10 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠢᠶᠠᠷ ᠢᠶᠠᠨ 2157 ᠳ᠋ᠦᠩᠰᠢᠭᠤᠷ ᠲᠥᠭᠦᠷᠢᠭ | ᠤᠷᠤᠭᠤᠯᠵᠤ᠂ ᠳᠦᠬᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠭ ᠤᠨ 132 ᠲᠦᠮᠡᠨ ᠡᠷᠦᠬᠡ ᠶᠢ | ᠦᠭᠡᠷᠴᠢᠯᠡᠵᠦ᠂ 500 ᠭᠠᠷᠤᠶ ᠲᠦᠮᠡᠨ ᠤᠯᠠᠨ ᠲᠦᠮᠡᠨ ᠲᠤ ᠠᠰᠢᠭ ᠬᠦᠷᠲᠡᠭᠡᠪᠡ᠃ ᠵᠢᠱᠢᠯᠲᠡ ᠪᠠᠷ 11 ᠳ᠋ᠦ᠋ᠭᠡᠷ | ᠰᠠᠷ᠎ᠠ ᠶᠢᠨ ᠡᠴᠦᠰ ᠪᠣᠯᠲᠠᠯ᠎ᠠ᠂ ᠪᠸᠢᠢᠯᠢᠶᠠᠩ ᠤᠨ ᠳᠦᠬᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠭ ᠤᠨ 3.3 | ᠲᠦᠮᠡᠨ ᠢᠵᠢ ᠲᠥᠪᠬᠢᠨᠡᠭᠦᠯᠬᠦ ᠭᠡᠷ ᠪᠠᠶᠢᠰᠢᠩ ᠤᠨ ᠪᠥᠳᠥᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠠᠭᠤᠰᠬᠠᠭᠠᠳ | ᠨᠡᠭᠦᠨ ᠤᠷᠤᠬᠤ ᠰᠠᠭᠤᠭᠠᠯᠢ ᠠᠷᠠᠳ ᠪᠦᠬᠦᠨ ᠢ ᠲᠣᠬᠢᠲᠠᠶ ᠰᠠᠶᠢᠨ ᠲᠤᠬᠢᠷᠠᠭᠤᠯᠵᠤ᠂ 3 ᠵᠢᠯ ᠤᠨ ᠬᠤᠭᠤᠴᠠᠭ᠎ᠠ | ᠬᠡᠷᠡᠭᠰᠡᠨ ᠪᠠᠷᠢᠭᠰᠠᠨ ᠪᠸᠢᠢᠯᠢᠶᠠᠩ ᠤᠨ ᠳᠦᠬᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠭ ᠤᠨ | ᠦᠭᠡᠷᠴᠢᠯᠡᠯᠲᠡ ᠶᠢᠨ ᠡᠭᠦᠷᠭᠡ ᠠᠮᠵᠢᠯᠲᠠᠲᠠᠶ ᠪᠡᠶᠡᠯᠡᠭᠳᠡᠬᠦ ᠪᠤᠯᠤᠨ᠎ᠠ᠃ ᠣᠶᠢᠯᠠᠭᠠᠭᠰᠠᠨ ᠢᠶᠠᠷ᠂ ᠡᠨᠡ ᠵᠢᠯ | ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠡᠯ᠎ᠡ ᠲᠥᠷᠥᠯ ᠤᠨ ᠳᠦᠬᠦᠮ ᠪᠦᠳᠦᠭᠦᠯᠢᠭ ᠤᠷᠤᠨ ᠰᠠᠭᠤᠴᠠᠲᠤ | ᠲᠤᠭᠤᠷᠢᠭ ᠢ ᠥᠭᠡᠷᠡᠴᠢᠯᠡᠬᠦ ᠡᠭᠦᠷᠭᠡ 19.9 ᠲᠦᠮᠡ ᠢᠵᠢ ᠪᠠᠶᠢᠭᠰᠠᠨ ᠰᠠᠭᠤᠷᠢᠨ ᠳᠡᠭᠡᠷ᠎ᠡ᠂ ᠮᠠᠨ ᠤ ᠣᠷᠣᠨ 4. | 36 ᠲᠦᠮᠡᠨ ᠢᠵᠢ ᠦᠭᠡᠷᠴᠢᠯᠡᠬᠦ ᠡᠭᠦᠷᠭᠡ ᠶᠢ ᠰᠢᠨ᠎ᠡ ᠪᠠᠷ ᠨᠡᠮᠡᠵᠦ᠂ ᠪᠦᠬᠦ ᠵᠢᠯ ᠤᠨ ᠶᠡᠷᠦᠩᠬᠡᠶ ᠦᠭᠡᠷᠴᠢᠯᠡᠬᠦ | ᠬᠡᠮᠵᠢᠶ᠎ᠡ 24.2 ᠲᠦᠮᠡᠨ ᠢᠵᠢ ᠪᠤᠯᠤᠭᠰᠠᠨ ᠪᠠᠶᠢᠨ᠎ᠠ᠃ 10 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ | ᠣᠷᠣᠨ ᠤ ᠳᠦᠬᠦᠮ ᠪᠦᠳᠦᠭᠦᠯᠢᠭ ᠣᠷᠣᠨ ᠰᠠᠭᠤᠴᠠᠳᠤ ᠲᠤᠭᠤᠷᠢᠭ ᠲᠤ 485 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 23.7 ᠲᠦᠮᠡᠨ ᠢᠵᠢ ᠨᠢ ᠠᠵᠢᠯ ᠢᠶᠠᠨ ᠡᠬᠢᠯᠡᠭᠦᠯᠵᠦ᠂ ᠠᠵᠢᠯ | ᠡᠭᠢᠯᠠᠭᠦᠯᠣᠭᠰᠠᠨ ᠨᠣᠷᠮ᠎ᠠ ᠨᠢ 97.9% ᠬᠦᠷᠴᠡᠢ᠃ ᠪᠥᠬᠦ ᠣᠷᠣᠨ ᠤ ᠲᠠᠸᠠᠷ ᠤᠨ ᠣᠷᠣᠨ ᠰᠠᠭᠤᠴᠠ ᠤᠨ | ᠬᠠᠳᠠᠭᠠᠯᠠᠭᠳᠠᠴᠠ ᠨᠡᠯᠢᠶᠡᠳ ᠶᠡᠭᠡ ᠪᠠᠶᠢᠭ᠎ᠠ ᠪᠤᠲᠠᠲᠤ ᠪᠠᠶᠢᠳᠠᠯ ᠳᠤ ᠴᠢᠭᠯᠡᠭᠦᠯᠦᠨ᠂ ᠡᠯ᠎ᠡ ᠭᠠᠵᠠᠷ ᠤᠨ ᠬᠢᠨ ᠰᠢᠭᠤᠳ | ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠵᠡᠷᠭᠡ ᠬᠡᠯᠪᠡᠷᠢ ᠶᠢ ᠠᠪᠴᠤ᠂ ᠳᠦᠬᠦᠮ ᠪᠦᠳᠦᠭᠦᠯᠢᠭ ᠤᠷᠤᠨ | ᠰᠠᠭᠤᠴᠠᠲᠤ ᠲᠤᠭᠤᠷᠢᠭ ᠤᠨ ᠦᠭᠡᠷᠴᠢᠯᠡᠯᠲᠡ ᠶᠢ ᠵᠤᠭᠤᠰᠴᠢᠯᠠᠨ ᠲᠦᠪᠬᠢᠨᠡᠭᠦᠯᠡᠬᠦ ᠠᠵᠢᠯ ᠢᠶᠠᠨ ᠶᠡᠬᠡᠪᠡᠷ ᠲᠦᠯᠬᠢᠨ | ᠠᠬᠢᠭᠤᠯᠪᠠ᠃ 10 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ ᠣᠷᠣᠨ ᠤ ᠳᠦᠬᠦᠮ ᠪᠦᠳᠦᠭᠦᠯᠢᠭ | ᠤᠷᠤᠨ ᠰᠠᠭᠤᠴᠠᠲᠤ ᠲᠤᠭᠤᠷᠢᠭ ᠦᠭᠡᠷᠴᠢᠯᠡᠯᠲᠡ ᠳᠤ 13.2 ᠲᠦᠮᠡᠨ ᠡᠷᠦᠬᠡ ᠢ ᠵᠤᠭᠤᠰᠴᠢᠯᠠᠨ ᠲᠦᠪᠬᠢᠨᠡᠭᠦᠯᠡᠵᠦ᠂ | ᠡᠨᠡ ᠵᠢᠯ ᠤᠨ ᠳᠦᠬᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠭ ᠤᠨ ᠦᠭᠡᠷᠴᠢᠯᠡᠯᠲᠡ ᠶᠢᠨ ᠡᠭᠦᠷᠭᠡ ᠶᠢᠨ 54. | 4% ᠡᠵᠡᠯᠡᠭᠰᠡᠨ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ | ᠳᠤᠭᠤᠶᠢᠯᠠᠩ ᠠᠴᠠ ᠰᠠᠨᠠᠭᠤᠯᠤᠭᠰᠠᠨ ᠨᠢ᠂ ᠵᠤᠭᠤᠰᠴᠢᠯᠠᠨ ᠲᠦᠪᠬᠢᠨᠡᠭᠦᠯᠡᠬᠦ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠂ ᠳᠦᠬᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠭ ᠥᠭᠡᠷᠡᠴᠢᠯᠡᠬᠦ ᠲᠥᠪᠬᠢᠨᠡᠭᠦᠯᠬᠦ | ᠦᠶᠡᠯᠡᠯ ᠢ ᠪᠣᠭᠤᠨᠢᠰᠬᠠᠵᠤ᠂ ᠡᠭᠦᠨ ᠤ ᠵᠡᠷᠭᠡᠴᠡᠭᠡᠪᠡᠷ ᠵᠠᠰᠠᠭ ᠤᠨ ᠣᠷᠳᠣᠨ ᠠᠴᠠ ᠳᠦᠬᠦᠮ ᠪᠦᠳᠦᠭᠦᠯᠢᠭ ᠣᠷᠣᠨ | ᠰᠠᠭᠤᠴᠠᠲᠤ ᠲᠤᠭᠤᠷᠢᠭ ᠢ ᠥᠭᠡᠷᠡᠴᠢᠯᠡᠬᠦ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠢ ᠳᠠᠷᠦᠢ ᠲᠦᠷᠭᠡᠨ | ᠡᠬᠢᠯᠡᠭᠦᠯᠵᠦ᠂ ᠪᠡᠯᠡ ᠲᠣᠬᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠶ᠃ ᠳᠦᠬᠦᠮ ᠪᠦᠳᠦᠭᠦᠯᠢᠭ ᠤᠷᠤᠨ | ᠰᠠᠭᠤᠴᠠᠲᠦ ᠲᠤᠭᠤᠷᠢᠭ ᠢ ᠥᠭᠡᠷᠡᠴᠢᠯᠡᠬᠦ ᠳᠤᠮᠳᠠ᠂ ᠡᠯ᠎ᠡ ᠭᠠᠵᠠᠷ ᠤᠨ ᠬᠢᠨ ᠮᠠᠰᠢ ᠠᠷᠪᠢᠨ ᠲᠤᠷᠰᠢᠯᠭ᠎ᠠ ᠪᠠ ᠰᠠᠶᠢᠨ | ᠠᠷᠭ᠎ᠠ ᠬᠤᠷᠠᠮᠳᠠᠭᠤᠯᠤᠭᠰᠠᠨ ᠪᠠᠶᠢᠨ᠎ᠠ᠃ ᠪᠤᠭᠤᠲᠤ ᠬᠤᠳᠠ ᠶᠢᠨ ᠪᠸᠢᠢᠯᠢᠶᠠᠩ ᠤᠨ ᠳᠦᠬᠦᠮ ᠪᠦᠳᠦᠭᠦᠯᠢᠭ ᠣᠷᠣᠨ | ᠰᠠᠭᠤᠴᠠᠲᠦ ᠲᠤᠭᠤᠷᠢᠭ ᠢ ᠥᠭᠡᠷᠡᠴᠢᠯᠡᠬᠦ ᠳᠤ ᠥᠩᠭᠡᠷᠡᠭᠰᠡᠨ ᠤ ︽ᠤᠷᠢᠳᠠᠪᠠᠷ ᠨᠤᠷᠠᠭᠠᠵᠤ ᠨᠡᠭᠦᠯᠭᠡᠨ᠂ ᠳᠠᠷᠠᠭ᠎ᠠ ᠨᠢ | ᠲᠦᠪᠬᠢᠨᠡᠭᠦᠯᠡᠵᠦ︾ ᠪᠠᠶᠢᠭᠰᠠᠨ ᠢ ︽ᠤᠷᠢᠳᠠᠪᠠᠷ ᠲᠦᠪᠬᠢᠨᠡᠭᠦᠯᠡᠵᠦ᠂ ᠳᠠᠷᠠᠭ᠎ᠠ ᠨᠢ ᠨᠤᠷᠠᠭᠠᠵᠤ ᠨᠡᠭᠦᠯᠭᠡᠬᠦ︾ | ᠪᠤᠯᠭᠠᠵᠤ᠂ ︽ᠣᠨᠳᠣᠣ ᠭᠠᠵᠠᠷ ᠨᠡᠭᠦᠯᠭᠡᠬᠦ ᠪᠠᠷ ᠭᠤᠣᠯ ᠪᠣᠯᠭᠠᠵᠤ᠂ ᠨᠢᠭᠡ ᠬᠡᠰᠡᠭ ᠶᠢ ᠨᠢ ᠤᠭ ᠣᠷᠣᠨ ᠳᠠᠭᠠᠨ | ᠥᠭᠡᠷᠡᠴᠢᠯᠡᠬᠦ ᠪᠠᠷ ᠬᠠᠪᠰᠤᠷᠤᠮᠵᠢ ᠪᠣᠯᠭᠠᠬᠤ᠂ ᠨᠢᠭᠡᠳᠦᠯᠲᠡᠶ ᠲᠥᠯᠥᠪᠯᠡᠨ ᠰᠠᠭᠤᠭᠠᠯᠢ ᠠᠷᠠᠳ ᠤᠨ ᠠᠵᠢᠯ ᠤᠯᠬᠤ ᠶᠢ | ᠨᠡᠶᠢᠳᠡ ᠳᠤᠨᠢ ᠬᠠᠷᠠᠭᠠᠯᠵᠠᠬᠤ︾ ᠵᠠᠷᠴᠢᠮ ᠢ ᠪᠠᠷᠢᠮᠲᠠᠯᠠᠵᠤ᠂ ᠰᠠᠭᠤᠭᠠᠯᠢ ᠠᠷᠠᠳ ᠤᠨ ᠭᠡᠷ ᠪᠠᠶᠢᠰᠢᠩ ᠢ ᠲᠠᠲᠠᠪᠤᠷᠢᠯᠠᠨ | ᠨᠤᠷᠠᠭᠠᠵᠤ ᠨᠡᠭᠦᠯᠭᠡᠭᠰᠡᠨ ᠤ ᠳᠠᠷᠠᠭ᠎ᠠ ᠲᠥᠪᠬᠢᠨᠡᠭᠦᠯᠬᠦ ᠭᠠᠵᠠᠷ ᠦᠭᠡᠢ᠂ ᠠᠵᠢᠯ ᠤᠯᠬᠤ ᠳᠤ ᠬᠦᠴᠢᠷᠲᠡᠶ᠂ | ᠬᠠᠮᠵᠢᠯᠴᠠᠭ᠎ᠠ ᠬᠦᠷᠦᠯᠴᠡᠬᠦ ᠦᠭᠡᠢ ᠪᠠᠶᠢᠭᠰᠠᠨ ᠠᠰᠠᠭᠤᠳᠠᠯ ᠢ ᠨᠡᠯᠢᠶᠡᠳ ᠰᠠᠶᠢᠨ ᠢᠶᠠᠷ ᠰᠢᠢᠳᠪᠦᠷᠢᠯᠡᠵᠡᠢ᠃ | ᠤᠯᠠᠭᠠᠨᠬᠠᠳᠠ ᠬᠤᠲᠠ ᠶᠢᠨ ᠲᠢᠶᠧ ᠨᠠᠨ ᠳᠦᠬᠦᠮ ᠪᠦᠳᠦᠭᠦᠯᠢᠭ ᠤᠷᠤᠨ ᠰᠠᠭᠤᠴᠠᠲᠦ ᠲᠤᠭᠤᠷᠢᠭ ᠨᠢ ᠤᠯᠠᠨ | ᠲᠦᠮᠡᠨ ᠤ ᠰᠤᠷᠪᠤᠯᠵᠢᠯᠠᠭ᠎ᠠ ᠶᠢ ᠦᠭᠡᠷᠡᠴᠢᠯᠡᠯᠲᠡ ᠶᠢᠨ ᠲᠤᠬᠠᠢ ᠶᠢᠨ ᠭᠠᠵᠠᠷ ᠲᠤ ᠬᠦᠯᠢᠶᠡᠨ ᠠᠪᠴᠤ᠂ ᠢᠷᠭᠡᠨ ᠤ | ᠵᠢᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠭᠠᠵᠠᠷ ᠰᠢᠷᠣᠶ ᠶᠢ ᠲᠠᠲᠠᠪᠤᠷᠢᠯᠠᠬᠤ ᠶᠠᠪᠤᠴᠠ ᠳᠤ | ᠤᠯᠠᠨ ᠲᠦᠮᠡᠨᠴᠢ ᠴᠢᠨᠠᠷᠲᠠᠶ ᠬᠡᠷᠡᠭ ᠪᠠ ᠠᠮᠤᠷ ᠲᠦᠪᠰᠢᠨ ᠤ ᠬᠡᠷᠡᠭ ᠢ ᠨᠢᠭᠡᠴᠦ ᠭᠠᠷᠭᠠᠭᠰᠠᠨ ᠦᠭᠡᠢ᠃ |