ᠥᠪᠥᠷ ᠮᠣᠩᠭᠤᠯ ᠤᠨ ᠠᠩᠬᠠᠳᠠᠭᠴᠢ ᠣᠨᠴᠠ ᠥᠨᠳᠥᠷ ᠬᠦᠴᠦᠳᠡᠯᠲᠦ ᠴᠠᠬᠢᠯᠭᠠᠨ ᠱᠤᠭᠤᠮ ᠤᠨ ᠢᠨᠵᠧᠨᠧᠷᠢᠩ ᠳᠠᠷᠠᠭ᠎ᠠ ᠵᠢᠯ ᠤᠨ 7 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2015/11/17
      ᠥᠪᠥᠷ ᠮᠣᠩᠭᠤᠯ ᠤᠨ ᠬᠢᠵᠠᠭᠠᠷ ᠲᠠᠬᠢ ᠠᠩᠬᠠᠳᠠᠭᠴᠢ ᠣᠨᠴᠠ ᠥᠨᠳᠥᠷ ᠬᠦᠴᠦᠳᠡᠯᠲᠦ ᠴᠠᠬᠢᠯᠭᠠᠨ ᠱᠤᠭᠤᠮ ᠪᠣᠯᠬᠤ ᠰᠢᠯᠢ ᠶᠢᠨ ᠭᠤᠣᠯ ᠠᠶᠢᠮᠠᠭ — ᠱᠠᠨᠳᠦ᠋ᠩ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠲᠦ ᠴᠠᠬᠢᠯᠭᠠᠨ ᠱᠤᠭᠤᠮ ᠤᠨ ᠢᠨᠵᠧᠨᠧᠷᠢᠩ ᠣᠳᠣᠬᠠᠨ ᠳᠤ ᠨᠢᠭᠡᠨᠲᠡ ᠴᠠᠬᠢᠯᠭᠠᠨ ᠬᠡᠢ ᠤᠭᠰᠠᠷᠠᠬᠤ ᠣᠷᠭᠢᠯ ᠤᠨ ᠬᠤᠭᠤᠴᠠᠭᠠᠨ ᠳᠤ ᠣᠷᠣᠪᠠ᠃ ᠲᠤᠰ ᠢᠨᠵᠧᠨᠧᠷᠢᠩ ᠢ ᠨᠢᠳᠤᠨᠤᠨ ᠠᠴᠠ ᠠᠵᠢᠯ ᠡᠬᠢᠯᠡᠵᠦ ᠪᠠᠶᠢᠭᠤᠯᠤᠭᠰᠠᠨ ᠠᠴᠠ ᠨᠠᠰᠢ᠂ ᠥᠮᠴᠢᠲᠡᠨ᠂ ᠵᠢᠷᠤᠭ ᠲᠥᠯᠥᠪᠯᠡᠭᠡ᠂ ᠪᠦᠲᠡᠭᠡᠨ ᠪᠠᠶᠢᠭᠤᠯᠤᠯᠲᠠ᠂ ᠬᠢᠨᠠᠨ ᠬᠠᠮᠢᠶᠠᠷᠬᠤ ᠵᠡᠷᠭᠡ ᠨᠢᠭᠡᠴᠡ ᠨᠦᠭᠦᠳ ᠬᠠᠮᠵᠢᠯᠴᠠᠨ᠂ ᠣᠨᠴᠠ ᠥᠨᠳᠥᠷ ᠬᠦᠴᠦᠳᠡᠯᠲᠦ ᠲᠥᠷᠥᠯ ᠵᠦᠢᠯ ᠤᠨ ᠠᠮᠤᠷ ᠲᠦᠪᠰᠢᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠦᠲᠦᠭᠡᠨ ᠪᠠᠶᠢᠭᠤᠯᠵᠤ ᠬᠡᠷᠡᠭᠯᠡᠯᠲᠡ ᠳᠤ ᠣᠷᠣᠭᠤᠯᠬᠤ ᠶᠢ ᠪᠠᠲᠤᠯᠠᠵᠤ ᠪᠤᠢ᠃ ᠣᠶᠢᠯᠠᠭᠠᠭᠰᠠᠨ ᠢᠶᠠᠷ᠂ ᠰᠢᠯᠢ ᠶᠢᠨ ᠭᠤᠣᠯ ᠠᠶᠢᠮᠠᠭ — ᠱᠠᠨᠳᠦ᠋ᠩ ᠤᠨ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠦᠶᠦᠳᠡᠯᠲᠦ ᠴᠠᠬᠢᠯᠭᠠᠨ ᠱᠤᠭᠤᠮ ᠤᠨ ᠢᠨᠵᠧᠨᠧᠷᠢᠩ 2014 ᠣᠨ ᠤ 11 ᠳ᠋ᠦ᠋ᠭᠡᠷ ᠰᠠᠷ᠎ᠠ ᠶᠢᠨ 4᠎ ᠤ ᠡᠳᠦᠷ ᠵᠢᠩᠬᠢᠨᠢ ᠪᠠᠷ ᠠᠵᠢᠯ ᠡᠬᠢᠯᠡᠵᠦ᠂ ᠣᠳᠣᠬᠠᠨ ᠪᠣᠯᠬᠤ ᠳᠤ ᠠᠵᠢᠯ ᠡᠬᠢᠯᠡᠭᠡᠳ ᠨᠢᠭᠡ ᠵᠢᠯ ᠪᠣᠯᠵᠤ᠂ ᠣᠳᠣᠬᠠᠨ ᠎ ᠳᠤ ᠰᠢᠪᠠᠷ ᠪᠠᠷᠢᠯᠭ᠎ᠠ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠴᠠᠬᠢᠯᠭᠠᠨ ᠬᠡᠢ ᠤᠭᠰᠠᠷᠠᠬᠤ ᠣᠷᠭᠢᠯ ᠤᠨ ᠬᠤᠭᠤᠴᠠᠭᠠᠨ ᠳᠤ ᠣᠷᠣᠪᠠ᠃ ᠵᠢᠱᠢᠬᠦ ᠳᠤ ᠢᠨᠵᠧᠨᠧᠷᠢᠩ 2016 ᠣᠨ ᠤ 7 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠭᠤᠯᠬᠤ ᠪᠣᠯᠣᠨ᠎ᠠ᠂ ᠲᠡᠷᠡ ᠦᠶ᠎ᠡ ᠳᠤ᠂ ᠥᠪᠥᠷ ᠮᠣᠩᠭᠤᠯ ᠤᠨ ᠭᠠᠳᠠᠭᠰᠢ ᠬᠦᠷᠭᠡᠬᠦ ᠴᠠᠬᠢᠯᠭᠠᠨ ᠬᠦᠴᠦ ᠪᠠᠷᠤᠭ 900 ᠲᠦᠮᠡᠨ ᠺᠢᠯᠣᠸᠠᠲ ᠴᠠᠭ ᠰᠢᠨ᠎ᠡ ᠪᠠᠷ ᠨᠡᠮᠡᠭᠳᠡᠬᠦ ᠪᠣᠯᠵᠤ᠂ ᠵᠢᠯ ᠳᠤ ᠪᠠᠷᠤᠭ 450 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠦᠷᠭᠡᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号