᠪᠳᠡᠯ ᠰᠦᠢᠳᠤᠯ ᠪᠠ ᠴᠢᠬᠢᠭᠳᠦᠯ ᠭᠤᠭᠤᠵᠢᠯ ᠦᠬᠡᠢ ᠪᠠᠶᠢᠬᠤ ᠶᠢ ᠱᠠᠭᠠᠷᠳᠠᠳᠠᠭ᠃ ᠭᠡᠷᠡᠯ ᠦᠵᠡᠮᠡᠭᠴᠡ ᠠᠮᠠᠷᠬᠠᠨ ᠴᠢᠨᠡᠷ ᠨᠢ ᠬᠤᠪᠢᠷᠠᠳᠠᠭ ᠨᠡᠮᠡᠯᠳᠡ ᠡᠳ᠋ ᠪᠤᠯ ᠬᠡᠷᠡᠯ ᠬᠠᠯᠬᠠᠯᠠᠬᠤ ᠰᠠᠪᠠ ᠪᠤᠶᠤ ᠭᠡᠷᠡᠯ ᠬᠠᠯᠬᠠᠯᠠᠬᠤ ᠪᠤᠭᠤᠳᠠᠯ ᠢ ᠬᠡᠷᠡᠭᠯᠡᠭᠰᠡᠨ ᠪᠠᠶᠢᠳᠠᠭ᠃ ᠪᠤᠭᠤᠳᠠᠯ ᠨᠢ ᠪᠤᠷᠤ ᠪᠦᠳᠦᠬᠦᠯᠢᠭ᠂ ᠬᠠᠶᠢᠷᠴᠠᠭ ᠤᠭᠤᠳᠠ ᠨᠢ ᠨᠢᠮᠬᠡᠨ ᠪᠦᠭᠡᠳ ᠬᠡᠪᠡᠷᠡᠭ᠂ ᠪᠢᠴᠢᠭ ᠦᠰᠦᠭ ᠨᠢ ᠪᠠᠯᠠᠷᠬᠠᠢ ᠪᠠ ᠤᠷᠢᠳᠤ ᠶᠢᠨ ᠪᠤᠭᠤᠳᠠᠯ ᠪᠠᠭᠯᠠᠭ᠎ᠠ ᠠᠴᠠ ᠪᠠᠨ ᠢᠯᠡᠷᠬᠡᠢ ᠠᠳᠠᠯᠢ ᠦᠬᠡᠢ ᠪᠠᠶᠢᠬᠤ ᠵᠡᠷᠭᠡ ᠪᠠᠶᠢᠳᠠᠯ ᠲᠠᠢ ᠨᠢ ᠬᠠᠭᠤᠷᠮᠠᠭ ᠲᠠᠸᠠᠷ ᠪᠤᠯᠬᠤ ᠶᠢ ᠠᠩᠬ᠎ᠠ ᠠᠯᠬᠤᠮ ᠮᠠᠭᠠᠳᠯᠠᠵᠤ ᠪᠤᠯᠤᠨ᠎ᠠ᠃ ᠤᠯᠤᠰ ᠤᠨ ᠲᠤᠲᠤᠭᠠᠳᠤ ᠶᠢᠨ ᠪᠦᠳᠤᠭᠡᠭᠳᠡᠬᠦᠨ ᠳᠤ ᠬᠡᠮᠵᠢᠶ᠎ᠠ᠂ ᠳᠡᠰ᠂ ᠭᠤᠤᠯ ᠪᠤᠯᠬᠤ ᠮᠡᠷᠭᠡᠵᠢᠯ ᠤᠨ ᠬᠦᠢᠴᠡᠳᠬᠡᠬᠦ ᠲᠤᠭ᠎ᠠ ᠪᠤᠯᠤᠨ ᠪᠦᠷᠢᠯᠳᠤᠭᠦᠨ ᠤ ᠬᠡᠮᠵᠢᠶ᠎ᠠ᠂ ᠬᠡᠷᠡᠭᠯᠡᠯᠳᠡ ᠶᠢᠨ ᠲᠤᠲᠤᠷᠬᠠᠶᠢᠯᠠᠯᠳᠠ ᠶᠢ ᠬᠢᠳᠡᠳ ᠦᠰᠦᠭ ᠢᠶᠠᠷ ᠬᠠᠳᠠᠭᠰᠠᠨ ᠦᠬᠡᠢ ᠪᠤᠶᠤ ᠦᠢᠯᠡᠳᠪᠤᠷᠢᠯᠡᠭᠰᠡᠨ ᠡᠳᠦᠷ ᠰᠠᠷ᠎ᠠ᠂ ᠵᠦᠪᠰᠢᠶᠠᠷᠠᠯ ᠤᠨ ᠨᠤᠮᠧᠷ᠂ ᠬᠦᠴᠦᠨ ᠲᠠᠢ ᠬᠤᠭᠤᠴᠠᠭ᠎ᠠ᠂ ᠵᠦᠪᠰᠢᠶᠠᠷᠠᠯ ᠤᠨ ᠪᠢᠴᠢᠭ ᠤᠨ ᠨᠤᠮᠧᠷ ᠢ ᠲᠡᠮᠳᠡᠭᠯᠡᠭᠰᠡᠨ ᠦᠬᠡᠢ ᠪᠠ ᠦᠢᠯᠡᠳᠪᠤᠷᠢ ᠶᠢᠨ ᠨᠡᠷ᠎ᠡ᠂ ᠦᠢᠯᠡᠳᠪᠤᠷᠢ ᠶᠢᠨ ᠬᠠᠶ᠋ᠢᠭ ᠦᠬᠡᠢ ᠪᠤᠯ ᠴᠦᠮ ᠬᠤᠳᠠᠯ ᠮᠠᠭᠤ ᠦᠢᠯᠡᠳᠬᠦᠨ ᠢᠶᠠᠷ ᠰᠡᠵᠢᠭᠯᠡᠵᠤ ᠪᠤᠯᠤᠨ᠎ᠠ᠃ ᠭᠠᠳᠠᠭᠠᠳᠤ ᠠᠴᠠ ᠤᠷᠤᠭᠤᠯᠤᠭᠰᠠᠨ ᠲᠡᠵᠢᠬᠡᠯ ᠪᠤᠷᠳᠤᠭᠠᠨ ᠤ ᠨᠡᠮᠡᠯᠳᠡ ᠡᠳ᠋ ᠢ ᠰᠠᠷᠡᠯ ᠢᠶᠠᠷ ᠬᠢᠨᠡᠨ ᠲᠤᠭᠳᠠᠭᠠᠬᠤ ᠳᠠᠭᠠᠨ ᠲᠦᠬᠦᠬᠡᠢ ᠮᠡᠲ᠋ᠧᠷᠢᠶᠠᠯ ᠤᠨ ᠭᠠᠳᠠᠷ ᠪᠠᠶᠢᠳᠠᠯ ᠪᠤᠯᠤᠨ ᠪᠤᠭᠤᠳᠠᠯ ᠪᠠᠭᠯᠠᠭ᠎ᠠ ᠶᠢ ᠢᠯᠭᠠᠨ ᠪᠠᠶᠢᠴᠠᠭᠠᠬᠤ ᠠᠴᠠ ᠭᠠᠳᠠᠨ᠎ᠠ ᠪᠠᠰᠠ ᠤᠷᠤᠭᠤᠯᠵᠤ ᠢᠷᠡᠭᠰᠡᠨ ᠵᠠᠮ ᠮᠦᠷ ᠢ ᠨᠢ ᠠᠩᠬᠠᠷᠬᠤ ᠬᠡᠷᠡᠭᠳᠡᠢ᠃ ᠬᠠᠮᠤᠭ ᠤᠨ ᠰᠠᠶᠢᠨ ᠨᠢ ᠭᠠᠳᠠᠭᠠᠳᠤ ᠶᠢᠨ ᠦᠢᠯᠡᠳᠪᠤᠷᠢ ᠪᠤᠶᠤ ᠭᠠᠳᠠᠭᠠᠳᠤ ᠳᠤ ᠰᠠᠭᠤᠭ᠎ᠠ ᠬᠤᠪᠢᠶᠠᠷᠢ ᠪᠠᠶᠢᠭᠤᠯᠤᠮᠵᠢ ᠠᠴᠠ ᠰᠢᠭᠤᠳ ᠤᠷᠤᠭᠤᠯᠵᠤ ᠢᠷᠡᠬᠦ ᠪᠠ ᠪᠦᠳᠤᠭᠡᠭᠳᠡᠬᠦᠨ ᠨᠢ ᠭᠠᠳᠠᠭᠠᠳᠤ ᠠᠴᠠ ᠤᠷᠤᠭᠤᠯᠵᠤ ᠢᠷᠡᠭᠰᠡᠨ ᠪᠦᠷᠢᠳᠭᠡᠯ ᠤᠨ ᠦᠨᠡᠮᠯᠡᠯ ᠲᠠᠢ ᠪᠠᠶᠢᠬᠤ ᠬᠡᠷᠡᠭᠳᠡᠢ᠃ ᠡᠰᠡ ᠲᠡᠶᠢᠮᠤ ᠪᠤᠯ ᠴᠦᠮ ᠬᠤᠳᠠᠯ ᠬᠠᠭᠤᠷᠮᠠᠭ ᠪᠦᠳᠤᠭᠡᠭᠳᠡᠬᠦᠨ ᠪᠠᠶᠢᠵᠤ ᠪᠤᠯᠬᠤ ᠮᠠᠭᠠᠳ ᠦᠬᠡᠢ᠃

      ᠬᠤᠶᠠᠷ ᠲᠤ᠂ ᠹᠢᠽᠢᠺ ᠤᠨ ᠰᠢᠯᠭᠠᠨ ᠬᠡᠮᠵᠢᠯᠳᠡ ᠬᠢᠬᠦ᠃ ᠹᠢᠽᠢᠺ ᠤᠨ ᠰᠢᠯᠭᠠᠨ ᠬᠡᠮᠵᠢᠯᠳᠡ ᠳᠤ ᠭᠤᠤᠯ ᠨᠢ ᠰᠢᠭᠰᠢᠬᠦ ᠠᠷᠭ᠎ᠠ᠂ ᠵᠢᠩᠨᠡᠬᠦ ᠠᠷᠭ᠎ᠠ᠂ ᠬᠠᠷᠢᠴᠠᠩᠭᠤᠢ ᠨᠢᠭᠳᠠᠴᠠ ᠶᠢ ᠰᠢᠯᠢᠨ ᠲᠠᠨᠢᠬᠤ ᠠᠷᠭ᠎ᠠ᠂ ᠤᠰᠤ ᠪᠠᠷ ᠲᠤᠩᠭᠠᠨ ᠰᠢᠯᠭᠠᠬᠤ ᠠᠷᠭ᠎ᠠ᠂ ᠬᠠᠶᠢᠯᠤᠭᠤᠯᠬᠤ ᠠᠷᠭ᠎ᠠ᠂ ᠲᠦᠢᠯᠰᠢᠷᠠᠯ ᠤᠨ ᠠᠷᠭ᠎ᠠ᠂ ᠬᠤᠭᠤᠷᠠᠯ ᠭᠡᠷᠡᠯ ᠤᠨ ᠠᠷᠭ᠎ᠠ ᠵᠡᠷᠭᠡ ᠹᠢᠽᠢᠺ ᠤᠨ ᠪᠠᠶᠢᠴᠠᠭᠠᠯᠳᠠ ᠶᠢᠨ ᠠᠷᠭ᠎ᠠ ᠶᠢ ᠬᠡᠷᠡᠭᠯᠡᠳᠡᠭ᠃

       ᠭᠤᠷᠪᠠ ᠳᠤ᠂ ᠬᠢᠮᠢ ᠶᠢᠨ ᠵᠠᠳᠠᠯᠤᠯᠳᠠ ᠶᠢᠨ ᠠᠷᠭ᠎ᠠ ᠪᠠᠷ ᠰᠢᠯᠭᠠᠬᠤ᠃ ᠲᠡᠵᠢᠬᠡᠯ ᠪᠤᠷᠳᠤᠭᠠᠨ ᠤ ᠨᠡᠮᠡᠯᠳᠡ ᠡᠳ᠋ ᠤᠨ ᠲᠤᠲᠤᠷ᠎ᠠ ᠵᠤᠬᠢᠰᠳᠠᠢ ᠪᠠᠷ ᠨᠡᠮᠡᠭᠰᠡᠨ ᠡᠮ ᠤᠨ ᠡᠭᠦᠰᠦᠭᠰᠡᠨ ᠤᠷᠪᠠᠯ ᠤᠨ ᠲᠤᠨᠤᠳᠠᠰᠤ᠂ ᠦᠩᠭᠡ ᠶᠢᠨ ᠬᠤᠪᠢᠷᠠᠯᠳᠠ ᠶᠢ ᠦᠨᠳᠦᠰᠦᠯᠡᠨ ᠲᠡᠭᠦᠨ ᠳᠤ ᠶᠠᠮᠠᠷ ᠨᠢᠭᠡ ᠪᠦᠷᠢᠯᠳᠦᠬᠦᠨ ᠠᠭᠤᠯᠤᠭᠳᠠᠵᠦ ᠪᠠᠶᠢᠬᠤ ᠡᠰᠡᠬᠦ᠂ ᠤᠨᠳᠤᠤ ᠶᠠᠭᠤᠮ᠎ᠠ ᠬᠤᠯᠢᠯᠳᠤᠵᠤ ᠪᠠᠶᠢᠬᠤ ᠡᠰᠡᠬᠦ ᠶᠢ ᠨᠤᠳᠠᠯᠠᠨ ᠮᠠᠭᠠᠳᠯᠠᠳᠠᠭ᠃ ᠡᠳᠡᠭᠡᠷ ᠠᠷᠭ᠎ᠠ ᠶᠢᠨ ᠤᠯᠠᠩᠬᠢ ᠨᠢ ᠴᠦᠮ ᠲᠦᠬᠦᠮ᠂ ᠲᠦᠷᠭᠡᠨ ᠠᠮᠠᠷᠬᠠᠨ ᠡᠵᠡᠮᠰᠢᠵᠤ ᠪᠤᠯᠳᠠᠭ ᠲᠤᠯᠠ ᠰᠠᠭᠠᠯᠢ ᠶᠢᠨ ᠦᠨᠢᠶ᠎ᠠ ᠶᠢᠨ ᠲᠠᠯᠠᠪᠠᠢ ᠳᠤ ᠴᠦᠮ ᠬᠡᠷᠡᠭᠯᠡᠵᠤ ᠪᠤᠯᠳᠠᠭ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ