| ᠰᠣᠷᠪᠤᠯᠵᠢᠯᠠᠭᠰᠠᠨ ᠴᠠᠭ᠄ | 2015 ᠣᠨ ᠤ 10 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ | ᠰᠣᠷᠪᠤᠯᠵᠢᠯᠠᠭᠰᠠᠨ ᠵᠣᠴᠢᠨ᠄ | ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ | ᠸᠠᠩ ᠶᠢᠨ ᠪᠤᠣ | ᠰᠣᠷᠪᠤᠯᠵᠢᠯᠡᠨ ᠶᠠᠷᠢᠯᠴᠠᠭᠰᠠᠨ ᠲᠣᠪᠴᠢ᠄ | ᠦᠨ᠎ᠡ ᠬᠠᠩᠰᠢ ᠶᠢᠨ ᠲᠣᠭᠲᠠᠴᠠ ᠪᠣᠯ ᠵᠠᠬ᠎ᠠ ᠳᠡᠯᠭᠡᠭᠦᠷ ᠤᠨ ᠲᠣᠭᠲᠠᠴᠠ ᠶᠢᠨ ᠭᠤᠣᠯᠯᠠᠭᠴᠢ ᠪᠣᠯᠬᠤᠷ᠂ | ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ ᠪᠣᠯ ᠵᠠᠬ᠎ᠠ ᠳᠡᠯᠭᠡᠭᠦᠷ ᠨᠢ ᠡᠬᠢ ᠪᠠᠶᠠᠯᠢᠭ ᠢ | ᠲᠣᠬᠢᠷᠠᠭᠤᠯᠬᠤ ᠳᠤᠮᠳᠠ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠬᠦ ᠶᠢᠨ ᠵᠠᠩᠬᠢᠯᠠᠭ᠎ᠠ ᠪᠣᠯᠣᠨ᠎ᠠ᠃ | ᠥᠭᠡᠷᠡᠴᠢᠯᠡᠯᠲᠡ ᠨᠡᠬᠡᠭᠡᠯᠲᠡ ᠬᠢᠭᠰᠡᠨ ᠠᠴᠠ ᠨᠠᠰᠢ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠴᠢᠬᠤᠯᠠ ᠪᠥᠷᠢᠯᠳᠦᠭᠦᠨ ᠪᠣᠯᠬᠤ ᠶᠢᠨ ᠬᠤᠪᠢ ᠳᠤ᠂ ᠥᠨ᠎ᠡ ᠬᠠᠩᠰᠢ ᠶᠢᠨ ᠥᠭᠡᠷᠡᠴᠢᠯᠡᠯᠲᠡ ᠥᠷᠭᠦᠯᠵᠢᠯᠡᠨ | ᠶᠠᠪᠤᠭᠳᠠᠵᠤ᠂ ᠲᠠᠰᠤᠷᠠᠯᠲᠠ ᠦᠭᠡᠢ ᠭᠦᠨᠵᠡᠭᠡᠶᠢᠷᠡᠵᠦ᠂ ᠢᠯᠠᠩᠭᠤᠶ᠎ᠠ ᠣᠶᠢᠷ᠎ᠠ ᠶᠢᠨ ᠵᠢᠯ ᠤᠳ ᠲᠤ᠂ ᠥᠨ᠎ᠡ | ᠬᠠᠩᠰᠢ ᠶᠢᠨ ᠥᠭᠡᠷᠡᠴᠢᠯᠡᠯᠲᠡᠡ ᠶᠢᠨ ᠠᠯᠬᠤᠴᠠ ᠶᠡᠬᠡᠪᠡᠷ ᠲᠦᠷᠭᠡᠳᠴᠦ᠂ ᠨᠢᠭᠡᠨ ᠪᠥᠯᠦᠭ ᠲᠠᠸᠠᠷ ᠪᠤᠯᠤᠨ | ᠥᠢᠯᠡᠴᠢᠯᠡᠭᠡᠨ ᠤ ᠥᠨ᠎ᠡ ᠬᠠᠩᠰᠢ ᠶᠢ ᠤᠷᠢᠳ ᠬᠤᠵᠢᠳ ᠴᠢᠯᠦᠭᠡᠲᠡᠢ ᠲᠠᠯᠪᠢᠵᠤ᠂ ᠪᠣᠯᠪᠠᠰᠤᠷᠠᠭᠤᠯᠤᠭᠰᠠᠨ | ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠲᠡᠮᠦᠷ ᠵᠠᠮ ᠤᠨ ᠲᠡᠭᠡᠭᠡᠪᠦᠷᠢ ᠵᠡᠷᠭᠡ ᠬᠦᠷᠢᠶᠡᠨ ᠤ ᠦᠨ᠎ᠡ | ᠬᠠᠩᠰᠢ ᠶᠢᠨ ᠵᠠᠬ᠎ᠠ ᠳᠡᠯᠭᠡᠭᠦᠷᠴᠢᠯᠡᠯᠲᠡ ᠶᠢᠨ ᠬᠡᠮᠵᠢᠶ᠎ᠡ ᠢᠯᠡᠷᠬᠡᠢ ᠳᠡᠭᠡᠭᠰᠢᠯᠡᠭᠳᠡᠪᠡ᠃ 10 ᠰᠠᠷ᠎ᠠ ᠶᠢᠨ 12 ᠤᠨ | ᠡᠳᠦᠷ᠂ ᠲᠥᠪ ᠤᠨ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ︽ᠦᠨ᠎ᠡ ᠬᠠᠩᠰᠢ ᠶᠢᠨ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠦᠨ᠎ᠡ | ᠬᠠᠩᠰᠢ ᠶᠢᠨ ᠦᠭᠡᠷᠡᠴᠢᠯᠡᠯᠳᠡ ᠶᠢᠨ ᠭᠦᠨᠵᠡᠭᠡᠶᠢᠷᠡᠨ ᠬᠦᠭᠵᠢᠭᠦᠯᠬᠦ ᠶᠢ ᠠᠬᠢᠭᠤᠯᠵᠤ᠂ ᠭᠤᠣᠯᠳᠠᠭᠤ ᠵᠠᠬ᠎ᠠ | ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ ᠲᠣᠭᠲᠠᠴᠠ ᠶᠢ ᠲᠦᠷᠭᠡᠨ ᠲᠡᠭᠦᠯᠳᠡᠷᠵᠢᠭᠦᠯᠬᠦ ᠶᠡᠷᠦᠩᠬᠡᠢ | ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠂ ᠮᠠᠨ ᠤ ᠣᠷᠣᠨ ᠴᠤ ᠲᠤᠰ ᠡᠭᠡᠯᠵᠢ ᠶᠢᠨ ᠦᠨ᠎ᠡ ᠬᠠᠩᠰᠢ ᠶᠢᠨ | ᠥᠭᠡᠷᠡᠴᠢᠯᠡᠯᠲᠡ ᠶᠢ ᠬᠦᠭᠵᠢᠭᠦᠯᠬᠦ ᠲᠣᠭᠤᠷᠢᠨ ᠳᠤ ᠠᠯᠢ ᠣᠯᠠᠨ ᠠᠵᠢᠯ ᠢ ᠦᠷᠨᠢᠭᠦᠯᠵᠦ᠂ ᠬᠤᠯᠪᠤᠭᠳᠠᠯ ᠪᠦᠬᠦᠢ | ᠪᠠᠶᠢᠳᠠᠯ ᠢ ᠨᠠᠷᠢᠨ ᠣᠶᠢᠯᠠᠭᠠᠬᠤ ᠶᠢᠨ ᠲᠣᠰᠠᠳᠠ᠂ ᠣᠶᠢᠷ᠎ᠠ ᠳᠤ᠂ ᠪᠢᠳᠠ ᠦᠪᠡᠷᠲᠡᠭᠡᠨ ᠵᠠᠰᠠᠬᠤ ᠣᠷᠤᠨ ᠤ | ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠨᠦᠬᠦᠷ ᠢ ︽ᠳᠣᠮᠳᠠᠳᠤ | ᠣᠯᠣᠰ · ᠦᠪᠥᠷ ᠮᠣᠩᠭᠤᠯ︾ ᠰᠦᠯᠵᠢᠶᠡᠨ ᠳᠤ ᠣᠷᠢᠵᠤ ᠲᠠ ᠨᠠᠷ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ | ᠣᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤ ᠢᠳᠡᠪᠬᠢᠲᠡᠢ ᠣᠷᠣᠯᠴᠠᠬᠤ ᠶᠢ ᠤᠭᠳᠤᠵᠤ ᠪᠠᠶᠢᠨ᠎ᠠ︕ | ᠬᠦᠲᠦᠯᠦᠭᠴᠢ᠄ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨ᠎ᠠ ᠦᠦ︕ ᠲᠠ ᠪᠦᠬᠦᠨ ᠲᠣᠰ ᠬᠤᠭᠤᠴᠠᠭᠠᠨ ᠤ ︽ | ᠳᠤᠮᠳᠠᠳᠤ ᠣᠯᠣᠰ · ᠦᠪᠦᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ | ᠪᠠᠶᠠᠷᠯᠠᠨ ᠤᠭᠳᠤᠵᠤ ᠪᠠᠶᠢᠨ᠎ᠠ᠃ ᠦᠨ᠎ᠡ ᠬᠠᠩᠰᠢ ᠪᠣᠯ ᠮᠠᠨ ᠤ ᠬᠦᠮᠦᠨ ᠪᠣᠯᠭᠠᠨ ᠤ ᠠᠮᠢᠳᠤᠷᠠᠯ ᠯᠤᠭ᠎ᠠ ᠨᠢᠭᠲᠠ | ᠬᠤᠯᠪᠤᠭ᠎ᠠ ᠲᠠᠢ ᠪᠠᠶᠢᠳᠠᠭ᠂ ᠪᠢᠳᠡᠨ ᠤ ᠢᠳᠡᠵᠦ ᠦᠮᠦᠰᠬᠦ ᠰᠠᠭᠤᠵᠤ ᠶᠠᠪᠤᠬᠤ ᠡᠯ᠎ᠡ ᠲᠠᠯ᠎ᠠ ᠪᠠᠷ ᠴᠦᠮ ᠦᠨ᠎ᠡ | ᠬᠠᠩᠰᠢ ᠠᠴᠠ ᠰᠠᠯᠵᠤ ᠴᠢᠳᠠᠬᠤ ᠦᠭᠡᠢ᠂ ᠡᠶᠢᠮᠦ ᠠᠴᠠ ᠦᠨ᠎ᠡ ᠬᠠᠩᠰᠢ ᠪᠣᠯ ᠨᠡᠶᠢᠭᠡᠮ ᠤᠨ ᠠᠩᠬᠠᠷᠤᠯ ᠢ | ᠲᠦᠢᠯ ᠤᠨ ᠶᠡᠭᠡ ᠪᠠᠷ ᠲᠠᠲᠠᠳᠠᠭ᠂ ᠮᠦᠨ ᠬᠦ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠤᠭᠳᠠᠭᠰᠠᠨ | ᠠᠰᠠᠭᠤᠳᠠᠯ ᠪᠤᠯᠤᠨ᠎ᠠ᠃ ᠥᠨᠦᠳᠦᠷ ᠤᠨ ᠮᠠᠨ ᠤ ᠤᠷᠢᠭᠰᠠᠨ ᠵᠣᠴᠢᠨ ᠪᠣᠯ ᠥᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠤᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠨᠦᠬᠦᠷ | ᠪᠣᠯᠣᠨ᠎ᠠ᠂ ᠲᠡᠷᠡ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ | ᠪᠠᠶᠢᠳᠠᠯ ᠤᠨ ᠲᠤᠬᠠᠢ ᠣᠯᠠᠨ ᠲᠠᠢ ᠰᠦᠯᠵᠢᠶᠡᠨ ᠳᠡᠭᠡᠷ᠎ᠡ ᠰᠤᠯᠢᠯᠴᠠᠬᠤ ᠪᠣᠯᠣᠨ᠎ᠠ᠃ | ᠸᠠᠩ ᠶᠢᠨ ᠪᠣᠤ᠄ | ᠰᠦᠯᠵᠢᠶᠠᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠡᠨᠡ ᠵᠠᠪᠰᠢᠶᠠᠨ ᠢᠶᠠᠷ ᠲᠠ ᠪᠦᠬᠦᠨ ᠲᠠᠢ ᠮᠠᠨ ᠤ | ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠣᠯᠢᠯᠴᠠᠭ᠎ᠠ ᠬᠢᠬᠦ | ᠪᠣᠯᠣᠭᠰᠠᠨ ᠳᠠᠭᠠᠨ ᠰᠡᠳᠬᠢᠯ ᠮᠠᠰᠢ ᠥᠨᠳᠦᠷ ᠪᠠᠶᠢᠨ᠎ᠠ᠃ | ᠬᠦᠳᠦᠯᠦᠭᠴᠢ᠄ | ᠣᠯᠠᠨ ᠤ ᠮᠡᠳᠡᠭᠡᠵᠢ ᠪᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ | ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠯᠬᠤᠴᠠ ᠪᠠᠨ ᠲᠦᠷᠭᠡᠳᠭᠡᠪᠡ᠂ ᠢᠯᠠᠩᠭᠤᠶ᠎ᠠ ᠠᠷᠪᠠᠨ | ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠲᠡ ᠬᠤᠷᠠᠯ ᠢᠶᠠᠷ ᠪᠠᠳᠤᠯᠠᠭᠰᠠᠨ ︽ᠥᠭᠡᠷᠡᠴᠢᠯᠡᠯᠲᠡ ᠶᠢ ᠪᠦᠬᠦ | ᠲᠠᠯ᠎ᠠ ᠪᠠᠷ ᠬᠦᠨᠵᠡᠭᠡᠶᠢᠷᠡᠭᠦᠯᠬᠦ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠳᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠨᠢ ᠮᠠᠨ ᠤ ᠤᠯᠤᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠬᠦ ᠲᠠᠪᠤᠨ ᠶᠡᠭᠡ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠣᠭᠲᠠᠭᠠᠵᠤ᠂ ᠰᠢᠨ᠎ᠡ | ᠨᠢᠭᠡᠨ ᠡᠭᠡᠯᠵᠢ ᠶᠢᠨ ᠥᠭᠡᠷᠡᠴᠢᠯᠡᠯᠲᠡ ᠶᠢᠨ ᠬᠥᠰᠢᠭᠡ ᠶᠢ ᠰᠡᠬᠦᠭᠰᠡᠨ ᠪᠠᠶᠢᠨ᠎ᠠ᠂ ᠲᠡᠭᠡᠬᠦ ᠳᠤ ᠦᠨ᠎ᠡ ᠬᠠᠩᠰᠢ ᠶᠢᠨ | ᠥᠭᠡᠷᠡᠴᠢᠯᠡᠯᠲᠡ ᠨᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠳᠤᠮᠳᠠ ᠶᠠᠮᠠᠷᠬᠠᠨ ᠣᠷᠣᠨ ᠪᠠᠶᠢᠷᠢ | ᠪᠣᠯᠣᠨ ᠦᠢᠯᠡᠳᠦᠯ ᠲᠠᠢ ᠪᠠᠶᠢᠳᠠᠭ ᠪᠣᠯ︖ | ᠸᠠᠩ ᠶᠢᠨ ᠪᠣᠤ᠄ | ︽ᠲᠣᠭᠲᠠᠭᠠᠯ︾ ᠳᠤ ᠪᠠᠶᠢᠷᠢᠯᠠᠭᠤᠯᠤᠭᠰᠠᠨ ᠲᠠᠪᠤᠨ ᠶᠡᠭᠡ ᠪᠠᠶᠢᠭᠤᠯᠤᠯ ᠤᠨ ᠥᠭᠡᠷᠡᠴᠢᠯᠡᠯᠲᠡ ᠳᠤ᠄ ᠠᠵᠤ | ᠠᠬᠤᠢ ᠶᠢᠨ ᠪᠠᠶᠢᠭᠤᠯᠤᠯ᠂ ᠤᠯᠤᠰ ᠲᠥᠷᠦ ᠶᠢᠨ ᠪᠠᠶᠢᠭᠤᠯᠤᠯ᠂ ᠰᠣᠶᠣᠯ ᠤᠨ ᠪᠠᠶᠢᠭᠤᠯᠤᠯ᠂ ᠨᠡᠶᠢᠭᠡᠮ ᠤᠨ | ᠪᠠᠶᠢᠭᠤᠯᠤᠯ ᠪᠣᠯᠣᠨ ᠠᠮᠢ ᠠᠬᠤᠢ ᠪᠣᠯᠪᠠᠰᠤᠨ ᠤ ᠪᠠᠶᠢᠭᠤᠯᠤᠯ ᠵᠡᠷᠭᠡ ᠲᠠᠪᠤᠨ ᠬᠦᠷᠢᠶ᠎ᠡ ᠶᠢ ᠪᠠᠭᠳᠠᠭᠠᠪᠠ᠃ ᠦᠨ᠎ᠡ | ᠬᠠᠩᠰᠢ ᠶᠢᠨ ᠥᠭᠡᠷᠡᠴᠢᠯᠡᠯᠲᠡ ᠨᠢ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠪᠴᠢᠶᠡᠨ ᠳᠤ | ᠬᠠᠷᠢᠶᠠᠯᠠᠭᠳᠠᠨ᠎ᠠ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠪᠦᠬᠦ | ᠲᠠᠯ᠎ᠠ ᠪᠠᠷ ᠬᠦᠨᠵᠡᠭᠡᠶᠢᠷᠡᠭᠦᠯᠬᠦ ᠭᠤᠣᠯᠳᠠᠯᠭ᠎ᠠ ᠪᠣᠯᠣᠨ᠎ᠠ᠂ ᠳᠡᠭᠦᠨ ᠤ ᠭᠤᠣᠯ ᠠᠰᠠᠭᠤᠳᠠᠯ ᠪᠣᠯ ᠵᠠᠰᠠᠭ ᠤᠨ ᠣᠷᠳᠤᠨ | ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠬᠡᠷᠬᠢᠨ ᠰᠠᠶᠢᠳᠤᠷ ᠰᠡᠶᠢᠳᠪᠦᠷᠢᠯᠡᠵᠦ᠂ ᠵᠠᠬ᠎ᠠ ᠳᠡᠯᠭᠡᠭᠦᠷ ᠢ ᠡᠬᠢ | ᠪᠠᠶᠠᠯᠢᠭ ᠤᠨ ᠲᠣᠬᠢᠷᠠᠭᠤᠯᠤᠯᠲᠠ ᠳᠤ ᠰᠢᠢᠳᠪᠦᠷᠢᠲᠦ ᠴᠢᠨᠠᠷᠲᠠᠢ ᠦᠢᠯᠡᠳᠦᠯ ᠭᠠᠷᠭᠠᠯᠭᠠᠬᠤ ᠪᠠ ᠵᠠᠰᠠᠭ ᠤᠨ ᠣᠷᠳᠤᠨ ᠤ | ᠦᠢᠯᠡᠳᠦᠯ ᠢᠶᠠᠨ ᠨᠡᠩ ᠰᠠᠶᠢᠳᠤᠷ ᠪᠠᠳᠠᠷᠠᠭᠤᠯᠬᠤ ᠳᠤ ᠣᠷᠣᠰᠢᠨ᠎ᠠ᠃ 2014 ᠣᠨ ᠤ 11 ᠳ᠋ᠦ᠋ᠭᠡᠷ | ᠰᠠᠷ᠎ᠠ ᠶᠢᠨ15 ᠤ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠪᠠᠶᠢᠩᠭᠤ ᠶᠢᠨ ᠶᠠᠪᠤᠳᠠᠯ ᠤᠨ ᠬᠤᠷᠠᠯ ᠳᠡᠭᠡᠷ᠎ᠡ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠢ ᠲᠦᠷᠭᠡᠨ | ᠠᠬᠢᠭᠤᠯᠬᠤ ᠶᠢ ᠳᠤᠰᠬᠠᠶᠢᠯᠠᠨ ᠪᠠᠶᠢᠷᠢᠯᠠᠭᠤᠯᠤᠭᠰᠠᠨ ᠪᠠᠶᠢᠨ᠎ᠠ᠃ | ᠬᠦᠳᠦᠯᠦᠭᠴᠢ᠄ | ᠲᠤᠰ ᠤᠳᠠᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠥᠪ ᠤᠨ ᠠᠯᠢ ᠬᠡᠳᠦᠨ ᠵᠣᠷᠢᠭ ᠰᠠᠨᠠᠭ᠎ᠠ ᠪᠠ | ᠱᠠᠭᠠᠷᠳᠠᠯᠭ᠎ᠠ ᠶᠣᠰᠤᠭᠠᠷ ᠠᠬᠢᠭᠤᠯᠤᠭᠰᠠᠨ ᠪᠣᠢ︖ | ᠸᠠᠩ ᠶᠢᠨ ᠪᠣᠤ᠄ | ︽ᠲᠣᠭᠲᠠᠭᠠᠯ︾ ᠳᠤ᠄ ︽ ᠭᠤᠣᠯᠳᠠᠭᠤ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠠᠴᠠ ᠪᠣᠢ ᠪᠣᠯᠵᠤ ᠴᠢᠳᠠᠬᠤ ᠦᠨ᠎ᠡ ᠬᠠᠩᠰᠢ | ᠪᠥᠬᠦᠨ ᠢ ᠴᠥᠮ ᠵᠠᠬ᠎ᠠ ᠳᠡᠯᠭᠡᠭᠦᠷ ᠲᠤ ᠲᠤᠰᠢᠶᠠᠨ ᠥᠭᠴᠦ᠂ ᠵᠠᠰᠠᠭ ᠤᠨ ᠣᠷᠳᠤᠨ ᠵᠦᠢ ᠪᠣᠰᠤ ᠪᠠᠷ ᠭᠠᠷ ᠲᠥᠷᠦᠬᠦ | ᠦᠭᠡᠢ᠃ ᠣᠰᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ | ᠴᠠᠬᠢᠯᠭᠠᠨ ᠬᠤᠯᠪᠣᠭ᠎ᠠ ᠵᠡᠷᠭᠡ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠤ᠂ | ᠦᠷᠢᠰᠥᠯᠳᠦᠭᠡᠨ ᠤ ᠴᠢᠨᠠᠷᠲᠠᠢ ᠭᠤᠭᠴᠣᠭᠠᠨ ᠳᠠᠬᠢ ᠦᠨ᠎ᠡ ᠬᠠᠩᠰᠢ ᠶᠢ ᠴᠢᠯᠦᠭᠡᠲᠡᠢ ᠪᠣᠯᠭᠠᠨ᠎ᠠ᠃ ᠵᠠᠰᠠᠭ ᠤᠨ | ᠣᠷᠳᠣᠨ ᠠᠴᠠ ᠦᠨ᠎ᠡ ᠬᠠᠩᠰᠢ ᠲᠣᠭᠲᠠᠭᠠᠬᠤ ᠬᠦᠷᠢᠶ᠎ᠡ ᠬᠡᠪᠴᠢᠶ᠎ᠡ ᠭᠤᠣᠯᠳᠠᠭᠤ ᠴᠢᠬᠤᠯᠠ ᠪᠦᠬᠦᠢ ᠨᠡᠶᠢᠲᠡ ᠶᠢᠨ | ᠠᠰᠠᠷᠠᠮᠵᠢ ᠶᠢᠨ ᠠᠵᠢᠯ ᠦᠢᠯᠡᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡ᠂ ᠲᠣᠣᠷ ᠰᠦᠯᠵᠢᠶᠡᠨ ᠤ | ᠬᠡᠯᠪᠡᠷᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠪᠠᠷ ᠬᠢᠵᠠᠭᠠᠷᠯᠠᠵᠤ᠂ ᠢᠯᠡ ᠲᠣᠳᠣ ᠶᠢᠨ | ᠬᠡᠮᠵᠢᠶ᠎ᠡ ᠪᠠᠨ ᠳᠡᠭᠡᠭᠰᠢᠯᠡᠭᠦᠯᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠲᠠᠷᠢᠶᠠᠯᠠᠩ ᠤᠨ ᠭᠠᠷᠤᠯᠲᠠ | ᠶᠢᠨ ᠦᠨ᠎ᠡ ᠬᠠᠩᠰᠢ ᠶᠢᠨ ᠪᠣᠢ ᠪᠣᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠦᠨ᠎ᠡ | ᠬᠠᠩᠰᠢ ᠶᠢ ᠪᠣᠢ ᠪᠣᠯᠭᠠᠬᠤ ᠦᠢᠯᠡᠳᠦᠯ ᠢ ᠨᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠢ︾ ᠭᠡᠵᠦ ᠲᠣᠳᠣᠷᠬᠠᠶᠢᠯᠠᠪᠠ᠃ | ᠡᠨᠡᠬᠦ ᠪᠠᠳᠠᠭ ᠦᠭᠡ ᠨᠢ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠴᠢᠭᠯᠡᠯ ᠢ ᠵᠢᠭᠠᠨ ᠲᠣᠳᠣᠷᠬᠠᠶᠢᠯᠠᠭᠰᠠᠨ | ᠪᠠᠶᠢᠨ᠎ᠠ᠂ ᠡᠭᠦᠨ ᠢ ᠲᠣᠰ ᠡᠭᠡᠯᠵᠢ ᠶᠢᠨ ᠮᠠᠨ ᠤ ᠤᠯᠤᠰ ᠤᠨ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠶᠡᠷᠥᠩᠬᠡᠢ | ᠴᠢᠭᠯᠡᠯᠲᠡ ᠭᠡᠵᠦ ᠬᠡᠯᠡᠵᠦ ᠪᠣᠯᠣᠨ᠎ᠠ᠂ ᠣᠯᠣᠰ ᠤᠨ ᠳᠡᠰ ᠳᠠᠪᠬᠤᠷᠭ᠎ᠠ ᠶᠢᠨ ᠲᠠᠯ᠎ᠠ ᠪᠠᠷ ᠬᠡᠯᠡᠭᠰᠡᠨ ᠴᠤ ᠲᠡᠷᠡ᠂ | ᠦᠪᠡᠷᠲᠡᠭᠡᠨ ᠵᠠᠰᠠᠬᠤ ᠣᠷᠣᠨ ᠤ ᠳᠡᠰ ᠳᠠᠪᠬᠤᠷᠭ᠎ᠠ ᠶᠢᠨ ᠲᠠᠯ᠎ᠠ ᠪᠠᠷ ᠬᠡᠯᠡᠭᠰᠡᠨ ᠴᠤ ᠲᠡᠷᠡ᠂ ᠦᠨ᠎ᠡ ᠬᠠᠩᠰᠢ ᠶᠢᠨ | ᠦᠭᠡᠷᠡᠴᠢᠯᠡᠯᠲᠡ ᠶᠢ ᠴᠦᠮ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢᠨ ᠳᠣᠭᠤᠷᠢᠨ ᠳᠤ ᠦᠷᠨᠢᠭᠦᠯᠦᠭᠰᠡᠨ ᠪᠠᠶᠢᠨ᠎ᠡ᠃ | ᠣᠶᠢᠷ᠎ᠠ ᠳᠤ᠂ ᠳᠤᠮᠳᠠᠲᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ︽ᠦᠨ᠎ᠡ ᠬᠠᠩᠰᠢ ᠶᠢᠨ ᠲᠣᠭᠲᠠᠴᠠ ᠶᠢᠨ ᠦᠭᠡᠷᠡᠴᠢᠯᠡᠯᠲᠡ ᠶᠢ ᠠᠬᠢᠭᠤᠯᠬᠤ ᠲᠤᠬᠠᠢ ᠰᠠᠨᠠᠯ ᠤᠳ︾ | ᠢ ᠳᠠᠷᠤᠮᠠᠯᠯᠠᠨ ᠲᠠᠷᠬᠠᠭᠠᠵᠤ᠂ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠭᠦᠨᠵᠡᠭᠡᠶᠢᠷᠡᠨ ᠬᠦᠭᠵᠢᠭᠦᠯᠬᠦ ᠶᠢ | ᠠᠬᠢᠭᠤᠯᠵᠤ᠂ ᠭᠤᠣᠯᠳᠠᠭᠤ ᠵᠠᠬ᠎ᠠ ᠳᠡᠯᠭᠡᠭᠦᠷ ᠠᠴᠠ ᠦᠨ᠎ᠡ ᠬᠠᠩᠰᠢ ᠶᠢᠨ ᠲᠣᠭᠲᠠᠭᠠᠬᠤ ᠲᠣᠭᠲᠠᠴᠠ ᠶᠢ ᠲᠦᠷᠬᠡᠨ | ᠲᠡᠭᠦᠯᠳᠡᠷᠵᠢᠭᠦᠯᠬᠦ ᠶᠡᠷᠥᠩᠬᠡᠢ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠂ ᠪᠢᠳᠠ ᠦᠪᠡᠷᠲᠡᠭᠡᠨ ᠵᠠᠰᠠᠬᠤ ᠣᠷᠣᠨ ᠤ | ᠪᠣᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠶᠣᠰᠤᠭᠠᠷ᠂ ᠬᠢᠨᠠᠮᠠᠭᠠᠢ ᠰᠠᠶᠢᠳᠤᠷ ᠠᠳᠬᠤᠵᠤ ᠲᠣᠣᠱᠯᠠᠭᠤᠯᠤᠨ | ᠨᠠᠶᠢᠳᠠᠪᠤᠷᠢᠵᠢᠭᠤᠯᠤᠨ᠎ᠠ᠃ | ᠬᠦᠲᠦᠯᠦᠭᠴᠢ᠄ | ᠲᠠ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠬᠡᠷᠬᠢᠨ ᠶᠠᠪᠤᠭᠳᠠᠵᠤ᠂ ᠶᠠᠮᠠᠷ ᠶᠠᠮᠠᠷ ᠪᠣᠳᠠᠲᠠᠶ | ᠠᠵᠢᠯ ᠬᠢᠭᠰᠡᠨ ᠢ ᠲᠠᠨᠢᠯᠴᠠᠭᠤᠯᠤᠭᠠᠳ ᠦᠭᠭᠦᠨ᠎ᠡ ᠤᠤ︖ | ᠸᠠᠩ ᠶᠢᠨ ᠪᠤᠤ᠄ | ᠲᠤᠰ ᠤᠳᠠᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠪᠣᠯ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ | ᠨᠠᠰᠢᠬᠢ ᠬᠡᠪᠴᠢᠶ᠎ᠡ ᠪᠠ ᠡᠷᠴᠢᠮ ᠢᠶᠠᠷ ᠴᠥᠮ ᠮᠠᠰᠢ ᠶᠡᠭᠡ ᠨᠢᠭᠡ ᠤᠳᠠᠭᠠᠨ ᠤ ᠰᠢᠷᠢᠰ ᠦᠨ᠎ᠡ ᠬᠠᠩᠰᠢ ᠶᠢᠨ | ᠥᠭᠡᠷᠡᠴᠢᠯᠡᠯᠲᠡ ᠪᠤᠯᠤᠨ᠎ᠠ᠂ ᠨᠢᠭᠡᠨ ᠨᠠᠷᠢᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠃ ᠶᠠᠪᠤᠳᠠᠯ ᠪᠣᠯᠭᠠᠨ ᠢ | ᠰᠠᠶᠢᠲᠤᠷ ᠬᠢᠶ᠎ᠡ ᠬᠡᠪᠡᠯ ᠤᠷᠢᠳᠠᠪᠠᠷ ᠨᠢᠭᠡ ᠲᠥᠯᠥᠪᠯᠡᠭᠡ ᠲᠤᠭᠲᠠᠭᠠᠬᠤ ᠴᠢᠬᠤᠯᠠ ᠲᠠᠢ᠂ ᠮᠠᠨ ᠤ ᠣᠷᠣᠨ ᠤ ᠦᠨ᠎ᠡ | ᠬᠠᠩᠰᠢ ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ ᠲᠤᠯᠠᠳᠠ᠂ ᠪᠢᠳᠡ ᠶᠠᠭᠤᠨ ᠤ ᠡᠮᠦᠨ᠎ᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠦᠷᠭᠡᠳᠭᠡᠨ | ᠠᠬᠢᠭᠤᠯᠬᠤ ᠠᠵᠢᠯ ᠤᠨ ᠲᠥᠰᠦᠯ︾ ᠢ ᠲᠣᠭᠲᠠᠭᠠᠵᠤ᠂ ᠮᠠᠨ ᠤ ᠣᠷᠣᠨ ᠤ ᠰᠢᠨ᠎ᠡ ᠨᠢᠭᠡ ᠡᠭᠡᠯᠵᠢ ᠶᠢᠨ ᠦᠨ᠎ᠡ | ᠬᠠᠩᠰᠢ ᠶᠢᠨ ᠥᠭᠡᠷᠡᠴᠢᠯᠡᠯᠲᠡ ᠳᠤ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠪᠡ᠃ ︽ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠲᠥᠰᠦᠯ︾ ᠳᠤ ᠲᠤᠰ ᠤᠳᠠᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠦᠨᠳᠦᠰᠦᠨ | ᠰᠡᠳᠬᠢᠴᠡ ᠶᠢ ᠲᠤᠲᠤᠷᠬᠠᠶᠢᠯᠠᠪᠠ᠂ ᠲᠤᠬᠠᠶᠢᠯᠠᠪᠠᠯ ᠭᠤᠷᠪᠠᠨ ︽ᠬᠠᠮᠤᠭ ᠶᠡᠭᠡ︾᠄ ᠵᠠᠰᠠᠭ ᠤᠨ ᠣᠷᠳᠣᠨ ᠤ ᠦᠨ᠎ᠡ | ᠲᠣᠭᠲᠠᠭᠠᠬᠤ ᠬᠡᠪᠴᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠬ᠎ᠠ ᠳᠡᠯᠭᠡᠭᠦᠷ ᠤᠨ ᠰᠢᠢᠳᠪᠦᠷᠢᠯᠡᠬᠦ | ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠦᠨ᠎ᠡ ᠬᠠᠩᠰᠢ ᠲᠣᠭᠲᠠᠭᠠᠬᠤ ᠲᠣᠭᠲᠠᠴᠠ ᠪᠣᠯᠤᠨ | ᠲᠦᠷᠢᠮ ᠢ ᠬᠠᠮᠤᠭ ᠤᠨ ᠶᠡᠭᠡ ᠬᠦᠴᠦᠯᠡᠴᠡ ᠲᠠᠢ ᠪᠠᠷ ᠦᠬᠡᠷᠡᠴᠢᠯᠡᠵᠤ᠂ ᠵᠠᠰᠠᠭ ᠤᠨ ᠤᠷᠳᠤᠨ ᠠᠴᠠ ᠰᠢᠭᠤᠳ | ᠦᠨ᠎ᠡ ᠲᠤᠭᠲᠠᠭᠠᠬᠤ ᠶᠢ ᠪᠠᠭᠠᠰᠬᠠᠨ᠎ᠠ︔ ᠵᠠᠰᠠᠭ ᠤᠨ ᠣᠷᠳᠣᠨ ᠤ ᠦᠨ᠎ᠡ ᠬᠠᠩᠰᠢ ᠶᠢᠨ ᠰᠢᠢᠳᠪᠦᠷᠢᠲᠦ | ᠪᠤᠳᠤᠯᠭ᠎ᠠ ᠶᠢᠨ ᠢᠯᠡ ᠲᠣᠳᠣ ᠪᠠᠶᠢᠯᠭᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠤ᠂ ᠡᠷᠬᠡ ᠪᠠᠨ ᠨᠠᠷᠠᠨ ᠤ | ᠳᠤᠤᠷ᠎ᠠ ᠢᠯᠡ ᠪᠠᠷ ᠶᠠᠪᠤᠭᠳᠠᠬᠤ ᠪᠤᠯᠭᠠᠨ᠎ᠠ᠃ ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ ᠢ | ᠲᠤᠭᠲᠠᠭᠠᠬᠤ ᠳᠤ ᠪᠢᠳᠡ ᠭᠤᠷᠪᠠᠨ ᠵᠠᠷᠴᠢᠮ ᠢ ᠪᠠᠷᠢᠮᠲᠠᠯᠠᠪᠠ᠄ ᠨᠢᠭᠡ ᠳᠤ ᠵᠠᠬ᠎ᠠ ᠳᠡᠯᠭᠡᠭᠦᠷ ᠢᠶᠠᠷ ᠤᠳᠤᠷᠢᠳᠤᠮᠵᠢ | ᠪᠤᠯᠭᠠᠨ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠠᠢ᠃ ᠭᠤᠣᠯᠳᠠᠭᠤ | ᠵᠠᠬ᠎ᠠ ᠳᠡᠯᠭᠡᠭᠦᠷ ᠢᠶᠠᠷ ᠦᠨ᠎ᠡ ᠬᠠᠩᠰᠢ ᠲᠣᠭᠲᠠᠭᠠᠬᠤ ᠲᠣᠭᠲᠠᠴᠠ ᠶᠢ ᠪᠠᠶᠢᠭᠤᠯᠬᠤ ᠪᠠᠷ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠴᠢᠭᠯᠡᠯ ᠪᠤᠯᠭᠠᠨ᠂ ᠵᠠᠰᠠᠭ ᠤᠨ ᠣᠷᠳᠣᠨ ᠤ ᠦᠨ᠎ᠡ ᠬᠠᠩᠰᠢ ᠶᠢᠨ ᠡᠭᠦᠷᠭᠡ ᠴᠢᠳᠠᠮᠵᠢ ᠶᠢᠨ | ᠬᠤᠪᠢᠷᠠᠭᠤᠯᠤᠯᠲᠠ ᠶᠢ ᠲᠦᠷᠭᠡᠳᠭᠡᠭᠰᠡᠨ ᠪᠠᠶᠢᠨ᠎ᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ᠂ | ᠭᠤᠣᠯᠳᠠᠯᠭ᠎ᠠ ᠶᠢ ᠲᠤᠪᠤᠶᠢᠯᠭᠠᠬᠤ ᠵᠠᠷᠴᠢᠮ ᠢ ᠪᠠᠷᠢᠮᠲᠠᠯᠠᠵᠠᠢ᠃ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠦᠲᠦᠴᠡ ᠶᠢ | ᠲᠣᠬᠢᠷᠠᠭᠤᠯᠬᠤ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠵᠥᠷᠢᠴᠡᠯ ᠲᠠᠢ ᠤᠶᠠᠯᠳᠤᠭᠤᠯᠤᠨ᠂ ᠦᠨ᠎ᠡ ᠬᠠᠩᠰᠢ ᠶᠢᠨ | ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠ ᠴᠢᠬᠤᠯᠠ ᠬᠦᠷᠢᠶᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠦᠨ᠎ᠡ ᠬᠠᠩᠰᠢ ᠶᠢᠨ ᠬᠠᠷᠢᠴᠠᠭ᠎ᠠ ᠶᠢ | ᠴᠢᠷᠮᠠᠶᠢᠨ ᠰᠢᠯᠤᠭᠤᠳᠬᠠᠵᠤ᠂ ᠦᠨ᠎ᠡ ᠬᠠᠩᠰᠢ ᠶᠢᠨ ᠵᠥᠷᠢᠴᠡᠯ ᠢ ᠬᠦᠲᠦᠯᠦᠨ ᠵᠢᠯᠤᠭᠤᠳᠴᠤ᠂ ᠦᠨ᠎ᠡ ᠬᠠᠩᠰᠢ ᠪᠤᠢ | ᠪᠤᠯᠬᠤ ᠲᠣᠭᠲᠠᠴᠠ ᠶᠢ ᠦᠭᠡᠷᠡᠴᠢᠯᠡᠨ ᠲᠡᠭᠦᠯᠳᠡᠷᠵᠢᠬᠦᠯᠪᠡ᠃ ᠭᠤᠷᠪᠠ ᠳᠤ ᠠᠷᠠᠳ ᠤᠨ ᠠᠮᠢᠳᠤᠷᠠᠯ ᠢᠶᠠᠷ | ᠤᠳᠤᠷᠢᠳᠤᠮᠵᠢ ᠪᠤᠯᠭᠠᠨ᠂ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠵᠠᠢ᠃ | ᠡᠯ᠎ᠡ ᠲᠠᠯ᠎ᠠ ᠶᠢᠨ ᠬᠢᠨ ᠢᠯᠠᠩᠭᠤᠶ᠎ᠠ ᠳᠤᠤᠷ᠎ᠠ ᠣᠷᠣᠯᠭ᠎ᠠ ᠲᠠᠢ ᠤᠯᠠᠨ ᠲᠦᠮᠡᠨ ᠤ ᠳᠠᠭᠠᠭᠠᠬᠤ ᠴᠢᠳᠠᠪᠤᠷᠢ ᠶᠢ | ᠭᠦᠢᠴᠡᠳ ᠪᠤᠳᠤᠯᠬᠢᠯᠠᠵᠤ᠂ ᠬᠠᠮᠢᠶ᠎ᠠ ᠪᠦᠬᠦᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ᠂ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠴᠠᠭ ᠲᠣᠬᠢᠶᠠᠯ᠂ ᠠᠶᠢᠵᠠᠮ ᠪᠠ ᠬᠦᠴᠦᠯᠡᠴᠡ ᠶᠢ | ᠰᠢᠨᠵᠢᠯᠡᠬᠦ ᠤᠬᠠᠭᠠᠨᠴᠢ ᠪᠠᠷ ᠡᠵᠡᠮᠰᠢᠵᠤ᠂ ᠠᠰᠢᠭ ᠲᠠᠢ ᠲᠤᠬᠢᠶᠠᠯ ᠢ ᠰᠣᠩᠭᠤᠵᠤ᠂ ᠴᠠᠭ ᠢ ᠰᠠᠶᠢᠲᠤᠷ ᠠᠳᠬᠤᠨ᠂ | ᠯᠠᠪᠳᠠᠭᠤᠨ ᠪᠥᠭᠡᠳ ᠡᠮᠬᠢ ᠲᠠᠷᠠᠭ᠎ᠠ ᠲᠠᠢ ᠪᠠᠷ ᠲᠦᠯᠬᠢᠨ ᠠᠬᠢᠭᠤᠯᠵᠤ᠂ ᠨᠢᠭᠡ ᠨᠢ ᠪᠣᠯᠪᠠᠰᠤᠷᠠᠩᠭᠤᠶ ᠪᠣᠯᠪᠠᠯ | ᠨᠢᠭᠡ ᠶᠢ ᠳᠡᠯᠭᠡᠷᠡᠭᠦᠯᠵᠤ᠂ ᠨᠢᠭᠡ ᠪᠠᠨ ᠰᠠᠶᠢᠲᠤᠷ ᠬᠡᠷᠡᠭᠵᠢᠬᠦᠯᠪᠡ᠃ ᠦᠨᠳᠦᠰᠦᠨ ᠬᠡᠷᠡᠭᠴᠡᠭᠡ ᠪᠠ ᠦᠨᠳᠦᠰᠦᠨ ᠪᠤᠰᠤ | ᠬᠡᠷᠡᠭᠴᠡᠭᠡ ᠶᠢ ᠢᠯᠭᠠᠵᠤ᠂ ᠲᠣᠭᠲᠠᠴᠠ ᠶᠢ ᠪᠠᠶᠢᠭᠤᠯᠵᠤ᠂ ᠦᠨᠳᠦᠰᠦᠨ ᠵᠦᠢᠯ ᠢ ᠪᠠᠲᠤᠯᠠᠵᠤ᠂ ᠭᠤᠣᠯᠴᠢ ᠪᠠᠶᠢᠬᠤ | ᠶᠢ ᠬᠦᠴᠦᠯᠡᠨ ᠠᠬᠢᠭᠤᠯᠤᠭᠰᠠᠨ ᠪᠠᠶᠢᠨ᠎ᠠ᠃ ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ ᠳᠤ ᠲᠤᠰ | ᠤᠳᠠᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠦᠨᠳᠦᠰᠦᠨ ᠬᠠᠷᠠᠯᠲᠠ ᠶᠢ ᠲᠤᠭᠲᠠᠭᠠᠪᠠ᠄ ᠭᠤᠣᠯᠳᠠᠭᠤ | ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠭᠲᠠᠭᠠᠬᠤ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ | ᠵᠠᠰᠠᠭ ᠤᠨ ᠣᠷᠳᠣᠨ ᠤ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠦᠨ᠎ᠡ | ᠬᠠᠩᠰᠢ ᠶᠢᠨ ᠶᠡᠷᠦᠩᠬᠡᠶ ᠲᠦᠪᠰᠢᠨ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠵᠠᠬ᠎ᠠ ᠳᠡᠯᠭᠡᠭᠦᠷ ᠤᠨ | ᠭᠤᠣᠯᠴᠢ ᠥᠷᠢᠰᠥᠯᠳᠦᠭᠡᠨ ᠢ ᠬᠠᠮᠠᠭᠠᠯᠠᠬᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠨ ᠬᠠᠮᠢᠶᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠦᠨ᠎ᠡ᠃ | ᠬᠥᠲᠥᠯᠥᠭᠴᠢ᠄ | ︽ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠥᠰᠦᠯ︾ ᠢ ᠲᠣᠭᠲᠠᠭᠠᠭᠰᠠᠨ ᠤ ᠲᠡᠷᠠᠭ᠎ᠠ᠂ ᠳᠠᠷᠤᠢ | ᠬᠡᠷᠡᠭᠵᠢᠬᠦᠯᠬᠦ ᠪᠤᠯᠤᠨ᠎ᠠ᠂ ᠮᠠᠨ ᠤ ᠣᠷᠣᠨ ︽ᠲᠥᠰᠦᠯ︾ ᠶᠤᠰᠤᠭᠠᠷ ᠡᠯ᠎ᠡ ᠵᠦᠢᠯ ᠤᠨ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠠᠵᠢᠯ ᠢ ᠬᠡᠷᠬᠢᠨ ᠨᠠᠶᠢᠳᠠᠪᠤᠷᠢᠵᠢᠭᠤᠯᠤᠭᠰᠠᠨ ᠪᠤᠢ︖ | ᠸᠠᠩ ᠶᠢᠨ ᠪᠤᠤ᠄ | ᠶᠠᠭᠤᠨ ᠤ ᠡᠮᠦᠨ᠎ᠡ ᠥᠪᠡᠷᠲᠡᠭᠡᠨ ᠵᠠᠰᠠᠬᠤ ᠣᠷᠣᠨ ᠤ ︽ᠦᠨ᠎ᠡ ᠲᠣᠭᠲᠠᠭᠠᠬᠤ ᠭᠠᠷᠴᠠᠭ︾ ᠳᠤ ᠵᠠᠰᠠᠪᠤᠷᠢ | ᠤᠷᠤᠭᠤᠯᠪᠠ᠃ ︽ᠵᠠᠰᠠᠭ ᠤᠨ ᠣᠷᠳᠣᠨ ᠤ ᠦᠨ᠎ᠡ ᠬᠠᠩᠰᠢ ᠲᠣᠭᠲᠠᠭᠠᠬᠤ ᠬᠡᠪᠴᠢᠶ᠎ᠡ ᠶᠢ ᠭᠤᠣᠯᠳᠠᠭᠤ ᠴᠢᠬᠤᠯᠠ | ᠨᠡᠶᠢᠲᠡ ᠶᠢᠨ ᠬᠡᠷᠡᠭᠯᠡᠭᠡᠨ ᠤ ᠦᠢᠯᠡᠰ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ᠂ ᠰᠦᠯᠵᠢᠶᠡᠨ ᠤ | ᠬᠡᠯᠪᠡᠷᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠪᠠᠷ ᠬᠢᠵᠠᠭᠠᠷᠯᠠᠵᠤ᠂ ᠢᠯᠡ ᠲᠣᠳᠣ ᠪᠠᠶᠢᠯᠭᠠᠬᠤ | ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ︾ ᠱᠠᠭᠠᠷᠳᠠᠯᠭ᠎ᠠ ᠶᠢ ᠦᠨᠳᠦᠰᠦᠯᠡᠨ᠂ ᠵᠠᠬ᠎ᠠ | ᠳᠡᠯᠭᠡᠭᠦᠷ ᠤᠨ ᠥᠷᠢᠰᠥᠯᠳᠦᠭᠡᠨ ᠢ ᠬᠦᠢᠴᠡᠳ ᠪᠤᠢ ᠪᠤᠯᠭᠠᠬᠤ ᠶᠣᠰᠣᠭᠠᠷ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ | ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠶᠢᠲᠤᠷ ᠬᠠᠮᠢᠶᠠᠷᠴᠤ ᠴᠢᠳᠠᠬᠤ ᠵᠦᠢᠯ ᠢ ᠴᠦᠮ | ᠡᠷᠬᠡ ᠣᠯᠭᠤᠵᠤ ᠬᠠᠮᠢᠶᠠᠷᠠᠭᠤᠯᠤᠨ᠂ ᠣᠳᠣᠬᠠᠨ ᠤ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠦᠭᠡᠢ᠂ | ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠪᠠᠶᠢᠭ᠎ᠠ ᠪᠦᠬᠦᠨ ᠢ ᠬᠦᠴᠦᠨ ᠦᠭᠡᠢ ᠪᠣᠯᠭᠠᠬᠤ ᠵᠠᠷᠴᠢᠮ ᠢ | ᠪᠦᠷᠢᠯᠳᠦᠬᠦᠯᠦᠨ᠎ᠡ᠃ ᠬᠡᠪ ᠢᠶᠠᠷ ᠪᠠᠶᠢᠯᠭᠠᠬᠤ ᠦᠨ᠎ᠡ ᠲᠣᠭᠲᠠᠭᠠᠬᠤ ᠲᠥᠷᠥᠯ ᠵᠦᠢᠯ ᠳᠤ ᠭᠤᠣᠯᠳᠠᠭᠤ ᠴᠠᠬᠢᠯᠭᠠᠨ | ᠬᠦᠴᠦ᠂ ᠰᠢᠲᠠᠮᠠᠬᠠᠢ ᠬᠡᠢ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠵᠠᠮ ᠲᠡᠭᠡᠭᠡᠪᠦᠷᠢ᠂ ᠣᠷᠣᠨ | ᠰᠠᠭᠤᠴᠠ᠂ ᠡᠮ ᠡᠮᠨᠡᠯᠭᠡ ᠶᠢᠨ ᠦᠢᠯᠡᠴᠢᠯᠡᠭᠡ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ᠂ ᠨᠠᠰᠤᠵᠢᠯ ᠤᠨ | ᠠᠰᠠᠷᠠᠮᠵᠢ᠂ ᠣᠷᠣᠰᠢᠭᠤᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠵᠢᠴᠢ ᠴᠢᠬᠤᠯᠠ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠨ᠎ᠡ ︵ᠰᠦᠢᠳᠬᠡᠯ ᠬᠤᠷᠢᠶᠠᠬᠤ ᠪᠠᠷᠢᠮᠵᠢᠶ᠎ᠠ︶ ᠶᠢ ᠯᠡ | ᠦᠯᠡᠳᠡᠭᠡᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨ᠎ᠡ ᠲᠣᠭᠲᠠᠭᠠᠬᠤ ᠭᠠᠷᠴᠠᠭ︾ ᠤᠨ ᠶᠡᠭᠡ ᠵᠦᠢᠯ ᠢᠯᠭᠠᠯ 18 ᠵᠤᠷᠪᠤᠰ ᠪᠠᠶᠢᠭᠰᠠᠨ ᠢ 14 ᠵᠤᠷᠪᠤᠰ ᠪᠤᠯᠭᠠᠨ | ᠬᠠᠰᠤᠵᠤ᠂ ᠪᠠᠭ᠎ᠠ ᠵᠦᠢᠯ ᠢᠯᠭᠠᠯ 199 ᠵᠤᠷᠪᠤᠰ ᠪᠠᠶᠢᠭᠰᠠᠨ ᠢ 83 ᠵᠤᠷᠪᠤᠰ ᠪᠤᠯᠭᠠᠨ ᠬᠠᠰᠤᠵᠤ᠂ | ᠬᠠᠰᠤᠯᠲᠠ ᠶᠢᠨ ᠬᠡᠮᠵᠢᠶ᠎ᠡ ᠨᠢ ᠲᠤᠰ ᠲᠤᠰ 22%ᠪᠠ 58.3 % ᠪᠤᠯᠤᠨ᠎ᠠ᠃ ᠪᠦᠬᠦ ᠣᠷᠣᠨ ᠤ ᠦᠨ᠎ᠡ | ᠬᠠᠩᠰᠢ ᠶᠢᠨ ᠰᠢᠰᠲ᠋ᠧᠮ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠲᠤᠮᠤᠬᠠᠨ ᠨᠢᠭᠡ | ᠠᠯᠬᠤᠮ ᠠᠯᠬᠤᠵᠠᠢ ᠬᠡᠵᠤ ᠬᠡᠯᠡᠵᠤ ᠪᠤᠯᠤᠨ᠎ᠠ᠃ | ᠬᠥᠲᠥᠯᠥᠭᠴᠢ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠦᠨ᠎ᠡ ᠲᠣᠭᠲᠠᠭᠠᠬᠤ ᠭᠠᠷᠴᠠᠭ︾ ᠨᠢ ᠤᠤᠯ ᠤᠨ ᠬᠢ ᠠᠴᠠ | ᠮᠡᠳᠡᠭᠳᠡᠬᠦ᠋ᠢᠴᠡ ᠬᠤᠪᠢᠷᠠᠭᠰᠠᠨ ᠬᠤᠪᠢᠷᠠᠯᠲᠠ ᠨᠢ ᠶᠠᠭᠤ ᠪᠤᠢ︖ ᠮᠠᠨ ᠤ ᠠᠮᠢᠳᠤᠷᠠᠯ ᠳᠤ ᠶᠠᠮᠠᠷ ᠰᠢᠤᠬᠠᠨ ᠨᠥᠯᠥᠭᠡ | ᠦᠵᠡᠭᠦᠯᠬᠦ ᠪᠤᠶ︖ | ᠸᠠᠩ ᠶᠢᠨ ᠪᠤᠤ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ | ᠲᠣᠭᠲᠠᠭᠠᠬᠤ ᠭᠠᠷᠴᠠᠭ︾ ᠲᠤ ᠭᠤᠤᠯᠳᠠᠭᠤ ᠭᠤᠷᠪᠠᠨ ᠲᠠᠯ᠎ᠠ ᠶᠢᠨ ᠬᠤᠪᠢᠷᠠᠯᠲᠠ ᠭᠠᠷᠴᠠᠢ᠃ ᠨᠢᠭᠡ ᠳᠤ ᠵᠠᠰᠠᠭ ᠤᠨ | ᠣᠷᠳᠣᠨ ᠵᠢᠱᠢᠶᠡᠯᠡᠪᠡᠯ ᠥᠪᠡᠷᠲᠡᠭᠡᠨ ᠵᠠᠰᠠᠭ ᠣᠷᠣᠨ ᠤ ᠠᠮᠤ ᠪᠤᠳᠠᠭ᠎ᠠ ᠨᠦᠭᠡᠴᠡᠯᠡᠬᠦ᠂ ᠬᠢᠮᠢ ᠶᠢᠨ ᠪᠤᠷᠳᠤᠭᠤᠷ᠂ | ᠬᠤᠶᠠᠷ ᠱᠦᠯᠲᠦ ᠠᠴᠠ ᠪᠤᠰᠤᠳ ᠠᠵᠤ ᠦᠢᠯᠡᠳᠪᠦᠷᠢ ᠳᠤ ᠬᠡᠷᠡᠭᠯᠡᠬᠦ ᠳᠠᠪᠤᠰᠤ᠂ ᠠᠷᠠᠳ ᠤᠨ ᠬᠡᠷᠡᠭᠯᠡᠭᠡᠨ ᠤ | ᠳᠡᠯᠪᠡᠴᠢᠬᠦ ᠪᠠᠭᠠᠵᠢ ᠬᠡᠷᠡᠭᠰᠡᠯ᠂ ᠦᠷ᠎ᠡ ᠂ ᠯᠠᠵᠠᠯᠠᠭᠰᠠᠨ ᠴᠢᠯᠠᠭᠤᠨ ᠲᠤᠰᠤᠨ ᠤ ᠰᠢᠩᠭᠡᠨᠵᠢᠮᠡᠯ ᠬᠡᠢ ᠵᠡᠷᠭᠡ ᠲᠠᠸᠠᠷ ᠤᠨ | ᠦᠨ᠎ᠡ ᠬᠠᠩᠰᠢ ᠵᠢᠴᠢ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠰᠦᠢᠳᠬᠡᠯ᠂ | ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠯᠠᠪᠯᠠᠯᠭ᠎ᠠ ᠶᠢᠨ ᠵᠠᠷᠤᠳᠠᠯ᠂ ᠨᠢᠭᠲᠠᠯᠠᠨ ᠪᠤᠳᠤᠯᠳᠠ᠂ ᠬᠢᠨᠠᠨ | ᠪᠤᠳᠤᠯᠳᠠ ᠶᠢᠨ ᠬᠡᠷᠡᠭ ᠡᠷᠬᠢᠯᠡᠬᠦ ᠰᠦᠢᠳᠬᠡᠯ᠂ ᠡᠳ᠋ ᠬᠦᠷᠦᠩᠭᠡ ᠶᠢ ᠦᠨᠡᠯᠡᠨ ᠵᠢᠱᠢᠬᠦ ᠰᠦᠢᠳᠬᠡᠯ᠂ ᠳᠠᠭᠠᠭᠠᠴᠢᠯᠠᠯᠲᠠ | ᠵᠠᠷᠯᠠᠬᠤ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠦᠢᠳᠬᠡᠯ ᠵᠡᠷᠭᠡ ᠦᠢᠯᠡᠴᠢᠯᠡᠭᠡᠨ ᠤ ᠲᠦᠷᠦᠯ ᠵᠦᠢᠯ ᠤᠨ | ᠰᠦᠢᠳᠬᠡᠯ ᠬᠤᠷᠢᠶᠠᠬᠤ ᠵᠡᠷᠭᠡ ᠨᠢᠭᠡ ᠪᠦᠯᠦᠭ ᠲᠠᠸᠠᠷ ᠪᠠ ᠦᠢᠯᠡᠴᠢᠯᠡᠭᠡᠨ ᠤ ᠦᠨ᠎ᠡ ᠲᠤᠭᠲᠠᠭᠠᠬᠤ ᠶᠢ ᠴᠢᠯᠥᠭᠡᠲᠡᠶ | ᠪᠤᠯᠭᠠᠭᠰᠠᠨ ᠪᠠᠶᠢᠨ᠎ᠠ᠃ ᠡᠳᠡᠭᠡᠷ ᠨᠢ ᠭᠤᠣᠯᠳᠠᠭᠤ ᠤᠯᠤᠰ ᠠᠴᠠ ᠨᠢᠭᠡᠨᠲᠡ ᠲᠣᠳᠣᠷᠬᠠᠶ ᠵᠠᠷᠯᠢᠭ ᠪᠠᠭᠤᠯᠭᠠᠵᠤ | ᠴᠢᠯᠥᠭᠡᠲᠡᠶ ᠪᠤᠯᠭᠠᠭᠰᠠᠨ ᠪᠤᠶᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠨᠥᠬᠦᠴᠡᠯ ᠨᠡᠯᠢᠶᠡᠳ ᠭᠦᠢᠴᠡᠳ ᠲᠠᠸᠠᠷ | ᠪᠤᠶᠤ ᠦᠢᠯᠡᠴᠢᠯᠡᠭᠡ ᠶᠢᠨ ᠵᠦᠢᠯᠡᠰ ᠪᠤᠯᠬᠤᠷ᠂ ᠦᠨ᠎ᠡ ᠬᠠᠩᠰᠢ ᠶᠢ ᠴᠢᠯᠦᠭᠡᠲᠠᠢ ᠪᠤᠯᠭᠠᠬᠤ ᠨᠢ ᠵᠠᠬ᠎ᠠ ᠳᠡᠯᠭᠡᠭᠦᠷ | ᠪᠣᠯᠤᠨ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠶ ᠶᠤᠮ᠃ ᠡᠳᠡᠭᠡᠷ ᠠᠵᠢᠯ ᠲᠦᠷᠦᠯ᠂ | ᠬᠦᠷᠢᠶ᠎ᠡ ᠴᠠᠷᠢᠶ᠎ᠠ ᠳᠠᠬᠢ ᠦᠨ᠎ᠡ ᠲᠤᠭᠲᠠᠭᠠᠬᠤ ᠡᠷᠬᠡ ᠶᠢ ᠵᠠᠬ᠎ᠠ ᠳᠡᠯᠭᠡᠭᠦᠷ ᠲᠤ ᠲᠤᠰᠢᠶᠠᠨ ᠦᠭᠭᠦ ᠪᠠᠷ ᠳᠠᠮᠵᠢᠭᠤᠯᠤᠨ᠂ | ᠦᠨ᠎ᠡ ᠬᠠᠩᠰᠢ ᠠᠴᠠ ᠡᠬᠢ ᠪᠠᠶᠠᠯᠢᠭ ᠢ ᠲᠣᠬᠢᠷᠠᠭᠤᠯᠬᠤ ᠳᠤ ᠦᠭᠭᠦ ᠲᠤᠬᠢᠶ᠎ᠠ ᠪᠠ ᠲᠣᠬᠢᠷᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠪᠠ ᠦᠢᠯᠡᠳᠪᠦᠷᠢᠯᠡᠯ ᠤᠨ ᠡᠯᠧᠮᠧᠨ᠋ᠲ ᠤᠨ ᠵᠦᠢ | ᠵᠣᠬᠢᠰᠲᠠᠶ ᠰᠢᠯᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠰᠠᠨᠠᠭᠠᠴᠢᠯᠠᠭᠠᠲᠤ ᠴᠢᠨᠠᠷ ᠪᠠ | ᠪᠦᠲᠦᠭᠡᠯᠴᠢ ᠴᠢᠨᠠᠷ ᠢ ᠬᠦᠭᠵᠢᠭᠡᠪᠡ᠃ ᠬᠤᠶᠠᠷ ᠲᠤ ᠨᠢᠭᠡ ᠪᠦᠯᠦᠭ ᠲᠤᠰᠬᠠᠶ ᠦᠢᠯᠡᠴᠢᠯᠡᠭᠡᠨ ᠤ ᠲᠥᠷᠥᠯ ᠵᠦᠢᠯ ᠤᠨ | ᠰᠦᠢᠳᠬᠡᠯ ᠵᠢᠱᠢᠶᠡᠯᠡᠪᠡᠯ ᠲᠠᠸᠠᠷ ᠤᠨ ᠵᠢᠷᠤᠭᠠᠰᠤᠨ ᠺᠤᠳ᠋ ᠤᠨ ᠴᠠᠪᠠᠤ ᠬᠢᠬᠦ ᠰᠦᠢᠳᠬᠡᠯ᠂ ᠵᠢᠷᠤᠭᠠᠰᠤᠨ ᠺᠤᠳ᠋ ᠢ | ᠪᠠᠶᠢᠴᠠᠭᠠᠨ ᠬᠡᠮᠵᠢᠬᠦ ᠦᠢᠯᠡᠴᠢᠯᠡᠭᠡᠨ ᠤ ᠰᠦᠢᠳᠬᠡᠯ᠂ ᠣᠨᠳᠣᠣ ᠭᠠᠵᠠᠷ ᠲᠤ ᠲᠡᠷᠭᠡ ᠬᠥᠰᠬᠡ ᠠᠷᠠᠯᠵᠢᠶᠠᠯᠠᠬᠤ ᠵᠠᠷᠤᠳᠠᠯ᠂ | ᠤᠶᠤᠲᠠᠳ ᠲᠤ ᠠᠵᠢᠯ ᠣᠯᠭᠤᠬᠤ ᠦᠢᠯᠡᠴᠢᠯᠡᠭᠡᠨ ᠤ ᠰᠦᠢᠳᠬᠡᠯ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡᠨ ᠤ | ᠲᠦᠷᠦᠯ ᠵᠦᠢᠯ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠪᠠ᠃ ᠡᠳᠡᠭᠡᠷ ᠬᠦᠴᠦᠨ ᠦᠭᠡᠶ | ᠪᠣᠯᠭᠠᠭᠰᠠᠨ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠪᠤᠯ ᠭᠤᠣᠯᠳᠠᠭᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠦᠭᠡᠢ᠂ ᠡᠰᠡᠬᠦᠯ᠎ᠡ ᠵᠦᠢ ᠵᠤᠬᠢᠰ ᠦᠭᠡᠢ ᠰᠦᠢᠳᠬᠡᠯ | ᠬᠤᠷᠢᠶᠠᠬᠤ ᠲᠥᠷᠥᠯ ᠵᠦᠢᠯ ᠤᠳ ᠪᠤᠯᠤᠨ᠎ᠠ᠃ ᠡᠳᠡᠭᠡᠷ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠦᠴᠦᠨ | ᠦᠭᠡᠢ ᠪᠤᠯᠭᠠᠭᠰᠠᠨ ᠤ ᠲᠠᠷᠠᠭ᠎ᠠ᠂ ᠬᠠᠮᠢᠶ᠎ᠠ ᠪᠦᠬᠦᠢ ᠬᠦᠷᠢᠶᠡᠨ ᠤ ᠦᠢᠯᠡᠳᠪᠦᠷᠢᠯᠡᠯ᠂ ᠠᠮᠢᠳᠤᠷᠠᠯ ᠤᠨ ᠥᠪᠡᠷ ᠤᠨ | ᠦᠷᠳᠡᠭ ᠢ ᠪᠠᠭᠤᠷᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠪᠤᠯᠤᠨ᠎ᠠ᠃ | ᠭᠤᠷᠪᠠ ᠳᠤ ᠬᠡᠰᠡᠭ ᠦᠨ᠎ᠡ ᠲᠣᠭᠲᠠᠭᠠᠬᠤ ᠲᠥᠷᠥᠯ ᠵᠦᠢᠯ ᠢ ᠠᠶᠢᠮᠠᠭ ᠬᠤᠳᠠ᠂ ᠬᠤᠰᠢᠭᠤ ᠰᠢᠶᠠᠨ ︵ᠲᠣᠭᠤᠷᠢᠭ︶ | ᠳᠤ ᠡᠷᠭᠡ ᠤᠯᠭᠤᠨ ᠬᠠᠮᠢᠶᠠᠷᠠᠭᠤᠯᠪᠠ᠃ ︽ᠦᠨ᠎ᠡ ᠬᠠᠩᠰᠢ ᠶᠢᠨ ᠬᠠᠤᠯᠢ︾ ᠶᠢᠨ ᠲᠣᠭᠲᠠᠭᠠᠯ ᠶᠣᠰᠣᠭᠠᠷ᠂ ᠦᠨ᠎ᠡ | ᠬᠠᠩᠰᠢ ᠶᠢᠨ ᠬᠠᠮᠢᠶᠠᠷᠤᠯᠲᠠ ᠶᠢᠨ ᠡᠷᠬᠡ ᠨᠢ ᠲᠥᠪ ᠪᠠ ᠮᠤᠵᠢ ᠶᠢᠨ ᠬᠤᠶᠠᠷ ᠱᠠᠲᠤᠨ ᠳᠤ ᠲᠦᠪᠯᠡᠷᠡᠭᠰᠡᠨ ᠪᠤᠯᠬᠤᠷ᠂ | ᠠᠶᠢᠮᠠᠭ ᠬᠤᠳᠠ᠂ ᠬᠤᠰᠢᠭᠤ ᠰᠢᠶᠠᠨ ︵ᠲᠣᠭᠤᠷᠢᠭ︶ ᠳᠤ ᠬᠠᠮᠢᠶᠠᠷᠤᠯᠲᠠ ᠶᠢᠨ ᠡᠷᠬᠡ ᠮᠡᠳᠡᠯ ᠢ ᠦᠭᠭᠦ ᠳᠤ ᠵᠦᠪᠬᠡᠨ | ᠡᠷᠬᠡ ᠣᠯᠭᠤᠬᠤ ᠬᠡᠯᠪᠡᠷᠢ ᠪᠠᠷ ᠯᠡ ᠶᠠᠪᠤᠭᠳᠠᠬᠤ ᠪᠤᠯᠤᠨ᠎ᠠ᠃ ᠤᠯᠠᠨ ᠨᠡᠶᠢᠳᠡ ᠶᠢᠨ ᠬᠤᠭᠤᠯᠠᠶ ᠲᠣᠣᠷ ᠢᠶᠠᠷ | ᠬᠠᠩᠭᠠᠬᠤ ᠲᠦᠭᠡᠭᠡᠯ ᠤᠰᠤ᠂ ᠲᠠᠬᠢᠯᠳᠠ ᠤᠰᠤ ᠪᠣᠷᠣᠯᠠᠭᠤᠯᠬᠤ ᠦᠨ᠎ᠡ ᠬᠠᠩᠰᠢ᠂ ᠲᠥᠪᠯᠡᠷᠡᠭᠦᠯᠦᠨ ᠢᠯᠴᠢ | ᠬᠠᠩᠭᠠᠬᠤ ᠦᠢᠯᠡᠳᠪᠦᠷᠢ ᠠᠴᠠ ᠭᠠᠷᠭᠠᠬᠤ ᠪᠠ ᠪᠣᠷᠣᠯᠠᠭᠤᠯᠬᠤ ᠦᠨ᠎ᠡ ᠬᠠᠩᠰᠢ᠂ ᠲᠦᠷᠢᠶᠡᠰᠦᠨ ᠮᠠᠰᠢᠨ ᠲᠡᠷᠭᠡᠨ ᠤ | ᠲᠡᠭᠡᠭᠡᠪᠦᠷᠢ ᠶᠢᠨ ᠦᠨ᠎ᠡ᠂ ᠭᠠᠳᠠᠭᠰᠢᠯ ᠬᠡᠢ ᠶᠢ ᠪᠠᠶᠢᠴᠠᠭᠠᠨ ᠰᠢᠯᠭᠠᠬᠤ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ | ᠡᠷᠬᠡ ᠤᠯᠤᠭᠰᠠᠨ ᠠᠶᠢᠮᠠᠭ ᠬᠤᠳᠠ ᠪᠠ ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ | ᠬᠤᠰᠢᠭᠤ ᠰᠢᠶᠠᠨ ︵ᠲᠣᠭᠤᠷᠢᠭ︶ ᠬᠠᠮᠢᠶᠠᠷᠴᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ | ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠡᠷᠬᠡ ᠤᠯᠤᠭᠰᠠᠨ ᠬᠤᠰᠢᠭᠤ ᠰᠢᠶᠠᠨ ︵ᠬᠤᠳᠠ᠂ | ᠲᠣᠭᠤᠷᠢᠭ︶ ᠠᠴᠠ ᠬᠠᠮᠢᠶᠠᠷᠤᠨ᠎ᠠ᠃ ᠡᠷᠬᠡ ᠣᠯᠭᠤᠭᠰᠠᠨ ᠡᠳᠡᠭᠡᠷ ᠦᠨ᠎ᠡ ᠲᠣᠭᠲᠠᠭᠠᠬᠤ ᠲᠥᠷᠥᠯ ᠵᠦᠢᠯ ᠨᠢ | ᠭᠤᠣᠯᠳᠠᠭᠤ ᠡᠯ᠎ᠡ ᠭᠠᠵᠠᠷ ᠤᠨ ᠪᠤᠳᠠᠲᠠᠢ ᠵᠥᠷᠢᠶ᠎ᠡ ᠨᠢ ᠨᠡᠯᠢᠶᠡᠳ ᠶᠡᠭᠡ ᠪᠠᠶᠢᠵᠤ᠂ ᠢᠯᠴᠢ ᠬᠠᠩᠭᠠᠬᠤ᠂ ᠤᠰᠤ | ᠬᠠᠩᠭᠠᠬᠤ ᠵᠡᠷᠭᠡ ᠠᠵᠢᠯ ᠲᠦᠷᠦᠯ ᠨᠢ ᠶᠡᠷᠦ ᠠᠴᠠ ᠵᠠᠰᠠᠭ ᠤᠨ ᠣᠷᠳᠣᠨ ᠤ ᠨᠥᠬᠦᠪᠥᠷᠢ ᠠᠴᠠ ᠰᠠᠯᠵᠤ ᠴᠢᠳᠠᠳᠠᠭ | ᠦᠭᠡᠢ ᠪᠤᠯᠬᠤᠷ᠂ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠳᠤ ᠳᠣᠭᠢᠷᠬᠠᠰᠠᠨ ᠦᠨ᠎ᠡ ᠬᠠᠩᠰᠢ ᠪᠤᠯᠤᠨ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠴᠢᠬᠤᠯᠠᠲᠠᠶ ᠶᠤᠮ᠃ ᠡᠷᠬᠡ ᠣᠯᠭᠤᠵᠤ ᠬᠠᠮᠢᠶᠠᠷᠠᠭᠤᠯᠬᠤ ᠨᠢ᠂ | ᠲᠤᠬᠠᠶ ᠶᠢᠨ ᠭᠠᠵᠠᠷ ᠤᠨ ᠪᠣᠳᠠᠲᠠᠶ ᠲᠠᠢ ᠰᠠᠶᠢᠲᠤᠷ ᠤᠶᠠᠯᠳᠤᠵᠤ᠂ ᠦᠨ᠎ᠡ ᠬᠠᠩᠰᠢ ᠶᠢ ᠠᠮᠢᠳᠤᠯᠢᠭ ᠪᠦᠭᠡᠳ ᠴᠠᠭ | ᠲᠤᠬᠠᠶ ᠳᠤᠨᠢ ᠲᠣᠭᠲᠠᠭᠠᠬᠤ ᠪᠠ ᠲᠤᠬᠢᠷᠠᠭᠤᠯᠵᠤ᠂ ᠠᠵᠤ ᠠᠬᠤᠶᠢᠯᠠᠯ ᠪᠣᠯᠤᠨ ᠬᠡᠷᠡᠭᠯᠡᠭᠴᠢᠳ ᠤᠨ ᠬᠤᠶᠠᠷ ᠲᠠᠯ᠎ᠠ ᠶᠢᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠠᠰᠢᠭᠲᠠᠢ ᠶᠤᠮ᠃ | ᠬᠥᠲᠥᠯᠥᠭᠴᠢ᠄ | ᠲᠠᠨ ᠤ ᠶᠠᠷᠢᠬᠤ ᠪᠠᠷ ᠪᠢᠳᠠ ᠮᠠᠰᠢ ᠣᠯᠠᠨ ᠲᠠᠸᠠᠷ ᠪᠣᠯᠣᠨ ᠦᠢᠯᠡᠴᠢᠯᠡᠭᠡᠨ ᠤ ᠦᠨ᠎ᠡ ᠬᠠᠩᠰᠢ ᠶᠢ ᠴᠢᠯᠥᠭᠡᠲᠡᠶ | ᠲᠠᠯᠪᠢᠪᠠ᠂ ᠡᠩ ᠤᠨ ᠠᠷᠠᠳ ᠤᠳ ᠦᠨ᠎ᠡ ᠬᠠᠩᠰᠢ ᠶᠢ ᠴᠢᠯᠥᠭᠡᠲᠡᠶ ᠲᠠᠯᠪᠢᠭᠰᠠᠨ ᠤ ᠳᠠᠷᠠᠭ᠎ᠠ ᠦᠨ᠎ᠡ ᠥᠰᠬᠦ᠂ | ᠦᠢᠯᠡᠴᠢᠯᠡᠭᠡ ᠬᠤᠪᠢᠷᠠᠬᠤ ᠡᠰᠡᠬᠦ ᠳᠤ ᠰᠠᠨᠠᠭ᠎ᠠ ᠵᠣᠪᠠᠵᠤ ᠮᠡᠳᠡᠨ᠎ᠡ᠃ ᠲᠠ ᠡᠨᠡ ᠠᠰᠠᠭᠤᠳᠠᠯ ᠢ ᠬᠡᠷᠬᠢᠨ ᠦᠵᠡᠬᠦ ᠪᠤᠢ︖ | ᠸᠠᠩ ᠶᠢᠨ ᠪᠤᠤ᠄ | ᠦᠨ᠎ᠡ ᠬᠠᠩᠰᠢ ᠶᠢᠨ ᠥᠭᠡᠷᠡᠴᠢᠯᠡᠯᠲᠡ ᠨᠢ ᠦᠨ᠎ᠡ ᠬᠠᠩᠰᠢ ᠯᠠᠪᠲᠠᠢ ᠥᠰᠬᠦ ᠲᠠᠢ ᠲᠡᠩᠴᠡᠬᠦ ᠶᠠᠪᠤᠳᠠᠯ ᠪᠢᠰᠢ᠂ | ᠵᠠᠬ᠎ᠠ ᠳᠡᠯᠭᠡᠭᠦᠷ ᠨᠢ ᠦᠨ᠎ᠡ ᠬᠠᠩᠰᠢ ᠶᠢ ᠲᠣᠭᠲᠠᠭᠠᠨ᠎ᠠ ᠭᠡᠰᠡᠨ ᠨᠢ ᠯᠠᠪᠲᠠᠢ ᠦᠨ᠎ᠡ ᠬᠠᠩᠰᠢ ᠥᠰᠦᠨ᠎ᠡ ᠭᠡᠰᠡᠨ ᠢ | ᠢᠯᠡᠷᠬᠡᠶᠢᠯᠡᠵᠦ ᠪᠠᠶᠢᠭ᠎ᠠ ᠪᠢᠰᠢ᠃ ᠦᠨ᠎ᠡ ᠬᠠᠩᠰᠢ ᠴᠢᠯᠥᠭᠡᠲᠡᠶ ᠪᠣᠯᠣᠭᠰᠠᠨ ᠤ ᠳᠠᠷᠠᠭ᠎ᠠ᠂ ᠲᠠᠸᠠᠷ ᠪᠣᠯᠣᠨ | ᠦᠢᠯᠡᠴᠢᠯᠡᠭᠡᠨ ᠤ ᠦᠨ᠎ᠡ ᠨᠢ ᠭᠤᠣᠯᠳᠠᠭᠤ ᠦᠢᠯᠡᠳᠪᠦᠷᠢᠯᠡᠯ ᠤᠨ ᠥᠪᠡᠷ ᠤᠨ ᠦᠷᠳᠡᠭ ᠪᠣᠯᠣᠨ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡᠨ ᠤ ᠪᠠᠶᠢᠳᠠᠯ ᠠᠴᠠ ᠲᠣᠭᠲᠠᠭᠠᠭᠳᠠᠵᠤ᠂ ᠵᠦᠢ ᠵᠣᠬᠢᠰᠲᠠᠶ ᠦᠨ᠎ᠡ ᠬᠠᠩᠰᠢ ᠨᠢ ᠵᠠᠬ᠎ᠠ | ᠳᠡᠯᠭᠡᠭᠦᠷ ᠤᠨ ᠥᠷᠢᠰᠥᠯᠳᠦᠭᠡᠨ ᠢ ᠠᠬᠢᠭᠤᠯᠬᠤ ᠳᠤ ᠠᠰᠢᠭᠲᠠᠶ ᠪᠠᠶᠢᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ ᠪᠠ ᠲᠠᠸᠠᠷ ᠪᠣᠯᠤᠨ ᠦᠢᠯᠡᠴᠢᠯᠡᠭᠡᠨ ᠤ ᠶᠠᠰᠤ | ᠴᠢᠨᠠᠷ ᠤᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠵᠢᠱᠢᠶᠡᠯᠡᠪᠡᠯ ᠤᠢᠢᠷ᠎ᠠ ᠶᠢᠨ ᠵᠢᠯ ᠤᠳ ᠲᠤ ᠶᠠᠷᠢᠶ᠎ᠠ | ᠬᠡᠯᠡᠯᠴᠡᠭᠡᠨ ᠤ ᠮᠡᠳᠡᠭᠡᠯᠡᠯ ᠢᠶᠠᠷ ᠬᠢᠮᠳᠠᠬᠠᠨ ᠡᠮ ᠤᠨ ᠵᠦᠢᠯ ᠢ ᠬᠤᠳᠠᠯᠳᠤᠨ ᠠᠪᠬᠤ ᠳᠤ ᠬᠦᠴᠢᠷᠲᠠᠢ ᠪᠠᠶᠢᠬᠤ | ᠠᠰᠠᠭᠤᠳᠠᠯ ᠨᠢ ᠥᠩᠭᠡᠷᠡᠭᠰᠡᠨ ᠳᠤ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠶᠢ ᠳᠠᠩᠴᠢ ᠦᠬᠦᠮᠡᠯ ᠢᠶᠠᠷ | ᠬᠠᠮᠢᠶᠠᠷᠴᠤ᠂ ᠵᠠᠰᠠᠭ ᠤᠨ ᠣᠷᠳᠣᠨ ᠤ ᠲᠣᠭᠲᠠᠭᠠᠭᠰᠠᠨ ᠡᠮ ᠤᠨ ᠵᠦᠢᠯ ᠤᠨ ᠦᠨ᠎ᠡ ᠬᠠᠩᠰᠢ ᠨᠢ | ᠦᠢᠯᠡᠳᠪᠦᠷᠢᠯᠡᠯ ᠤᠨ ᠥᠪᠡᠷ ᠤᠨ ᠦᠷᠳᠡᠭ ᠪᠣᠯᠣᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠴᠠᠭ | ᠲᠤᠬᠠᠶ ᠳᠤᠨᠢ ᠳᠤᠬᠢᠷᠠᠭᠤᠯᠤᠯᠳᠠ ᠬᠢᠭᠰᠡᠨ ᠦᠭᠡᠢ ᠠᠴᠠ ᠪᠣᠯᠣᠭᠠᠳ ᠡᠮ ᠤᠨ ᠵᠦᠢᠯ ᠢ ᠦᠢᠯᠡᠳᠪᠦᠷᠢᠯᠡᠬᠦ ᠠᠵᠤ | ᠠᠬᠤᠶᠢᠯᠠᠯ ᠠᠰᠢᠭ ᠣᠷᠣᠯᠭ᠎ᠠ ᠨᠢ ᠪᠠᠭ᠎ᠠ ᠪᠣᠯᠤᠭᠰᠠᠨ ᠪᠤᠶᠤ ᠴᠢᠨᠠᠭᠰᠢᠯᠠᠭᠠᠳ ᠠᠯᠳᠠᠭᠳᠠᠯ ᠲᠠᠢ ᠪᠤᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠢᠳᠡᠪᠬᠢᠵᠢᠯ ᠳᠤ ᠬᠦᠨᠳᠦ ᠨᠣᠴᠢᠲᠠᠶ ᠴᠣᠬᠢᠯᠲᠠ ᠥᠭᠴᠦ᠂ ᠬᠡᠰᠡᠭ ᠡᠮ ᠤᠨ | ᠵᠦᠢᠯ ᠨᠢ ᠵᠠᠬ᠎ᠠ ᠳᠡᠯᠭᠡᠭᠦᠷ ᠠᠴᠠ ᠠᠷᠢᠯᠬᠤ ᠨᠢ ᠴᠦ ᠬᠠᠴᠢᠨ ᠶᠠᠪᠤᠳᠠᠯ ᠪᠢᠰᠢ ᠪᠣᠯᠵᠠᠢ᠃ ᠬᠡᠯᠡᠯᠭᠡᠨ ᠦᠭᠡᠢ᠂ | ᠦᠨ᠎ᠡ ᠬᠠᠩᠰᠢ ᠶᠢᠨ ᠠᠰᠠᠭᠤᠳᠠᠯ ᠨᠢ ᠴᠢᠯᠦᠭᠡᠲᠡᠢ ᠲᠠᠯᠪᠢᠬᠤ ᠪᠠᠷ ᠰᠢᠢᠳᠪᠦᠷᠢᠯᠡᠭᠳᠡᠳᠡᠭ ᠪᠢᠰᠢ᠂ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ | ᠡᠭᠦᠷᠭᠡ ᠴᠢᠳᠠᠪᠤᠷᠢ ᠶᠢ ᠬᠤᠪᠢᠷᠠᠭᠤᠯᠬᠤ ᠡᠨᠡ ᠭᠤᠷᠪᠠ ᠪᠣᠯ ᠨᠢᠭᠡ ᠴᠣᠭᠴᠠ ᠪᠣᠯᠣᠨ᠎ᠠ᠂ ᠴᠢᠯᠥᠭᠡᠲᠡᠶ ᠪᠣᠯᠭᠠᠬᠤ | ᠵᠣᠷᠢᠯᠭ᠎ᠠ ᠪᠣᠯ ᠨᠡᠩ ᠰᠡᠶᠢᠠ ᠬᠠᠮᠢᠶᠠᠷᠬᠤ ᠤᠨ ᠲᠥᠯᠥᠭᠡ᠂ ᠤᠯᠠᠨ ᠲᠦᠮᠡᠨ ᠳᠤ ᠨᠡᠩ ᠠᠰᠢᠭᠲᠠᠶ ᠪᠣᠯᠭᠠᠬᠤ ᠶᠢᠨ | ᠲᠥᠯᠥᠭᠡ ᠶᠤᠮ᠃ ᠭᠦᠢᠴᠡᠳ ᠥᠷᠢᠰᠥᠯᠳᠦᠭᠡᠨ ᠲᠠᠢ ᠲᠠᠸᠠᠷ ᠪᠣᠯᠣᠨ ᠦᠢᠯᠡᠴᠢᠯᠡᠭᠡᠨ ᠤ ᠦᠨ᠎ᠡ ᠬᠠᠩᠰᠢ ᠶᠢ | ᠴᠢᠯᠥᠭᠡᠲᠡᠶ ᠲᠠᠯᠪᠢᠪᠠᠯ ᠭᠦᠢᠴᠡᠳ ᠥᠷᠢᠰᠥᠯᠳᠦᠬᠦ ᠶᠢ ᠪᠡᠶᠡᠯᠡᠭᠦᠯᠬᠦ ᠳᠤ ᠠᠰᠢᠭᠲᠠᠶ᠂ ᠥᠷᠢᠰᠥᠯᠳᠦᠭᠡᠨ ᠢᠶᠠᠷ | ᠳᠠᠮᠵᠢᠭᠤᠯᠤᠨ ᠵᠦᠢ ᠵᠣᠬᠢᠰᠲᠠᠶ ᠦᠨ᠎ᠡ ᠬᠠᠩᠰᠢ ᠪᠤᠢ ᠪᠣᠯᠵᠤ᠂ ᠬᠡᠷᠡᠭᠯᠡᠭᠴᠢᠳ ᠲᠤ ᠨᠡᠩ ᠠᠰᠢᠭᠲᠠᠶ ᠪᠣᠯᠬᠤ ᠶᠤᠮ᠃ | ᠭᠡᠪᠡᠴᠦ ︽ᠦᠨ᠎ᠡ ᠬᠠᠩᠰᠢ ᠶᠢ ᠭᠠᠭᠴᠠᠭᠠᠷ ᠡᠵᠡᠷᠬᠡᠵᠦ︾᠂ ︽ᠦᠨ᠎ᠡ ᠬᠠᠩᠰᠢ ᠶᠢᠨ ᠮᠡᠬᠡᠯᠡᠯ ᠶᠠᠪᠤᠭᠤᠯᠬᠤ︾ ᠵᠡᠷᠭᠡ | ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠪᠣᠯᠣᠨ ᠬᠡᠷᠡᠭᠯᠡᠭᠴᠢᠳ ᠤᠨ ᠠᠰᠢᠭ ᠲᠤᠰᠠ ᠶᠢ ᠬᠤᠪᠢᠷᠠᠭᠤᠯᠬᠤ | ᠠᠰᠠᠭᠤᠳᠠᠯ ᠤᠳ ᠢᠯᠡᠷᠡᠬᠦ ᠶᠢ ᠡᠭᠦᠰᠭᠡᠵᠦ ᠪᠣᠯᠬᠤ ᠦᠭᠡᠢ᠂ ᠡᠨᠡ ᠨᠢ ᠳᠠᠷᠤᠶ ᠪᠢᠳᠠᠨ ᠤ ᠦᠨ᠎ᠡ ᠬᠠᠩᠰᠢ ᠶᠢ | ᠴᠢᠯᠥᠭᠡᠲᠡᠶ ᠪᠣᠯᠭᠠᠬᠤ ᠶᠠᠪᠤᠴᠠ ᠳᠤ ᠪᠠᠰᠠ ᠬᠢᠨᠠᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ | ᠲᠡᠳᠡᠭᠡᠷ ᠦᠨ᠎ᠡ ᠬᠠᠩᠰᠢ ᠶᠢᠨ ᠲᠠᠯ᠎ᠠ ᠪᠠᠷ ᠮᠡᠬᠡᠯᠡᠨ ᠬᠢᠬᠠᠬᠤ᠂ ᠭᠠᠭᠴᠠᠭᠠᠷ ᠡᠵᠡᠮᠰᠢᠬᠦ ᠵᠢᠴᠢ ᠦᠨ᠎ᠡ ᠬᠠᠩᠰᠢ ᠶᠢᠨ | ᠬᠤᠯᠪᠣᠭ᠎ᠠ ᠪᠠᠶᠢᠭᠤᠯᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠦᠨ᠎ᠡ ᠬᠠᠩᠰᠢ ᠶᠢᠨ | ᠥᠭᠡᠷᠡᠴᠢᠯᠡᠯᠲᠡ ᠶᠢ ᠨᠡᠶᠢᠭᠡᠮ ᠨᠡᠶᠢᠲᠡ᠂ ᠤᠯᠠᠨ ᠲᠦᠮᠡᠨ ᠳᠤ ᠦᠨᠡᠨ ᠬᠦ ᠠᠰᠢᠭᠲᠠᠶ ᠪᠠᠶᠢᠯᠭᠠᠬᠤ ᠬᠡᠷᠡᠭᠲᠡᠢ᠃ | ᠬᠥᠲᠥᠯᠥᠭᠴᠢ᠄ | ︽ᠦᠨ᠎ᠡ ᠲᠣᠭᠲᠠᠭᠠᠬᠤ ᠭᠠᠷᠴᠠᠭ︾ ᠢ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠨ᠎ᠡ | ᠬᠠᠩᠰᠢ ᠶᠢᠨ ᠬᠠᠮᠢᠶᠠᠷᠤᠯᠲᠠ ᠶᠢᠨ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠲᠣᠭᠲᠠᠭᠤᠨ | ᠬᠡᠷᠡᠭᠵᠢᠭᠦᠯᠦᠭᠳᠡᠬᠦ ᠶᠢ ᠪᠠᠲᠤᠯᠠᠬᠤ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠤᠢ︖ | ᠸᠠᠩ ᠶᠢᠨ ᠪᠤᠤ᠄ | ᠰᠢᠨ᠎ᠡ ᠪᠠᠷ ᠵᠠᠰᠠᠪᠤᠷᠢᠯᠠᠭᠰᠠᠨ ︽ᠦᠨ᠎ᠡ ᠲᠣᠭᠲᠠᠭᠠᠬᠤ ᠭᠠᠷᠴᠠᠭ︾ ᠢ ᠨᠡᠶᠢᠲᠡᠯᠡᠨ ᠬᠡᠷᠡᠭᠵᠢᠭᠦᠯᠦᠭᠰᠡᠨ ᠤ | ᠲᠡᠷᠠᠭ᠎ᠠ᠂ ᠴᠢᠬᠤᠯᠠ ᠲᠠᠸᠠᠷ ᠪᠣᠯᠣᠨ ᠦᠢᠯᠡᠴᠢᠯᠡᠭᠡᠨ ᠤ ᠦᠨ᠎ᠡ ᠬᠠᠩᠰᠢ ᠶᠢ ᠦᠨᠳᠦᠰᠦᠨ ᠳᠡᠭᠡᠨ ᠲᠣᠭᠲᠠᠪᠤᠷᠢᠲᠠᠶ | ᠪᠠᠶᠢᠬᠤ ᠶᠢ ᠪᠠᠲᠤᠯᠠᠵᠤ᠂ ᠬᠡᠷᠡᠭᠯᠡᠭᠴᠢᠳ ᠪᠣᠯᠤᠨ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠤᠰᠠᠳᠠ᠂ ᠪᠢᠳᠡ ᠠᠯᠢ ᠤᠯᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠲᠣᠭᠲᠠᠭᠠᠪᠠ᠃ ᠵᠠᠰᠠᠭ ᠤᠨ | ᠣᠷᠳᠣᠨ ᠠᠴᠠ ᠦᠨ᠎ᠡ ᠲᠣᠭᠲᠠᠭᠠᠬᠤ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠦᠯᠡᠳᠡᠭᠡᠭᠰᠡᠨ ᠲᠥᠷᠥᠯ ᠵᠦᠢᠯ ᠢ ᠪᠣᠯ | ᠦᠨ᠎ᠡ ᠲᠣᠭᠲᠠᠭᠠᠬᠤ ᠳᠡᠰ ᠳᠠᠷᠠᠭᠠᠯᠠᠯ᠂ ᠥᠪᠡᠷ ᠤᠨ ᠦᠷᠳᠡᠭ ᠤᠨ ᠳᠦᠷᠢᠮ ᠳᠤᠭᠲᠠᠭᠠᠯ᠂ ᠮᠡᠳᠡᠭᠡ ᠵᠠᠩᠭᠢ ᠶᠢ | ᠢᠯᠡ ᠪᠣᠯᠭᠠᠬᠤ ᠵᠡᠷᠭᠡ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠵᠠᠰᠠᠭ ᠤᠨ ᠣᠷᠳᠣᠨ ᠤ ᠦᠨ᠎ᠡ ᠲᠣᠭᠲᠠᠭᠠᠬᠤ ᠠᠵᠢᠯᠯᠠᠭ᠎ᠠ ᠨᠡᠷᠡᠨ ᠤ ᠳᠣᠣᠷ᠎ᠠ ᠢᠯᠡ ᠲᠣᠳᠣ ᠶᠠᠪᠤᠭᠳᠠᠬᠤ ᠶᠢ ᠦᠨᠡᠨ | ᠬᠦ ᠪᠠᠲᠤᠯᠠᠪᠠ︔ ᠵᠠᠬ᠎ᠠ ᠳᠡᠯᠭᠡᠭᠦᠷ ᠠᠴᠠ ᠦᠨ᠎ᠡ ᠲᠣᠬᠢᠷᠠᠭᠤᠯᠬᠤ ᠶᠢ ᠬᠡᠷᠡᠭᠵᠢᠭᠦᠯᠬᠦ ᠲᠥᠷᠥᠯ ᠵᠦᠢᠯ ᠢ ᠪᠣᠯ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ᠂ ᠢᠯᠠᠩᠭᠤᠶ᠎ᠠ ᠠᠵᠢᠯ | ᠲᠥᠷᠥᠯ ᠤᠨ ᠬᠠᠮᠢᠶᠠᠷᠤᠯᠲᠠ ᠪᠣᠯᠤᠨ ᠦᠨ᠎ᠡ ᠬᠠᠩᠰᠢ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭᠠᠨ ᠤ ᠲᠣᠭᠲᠠᠭᠤᠨ ᠢ | ᠪᠠᠲᠤᠯᠠᠪᠠ᠃ ᠪᠣᠳᠠᠲᠠᠶ ᠠᠷᠭ᠎ᠠ ᠬᠡᠮᠵᠢᠶ᠎ᠡ ᠨᠢ ᠭᠤᠣᠯᠳᠠᠭᠤ ᠡᠵᠡᠩᠨᠡᠭᠴᠢ ᠦᠨ᠎ᠡ ᠬᠠᠩᠰᠢ ᠪᠠᠨ ᠢᠯᠠ ᠬᠠᠳᠠᠬᠤ᠂ | ᠰᠦᠢᠳᠬᠡᠯ ᠬᠤᠷᠢᠶᠠᠬᠤ ᠶᠢ ᠵᠠᠷᠯᠠᠨ ᠮᠡᠳᠡᠭᠳᠡᠬᠦ ᠠᠵᠢᠯ ᠢ ᠰᠢᠮᠳᠠᠭᠤᠯᠵᠤ᠂ ᠦᠨ᠎ᠡ ᠬᠠᠩᠰᠢ ᠶᠢᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠬᠡᠯᠡᠯ ᠪᠣᠯᠣᠨ ᠦᠨ᠎ᠡ ᠬᠠᠩᠰᠢ | ᠶᠢᠨ ᠭᠠᠭᠴᠠᠭᠠᠷ ᠡᠵᠡᠷᠬᠡᠭᠯᠡᠯ ᠵᠡᠷᠭᠡ ᠬᠠᠤᠯᠢ ᠠᠴᠠ ᠵᠥᠷᠢᠴᠡᠭᠰᠡᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠡᠵᠡᠩᠨᠡᠭᠴᠢ ᠶᠢᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠶᠢᠨ ᠬᠠᠮᠲᠤ ᠦᠨ᠎ᠡ ᠬᠠᠩᠰᠢ ᠶᠢᠨ ᠬᠢᠨᠠᠨ ᠬᠡᠮᠵᠢᠵᠦ ᠵᠠᠳᠠᠯᠤᠨ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠴᠢᠬᠤᠯᠠ ᠲᠠᠸᠠᠷ ᠪᠣᠯᠣᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠬᠥᠳᠡᠯᠦᠩᠭᠦᠶ ᠪᠠᠶᠢᠳᠠᠯ ᠢ ᠡᠵᠡᠮᠳᠡᠵᠦ᠂ ᠠᠵᠢᠯ ᠲᠦᠷᠦᠯ ᠤᠨ ᠨᠡᠶᠢᠭᠡᠮᠯᠢᠭ᠂ ᠲᠤᠰᠬᠠᠶ ᠮᠡᠷᠭᠡᠵᠢᠯ ᠤᠨ ᠵᠣᠬᠢᠶᠠᠨ | ᠪᠠᠶᠢᠭᠤᠯᠤᠯᠲᠠ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠦᠷᠨᠢᠭᠦᠯᠬᠦ ᠶᠢ ᠬᠦᠲᠦᠯᠦᠨ ᠵᠢᠯᠣᠭᠤᠳᠴᠤ᠂ | ᠲᠠᠸᠠᠷ ᠪᠣᠯᠣᠨ ᠦᠢᠯᠡᠴᠢᠯᠡᠭᠡᠨ ᠤ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠶᠢ | ᠳᠡᠭᠡᠭᠰᠢᠯᠡᠭᠦᠯᠪᠡ᠃ ᠪᠢᠳᠡ ᠪᠠᠰᠠ ᠬᠢᠨᠠᠨ ᠬᠠᠮᠢᠶᠠᠷᠬᠤ ᠲᠣᠭᠲᠠᠴᠠ ᠶᠢ ᠲᠦᠷᠭᠡᠨ ᠲᠡᠭᠦᠯᠳᠡᠷᠵᠢᠭᠦᠯᠵᠦ᠂ ᠬᠢᠨᠠᠨ | ᠬᠠᠮᠢᠶᠠᠷᠬᠤ ᠴᠢᠳᠠᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠠᠴᠠ ᠴᠢᠨᠠᠷ ᠪᠠ ᠦᠨ᠎ᠡ ᠨᠢ ᠲᠡᠩᠴᠡᠭᠦᠬᠡᠨ ᠲᠠᠸᠠᠷ | ᠪᠠ ᠦᠢᠯᠡᠴᠢᠯᠡᠭᠡ ᠬᠠᠩᠭᠠᠬᠤ ᠶᠢ ᠰᠢᠮᠳᠠᠭᠤᠯᠵᠤ᠂ ᠵᠠᠬ᠎ᠠ ᠳᠡᠯᠭᠡᠭᠦᠷ ᠤᠨ ᠢᠯᠡ ᠲᠣᠳᠣ ᠲᠥᠪ ᠭᠤᠣᠯᠴᠢ ᠣᠷᠴᠢᠨ | ᠲᠣᠭᠤᠷᠢᠨ ᠢ ᠪᠤᠢ ᠪᠣᠯᠭᠠᠨ᠎ᠠ᠃ | ᠡ᠊ᠨᠳᠡ ᠪᠢ ᠪᠠᠰᠠ ᠡᠨᠡᠬᠦ ᠲᠣᠬᠢᠶᠠᠯ ᠢ ᠠᠰᠢᠭᠯᠠᠨ ᠪᠢᠳᠡᠨ ᠤ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ | ᠲᠠᠪᠴᠠᠩ ᠢ ᠲᠠᠨᠢᠯᠴᠠᠭᠤᠯᠤᠶ᠎ᠠ ᠭᠡᠵᠦ ᠪᠣᠳᠣᠵᠤ ᠪᠠᠢᠨ᠎ᠠ᠃ ᠬᠡᠷᠪᠡ ᠤᠯᠠᠨ ᠢᠶᠠᠷ ᠢᠶᠠᠨ ᠦᠨ᠎ᠡ ᠬᠠᠩᠰᠢ ᠶᠢᠨ | ᠵᠢᠭᠤᠷᠠᠯᠳᠤᠭᠠᠨ ᠳᠤ ᠲᠤᠯᠭᠠᠷᠠᠪᠠᠯ᠂ ︽12358︾ ᠨᠣᠮᠧᠷᠲᠦ ᠦᠨ᠎ᠡ ᠬᠠᠩᠰᠢ ᠶᠢᠨ ᠢᠯᠡᠴᠢᠯᠡᠯᠲᠡ ᠶᠢᠨ | ᠤᠲᠠᠰᠤ ᠶᠢ ᠤᠲᠠᠰᠤᠳᠠᠵᠤ ᠯᠠᠪᠯᠠᠨ ᠠᠰᠠᠭᠤᠵᠤ ᠵᠠᠭᠠᠯᠳᠤᠵᠤ ᠪᠣᠯᠣᠨ᠎ᠠ᠃ ᠣᠯᠠᠨ ᠵᠢᠯ ᠤᠨ ᠪᠠᠶᠢᠭᠤᠯᠤᠯᠲᠠ ᠪᠠᠷ | ᠳᠠᠮᠵᠢᠭᠠᠳ᠂ ᠡᠨᠡ ᠵᠢᠯ᠂ ᠮᠠᠨ ᠤ ᠣᠷᠣᠨ 12358 ᠨᠣᠮᠧᠷᠲᠦ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ | ᠮᠡᠳᠡᠭᠡ ᠵᠠᠩᠭᠢ ᠶᠢᠨ ᠰᠢᠰᠲ᠋ᠧᠮ ᠢ ᠪᠦᠬᠦ ᠲᠠᠯ᠎ᠠ ᠪᠠᠷ ᠲᠡᠰ ᠳᠡᠪᠰᠢᠭᠦᠯᠦᠨ ᠥᠭᠡᠷᠡᠴᠢᠯᠡᠵᠦ᠂ ᠦᠨ᠎ᠡ ᠬᠠᠩᠰᠢ ᠶᠢᠨ | ᠢᠯᠡᠴᠢᠯᠡᠨ ᠮᠡᠳᠡᠭᠦᠯᠦᠯᠲᠡ ᠶᠢᠨ ᠲᠣᠭᠠᠴᠢᠯᠠᠬᠤ᠂ ᠮᠡᠳᠡᠭᠡ ᠵᠠᠩᠭᠢᠴᠢᠯᠠᠬᠤ ᠶᠢ ᠪᠡᠶᠡᠯᠡᠭᠦᠯᠵᠡᠢ᠂ ᠣᠳᠣᠬᠠᠨ ᠳᠤ᠂ ᠪᠦᠬᠦ | ᠣᠷᠣᠨ ᠤ 116 ᠳ᠋ᠢᠶᠠᠩᠬᠤᠸᠠ ᠶᠢᠨ ᠰᠠᠭᠤᠳᠠᠯ ᠢ ᠴᠦᠮ ᠨᠡᠪᠲᠡᠷᠡᠭᠦᠯᠵᠦ᠂ ᠤᠲᠠᠰᠤᠨ ᠳᠡᠭᠡᠷ᠎ᠡ ᠪᠠᠶᠢᠬᠤ | ᠨᠤᠷᠮ᠎ᠠ ᠶᠢ 96% ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃ ᠪᠢᠳᠡ ᠪᠠᠰᠠ ᠶᠠᠭ ᠲᠣᠣᠷᠴᠢᠯᠠᠭᠰᠠᠨ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠶᠠᠪᠣᠭᠲᠠᠭᠤᠯᠵᠤ᠂ | ᠡᠵᠡᠩᠨᠡᠭᠴᠢᠳ ᠤᠨ ᠭᠠᠵᠠᠷ ᠵᠦᠢ ᠶᠢᠨ ᠪᠠᠶᠢᠷᠢᠯᠠᠯ᠂ ᠲᠤᠭ᠎ᠠ ᠬᠡᠮᠵᠢᠶ᠎ᠡ᠂ ᠬᠡᠪᠴᠢᠶ᠎ᠡ ᠪᠣᠯᠤᠨ ᠠᠵᠢᠯ ᠲᠦᠷᠦᠯ ᠤᠨ | ᠲᠠᠷᠬᠠᠴᠠ ᠵᠡᠷᠭᠡ ᠪᠠᠶᠢᠳᠠᠯ ᠢᠶᠠᠷ ᠡᠯ᠎ᠡ ᠭᠠᠵᠠᠷ ᠤᠨ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠠᠮᠢᠶᠠᠷᠤᠯᠲᠠ ᠶᠢᠨ ᠣᠷᠣᠨ ᠢ ᠡᠳᠦᠶ ᠲᠡᠳᠦᠶ ᠣᠷᠣᠨ ᠪᠣᠯᠭᠠᠨ ᠬᠤᠪᠢᠶᠠᠵᠤ᠂ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠵᠠᠳᠠᠯᠤᠨ ᠬᠤᠪᠢᠶᠠᠯᠴᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠲᠤᠷᠬᠠᠶᠢᠯᠠᠨ᠂ | ︽ᠬᠥᠨᠳᠡᠯᠡᠨ ᠢᠶᠠᠷ ᠬᠦᠪᠡᠭᠡ ᠳᠤ ᠬᠦᠷᠬᠦ᠂ ᠭᠤᠯᠳᠤ ᠪᠠᠷ ᠢᠵᠠᠭᠤᠷ ᠲᠤ ᠲᠣᠯᠬᠤ︾ ᠦᠨ᠎ᠡ ᠬᠠᠩᠰᠢ ᠶᠢᠨ | ᠬᠢᠨᠠᠯᠲᠠ ᠬᠠᠮᠢᠶᠠᠷᠤᠯᠲᠠ ᠶᠢᠨ ᠲᠣᠣᠷᠯᠠᠯ ᠢ ᠪᠦᠷᠢᠯᠳᠦᠭᠦᠯᠵᠦ᠂ ︽ᠲᠣᠣᠷ ᠨᠢ ᠬᠡᠰᠡᠭᠯᠡᠯ ᠢ ᠲᠣᠭᠲᠠᠭᠠᠬᠤ᠂ ᠬᠡᠰᠡᠭᠯᠡᠯ | ᠨᠢ ᠬᠥᠮᠦᠨ ᠢ ᠲᠣᠭᠲᠠᠭᠠᠬᠤ᠂ ᠬᠥᠮᠦᠨ ᠨᠢ ᠬᠠᠷᠢᠭᠤᠴᠠᠯᠭ᠎ᠠ ᠶᠢ ᠲᠣᠭᠲᠠᠭᠠᠬᠤ︾ ᠰᠡᠳᠬᠢᠴᠡ ᠶᠢᠨ ᠶᠣᠰᠣᠭᠠᠷ᠂ | ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠥᠷᠭᠡᠨ ᠢᠶᠠᠷ ᠪᠦᠷᠬᠦᠬᠦ ᠪᠠ | ᠬᠡᠪᠰᠢᠭᠦᠯᠬᠦ ᠶᠢ ᠪᠡᠶᠡᠯᠡᠭᠦᠯᠪᠡ᠃ ᠬᠤᠶᠢᠰᠢᠳᠠ ᠤᠯᠠᠨ ᠢᠶᠠᠷ ᠢᠶᠠᠨ ᠤᠯᠤᠰ ᠤᠨ ᠪᠠᠶᠠᠷ ᠤᠨ ᠬᠤᠭᠤᠴᠠᠭᠠᠨ ᠳᠠᠬᠢ ︽ | ᠴᠢᠩᠳᠣᠤ ᠶᠢᠨ ᠲᠡᠭᠷᠢ ᠲᠤᠯᠤᠮ᠎ᠠ ᠦᠨ᠎ᠡ ᠲᠠᠢ ᠰᠠᠮ︾ ᠮᠡᠲᠦ ᠶᠢᠨ ᠦᠨ᠎ᠡ ᠬᠠᠩᠰᠢ ᠶᠢᠨ ᠮᠡᠬᠡᠯᠡᠯ ᠤᠨ ᠦᠢᠯᠡ | ᠠᠵᠢᠯᠯᠠᠭ᠎ᠠ ᠲᠤᠯᠭᠠᠷᠠᠬᠤ ᠳᠤ ᠬᠦᠷᠪᠡᠯ᠂ ︽12358︾ ᠨᠣᠮᠧᠷᠲᠦ ᠤᠲᠠᠰᠤ ᠪᠠᠷ ᠳᠠᠮᠵᠢᠭᠤᠯᠤᠨ ᠵᠠᠭᠠᠯᠳᠤᠨ | ᠢᠯᠡᠴᠢᠯᠡᠵᠦ᠂ ᠮᠠᠨ ᠤ ᠦᠨ᠎ᠡ ᠬᠠᠩᠰᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠥᠷᠭᠡᠨ ᠤᠯᠠᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠣᠯᠤᠨ᠎ᠠ᠃ | ᠬᠥᠲᠥᠯᠥᠭᠴᠢ᠄ | ︽ᠦᠨ᠎ᠡ ᠲᠣᠭᠲᠠᠭᠠᠬᠤ ᠭᠠᠷᠴᠠᠭ︾ ᠲᠤ ᠵᠠᠰᠠᠪᠤᠷᠢ ᠣᠷᠣᠭᠤᠯᠤᠭᠰᠠᠨ ᠠᠴᠠ ᠭᠠᠳᠠᠨ᠎ᠠ᠂ ᠥᠪᠡᠷᠲᠡᠭᠡᠨ | ᠵᠠᠰᠠᠬᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠨᠢ ᠪᠠᠰᠠ ᠶᠠᠮᠠᠷ ᠶᠠᠮᠠᠷ ᠴᠢᠬᠤᠯᠠ ᠠᠵᠢᠯ ᠬᠢᠭᠰᠡᠨ ᠪᠤᠢ︖ | ᠸᠠᠩ ᠶᠢᠨ ᠪᠤᠤ᠄ | ᠡᠨᠡ ᠵᠢᠯ ᠠᠴᠠ ᠨᠠᠰᠢ᠂ ᠮᠠᠨ ᠤ ᠣᠷᠣᠨ ᠤᠯᠤᠰ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ | ᠱᠠᠭᠠᠷᠳᠠᠯᠭ᠎ᠠ ᠶᠣᠰᠣᠭᠠᠷ᠂ ︽ᠦᠨ᠎ᠡ ᠲᠣᠭᠲᠠᠭᠠᠬᠤ ᠭᠠᠷᠴᠠᠭ︾ ᠲᠤ ᠵᠠᠰᠠᠪᠤᠷᠢ ᠣᠷᠣᠭᠤᠯᠬᠤ ᠶᠢᠨ ᠬᠠᠮᠲᠤ᠂ ᠠᠯᠢ | ᠣᠯᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠢ | ᠦᠷᠨᠢᠭᠦᠯᠪᠡ᠃ ᠡᠭᠦᠨ ᠲᠤᠲᠤᠷᠠᠬᠢ ᠬᠤᠶᠠᠷ ᠵᠦᠢᠯ ᠨᠢ ᠪᠦᠭᠦ ᠤᠯᠤᠰ ᠤᠨ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠪᠣᠯᠣᠨ᠎ᠠ᠃ ᠨᠢᠭᠡ ᠨᠢ ᠥᠪᠥᠷ ᠮᠣᠩᠭᠤᠯ ᠤᠨ ᠪᠠᠷᠠᠭᠤᠨ ᠣᠷᠣᠨ ᠤ | ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠪᠣᠯᠣᠨ᠎ᠠ᠃ | ᠣᠳᠣᠬᠠᠨ ᠳᠤ ᠮᠠᠨ ᠤ ᠤᠯᠤᠰ ᠤᠨ ᠴᠠᠬᠢᠯᠭᠠᠨ ᠬᠦᠴᠦᠨ ᠤ ᠦᠨ᠎ᠡ ᠬᠠᠩᠰᠢ ᠶᠢ ᠦᠨᠳᠦᠰᠦᠨ ᠳᠡᠭᠡᠨ ᠴᠥᠮ | ᠵᠠᠰᠠᠭ ᠤᠨ ᠣᠷᠳᠣᠨ ᠠᠴᠠ ᠲᠣᠭᠲᠠᠭᠠᠵᠤ᠂ ᠵᠠᠰᠠᠭ ᠤᠨ ᠣᠷᠳᠣᠨ ︽ᠬᠤᠶᠠᠷ ᠲᠠᠯ᠎ᠠ ᠶᠢ ᠬᠠᠮᠢᠶᠠᠷᠴᠤ᠂ ᠳᠤᠮᠳᠠᠬᠢ ᠶᠢ | ᠰᠤᠯᠠᠯᠠᠨ᠎ᠠ︾᠂ ︽ᠬᠤᠶᠠᠷ ᠲᠠᠯ᠎ᠠ︾ ᠭᠡᠳᠡᠭ ᠨᠢ ᠴᠠᠬᠢᠯᠭᠠᠨ ᠭᠠᠷᠭᠠᠬᠤ ᠲᠠᠯ᠎ᠠ ᠪᠣᠯᠣᠨ ᠴᠠᠬᠢᠯᠭᠠᠨ ᠪᠣᠷᠣᠯᠠᠭᠤᠯᠬᠤ | ᠲᠠᠯ᠎ᠠ ᠪᠠᠶᠢᠵᠤ᠂ ︽ᠳᠤᠮᠳᠠᠬᠢ︾ ᠭᠡᠳᠡᠭ ᠨᠢ ᠴᠠᠬᠢᠯᠭᠠᠨ ᠳᠠᠮᠵᠢᠭᠤᠯᠬᠤ ᠲᠠᠯ᠎ᠠ ᠲᠤᠬᠠᠶᠢᠯᠠᠪᠠᠯ ᠴᠠᠬᠢᠯᠭᠠᠨ ᠲᠣᠣᠷ ᠤᠨ | ᠺᠣᠮᠫᠠᠨᠢ ᠪᠣᠯᠣᠨ᠎ᠠ᠃ ᠴᠠᠬᠢᠯᠭᠠᠨ ᠭᠠᠷᠭᠠᠬᠤ ᠲᠠᠯ᠎ᠠ ᠨᠢ ᠢᠯᠴᠢ ᠶᠢᠨ ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ | ᠤᠰᠤᠨ ᠴᠠᠬᠢᠯᠭᠠᠨ᠂ ᠭᠡᠷᠡᠯ ᠸᠣᠯᠲ ᠴᠠᠬᠢᠯᠭᠠᠨ ᠭᠠᠷᠭᠠᠬᠤ ᠵᠡᠷᠭᠡ ᠠᠳᠠᠯᠢ ᠪᠤᠰᠤ ᠴᠠᠬᠢᠯᠭᠠᠨ ᠭᠠᠷᠭᠠᠬᠤ ᠬᠡᠯᠪᠡᠷᠢ ᠶᠢ | ᠵᠠᠰᠠᠭ ᠤᠨ ᠣᠷᠳᠣᠨ ᠠᠴᠠ ᠲᠤᠰ ᠲᠤᠰ ᠠᠳᠠᠯᠢ ᠪᠤᠰᠤ ᠲᠣᠣᠷ ᠲᠤ ᠣᠷᠣᠬᠤ ᠴᠠᠬᠢᠯᠭᠠᠨ ᠤ ᠦᠨ᠎ᠡ ᠶᠢ ᠲᠣᠭᠲᠠᠭᠠᠨ᠎ᠠ | ᠂ ᠥᠭᠡᠷ᠎ᠡ ᠪᠠᠷ ᠬᠡᠯᠡᠪᠡᠯ ᠴᠠᠬᠢᠯᠭᠠᠨ ᠭᠠᠷᠭᠠᠬᠤ ᠦᠢᠯᠡᠳᠪᠦᠷᠢ ᠠᠴᠠ ᠴᠠᠬᠢᠯᠭᠠᠨ ᠢᠶᠠᠨ ᠴᠠᠬᠢᠯᠭᠠᠨ ᠲᠣᠣᠷ ᠲᠤ | ᠬᠤᠳᠠᠯᠳᠤᠵᠤ ᠥᠭᠬᠦ ᠦᠨ᠎ᠡ ᠪᠣᠯᠣᠨ᠎ᠠ᠂ ᠴᠠᠬᠢᠯᠭᠠᠨ ᠪᠣᠷᠣᠯᠠᠭᠤᠯᠬᠤ ᠲᠠᠯ᠎ᠠ ᠭᠡᠳᠡᠭ ᠨᠢ ᠴᠠᠬᠢᠯᠭᠠᠨ ᠬᠡᠷᠡᠭᠯᠡᠬᠦ | ᠡᠷᠦᠬᠡ ᠶᠢ ᠬᠡᠯᠡᠨ᠎ᠡ᠂ ᠰᠠᠭᠤᠭᠠᠯᠢ ᠠᠷᠠᠳ᠂ ᠲᠤᠮᠤ ᠠᠵᠤ ᠦᠢᠯᠡᠳᠪᠦᠷᠢ᠂ ᠡᠩ ᠤᠨ ᠠᠵᠤ ᠦᠢᠯᠡᠳᠪᠦᠷᠢ | ᠬᠤᠳᠠᠯᠳᠤᠭ᠎ᠠ ᠶᠢᠨ ᠦᠢᠯᠡᠰ ᠵᠡᠷᠭᠡ ᠳᠤ ᠪᠣᠯ ᠲᠤᠰ ᠲᠤᠰ ᠴᠠᠬᠢᠯᠭᠠᠨ ᠪᠣᠷᠣᠯᠠᠭᠤᠯᠬᠤ ᠠᠳᠠᠯᠢ ᠪᠤᠰᠤ ᠦᠨ᠎ᠡ ᠶᠢ | ᠲᠣᠭᠲᠠᠭᠠᠨ᠎ᠠ᠃ 2015 ᠣᠨ ᠤ 1 ᠳ᠋ᠦ᠋ᠭᠡᠷ ᠰᠠᠷ᠎ᠠ ᠳᠤ᠂ ᠱᠧᠨᠵᠧᠨ ᠬᠤᠲᠠ ᠴᠠᠬᠢᠯᠭᠠᠨ ᠳᠠᠮᠵᠢᠭᠤᠯᠬᠤ ᠪᠠ | ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠡᠬᠢᠯᠡᠭᠦᠯᠦᠭᠰᠡᠨ ᠂ ᠪᠦᠬᠦ ᠤᠯᠤᠰ ᠤᠨ ᠴᠠᠬᠢᠯᠭᠠᠨ | ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠴᠢᠬᠤᠯᠠ ᠨᠢᠭᠡ ᠠᠯᠬᠤᠮ ᠢ ᠠᠯᠬᠤᠪᠠ᠃ ᠭᠡᠪᠡᠴᠦ ᠱᠧᠨᠵᠧᠨ | ᠨᠢ ᠵᠥᠪᠬᠡᠨ ᠬᠤᠲᠠ ᠪᠣᠯᠤᠭᠰᠠᠨ ᠤ ᠬᠤᠪᠢ ᠳᠤ᠂ ᠴᠠᠬᠢᠯᠭᠠᠨ ᠬᠠᠩᠭᠠᠬᠤ ᠰᠢᠰᠲ᠋ᠧᠮᠵᠢ ᠨᠢ ᠬᠠᠷᠢᠴᠠᠩᠭᠤᠶ ᠲᠦᠬᠦᠮ | ᠶᠤᠮ᠂ ᠭᠡᠪᠡᠴᠦ ᠮᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠤᠨ ᠢᠯᠴᠢ ᠶᠢᠨ | ᠴᠠᠬᠢᠯᠭᠠᠨ᠂ ᠰᠠᠯᠬᠢᠨ ᠬᠦᠴᠦᠨ ᠤ ᠴᠠᠬᠢᠯᠭᠠᠨ᠂ ᠤᠰᠤᠨ ᠴᠠᠬᠢᠯᠭᠠᠨ᠂ ᠭᠡᠷᠡᠯ ᠸᠣᠯᠲ ᠢᠶᠠᠷ ᠴᠠᠬᠢᠯᠭᠠᠨ ᠭᠠᠷᠭᠠᠬᠤ | ᠵᠡᠷᠭᠡ ᠣᠯᠠᠨ ᠬᠡᠯᠪᠡᠷᠢ ᠪᠠᠷ ᠴᠠᠬᠢᠯᠭᠠᠨ ᠭᠠᠷᠭᠠᠵᠤ ᠪᠠᠶᠢᠬᠤ ᠪᠤᠯᠬᠤᠷ᠂ ᠬᠤᠲᠠ᠂ ᠬᠥᠳᠡᠭᠡ ᠲᠣᠰᠬᠤᠨ᠂ ᠮᠠᠯᠵᠢᠬᠤ | ᠣᠷᠣᠨ ᠤ ᠴᠠᠬᠢᠯᠭᠠᠨ ᠬᠠᠩᠭᠠᠬᠤ ᠭᠠᠵᠠᠷ ᠣᠷᠣᠨ ᠤ ᠲᠥᠷᠥᠯ ᠵᠦᠢᠯ ᠪᠠᠶᠠᠯᠢᠭ᠂ ᠲᠤᠮᠤ ᠠᠵᠤ ᠦᠢᠯᠡᠳᠪᠦᠷᠢ᠂ | ᠡᠩ ᠤᠨ ᠠᠵᠤ ᠦᠢᠯᠡᠳᠪᠦᠷᠢ ᠬᠤᠳᠠᠯᠳᠤᠭ᠎ᠠ᠂ ᠲᠠᠷᠢᠶᠠᠯᠠᠩ᠂ ᠰᠠᠭᠤᠭᠠᠯᠢ ᠠᠷᠠᠳ ᠵᠡᠷᠭᠡ ᠴᠠᠬᠢᠯᠭᠠᠨ ᠬᠦᠴᠦᠨ ᠤ | ᠬᠡᠷᠡᠭᠯᠡᠭᠴᠢᠳ ᠤᠨ ᠲᠥᠷᠥᠯ ᠵᠦᠢᠯ ᠪᠦᠷᠢᠨ ᠪᠠᠶᠢᠵᠤ᠂ ︽ᠥᠴᠦᠬᠡᠨ ᠪᠣᠯᠪᠠᠴᠤ ᠴᠤᠯᠤ ᠰᠠᠪᠠ ᠨᠢ ᠪᠦᠷᠢᠨ︾ ᠭᠡᠵᠦ | ᠬᠡᠯᠡᠵᠦ ᠪᠣᠯᠤᠨ᠎ᠠ᠂ ᠡᠨᠡ ᠨᠢ ᠤᠯᠤᠰ ᠤᠨ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠳᠤ ᠨᠡᠯᠢᠶᠡᠳ | ᠶᠡᠭᠡ ᠯᠠᠪᠯᠠᠬᠤ ᠦᠢᠯᠡᠳᠦᠯ ᠲᠠᠢ ᠶᠤᠮ᠃ ᠨᠢᠳᠤᠨᠤᠨ ᠠᠴᠠ ᠨᠠᠰᠢ᠂ ᠮᠠᠨ ᠤ ᠵᠥᠪᠯᠡᠯ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠢᠭᠠᠪᠤᠷᠢ ᠶᠢ ᠵᠢᠷᠤᠮᠯᠠᠨ᠂ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠢ | ᠤᠯᠤᠰ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠦᠷᠢᠶ᠎ᠡ | ᠬᠡᠪᠴᠢᠶ᠎ᠡ ᠳᠤ ᠣᠷᠣᠭᠤᠯᠬᠤ ᠪᠠᠷ ᠭᠤᠶᠤᠴᠢᠯᠠᠵᠤ᠂ ᠤᠷᠢᠳ ᠬᠤᠵᠢᠳ ︽ᠥᠪᠥᠷ ᠮᠣᠩᠭᠤᠯ ᠤᠨ ᠪᠠᠷᠠᠭᠤᠨ | ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠲᠥᠰᠦᠯ︾ ᠢ ᠰᠤᠳᠤᠯᠤᠨ ᠲᠣᠭᠲᠠᠭᠠᠵᠤ᠂ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ | ᠲᠣᠣᠷ ᠤᠨ ᠥᠪᠡᠷ ᠤᠨ ᠦᠷᠳᠡᠭ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ | ᠪᠠᠷᠠᠭᠤᠨ ᠬᠡᠰᠡᠭ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠥᠷᠭᠡᠬᠦ ᠳᠠᠬᠢ ᠵᠥᠪᠰᠢᠶᠡᠷᠡᠭᠰᠡᠨ | ᠥᠪᠡᠷ ᠤᠨ ᠦᠷᠳᠡᠭ᠂ ᠵᠥᠪᠰᠢᠶᠡᠷᠡᠭᠰᠡᠨ ᠠᠰᠢᠭ ᠣᠷᠣᠯᠭ᠎ᠠ ᠵᠢᠴᠢ ᠴᠠᠬᠢᠯᠭᠠᠨ ᠳᠠᠮᠵᠢᠭᠤᠯᠬᠤ ᠪᠠ ᠬᠦᠷᠭᠡᠬᠦ | ᠴᠠᠬᠢᠯᠭᠠᠨ ᠤ ᠦᠨ᠎ᠡ ᠶᠢᠨ ᠬᠢᠷᠢ ᠬᠡᠮᠵᠢᠶ᠎ᠡ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠮᠡᠳᠡᠭᠦᠯᠦᠨ ᠵᠢᠭᠠᠪᠤᠷᠢ ᠠᠪᠴᠤ᠂ 9 ᠳ᠋ᠦ᠋ᠭᠡᠷ ᠰᠠᠷ᠎ᠠ ᠶᠢᠨ 30 ᠤ ᠡᠳᠦᠷ ᠲᠤ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠮᠠᠨ ᠤ ᠵᠥᠪᠯᠡᠯ ᠤᠨ ᠵᠢᠭᠠᠪᠤᠷᠢ ᠶᠢ ᠴᠣᠬᠤᠯᠠᠪᠤᠷᠢᠯᠠᠨ | ᠵᠥᠪᠰᠢᠶᠡᠷᠡᠪᠡ᠃ ᠮᠠᠨ ᠤ ᠣᠷᠣᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠲᠣᠣᠷ ᠤᠨ ᠴᠠᠬᠢᠯᠭᠠᠨ | ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠢ 2015 ᠣᠨ ᠤ 10 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠪᠡ᠂ ᠡᠨᠡ ᠪᠣᠯ ᠮᠠᠨ ᠤ ᠤᠯᠤᠰ ᠤᠨ | ᠠᠩᠬᠠᠳᠠᠭᠴᠢ ︽ᠵᠥᠪᠰᠢᠶᠡᠷᠡᠭᠰᠡᠨ ᠥᠪᠡᠷ ᠤᠨ ᠦᠷᠲᠡᠭ ᠳᠡᠭᠡᠷ᠎ᠡ ᠵᠦᠢ ᠵᠣᠬᠢᠰᠲᠠᠶ ᠠᠰᠢᠭ ᠣᠷᠣᠯᠭ᠎ᠠ ᠣᠯᠭᠤᠬᠤ︾ | ᠵᠠᠷᠴᠢᠮ ᠢᠶᠠᠷ ᠵᠢᠱᠢᠨ ᠪᠤᠳᠤᠭᠰᠠᠨ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠶᠢᠨ ᠠᠷᠠᠯᠵᠢᠶ᠎ᠠ ᠳᠤ ᠰᠢᠭᠤᠳ | ᠬᠡᠷᠡᠭᠯᠡᠵᠦ ᠪᠣᠯᠬᠤᠶᠢᠴᠠ ᠮᠤᠵᠢ ᠶᠢᠨ ᠱᠠᠲᠤᠨ ᠤ ᠴᠠᠬᠢᠯᠭᠠᠨ ᠲᠣᠣᠷ ᠤᠨ ᠪᠡᠶ᠎ᠡ ᠪᠠᠨ ᠳᠠᠭᠠᠭᠠᠭᠰᠠᠨ ᠴᠠᠬᠢᠯᠭᠠᠨ | ᠳᠠᠮᠵᠢᠭᠤᠯᠬᠤ ᠪᠠ ᠬᠦᠷᠭᠡᠬᠦ ᠦᠨ᠎ᠡ ᠪᠠᠶᠢᠵᠤ᠂ ᠥᠪᠡᠷᠲᠡᠭᠡᠨ ᠵᠠᠰᠠᠬᠤ ᠣᠷᠣᠨ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠨ | ᠠᠬᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠲᠠᠯ᠎ᠠ ᠶᠢ | ᠬᠠᠮᠢᠶᠠᠷᠴᠤ᠂ ᠳᠤᠮᠳᠠᠬᠢ ᠶᠢ ᠰᠤᠯᠠᠯᠠᠬᠤ︾᠂ ᠴᠠᠬᠢᠯᠭᠠᠨ ᠭᠠᠷᠭᠠᠬᠤ ᠪᠠ ᠴᠠᠬᠢᠯᠭᠠᠨ ᠪᠣᠷᠣᠯᠠᠭᠤᠯᠬᠤ ᠦᠨ᠎ᠡ | ᠬᠠᠩᠰᠢ ᠶᠢ ᠵᠠᠬ᠎ᠠ ᠳᠡᠯᠭᠡᠭᠦᠷᠴᠢᠯᠡᠬᠦ ᠳᠤ ᠴᠢᠬᠤᠯᠠ ᠨᠥᠬᠦᠴᠡᠯ ᠪᠦᠷᠢᠯᠳᠦᠭᠦᠯᠦᠨ᠂ ᠪᠠᠲᠤ ᠪᠠᠬᠢ ᠰᠠᠭᠤᠷᠢ ᠶᠢ ᠲᠠᠯᠪᠢᠵᠤ | ᠥᠭᠭᠦᠭᠰᠡᠨ ᠪᠠᠶᠢᠨ᠎ᠠ᠃ | ᠸᠠᠩ ᠶᠢᠨ ᠪᠤᠤ᠄ | ᠮᠠᠨ ᠤ ᠤᠷᠤᠨ ᠤᠯᠤᠰ ᠤᠨ ᠦᠨ᠎ᠡ ᠬᠠᠩᠰᠢ ᠶᠢ ᠦᠬᠡᠷᠡᠴᠢᠯᠡᠬᠦ ᠲᠤᠷᠰᠢᠯᠳᠠ ᠶᠢᠨ ᠴᠢᠭ᠋ ᠪᠤᠯᠤᠭᠰᠠᠨ ᠤ | ᠬᠤᠪᠢ ᠳᠤ᠂ ᠬᠤᠶᠠᠳᠤᠭᠠᠷ ᠲᠤᠨᠢ ᠲᠠᠷᠤᠢ ᠪᠤᠷᠴᠠᠭ ᠤᠨ ᠬᠠᠷᠠᠯᠳᠠᠳᠤ ᠦᠨ᠎ᠡ ᠬᠠᠩᠰᠢ ᠶᠢ ᠦᠭᠡᠷᠡᠴᠢᠯᠡᠬᠦ ᠪᠤᠯᠤᠨ᠎ᠠ᠃ | ᠦᠭᠡᠷᠡᠴᠢᠯᠡᠯᠳᠡ ᠬᠢᠵᠤ ᠴᠢᠯᠦᠭᠡᠳᠡᠢ ᠶᠠᠪᠤᠯᠴᠠᠭᠰᠠᠨ ᠠᠴᠠ ᠮᠠᠨ ᠤ ᠤᠯᠤᠰ ᠲᠠᠷᠢᠶᠠᠯᠠᠩ ᠤᠨ ᠶᠡᠬᠡᠩᠬᠡᠢ | ᠪᠦᠳᠦᠭᠡᠭᠳᠡᠭᠦᠨ ᠤ ᠦᠨ᠎ᠡ ᠬᠠᠩᠰᠢ ᠶᠢ ᠦᠷᠬᠦᠯᠵᠢᠯᠡᠨ ᠴᠢᠯᠦᠭᠡᠳᠡᠢ ᠪᠤᠯᠭᠠᠪᠠ᠂ 2004 ᠤᠨ ᠳᠤ ᠠᠮᠤ ᠪᠤᠳᠠᠭᠠᠨ | ᠤ ᠵᠠᠬ᠎ᠠ ᠲᠡᠯᠭᠡᠭᠦᠷ ᠪᠠ ᠦᠨ᠎ᠡ ᠬᠠᠩᠰᠢ ᠶᠢ ᠪᠦᠬᠦ ᠲᠠᠯ᠎ᠠ ᠪᠠᠷ ᠴᠢᠯᠤᠭᠡᠳᠡᠢ ᠪᠤᠯᠭᠠᠭᠰᠠᠨ ᠪᠠᠶᠢᠨ᠎ᠠ᠃ ᠲᠠᠷᠢᠶᠠᠯᠠᠩ ᠤᠨ | ᠪᠦᠳᠦᠭᠡᠭᠳᠡᠭᠦᠨ ᠤ ᠦᠨ᠎ᠡ ᠬᠠᠩᠰᠢ ᠶᠢ ᠴᠢᠯᠦᠭᠡᠳᠡᠢ ᠪᠤᠯᠭᠠᠭᠰᠠᠨ ᠤ ᠲᠠᠷᠠᠭ᠎ᠠ ᠮᠠᠯᠴᠢᠨ ᠲᠠᠷᠢᠶᠠᠴᠢᠨ ᠤ ᠠᠰᠢᠭ | ᠲᠤᠰᠠ ᠶᠢ ᠬᠠᠮᠠᠭᠠᠯᠠᠵᠤ᠂ ᠲᠠᠷᠢᠶᠠᠯᠠᠩ ᠦᠢᠯᠡᠳᠪᠦᠷᠢᠯᠡᠯ ᠢ ᠲᠤᠭᠳᠠᠭᠤᠨ ᠪᠤᠯᠭᠠᠬᠤ ᠶᠢᠨ ᠲᠤᠰᠠᠳᠠ᠂ 2004 ᠤᠨ | ᠠᠴᠠ ᠨᠠᠰᠢ᠂ ᠤᠯᠤᠰ ᠠᠴᠠ ᠦᠢᠯᠡᠳᠪᠦᠷᠢᠯᠡᠯ ᠤᠨ ᠭᠤᠤᠯ ᠭᠠᠷᠤᠯᠳᠠ ᠶᠢᠨ ᠤᠷᠤᠨ ᠤ ᠲᠤᠳᠤᠷᠭ᠎ᠠ᠂ ᠪᠤᠭᠤᠳᠠᠢ ᠶᠢ | ᠬᠠᠮᠤᠭ ᠲᠤᠤᠷ᠎ᠠ ᠦᠨ᠎ᠡ ᠪᠠᠷ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠤ᠂ 2007 ᠤᠨ | ᠠᠴᠠ ᠡᠬᠢᠯᠡᠨ᠂ ᠭᠤᠤᠯ ᠭᠠᠷᠤᠯᠳᠠ ᠶᠢᠨ ᠤᠷᠤᠨ ᠤ ᠡᠷᠳᠡᠨᠢ ᠰᠢᠰᠢ᠂ ᠪᠤᠷᠴᠠᠭ᠂ ᠰᠢᠯᠢᠮᠳᠡᠭ᠂ ᠬᠦᠪᠦᠩ᠂ ᠢᠳᠡᠭᠡᠨ | ᠤ ᠰᠢᠬᠢᠷ ᠢ ᠲᠦᠷ ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠶᠠᠪᠤᠭᠤᠯᠪᠠ᠃ ᠭᠤᠤᠯ ᠭᠠᠷᠤᠯᠳᠠ | ᠶᠢᠨ ᠤᠷᠤᠨ ᠤ ᠵᠠᠬ᠎ᠠ ᠲᠡᠯᠭᠡᠭᠦᠷ ᠤᠨ ᠦᠨ᠎ᠡ ᠨᠢ ᠬᠠᠮᠤᠭ ᠲᠤᠤᠷ᠎ᠠ ᠬᠤᠳᠠᠯᠳᠤᠨ ᠠᠪᠬᠤ ᠦᠨ᠎ᠡ ᠪᠤᠶᠤ ᠲᠦᠷ ᠴᠠᠭ | ᠬᠤᠷᠢᠶᠠᠨ ᠬᠠᠳᠠᠭᠠᠯᠠᠬᠤ ᠦᠨ᠎ᠡ ᠠᠴᠠ ᠲᠤᠤᠷ᠎ᠠ ᠪᠤᠯᠬᠤ ᠦᠶᠡᠰ᠂ ᠤᠯᠤᠰ ᠠᠴᠠ ᠠᠵᠤ ᠠᠬᠤᠶᠢᠯᠠᠯ ᠢ ᠵᠠᠬ᠎ᠠ | ᠲᠡᠯᠭᠡᠭᠦᠷ ᠲᠤ ᠤᠷᠤᠭᠤᠯᠵᠤ ᠰᠢᠭᠤᠳ ᠬᠤᠳᠠᠯᠳᠤᠨ ᠠᠪᠤᠭᠤᠯᠬᠤ ᠪᠠᠷ ᠵᠢᠭᠠᠨ ᠲᠤᠭᠳᠠᠭᠠᠵᠤ᠂ ᠵᠠᠬ᠎ᠠ ᠲᠡᠯᠭᠡᠬᠦᠷ ᠢ | ᠤᠳᠤᠷᠢᠳᠤᠨ ᠦᠨ᠎ᠡ ᠬᠠᠩᠰᠢ ᠶᠢ ᠦᠰᠭᠡᠳᠡᠭ᠃ ᠬᠠᠮᠤᠭ ᠲᠤᠤᠷ᠎ᠠ ᠦᠨ᠎ᠡ ᠪᠠᠷ ᠬᠤᠳᠠᠯᠳᠤᠨ ᠠᠪᠬᠤ ᠪᠠ ᠲᠦᠷ | ᠴᠠᠭ ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠭᠰᠡᠨ ᠠᠴᠠ ᠨᠠᠰᠢ᠂ ᠤᠯᠤᠰ ᠤᠨ | ᠲᠤᠳᠤᠭᠠᠳᠤ ᠶᠢᠨ ᠠᠮᠤ ᠪᠤᠳᠠᠭᠠᠨ ᠤ ᠦᠨ᠎ᠡ ᠲᠤᠭᠳᠠᠭᠤᠨ ᠢᠶᠠᠷ ᠨᠡᠮᠡᠭᠳᠡᠵᠤ᠂ ᠬᠦᠪᠦᠩ᠂ ᠲᠤᠰᠤᠯᠢᠭ ᠲᠠᠷᠢᠮᠠᠯ᠂ | ᠢᠳᠡᠭᠡᠨ ᠤ ᠰᠢᠬᠢᠷ ᠤᠨ ᠦᠨ᠎ᠡ ᠶᠡᠷᠦᠩᠬᠡᠢ ᠳᠤ ᠪᠠᠨ ᠦᠨᠳᠦᠷ ᠪᠠᠶᠢᠷᠢᠨ ᠳᠤ ᠡᠷᠬᠢᠯᠳᠤᠵᠤ᠂ ᠲᠠᠷᠢᠶᠠᠴᠢᠳ ᠤᠨ | ᠲᠠᠷᠢᠮᠠᠯ ᠲᠠᠷᠢᠬᠤ ᠢᠳᠡᠪᠬᠢᠵᠢᠯ ᠢ ᠪᠦᠳᠦᠮᠵᠢᠳᠠᠢ ᠲᠠᠶᠢᠴᠢᠯᠠᠵᠤ᠂ ᠲᠠᠷᠢᠶᠠᠯᠠᠩ ᠤᠨ ᠭᠤᠤᠯ ᠪᠦᠳᠦᠭᠡᠭᠳᠡᠭᠦᠨ ᠤ | ᠦᠢᠯᠡᠳᠪᠦᠷᠢᠯᠡᠯ ᠤᠨ ᠲᠤᠭᠳᠠᠭᠤᠨ ᠪᠠᠶᠢᠬᠤ ᠶᠢ ᠪᠠᠳᠤᠯᠠᠵᠤ᠂ ᠠᠮᠤ ᠪᠤᠳᠠᠭᠠᠨ ᠤ ᠭᠠᠷᠤᠯᠳᠠ ᠶᠢᠨ ︽ᠠᠷᠪᠡᠨ ᠵᠢᠯ | ᠲᠠᠷᠭᠠᠯᠠᠨ ᠨᠡᠮᠡᠭᠳᠡᠬᠦ︾ ᠶᠢ ᠪᠡᠶᠡᠯᠡᠬᠦᠯᠵᠤ᠂ ᠲᠠᠷᠢᠶᠠᠴᠢᠳ ᠤᠨ ᠤᠷᠤᠯᠭ᠎ᠠ ᠶᠢᠨ ᠲᠤᠭᠳᠠᠭᠤᠨ ᠪᠦᠬᠡᠳ ᠲᠦᠷᠭᠡᠨ | ᠨᠡᠮᠡᠭᠳᠡᠯ ᠢ ᠪᠡᠶᠡᠯᠡᠬᠦᠯᠵᠤ᠂ ᠪᠤᠳᠠᠰ ᠤᠨ ᠶᠡᠷᠦᠩᠬᠡᠢ ᠬᠢᠷᠢ ᠲᠦᠪᠰᠢᠨ ᠢ ᠲᠤᠭᠳᠠᠪᠤᠷᠢᠵᠢᠭᠤᠯᠬᠤ᠂ ᠤᠯᠤᠰ ᠠᠷᠠᠳ ᠤᠨ | ᠠᠵᠤ ᠠᠬᠤᠢ ᠶᠢᠨ ᠦᠷᠬᠦᠯᠵᠢᠯᠡᠨ ᠲᠦᠷᠭᠡᠨ ᠭᠦᠭᠵᠢᠬᠦ ᠶᠢ ᠪᠠᠳᠤᠯᠠᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ | ᠦᠵᠡᠬᠦᠯᠦᠭᠰᠡᠨ ᠪᠠᠶᠢᠨ᠎ᠠ᠃ ᠭᠡᠪᠡᠴᠤ᠂ ᠬᠠᠮᠤᠭ ᠲᠤᠤᠷ᠎ᠠ ᠦᠨ᠎ᠡ ᠪᠠᠷ ᠬᠤᠳᠠᠯᠳᠤᠨ ᠠᠪᠬᠤ ᠪᠠ ᠲᠦᠷ ᠴᠠᠭ | ᠬᠤᠷᠢᠶᠠᠨ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠪᠦᠳᠦᠮᠵᠢᠳᠠᠢ ᠭᠡᠷᠡᠭᠵᠢᠬᠦᠯᠬᠦ ᠤᠷᠢᠳᠡᠯ ᠨᠦᠬᠦᠴᠡᠯ ᠨᠢ ᠲᠠᠷᠤᠢ | ᠤᠯᠤᠰ ᠤᠨ ᠲᠤᠳᠤᠭᠠᠳᠤ ᠶᠢᠨ ᠵᠠᠬ᠎ᠠ ᠲᠡᠯᠭᠡᠭᠦᠷ ᠤᠨ ᠦᠨ᠎ᠡ ᠶᠢ ᠤᠯᠠᠨ ᠤᠯᠤᠰ ᠤᠨ ᠵᠠᠬ᠎ᠠ ᠲᠡᠯᠭᠡᠭᠦᠷ ᠤᠨ ᠦᠨ᠎ᠡ | ᠠᠴᠠ ᠲᠤᠭᠤᠤᠷ ᠪᠠᠶᠢᠯᠭᠠᠬᠤ ᠭᠡᠷᠡᠭᠳᠡᠢ᠃ ᠤᠷᠴᠢᠮ ᠤᠨ ᠵᠢᠯ᠂ ᠤᠯᠠᠨ ᠤᠯᠤᠰ ᠤᠨ ᠵᠠᠬ᠎ᠠ ᠲᠡᠯᠭᠡᠭᠦᠷ ᠲᠠᠬᠢ | ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠶᠡᠬᠡᠪᠡᠷ ᠲᠤᠷᠤᠭᠰᠢᠯᠠᠵᠤ᠂ ᠤᠯᠤᠰ ᠤᠨ ᠲᠤᠳᠤᠭᠠᠳᠤ ᠶᠢᠨ ᠲᠠᠷᠢᠶᠠᠯᠠᠩ | ᠤᠨ ᠭᠤᠤᠯ ᠪᠦᠳᠦᠭᠡᠭᠳᠡᠭᠦᠨ ᠨᠢ ᠬᠠᠮᠤᠭ ᠲᠤᠤᠷ᠎ᠠ ᠬᠤᠳᠠᠯᠳᠤᠨ ᠠᠪᠬᠤ ᠦᠨ᠎ᠡ ᠪᠠ ᠲᠦᠷ ᠴᠠᠭ ᠬᠤᠷᠢᠶᠠᠨ | ᠬᠠᠳᠠᠭᠠᠯᠠᠬᠤ ᠲᠦᠷᠦ ᠶᠢᠨ ᠪᠤᠳᠤᠯᠭ᠎ᠠ ᠶᠢᠨ ᠲᠡᠮᠵᠢᠯᠭᠡ ᠲᠤᠤᠷ᠎ᠠ ᠦᠨᠳᠦᠷ ᠦᠨ᠎ᠡ ᠪᠠᠷ ᠡᠷᠬᠢᠯᠳᠦᠵᠤ᠂ ᠤᠯᠤᠰ ᠤᠨ | ᠲᠤᠳᠤᠭᠠᠳᠤ ᠶᠢᠨ ᠦᠨ᠎ᠡ ᠶᠢ ᠤᠯᠠᠨ ᠤᠯᠤᠰ ᠤᠨ ᠵᠠᠬ᠎ᠠ ᠲᠡᠯᠭᠡᠭᠦᠷ ᠤᠨ ᠦᠨ᠎ᠡ ᠠᠴᠠ ᠲᠤᠤᠷ᠎ᠠ ᠪᠠᠶᠢᠭᠰᠠᠨ ᠢ | ᠭᠠᠳᠠᠭᠠᠳᠤ ᠠᠴᠠ ᠤᠷᠤᠭᠤᠯᠬᠤ ᠦᠪᠡᠷ ᠤᠨ ᠦᠷᠳᠡᠭ ᠠᠴᠠ ᠲᠡᠭᠡᠬᠦᠷ ᠪᠤᠯᠭᠠᠭᠰᠠᠨ ᠪᠠᠶᠢᠨ᠎ᠠ᠃ ᠤᠯᠤᠰ ᠤᠨ | ᠲᠤᠳᠤᠭᠠᠳᠤ ᠶᠢᠨ ᠦᠨ᠎ᠡ ᠭᠠᠳᠠᠭᠠᠳᠤ ᠠᠴᠠ ᠤᠷᠤᠭᠤᠯᠬᠤ ᠦᠪᠡᠷ ᠤᠨ ᠦᠷᠳᠡᠭ ᠠᠴᠠ ᠲᠡᠭᠡᠬᠦᠷ ᠪᠤᠯᠤᠭᠰᠠᠨ ᠠᠴᠠ | ᠵᠠᠬ᠎ᠠ ᠲᠡᠯᠭᠡᠭᠦᠷ ᠤᠨ ᠭᠤᠤᠯ ᠴᠤᠭᠴᠠ ᠵᠠᠬ᠎ᠠ ᠳᠤ ᠬᠦᠨᠵᠡᠬᠡᠶᠢᠷᠡᠨ ᠬᠤᠳᠠᠯᠳᠤᠨ ᠠᠪᠬᠤ ᠲᠤᠷ᠎ᠠ ᠦᠬᠡᠢ ᠪᠤᠯᠵᠤ᠂ | ᠤᠯᠤᠰ ᠤᠨ ᠬᠤᠷᠢᠶᠠᠨ ᠬᠠᠳᠠᠭᠠᠠᠯᠬᠤ ᠲᠠᠷᠤᠯᠳᠠ ᠲᠤᠤᠷ᠎ᠠ ᠪᠠᠨ ᠨᠡᠮᠡᠭᠳᠡᠵᠤ᠂ ᠤᠨᠴᠠᠭᠠᠶᠢᠯᠠᠨ ᠪᠤᠷᠴᠠᠭ᠂ ᠬᠦᠪᠦᠩ ᠢ | ᠬᠤᠷᠢᠶᠠᠨ ᠬᠠᠳᠠᠭᠠᠯᠠᠭᠰᠠᠨ ᠬᠡᠮᠵᠢᠶ᠎ᠡ ᠨᠢ ᠶᠡᠷᠦᠩᠬᠡᠢ ᠭᠠᠷᠤᠯᠳᠠ ᠶᠢᠨ ᠶᠡᠬᠡᠩᠬᠡᠢ ᠭᠡᠰᠡᠭ ᠢ ᠡᠵᠡᠯᠡᠵᠤ᠂ ᠲᠡᠭᠡᠭᠰᠢ | ᠲᠤᠷᠤᠭᠰᠢ ᠬᠡᠯᠪᠡᠯᠵᠡᠬᠦ ᠦᠨ᠎ᠡ ᠶᠢᠨ ᠬᠠᠷᠢᠴᠠᠭ᠎ᠠ ᠭᠠᠵᠢᠭᠤᠳᠠᠨ᠂ ᠵᠠᠬ᠎ᠠ ᠲᠡᠯᠭᠡᠭᠦᠷ ᠤᠨ ᠠᠮᠢᠳᠤᠯᠢᠭ ᠭᠦᠴᠤᠨ | ᠪᠠᠭᠤᠷᠠᠵᠤ᠂ ᠪᠦᠬᠦᠶᠢᠯᠡ ᠠᠵᠤ ᠦᠢᠯᠡᠰ ᠤᠨ ᠬᠡᠯᠬᠢᠶ᠎ᠠ ᠶᠢᠨ ᠦᠷᠬᠦᠯᠵᠢᠯᠡᠨ ᠡᠷᠡᠬᠦᠯ ᠢᠶᠠᠷ ᠭᠦᠭᠵᠢᠬᠦ ᠳᠤ ᠠᠰᠢᠭ | ᠦᠬᠡᠢ ᠪᠤᠯᠤᠭᠰᠠᠨ ᠪᠠᠶᠢᠨ᠎ᠠ᠃ ᠬᠠᠷᠠᠯᠳᠠᠳᠤ ᠦᠨ᠎ᠡ ᠬᠠᠩᠰᠢ ᠶᠢ ᠦᠬᠡᠷᠡᠴᠢᠯᠡᠬᠦ ᠲᠤᠷᠰᠢᠯᠳᠠ ᠶᠢᠨ ᠴᠢᠭ᠋ ᠢ | ᠦᠷᠨᠢᠬᠦᠯᠵᠤ᠂ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠬᠠᠩᠰᠢ ᠪᠤᠢ ᠪᠤᠯᠬᠤ ᠲᠤᠭᠳᠠᠴᠠ ᠶᠢ ᠵᠠᠰᠠᠭ ᠤᠨ | ᠤᠷᠳᠤᠨ ᠤ ᠨᠦᠬᠦᠪᠦᠷᠢ ᠠᠴᠠ ᠰᠠᠯᠭᠠᠬᠤ ᠦᠭᠡᠷᠡᠴᠢᠯᠡᠯᠳᠡ ᠶᠢ ᠰᠦᠪᠡᠭᠴᠢᠯᠡᠨ ᠠᠬᠢᠭᠤᠯᠬᠤ ᠶᠢᠨ ᠵᠤᠷᠢᠯᠭ᠎ᠠ ᠨᠢ | ᠲᠠᠷᠤᠢ ᠲᠠᠷᠢᠶᠠᠴᠢᠳ ᠤᠨ ᠠᠰᠢᠭ ᠲᠤᠰᠠ ᠶᠢ ᠪᠠᠳᠤᠯᠠᠬᠤ ᠤᠷᠢᠳᠠᠯ ᠲᠤᠤᠷ᠎ᠠ᠂ ᠵᠠᠬ᠎ᠠ ᠲᠡᠯᠭᠡᠭᠦᠷ ᠲᠠᠬᠢ ᠡᠬᠢ | ᠪᠠᠶᠠᠯᠢᠭ ᠤᠨ ᠲᠤᠬᠢᠷᠠᠭᠤᠯᠤᠯᠳᠠ ᠶᠢᠨ ᠰᠢᠢᠳᠪᠦᠷᠢᠯᠡᠭᠴᠢ ᠦᠢᠯᠡᠳᠦᠯ ᠢ ᠬᠦᠢᠴᠡᠳ ᠪᠠᠳᠠᠷᠠᠭᠤᠯᠵᠤ᠂ ᠦᠨ᠎ᠡ ᠬᠠᠩᠰᠢ | ᠪᠤᠢ ᠪᠤᠯᠬᠤ ᠶᠢ ᠵᠠᠬ᠎ᠠ ᠲᠡᠯᠭᠡᠭᠦᠷ ᠢᠶᠠᠷ ᠲᠤᠭᠳᠠᠭᠠᠯᠭᠠᠵᠤ᠂ ᠠᠵᠤ ᠦᠢᠯᠡᠰ ᠤᠨ ᠲᠡᠭᠡᠭᠰᠢ ᠲᠤᠷᠤᠭᠰᠢ ᠬᠡᠯᠪᠡᠯᠵᠡᠯ ᠤᠨ | ᠵᠤᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠬᠤ ᠳᠤ ᠤᠷᠤᠰᠢᠨ᠎ᠡ᠃ 2014 ᠤᠨ ᠳᠤ᠂ ᠤᠯᠤᠰ ᠠᠴᠠ ᠮᠠᠨ | ᠤ ᠤᠷᠤᠨ ᠪᠤᠯᠤᠨ ᠵᠠᠬᠦᠨ ᠬᠤᠶᠢᠳᠤ ᠶᠢᠨ ᠭᠤᠷᠪᠠᠨ ᠮᠤᠵᠢ ᠶᠢ ᠪᠤᠷᠴᠠᠭ ᠤᠨ ᠬᠠᠷᠠᠯᠳᠠᠳᠤ ᠦᠨ᠎ᠡ ᠶᠢ ᠦᠬᠡᠷᠡᠴᠢᠯᠡᠬᠦ | ᠲᠤᠷᠰᠢᠯᠳᠠ ᠶᠢᠨ ᠭᠠᠵᠠᠷ ᠤᠷᠤᠨ ᠪᠤᠯᠭᠠᠨ ᠲᠤᠭᠳᠠᠭᠠᠵᠤ᠂ ᠲᠠᠷᠢᠶᠠᠯᠠᠩ ᠤᠨ ᠪᠦᠳᠦᠭᠡᠭᠳᠡᠭᠦᠨ ᠤ ᠦᠨ᠎ᠡ ᠶᠢᠨ | ᠰᠦᠪᠡᠭᠴᠢᠯᠡᠯ ᠳᠤ ᠰᠢᠨ᠎ᠡ ᠠᠷᠭ᠎ᠠ ᠵᠠᠮ ᠢ ᠡᠷᠢᠯᠬᠢᠯᠡᠭᠰᠡᠨ ᠪᠠᠶᠢᠨ᠎ᠠ᠃ ᠤᠯᠤᠰ ᠤᠨ ᠬᠦᠭᠵᠢᠬᠦᠯᠦᠯᠳᠡᠦᠬᠡᠷᠡᠴᠢᠯᠡᠯᠳᠡ | ᠶᠢᠨ ᠵᠦᠪᠯᠡᠯ ᠪᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠱᠠᠭᠠᠷᠳᠠᠯᠭ᠎ᠠ ᠶᠤᠰᠤᠭᠠᠷ᠂ ᠮᠠᠨ ᠤ | ᠵᠦᠪᠯᠡᠯ ᠨᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠷᠴᠠᠭ ᠤᠨ ᠬᠠᠷᠠᠯᠳᠠᠳᠤ ᠦᠨ᠎ᠡ ᠶᠢᠨ | ᠦᠬᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠢ ᠭᠡᠷᠡᠭᠵᠢᠬᠦᠯᠬᠦ ᠲᠦᠰᠦᠯ︾ ᠢ ᠲᠤᠭᠳᠠᠭᠠᠭᠰᠠᠨ ᠪᠠ | ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠪᠤᠷᠴᠠᠭ ᠦᠢᠯᠡᠳᠪᠦᠷᠢᠯᠡᠬᠦ ᠦᠪᠡᠷ ᠤᠨ ᠦᠷᠳᠡᠭ ᠢ ᠪᠠᠶᠢᠴᠠᠭᠠᠬᠤ᠂ ᠵᠠᠬ᠎ᠠ | ᠲᠡᠯᠭᠡᠭᠦᠷ ᠤᠨ ᠦᠨ᠎ᠡ ᠶᠢ ᠬᠢᠨᠠᠨ ᠦᠵᠡᠬᠦ ᠪᠠ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ | ᠵᠤᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠵᠢᠯᠴᠠᠵᠤ᠂ ᠡᠷᠦᠬᠡ ᠳᠤ ᠬᠦᠨᠵᠡᠬᠡᠶᠢᠷᠡᠨ ᠪᠤᠷᠴᠠᠭ ᠲᠠᠷᠢᠬᠤ ᠲᠡᠯᠠᠪᠠᠢ ᠶᠢᠨ ᠪᠠᠶᠢᠴᠠᠭᠠᠯᠳᠠ ᠶᠢᠨ | ᠠᠵᠢᠯ ᠢ ᠦᠷᠨᠢᠬᠦᠯᠵᠤ᠂ ᠲᠠᠷᠢᠮᠠᠯ ᠤᠨ ᠡᠷᠦᠭᠡ ᠶᠢᠨ ᠨᠡᠷᠡᠰ ᠤᠨ ᠬᠦᠰᠦᠨᠦᠭᠳᠤ ᠶᠢ ᠨᠠᠶᠢᠷᠠᠭᠤᠯᠤᠨ ᠭᠠᠷᠭᠠᠵᠤ᠂ ᠲᠦᠪ | ᠤᠨ ᠡᠳ᠋ ᠤᠨ ᠵᠠᠰᠠᠭ ᠤᠨ ᠮᠠᠨ ᠤ ᠤᠷᠤᠨ ᠳᠤ ᠪᠠᠭᠤᠯᠭᠠᠭᠰᠠᠨ ᠦᠨ᠎ᠡ ᠬᠠᠩᠰᠢ ᠶᠢᠨ ᠨᠦᠬᠦᠪᠦᠷᠢ ᠶᠢᠨ ᠪᠡᠯᠡ ᠮᠦᠩᠬᠦ | ᠶᠢ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠪᠤᠳᠠᠳᠠᠢ ᠨᠦᠬᠦᠪᠦᠷᠢᠯᠡᠬᠦ ᠰᠠᠨᠠᠯ | ᠲᠤᠷᠠᠳᠴᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠤᠭᠡᠳ᠂ 2014 ᠤᠨ | ᠤ ᠨᠦᠬᠦᠪᠦᠷᠢ ᠶᠢ ᠪᠤᠷᠴᠠᠭ ᠤᠨ ᠲᠠᠷᠢᠮᠠᠯ ᠤᠨ ᠡᠷᠦᠬᠡ ᠳᠤ ᠨᠢᠬᠡᠨᠳᠡ ᠦᠨᠳᠦᠰᠦᠨ ᠳᠡᠭᠡᠨ ᠦᠭᠬᠦᠭᠰᠡᠨ ᠪᠠᠶᠢᠨ᠎ᠠ᠃ | 2015 ᠤᠨ ᠤ ᠲᠤᠷᠰᠢᠯᠳᠠ ᠶᠢᠨ ᠴᠢᠭ᠋ ᠤᠨ ᠠᠵᠢᠯ ᠶᠠᠭ ᠰᠠᠶᠢᠬᠠᠨ ᠠᠯᠬᠤᠮ ᠲᠠᠷᠠᠭ᠎ᠠ ᠲᠠᠢ ᠶᠠᠪᠤᠭᠳᠠᠵᠤ ᠪᠠᠶᠢᠨ᠎ᠠ᠃ | ᠮᠠᠨ ᠤ ᠤᠷᠤᠨ ᠤ ᠪᠤᠷᠴᠠᠭ ᠤᠨ ᠬᠠᠷᠠᠯᠳᠠᠳᠤ ᠦᠨ᠎ᠡ ᠶᠢ ᠦᠬᠡᠷᠡᠴᠢᠯᠡᠬᠦ ᠲᠤᠷᠰᠢᠯᠳᠠ ᠶᠢᠨ ᠴᠢᠭ᠋ ᠨᠢ ᠲᠠᠷᠢᠶᠠᠴᠢᠳ | ᠤᠨ ᠲᠠᠷᠢᠮᠠᠯ ᠤᠨ ᠦᠷ᠎ᠡ ᠠᠰᠢᠭ ᠢ ᠪᠠᠳᠤᠯᠠᠭᠰᠠᠨ ᠮᠦᠷᠳᠡᠭᠡᠨ ᠤᠯᠤᠰ ᠤᠨ ᠲᠠᠷᠢᠶᠠᠯᠠᠩ ᠤᠨ ᠪᠦᠳᠦᠭᠡᠭᠳᠡᠭᠦᠨ ᠤ | ᠦᠨ᠎ᠡ ᠬᠠᠩᠰᠢ ᠪᠤᠢ ᠪᠤᠯᠬᠤ ᠶᠢ ᠲᠡᠬᠦᠯᠳᠡᠷᠵᠢᠬᠦᠯᠬᠦ ᠳᠤ ᠪᠦᠳᠦᠮᠵᠢᠳᠠᠢ ᠰᠦᠪᠡᠭᠴᠢᠯᠡᠯᠳᠡ ᠬᠢᠵᠤ᠂ ᠮᠦᠨᠴᠤ | ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠨ᠎ᠡ ᠬᠠᠩᠰᠢ | ᠪᠤᠢ ᠪᠤᠯᠬᠤ ᠲᠤᠭᠳᠠᠴᠠ ᠶᠢ ᠲᠡᠭᠦᠯᠳᠡᠷᠵᠢᠬᠦᠯᠬᠦ ᠳᠤ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ | ᠭᠦᠳᠦᠯᠦᠭᠴᠢ᠄ | ᠲᠠᠨ ᠤ ᠲᠠᠶᠢᠯᠪᠤᠷᠢ ᠠᠴᠠ ᠴᠠᠬᠢᠯᠭᠠᠨ ᠲᠠᠮᠵᠢᠭᠤᠯᠤᠨ ᠬᠦᠷᠭᠡᠬᠦ ᠦᠨ᠎ᠡ ᠶᠢ ᠦᠬᠡᠷᠡᠴᠢᠯᠡᠬᠦ ᠪᠠ ᠪᠤᠷᠴᠠᠭ ᠤᠨ | ᠬᠠᠷᠠᠯᠳᠠᠳᠤ ᠦᠨ᠎ᠡ ᠶᠢ ᠦᠭᠡᠷᠡᠴᠢᠯᠡᠬᠦ ᠤᠳᠬ᠎ᠠ ᠤᠴᠢᠷ ᠪᠤᠯᠤᠨ ᠦᠬᠡᠷᠡᠴᠢᠯᠡᠬᠦ ᠴᠢᠬᠤᠯᠠ ᠠᠴᠢ ᠬᠤᠯᠪᠤᠭᠳᠠᠯ ᠵᠢᠴᠢ | ᠦᠢᠯᠡᠳᠦᠯ ᠢ ᠦᠨᠳᠤᠰᠦᠨ ᠳᠡᠭᠡᠨ ᠤᠯᠠᠨ ᠢᠶᠠᠷ ᠢᠶᠠᠨ ᠤᠶᠢᠯᠠᠭᠠᠯ᠎ᠠ᠂ ᠡᠨᠡᠬᠦ ᠬᠤᠶᠠᠷ ᠴᠢᠬᠤᠯᠠ ᠬᠦᠷᠢᠶᠡᠨ ᠳᠤ᠂ ᠮᠠᠨ | ᠤ ᠤᠷᠤᠨ ᠤᠯᠤᠰ ᠤᠨ ᠦᠨ᠎ᠡ ᠬᠠᠩᠰᠢ ᠶᠢ ᠦᠬᠡᠷᠡᠴᠢᠯᠡᠬᠦ ᠲᠦᠷᠦᠭᠦᠴᠢ ᠪᠤᠯᠤᠭᠰᠠᠨ ᠨᠢ ᠮᠠᠨ ᠤ ᠦᠪᠦᠷ | ᠮᠤᠩᠭᠤᠯᠴᠤᠳ ᠤᠨ ᠤᠮᠦᠭ᠌ᠰᠢᠪᠠᠰᠤ ᠵᠤᠬᠢᠬᠤ ᠶᠠᠪᠤᠳᠠᠯ ᠪᠤᠯᠤᠨ᠎ᠠ᠃ | ᠸᠠᠩ ᠶᠢᠨ ᠪᠤᠤ᠄ | ᠬᠦᠳᠦᠯᠦᠭᠴᠢ ᠳᠤ ᠪᠠᠶᠠᠷᠯᠠᠯ᠎ᠠ ︕ ᠲᠡᠭᠡᠷ᠎ᠡ ᠶᠠᠷᠢᠭᠰᠠᠨ ᠤᠯᠤᠰ ᠤᠨ ᠬᠤᠶᠠᠷ ᠵᠦᠢᠯ ᠤᠨ ᠦᠨ᠎ᠡ ᠶᠢ | ᠦᠭᠡᠷᠡᠴᠢᠯᠡᠬᠦ ᠲᠤᠷᠰᠢᠯᠳᠠ ᠶᠢᠨ ᠴᠢᠭ᠋ ᠤᠨ ᠠᠵᠢᠯ ᠠᠴᠠ ᠭᠠᠳᠠᠨ᠎ᠠ᠂ ᠮᠠᠨ ᠤ ᠤᠷᠤᠨ ᠪᠠᠰᠠ ᠠᠯᠢ ᠤᠯᠠᠨ | ᠭᠤᠤᠯᠳᠠᠯᠭ᠎ᠠ ᠲᠠᠢ ᠬᠦᠷᠢᠶᠡᠨ ᠤ ᠦᠨ᠎ᠡ ᠦᠬᠡᠷᠡᠴᠢᠯᠡᠯᠳᠠ ᠶᠢᠨ ᠠᠵᠢᠯ ᠢ ᠶᠠᠪᠤᠭᠳᠠᠭᠤᠯᠤᠭᠰᠠᠨ ᠪᠠᠶᠢᠨ᠎ᠠ᠃ ᠡᠬᠢ | ᠪᠠᠶᠠᠯᠢᠭ ᠤᠨ ᠡᠨᠧᠷᠬᠢ ᠶᠢᠨ ᠦᠨ᠎ᠡ ᠬᠠᠩᠰᠢ ᠶᠢᠨ ᠲᠠᠯ᠎ᠠ ᠪᠠᠷ᠂ ᠪᠢᠳᠡ ᠨᠡᠬᠦᠷᠡᠰᠤ ᠴᠠᠬᠢᠯᠭᠠᠨ ᠢ ᠬᠤᠯᠪᠤᠯᠴᠠᠬᠤ | ᠲᠤᠭᠳᠠᠴᠠ ᠶᠢ ᠨᠠᠶᠢᠳᠠᠪᠤᠷᠢᠵᠢᠭᠤᠯᠵᠤ᠂ ᠨᠡᠬᠦᠷᠡᠰᠤ ᠪᠠᠷ ᠭᠠᠷᠭᠠᠭᠰᠠᠨ ᠴᠠᠬᠢᠯᠭᠠᠨ ᠤ ᠰᠦᠯᠵᠢᠶᠡᠨ ᠳᠤ ᠭᠠᠷᠬᠤ ᠦᠨ᠎ᠡ | ᠪᠠ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠤᠨ ᠪᠤᠷᠤᠯᠠᠭᠤᠯᠭ᠎ᠠ ᠶᠢᠨ ᠴᠠᠬᠢᠯᠭᠠᠨ ᠤ ᠦᠨ᠎ᠡ ᠶᠢ | ᠲᠤᠬᠢᠷᠠᠭᠤᠯᠤᠭᠰᠠᠨ ᠪᠠᠶᠢᠨ᠎ᠠ᠃ ᠰᠠᠭᠤᠭᠠᠯᠢ ᠠᠷᠠᠳ ᠤᠨ ᠪᠤᠰᠤ ᠪᠠᠶᠢᠭᠠᠯᠢ ᠶᠢᠨ ᠰᠢᠳᠠᠮᠠᠬᠠᠢ ᠬᠡᠢ ᠶᠢ ᠭᠡᠷᠡᠭᠯᠡᠬᠦ ᠦᠨ᠎ᠡ | ᠶᠢ ᠲᠤᠬᠢᠷᠠᠭᠤᠯᠬᠤ ᠲᠦᠷᠦ ᠶᠢᠨ ᠪᠤᠳᠤᠯᠭ᠎ᠠ ᠶᠢ ᠲᠤᠭᠳᠠᠭᠠᠪᠠ︔ ᠰᠠᠭᠤᠭᠠᠯᠢ ᠠᠷᠠᠳ ᠤᠨ ᠠᠮᠢᠳᠤᠷᠠᠯ ᠤᠨ ᠤᠰᠤᠨ | ᠤ ᠱᠠᠳᠤᠯᠢᠭ ᠦᠨ᠎ᠡ᠂ ᠰᠢᠳᠠᠮᠠᠬᠠᠢ ᠬᠡᠢ ᠶᠢᠨ ᠱᠠᠳᠤᠯᠢᠭ ᠦᠨ᠎ᠡ ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠪᠡ︔ | ᠤᠷᠴᠢᠨ ᠲᠤᠭᠤᠷᠢᠨ ᠤ ᠡᠬᠢ ᠪᠠᠶᠠᠯᠢᠭ ᠠᠴᠠ ᠰᠦᠢᠳᠭᠡᠯ ᠬᠤᠷᠢᠶᠠᠬᠤ ᠦᠬᠡᠷᠡᠴᠢᠯᠡᠯᠳᠡ ᠶᠢ ᠠᠬᠢᠭᠤᠯᠵᠤ᠂ ᠤᠰᠤᠨ | ᠤ ᠡᠬᠢ ᠪᠠᠶᠠᠯᠢᠭ ᠠᠴᠠ ᠰᠦᠢᠳᠭᠡᠯ ᠬᠤᠷᠢᠶᠠᠬᠤ ᠪᠠᠷᠢᠮᠵᠢᠶ᠎ᠠ ᠪᠠ ᠪᠤᠬᠢᠷ ᠤᠰᠤ ᠶᠢ ᠭᠠᠳᠠᠭᠰᠢᠯᠠᠭᠤᠯᠬᠤ ᠰᠦᠢᠳᠭᠡᠯ | ᠬᠤᠷᠢᠶᠠᠬᠤ ᠪᠠᠷᠢᠮᠵᠢᠶ᠎ᠠ ᠶᠢ ᠲᠤᠬᠢᠷᠠᠭᠤᠯᠪᠡ︔ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠲᠠᠯ᠎ᠠ ᠪᠠᠷ᠂ ᠪᠢᠳᠡ | ᠤᠷᠤᠨ ᠨᠤᠳᠤᠭ ᠤᠨ ᠲᠡᠮᠤᠷ ᠵᠠᠮ ᠤᠨ ᠲᠡᠭᠡᠭᠡᠪᠦᠷᠢ ᠶᠢᠨ ᠦᠨ᠎ᠡ ᠶᠢ ᠵᠠᠰᠠᠭ ᠤᠨ ᠤᠷᠳᠤᠨ ᠲᠤᠭᠳᠠᠭᠠᠵᠤ ᠪᠠᠶᠢᠭᠰᠠᠨ | ᠠᠴᠠ ᠦᠬᠡᠷᠡᠴᠢᠯᠡᠭᠡᠳ ᠵᠠᠰᠠᠭ ᠤᠨ ᠤᠷᠳᠤᠨ ᠵᠢᠭᠠᠨ ᠵᠢᠯᠤᠭᠤᠳᠬᠤ ᠪᠤᠯᠭᠭᠠᠰᠠᠨ ᠪᠠᠶᠢᠨ᠎ᠠ︔ ᠵᠠᠰᠠᠭ ᠤᠨ ᠤᠷᠳᠤᠨ | ᠠᠴᠠ ᠵᠢᠭᠡᠯᠡᠯᠭᠡ ᠲᠦᠯᠦᠬᠦ ᠬᠤᠶᠠᠳᠤᠭᠠᠷ ᠲᠡᠰ ᠤᠨ ᠵᠠᠰᠠᠮᠠᠯ ᠵᠠᠮ ᠠᠴᠠ ᠰᠦᠢᠳᠭᠡᠯ ᠬᠤᠷᠢᠶᠠᠬᠤ ᠲᠤᠷᠰᠢᠯᠳᠠ ᠶᠢᠨ | ᠴᠢᠭ᠋ ᠤᠨ ᠠᠵᠢᠯ ᠢ ᠭᠦᠴᠦᠨ ᠦᠬᠡᠢ ᠪᠤᠯᠭᠠᠬᠤ ᠶᠢ ᠲᠦᠯᠬᠢᠨ ᠠᠬᠢᠭᠤᠯᠪᠠ︔ ᠵᠠᠰᠠᠮᠠᠯ ᠵᠠᠮ ᠤᠨ ᠲᠡᠷᠭᠡ ᠨᠡᠪᠳᠡᠷᠡᠬᠦ | ᠰᠦᠢᠳᠭᠡᠯ ᠤᠨ ᠪᠠᠷᠢᠮᠵᠢᠶ᠎ᠠ ᠶᠢ ᠨᠢᠭᠡᠳᠦᠯᠳᠡᠢ ᠲᠦᠷᠢᠮᠵᠢᠬᠦᠯᠵᠤ᠂ ᠰᠦᠢᠳᠭᠡᠯ ᠬᠤᠷᠢᠶᠠᠬᠤ ᠪᠠᠷᠢᠮᠵᠢᠶ᠎ᠠ ᠶᠢ 16% | ᠪᠠᠷ ᠲᠤᠷᠤᠭᠰᠢᠯᠠᠭᠤᠯᠵᠤ᠂ ᠠᠵᠤ ᠠᠬᠤᠶᠢᠯᠠᠯ ᠪᠤᠯᠤᠨ ᠨᠡᠶᠢᠭᠡᠮ ᠤᠨ ᠲᠠᠷᠤᠭᠠᠰᠤ ᠶᠢ ᠵᠢᠯ ᠪᠦᠷᠢ ᠠᠷᠪᠠᠨ | ᠳ᠋ᠦᠩᠰᠢᠭᠤᠷ ᠲᠦᠭᠦᠷᠢᠭ ᠬᠦᠩᠭᠡᠯᠡᠪᠡ︔ ᠮᠠᠨ ᠤ ᠤᠷᠤᠨ ᠤ ᠪᠠᠷᠠᠭᠤᠨ ᠭᠡᠰᠡᠭ ᠤᠨ ᠲᠡᠭᠡᠳᠤ ᠬᠤᠷᠳᠤ ᠶᠢᠨ ᠵᠠᠰᠠᠮᠠᠯ | ᠵᠠᠮ ᠤᠨ ᠰᠦᠯᠵᠢᠶᠡᠨ ᠲᠡᠭᠡᠷ᠎ᠡ ᠰᠦᠢᠳᠭᠡᠯ ᠬᠤᠷᠢᠶᠠᠬᠤ ᠶᠢ ᠪᠡᠶᠡᠯᠡᠬᠦᠯᠵᠤ᠂ ᠵᠢᠷᠭᠤᠭᠠᠨ ᠰᠠᠷ᠎ᠠ ᠶᠢᠨ ᠰᠡᠬᠦᠯᠴᠢ ᠪᠠᠷ | ᠲᠡᠭᠡᠳᠤ ᠬᠤᠷᠳᠤ ᠶᠢᠨ ᠭᠤᠤᠯ ᠵᠠᠰᠠᠮᠠᠯ ᠵᠠᠮ ᠤᠨ ᠰᠦᠢᠳᠭᠡᠯ ᠬᠤᠷᠢᠶᠠᠬᠤ ᠦᠷᠳᠡᠭᠡ ᠶᠢ ᠪᠦᠬᠦᠨ ᠢ ᠦᠬᠡᠶᠢᠰᠭᠡᠪᠡ᠃ | ᠡᠮ ᠤᠨ ᠵᠦᠢᠯ ᠤᠨ ᠦᠨ᠎ᠡ ᠬᠠᠩᠰᠢ ᠶᠢ ᠦᠭᠡᠷᠡᠴᠢᠯᠡᠬᠦ ᠲᠠᠯ᠎ᠠ ᠪᠠᠷ᠂ ᠤᠯᠤᠰ ᠤᠨ ᠨᠢᠬᠡᠳᠦᠯᠳᠡᠢ ᠲᠤᠬᠢᠷᠠᠭᠤᠯᠤᠯᠳᠠ | ᠶᠤᠰᠤᠭᠠᠷ᠂ ᠡᠮ ᠤᠨ ᠵᠦᠢᠯ ᠤᠨ ᠦᠨ᠎ᠡ ᠶᠢ ᠵᠠᠬ᠎ᠠ ᠲᠡᠯᠭᠡᠭᠦᠷ ᠠᠴᠠ ᠲᠤᠭᠳᠠᠭᠠᠬᠤ ᠲᠤᠭᠳᠠᠴᠠ ᠶᠢ ᠪᠦᠬᠦ ᠲᠠᠯ᠎ᠠ | ᠪᠠᠷ ᠭᠡᠷᠡᠭᠵᠢᠬᠦᠯᠪᠠ᠃ ᠡᠮ ᠤᠨ ᠵᠦᠢᠯ ᠤᠨ ᠦᠨ᠎ᠡ ᠶᠢ ᠴᠢᠯᠦᠭᠡᠳᠡᠢ ᠪᠤᠯᠭᠠᠭᠰᠠᠨ ᠤ ᠲᠠᠷᠠᠭ᠎ᠠ ᠵᠠᠬ᠎ᠠ ᠲᠡᠯᠭᠡᠭᠦᠷ ᠤᠨ | ᠦᠨ᠎ᠡ ᠬᠠᠩᠰᠢ ᠡᠮᠬᠢ ᠵᠢᠷᠤᠮ ᠦᠬᠡᠢ ᠪᠤᠯᠵᠤ ᠰᠠᠮᠠᠭᠤᠷᠠᠬᠤ ᠪᠠᠶᠢᠳᠠᠯ ᠡᠭᠦᠰᠬᠦ ᠠᠴᠠ ᠵᠠᠶᠢᠯᠠᠰᠬᠢᠬᠦ ᠶᠢᠨ ᠲᠤᠰᠠᠳᠠ᠂ | ᠡᠮ ᠤᠨ ᠵᠦᠢᠯ ᠤᠨ ᠦᠢᠯᠡᠳᠪᠦᠷᠢᠯᠡᠯ ᠤᠨ ᠬᠦᠢᠯᠭᠡᠭᠡᠨ ᠤ ᠠᠵᠤ ᠠᠬᠤᠶᠢᠯᠠᠯ᠂ ᠡᠮ ᠡᠮᠨᠡᠯᠭᠡ ᠶᠢᠨ ᠪᠠᠶᠢᠭᠤᠯᠤᠮᠵᠢ᠂ | ᠵᠢᠵᠢᠭᠯᠡᠨ ᠪᠤᠷᠤᠯᠠᠭᠤᠯᠬᠤ ᠡᠮ ᠤᠨ ᠲᠡᠯᠭᠡᠭᠦᠷ ᠤᠳ ᠢ ᠤᠷᠤᠯᠴᠠᠭᠤᠯᠤᠭᠰᠠᠨ ᠦᠨ᠎ᠡ ᠬᠠᠩᠰᠢ ᠶᠢ ᠰᠠᠷᠠᠮᠵᠢᠯᠠᠨ | ᠴᠡᠭᠡᠷᠯᠡᠬᠦᠯᠬᠦ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠷᠠᠳᠢᠤ᠋ ᠲᠧᠯᠸᠢᠰ᠂ ᠬᠦᠭᠵᠢᠬᠦᠯᠦᠯᠳᠡ | ᠦᠬᠡᠷᠡᠴᠢᠯᠡᠯᠳᠡ ᠶᠢᠨ ᠵᠦᠪᠯᠡᠯ ᠤᠨ ᠰᠦᠯᠵᠢᠶ᠎ᠡ ᠵᠡᠷᠭᠡ ᠪᠠᠷ ᠲᠠᠮᠵᠢᠭᠤᠯᠤᠨ ᠤᠯᠤᠰ ᠠᠴᠠ ᠶᠡᠬᠡᠩᠬᠢ ᠡᠮ ᠤᠨ ᠵᠦᠢᠯ | ᠤᠨ ᠦᠨ᠎ᠡ ᠶᠢ ᠴᠢᠯᠦᠭᠡᠳᠡᠢ ᠪᠤᠯᠭᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠬᠢᠨᠠᠮᠠᠭᠠᠢ ᠤᠬᠠᠭᠤᠯᠵᠤ᠂ ᠡᠮ | ᠤᠨ ᠵᠦᠢᠯ ᠤᠨ ᠦᠨ᠎ᠡ ᠶᠢ ᠴᠢᠯᠦᠭᠡᠳᠡᠢ ᠪᠤᠯᠭᠠᠭᠰᠠᠨ ᠨᠢ ᠡᠮ ᠤᠨ ᠵᠦᠢᠯ ᠤᠨ ᠦᠨ᠎ᠡ ᠶᠢᠨ ᠬᠢᠨᠠᠯᠳᠠ ᠬᠠᠮᠢᠶᠠᠷᠤᠯᠳᠠ | ᠶᠢ ᠬᠦᠴᠦᠨ ᠦᠬᠡᠢ ᠪᠤᠯᠭᠠᠭᠰᠠᠨ ᠶᠠᠪᠤᠳᠠᠯ ᠪᠢᠰᠢ᠂ ᠵᠦᠪᠬᠡᠨ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠯᠪᠡᠷᠢ ᠳᠤ | ᠬᠤᠪᠢᠷᠠᠯᠳᠠ ᠭᠠᠷᠤᠭᠰᠠᠨ ᠲᠡᠳᠦᠢ ᠶᠤᠮ᠂ ᠡᠯ᠎ᠡ ᠵᠦᠢᠯ ᠤᠨ ᠦᠨ᠎ᠡ ᠬᠠᠩᠰᠢ ᠶᠢᠨ ᠬᠠᠤᠯᠢ ᠠᠴᠠ ᠵᠦᠷᠢᠴᠡᠬᠦ ᠦᠢᠯᠡ | ᠠᠵᠢᠯᠯᠠᠭᠠᠨ ᠤ ᠢᠯᠡᠷᠡᠬᠦ ᠬᠡᠯᠪᠡᠷᠢ ᠶᠢ ᠵᠢᠭᠠᠨ ᠭᠠᠷᠭᠠᠵᠤ᠂ ᠡᠮ ᠤᠨ ᠵᠦᠢᠯ ᠤᠨ ᠦᠢᠯᠡᠳᠪᠦᠷᠢᠯᠡᠯ ᠤᠨ ᠬᠦᠢᠯᠭᠡᠭᠡᠨ ᠤ | ᠠᠵᠤ ᠠᠬᠤᠶᠢᠯᠠᠯ᠂ ᠡᠮ ᠡᠮᠨᠡᠯᠭᠡ ᠶᠢᠨ ᠪᠠᠶᠢᠭᠤᠯᠤᠮᠵᠢ᠂ ᠵᠢᠵᠢᠭᠯᠡᠨ ᠪᠤᠷᠤᠯᠠᠭᠤᠯᠬᠤ ᠡᠮ ᠤᠨ ᠲᠡᠯᠭᠡᠭᠦᠷ ᠤᠳ ᠢ | ᠦᠨ᠎ᠡ ᠶᠢᠨ ᠬᠠᠮᠢᠶᠠᠳᠠᠢ ᠬᠠᠤᠯᠢ ᠴᠠᠭᠠᠵᠠ ᠬᠠᠤᠯᠢ ᠲᠦᠷᠢᠮ ᠢ ᠤᠬᠠᠮᠰᠠᠷ ᠠᠴᠠ ᠪᠠᠨ ᠵᠢᠷᠤᠮᠯᠠᠬᠤ ᠶᠢ | ᠰᠡᠷᠡᠮᠵᠢᠯᠡᠬᠦᠯᠤᠭᠡᠳ᠂ ᠨᠡᠯᠢᠶᠡᠳ ᠰᠠᠶᠢᠨ ᠦᠷ᠎ᠡ ᠪᠦᠳᠦᠮᠵᠢ ᠤᠯᠤᠭᠰᠠᠨ ᠪᠠᠶᠢᠨ᠎ᠠ᠃ ᠡᠮᠴᠢᠯᠡᠭᠡᠨ ᠤ ᠦᠢᠯᠡᠴᠢᠯᠡᠭᠡᠨ | ᠤ ᠦᠨ᠎ᠡ ᠬᠠᠩᠰᠢ ᠶᠢᠨ ᠲᠠᠯ᠎ᠠ ᠪᠠᠷ᠂ ᠪᠢᠳᠡ ᠬᠤᠶᠠᠷ ᠵᠢᠯ ᠭᠠᠷᠤᠢ ᠶᠢᠨ ᠴᠠᠭ ᠵᠠᠷᠤᠴᠠᠭᠤᠯᠵᠤ᠂ 8756 ᠵᠦᠢᠯ ᠤᠨ | ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢᠨ ᠦᠪᠡᠷ ᠤᠨ ᠦᠷᠳᠡᠭ ᠢ ᠵᠢᠱᠢᠨ | ᠪᠤᠳᠤᠯᠳᠠ ᠶᠢ ᠪᠡᠶᠡᠯᠡᠬᠦᠯᠵᠤ᠂ ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢ | ᠲᠤᠬᠢᠷᠠᠭᠤᠯᠬᠤ ᠲᠦᠰᠦᠯ ᠲᠤᠭᠳᠠᠭᠠᠵᠤ᠂ ᠦᠨ᠎ᠡ ᠬᠠᠩᠰᠢ ᠶᠢᠨ ᠭᠡᠷᠡᠴᠢᠯᠡᠯᠳᠡ ᠰᠤᠨᠤᠰᠬᠤ ᠬᠤᠷᠠᠯ ᠢ ᠠᠮᠵᠢᠯᠳᠠᠳᠠᠢ | ᠬᠤᠷᠠᠯᠳᠤᠭᠤᠯᠤᠭᠰᠠᠨ ᠤ ᠬᠠᠮᠳᠤ ᠦᠨ᠎ᠡ ᠲᠤᠬᠢᠷᠠᠭᠤᠯᠬᠤ ᠨᠡᠶᠢᠭᠡᠮ ᠤᠨ ᠲᠦᠭᠰᠢᠬᠦᠷᠢ ᠶᠢᠨ ᠦᠨᠡᠯᠡᠨ ᠵᠢᠱᠢᠯᠳᠠ ᠶᠢ | ᠬᠢᠵᠤ᠂ 10 ᠳ᠋ᠤᠭᠠᠷ ᠰᠠᠷ᠎ᠠ ᠶᠢᠨ ᠡᠬᠢᠨ ᠢᠶᠠᠷ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ | ᠮᠡᠳᠡᠬᠦᠯᠵᠤ ᠬᠢᠨᠠᠨ ᠲᠤᠭᠳᠠᠭᠠᠯᠭᠠᠪᠠ᠃ 2016 ᠤᠨ ᠤ ᠡᠬᠢᠨ ᠳᠤ᠂ ᠬᠤᠳᠠ ᠶᠢᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠤᠷᠤᠨ ᠳᠤ ᠰᠢᠨ᠎ᠡ ᠬᠡᠯᠪᠡᠷᠢ ᠶᠢᠨ | ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠶᠢ ᠤᠷᠢᠳᠡᠪᠡᠷ ᠲᠤᠷᠰᠢᠨ ᠭᠡᠷᠡᠭᠵᠢᠬᠦᠯᠵᠤ᠂ ᠬᠤᠳᠠ | ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠡ ᠶᠢ ᠠᠬᠢᠭᠤᠯᠪᠠ︔ ᠮᠤᠩᠭᠤᠯ | ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠶᠢ ᠰᠢᠨ᠎ᠡ ᠪᠠᠷ ᠨᠡᠮᠡᠬᠦ ᠪᠠ | ᠲᠤᠬᠢᠷᠠᠭᠤᠯᠬᠤ ᠪᠠᠷ ᠲᠠᠮᠵᠢᠭᠤᠯᠤᠨ᠂ ᠮᠤᠩᠭᠤᠯ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠡᠮᠨᠡᠯᠭᠡ ᠶᠢᠨ ᠠᠵᠢᠯᠳᠠᠨ ᠤ | ᠦᠢᠯᠡᠴᠢᠯᠡᠬᠦ ᠦᠷᠳᠡᠭ ᠢ ᠢᠯᠡᠷᠡᠬᠦᠯᠵᠤ᠂ ᠮᠤᠩᠭᠤᠯ ᠡᠮᠨᠡᠯᠭᠡ ᠶᠢᠨ ᠦᠢᠯᠡᠰ ᠤᠨ ᠡᠷᠡᠬᠦᠯ ᠢᠶᠠᠷ ᠬᠦᠭᠵᠢᠬᠦ ᠶᠢ | ᠠᠬᠢᠭᠤᠯᠪᠠ︔ ᠬᠤᠰᠢᠭᠤ ᠰᠢᠶᠠᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠦᠬᠡᠷᠡᠴᠢᠯᠡᠯᠳᠡ ᠯᠤᠭ᠎ᠠ ᠤᠶᠠᠯᠳᠤᠭᠤᠯᠵᠤ᠂ ᠲᠤᠷᠰᠢᠯᠳᠠ ᠶᠢᠨ ᠴᠢᠭ᠋ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ | ᠶᠢᠨ ᠬᠤᠷᠢᠶ᠎ᠠ ᠶᠢᠨ ᠦᠨ᠎ᠡ ᠨᠡᠮᠡᠬᠦ ᠶᠢ ᠪᠦᠬᠦᠨ ᠢ ᠬᠦᠴᠦᠨ ᠦᠬᠡᠢ ᠪᠤᠯᠭᠠᠵᠤ᠂ ᠡᠮᠴᠢᠯᠡᠭᠡᠨ ᠤ ᠦᠢᠯᠡᠴᠢᠯᠡᠭᠡᠨ ᠤ | ᠦᠨ᠎ᠡ ᠶᠢ ᠲᠤᠬᠢᠷᠠᠭᠤᠯᠬᠤ ᠲᠦᠰᠦᠯ ᠢ ᠲᠠᠷᠤᠶᠢᠬᠠᠨ ᠲᠤᠭᠳᠠᠭᠠᠵᠤ᠂ ᠬᠤᠰᠢᠭᠤ ᠰᠢᠶᠠᠨ ᠤ ᠱᠠᠳᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢ ᠲᠦᠷᠭᠡᠭᠡᠨ | ᠭᠡᠷᠡᠭᠵᠢᠬᠦᠯᠦᠭᠳᠡᠬᠦ ᠶᠢ ᠲᠦᠯᠬᠢᠨ ᠠᠬᠢᠭᠤᠯᠪᠡ᠃ | ᠬᠥᠲᠥᠯᠥᠭᠴᠢ᠄ | ᠤᠢᠢᠷ᠎ᠠ ᠳᠤ ᠪᠢ ᠰᠦᠯᠵᠢᠶᠡᠨ ᠳᠡᠭᠡᠷ᠎ᠡ ᠠᠴᠠ ᠪᠠᠰᠠ ᠨᠢᠭᠡ ᠮᠡᠳᠡᠭᠡ ᠣᠯᠵᠤ ᠦᠵᠡᠪᠡ᠂ ᠶᠡᠭᠡ ᠲᠥᠯᠥᠪ | ᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠯᠤᠨ ᠬᠥᠭᠵᠢᠭᠦᠯᠦᠯᠲᠡ | ᠦᠭᠡᠷᠡᠴᠢᠯᠠᠯᠠᠲᠠ ᠶᠢᠨ ᠵᠥᠪᠯᠡᠯ ᠵᠡᠷᠭᠡ 11 ᠰᠠᠯᠠᠭ᠎ᠠ ᠮᠥᠴᠢᠷ ᠤᠨ ᠨᠡᠶᠢᠲᠡ 18 ᠵᠦᠢᠯ ᠤᠨ ᠵᠠᠰᠠᠭ ᠵᠠᠬᠢᠷᠭᠠᠨ ᠤ | ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠭᠰᠡᠨ ᠪᠥᠭᠡᠳ | 6 ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠣᠷᠣᠭᠰᠢᠯᠠᠭᠤᠯᠪᠠ᠃ ᠡᠨᠡᠬᠦ ᠠᠵᠢᠯ ᠨᠢ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠭᠤᠯᠭ᠎ᠠ ᠪᠣᠯᠬᠤ ᠤᠤ︖ | ᠸᠠᠩ ᠶᠢᠨ ᠪᠤᠤ᠄ | ᠦᠵᠡᠭᠡᠳ ᠪᠠᠶᠢᠬᠤ ᠳᠤ ᠬᠥᠲᠥᠯᠥᠭᠴᠢ ᠮᠦᠨ ᠴᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠯᠢᠶᠡᠳ | ᠠᠩᠬᠠᠷᠳᠠᠭ ᠶᠤᠮ ᠪᠠᠶᠢᠨ᠎ᠠ᠃ ᠳᠣᠣᠷ᠎ᠠ ᠪᠢ ᠳᠠᠶᠠᠭᠠᠷ ᠲᠤ ᠲᠠᠨᠢᠯᠴᠠᠭᠤᠯᠬᠤ ᠭᠡᠵᠦ ᠪᠠᠶᠢᠭ᠎ᠠ ᠨᠢ ᠳᠠᠷᠤᠢ ᠰᠦᠢᠳᠬᠡᠯ | ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢᠨ ᠥᠭᠡᠷᠡᠴᠢᠯᠡᠯᠲᠡ ᠪᠣᠯᠣᠨ᠎ᠠ᠂ ᠲᠠᠨ ᠤ ᠳᠡᠭᠡᠷ᠎ᠡ ᠳᠤᠷᠠᠳᠤᠭᠰᠠᠨ᠂ ᠡᠨᠡ | ᠵᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ᠬᠡᠰᠡᠭ ᠵᠠᠰᠠᠭ ᠵᠠᠬᠢᠷᠭᠠᠨ ᠤ | ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠ ᠳᠣᠷᠣᠭᠰᠢᠯᠠᠭᠤᠯᠬᠤ | ᠲᠥᠷᠥ ᠶᠢᠨ ᠪᠤᠳᠤᠯᠭ᠎ᠠ ᠮᠥᠨ ᠴᠦ ᠲᠡᠭᠦᠨ ᠤ ᠳᠣᠲᠣᠷᠠᠬᠢ ᠨᠢᠭᠡ ᠬᠡᠰᠡᠭ ᠠᠵᠢᠯ ᠮᠦᠨ᠃ ᠰᠦᠢᠳᠬᠡᠯ ᠬᠤᠷᠢᠶᠠᠬᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠪᠢᠳᠡ ᠭᠤᠣᠯᠳᠠᠭᠤ ᠳᠥᠷᠪᠡᠨ ᠲᠠᠯ᠎ᠠ ᠶᠢᠨ ᠠᠵᠢᠯ ᠬᠢᠪᠡ᠃ | ᠨᠢᠭᠡ ᠳᠤ ᠰᠦᠢᠳᠬᠡᠯ ᠬᠤᠷᠢᠶᠠᠬᠤ ᠬᠢᠨᠠᠨ ᠵᠥᠪᠰᠢᠶᠡᠷᠡᠯ ᠤᠨ ᠠᠷᠭ᠎ᠠ ᠬᠡᠯᠪᠡᠷᠢ ᠶᠢ ᠰᠠᠶᠢᠵᠢᠷᠠᠭᠤᠯᠪᠠ᠃ ᠰᠦᠢᠳᠬᠡᠯ | ᠬᠤᠷᠢᠶᠠᠬᠤ ᠲᠥᠷᠥᠯ ᠵᠦᠢᠯ ᠤᠨ ᠥᠪᠡᠷ ᠤᠨ ᠦᠷᠳᠡᠭ ᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠶᠠᠪᠤᠴᠠ ᠶᠢ ᠢᠯᠡ ᠪᠣᠯᠭᠠᠵᠤ᠂ ᠰᠦᠢᠳᠬᠡᠯ ᠬᠤᠷᠢᠶᠠᠬᠤ ᠬᠢᠨᠠᠨ | ᠵᠥᠪᠰᠢᠶᠡᠷᠡᠯ ᠤᠨ ᠢᠯᠡ ᠲᠣᠳᠣ᠂ ᠲᠥᠪ ᠭᠤᠣᠯᠴᠢ᠂ ᠲᠥᠪ ᠴᠢᠬᠡᠴᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃ | ᠬᠢᠨᠠᠨ ᠵᠥᠪᠰᠢᠶᠡᠷᠡᠯ ᠢ ︽ᠵᠢᠵᠢᠭᠯᠡᠨ ᠬᠤᠳᠠᠯᠳᠤᠬᠤ︾ ᠮᠠᠶ᠋ᠢᠭ ᠠᠴᠠ ︽ᠪᠥᠭᠡᠮ ᠢᠶᠠᠷ ᠬᠤᠳᠠᠯᠳᠤᠬᠤ︾ ᠮᠠᠶ᠋ᠢᠭ | ᠪᠣᠯᠭᠠᠨ ᠬᠤᠪᠢᠷᠠᠭᠤᠯᠬᠤ ᠶᠢ ᠢᠳᠡᠪᠬᠢᠲᠡᠢ ᠰᠥᠪᠡᠭᠴᠢᠯᠡᠵᠦ᠂ ᠨᠢᠭᠡ ᠰᠦᠢᠳᠬᠡᠯ ᠬᠤᠷᠢᠶᠠᠬᠤ ᠲᠥᠷᠥᠯ ᠵᠦᠢᠯ ᠳᠤ | ᠨᠢᠭᠡ ᠬᠢᠨᠠᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠬᠢᠵᠦ ᠥᠭᠬᠦ ᠤᠯᠠᠮᠵᠢᠯᠠᠯᠲᠤ ᠠᠷᠭ᠎ᠠ ᠶᠢ ᠰᠠᠯᠠᠭ᠎ᠠ ᠮᠥᠴᠢᠷ᠂ | ᠠᠵᠢᠯ ᠲᠦᠷᠦᠯ᠂ ᠢᠵᠢᠯᠢ ᠲᠥᠷᠥᠯ ᠵᠦᠢᠯ ᠤᠨ ᠶᠣᠰᠣᠭᠠᠷ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ | ᠪᠣᠯᠭᠠᠵᠤ ᠬᠤᠪᠢᠷᠠᠭᠤᠯᠤᠭᠰᠠᠨ ᠪᠥᠭᠡᠳ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ᠃ ᠵᠢᠱᠢᠶᠡᠯᠡᠪᠡᠯ ᠵᠠᠰᠠᠮᠠᠯ ᠵᠠᠮ ᠤᠨ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠢᠭᠡᠳᠬᠡᠵᠦ᠂ ᠵᠠᠰᠠᠮᠠᠯ ᠵᠠᠮ ᠪᠦᠷᠢ ᠶᠢ ᠲᠤᠰ ᠲᠤᠰ ᠴᠤᠬᠤᠯᠠᠪᠤᠷᠢᠯᠠᠨ | ᠵᠥᠪᠰᠢᠶᠡᠷᠡᠬᠦ ᠪᠢᠰᠢ ᠪᠣᠯᠭᠠᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠪᠢᠴᠢᠭ ᠮᠠᠲ᠋ᠧᠷᠢᠶᠠᠯ ᠶᠠᠪᠤᠭᠤᠯᠬᠤ | ᠲᠤᠭ᠎ᠠ ᠬᠡᠮᠵᠢᠶ᠎ᠡ ᠶᠢ ᠪᠠᠭᠠᠰᠬᠠᠪᠠ︔ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠤᠨ | ᠬᠤᠨᠤᠭ ᠤᠨ ᠵᠠᠷᠤᠳᠠᠯ ᠤᠨ ᠪᠠᠷᠢᠮᠵᠢᠶ᠎ᠠ ᠶᠢ ᠨᠢᠭᠡᠳᠬᠡᠵᠦ᠂ ᠨᠡᠶᠢᠭᠡᠮ ᠤᠨ ᠬᠦᠷᠦᠩᠭᠡ ᠪᠠᠷ ᠪᠠᠶᠢᠭᠤᠯᠤᠭᠰᠠᠨ | ᠨᠡᠶᠢᠲᠡ ᠶᠢᠨ ᠪᠠᠶᠢᠷᠢ ᠶᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠨᠢᠭᠡᠳᠦᠯᠲᠡᠶ ᠬᠠᠮᠢᠶᠠᠷᠬᠤ ᠵᠠᠭᠪᠤᠷᠰᠢᠯ ᠢ | ᠠᠪᠤᠪᠠ︔ ᠰᠤᠷᠭᠠᠭᠤᠯᠢ ᠬᠢᠭᠡᠳ ᠠᠵᠤ ᠠᠬᠤᠶᠢᠯᠠᠯ ᠬᠠᠮᠲᠤᠷᠠᠨ ᠡᠷᠬᠢᠯᠡᠭᠰᠡᠨ ᠰᠤᠷᠭᠠᠭᠤᠯᠢ ᠶᠢᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠨᠢᠭᠡᠳᠦᠯᠲᠡᠢ ᠪᠠᠭᠤᠷᠠᠭᠤᠯᠵᠤ᠂ ᠰᠤᠷᠤᠭᠴᠢ ᠨᠢᠭᠡᠪᠦᠷᠢ ᠠᠴᠠ ᠰᠤᠷᠤᠯᠭ᠎ᠠ ᠶᠢᠨ | ᠬᠤᠭᠤᠴᠠᠭ᠎ᠠ ᠪᠦᠷᠢ ᠳᠤ 13000 -16700 ᠲᠥᠭᠦᠷᠢᠭ ᠬᠤᠷᠢᠶᠠᠵᠤ ᠪᠠᠶᠢᠭᠰᠠᠨ ᠢ ᠰᠤᠷᠤᠭᠴᠢ ᠨᠢᠭᠡᠪᠦᠷᠢ ᠠᠴᠠ | ᠰᠤᠷᠤᠯᠭ᠎ᠠ ᠶᠢᠨ ᠬᠤᠭᠤᠴᠠᠭ᠎ᠠ ᠪᠦᠷᠢ ᠳᠤ 10000 ᠲᠥᠭᠦᠷᠢᠭ ᠬᠤᠷᠢᠶᠠᠬᠤ ᠪᠣᠯᠭᠠᠨ ᠪᠠᠭᠤᠷᠠᠭᠤᠯᠵᠤ᠂ ᠵᠢᠯ ᠪᠦᠷᠢ | ᠳᠤ ᠰᠤᠷᠤᠭᠴᠢᠳ ᠤᠨ ᠳᠠᠷᠤᠭᠠᠰᠤ ᠶᠢ ᠨᠡᠶᠢᠲᠡ 1000 ᠲᠦᠮᠡᠨ ᠲᠥᠭᠦᠷᠢᠭ ᠬᠥᠩᠭᠡᠯᠡᠪᠡ᠃ ᠡᠨᠡ ᠬᠦ | ᠬᠠᠮᠢᠶᠠᠷᠤᠯᠲᠠ ᠶᠢᠨ ᠠᠷᠭ᠎ᠠ ᠶᠢ ᠰᠠᠶᠢᠵᠢᠷᠠᠭᠤᠯᠬᠤ ᠨᠢ᠂ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ | ᠶᠡᠭᠡ ᠪᠠᠷ ᠬᠥᠩᠭᠡᠷᠡᠭᠦᠯᠦᠭᠰᠡᠨ ᠮᠥᠷᠲᠡᠭᠡᠨ ᠬᠠᠮᠢᠶᠠᠷᠤᠭᠳᠠᠭᠴᠢᠳ ᠲᠤ ᠴᠤ ᠲᠤᠶᠢᠯ ᠤᠨ ᠳᠦᠭᠦᠮ ᠳᠦᠳᠡ ᠪᠣᠯᠵᠤ᠂ | ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠴᠦᠬᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠠᠯᠠᠭᠤᠨ ᠬᠦᠷᠢᠶᠡᠯᠡᠯ ᠢ ᠣᠯᠵᠠᠶ᠃ | ᠬᠤᠶᠠᠷ ᠲᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠥᠭᠡᠷᠡᠴᠢᠯᠡᠪᠡ᠃ ᠰᠦᠢᠳᠬᠡᠯ | ᠬᠤᠷᠢᠶᠠᠬᠤ ᠬᠠᠮᠢᠶᠠᠷᠤᠯᠲᠠ ᠳᠤ ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠤᠨ ᠲᠦᠷᠢᠮ ᠢ | ᠬᠡᠷᠡᠭᠵᠢᠭᠦᠯᠬᠦ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢᠶᠠᠷ ᠲᠣᠭᠲᠠᠭᠠᠭᠳᠠᠭᠰᠠᠨ ᠶᠤᠮ᠂ ᠤᠤᠯ ᠨᠢ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠬᠤ᠂ | ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠠᠪᠤᠳᠠᠯ ᠢ ᠵᠠᠰᠠᠬᠤ ᠳᠤ ᠢᠳᠡᠪᠬᠢ ᠦᠢᠯᠡᠳᠦᠯ ᠦᠵᠡᠭᠦᠯᠵᠡᠢ᠃ ᠭᠡᠪᠡᠴᠦ᠂ | ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠰᠣᠯᠢᠵᠤ ᠥᠭᠬᠦ ᠪᠠ ᠣᠨ ᠤ ᠬᠢᠨᠠᠨ ᠰᠢᠯᠭᠠᠬᠤ ᠳᠦᠷᠢᠮ ᠨᠢ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯ ᠢ ᠬᠦᠨᠳᠦᠷᠡᠭᠦᠯᠦᠭᠰᠡᠨ ᠪᠦᠭᠡᠳ ᠪᠠᠰᠠ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠱᠠᠭᠠᠷᠳᠠᠯᠭ᠎ᠠ ᠲᠠᠢ ᠨᠡᠶᠢᠴᠡᠬᠦ ᠦᠭᠡᠶ ᠪᠣᠯᠵᠠᠢ᠃ ᠮᠠᠨ ᠤ ᠵᠥᠪᠯᠡᠯ ᠤᠨ | ᠰᠠᠨᠠᠭᠤᠯᠭ᠎ᠠ ᠪᠠᠷ᠂ ᠤᠯᠤᠰ ᠠᠴᠠ ᠪᠦᠬᠦ ᠤᠯᠤᠰ ᠤᠨ ᠬᠡᠪᠴᠢᠶᠡᠨ ᠳᠤ ᠡᠨᠡ ᠬᠦ ᠲᠦᠷᠢᠮ ᠢ ᠬᠦᠴᠦᠨ ᠦᠭᠡᠶ | ᠪᠣᠯᠭᠠᠪᠠ᠂ ᠮᠠᠨ ᠤ ᠵᠥᠪᠯᠡᠯ ᠵᠠᠰᠠᠭ ᠤᠨ ᠣᠷᠳᠣᠨ ᠠᠴᠠ ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ | ᠣᠯᠭᠤᠬᠤ ᠪᠠ ᠣᠨ ᠤ ᠬᠢᠨᠠᠨ ᠰᠢᠯᠭᠠᠯᠲᠠ ᠶᠢᠨ ᠲᠦᠷᠢᠮ ᠢ ᠬᠡᠷᠡᠭᠵᠢᠭᠦᠯᠬᠦ ᠶᠢ ᠵᠣᠭᠰᠤᠭᠠᠬᠤ ᠵᠢᠭᠠᠪᠤᠷᠢ ᠠᠪᠬᠤ ᠶᠢᠨ | ᠬᠠᠮᠲᠤᠲᠠ᠂ ᠨᠡᠩ ᠰᠢᠨᠵᠢᠯᠡᠬᠦ ᠤᠬᠠᠭᠠᠨᠴᠢ ᠰᠦᠢᠳᠬᠡᠯ ᠬᠤᠷᠢᠶᠠᠬᠤ ᠶᠢ ᠵᠠᠷᠯᠠᠨ ᠨᠡᠶᠢᠲᠡᠯᠡᠬᠦ ᠲᠦᠷᠢᠮ ᠪᠣᠯᠣᠨ | ᠮᠡᠳᠡᠭᠦᠯᠬᠦ ᠳᠦᠷᠢᠮ ᠢ ᠪᠠᠶᠢᠭᠤᠯᠤᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ | ᠲᠣᠭᠲᠠᠭᠠᠯ ᠢ ᠵᠠᠰᠠᠪᠤᠷᠢᠯᠠᠨ ᠲᠣᠭᠲᠠᠭᠠᠬᠤ ᠠᠵᠢᠯ ᠢ ᠡᠬᠢᠯᠡᠭᠦᠯᠪᠡ᠃ | ᠭᠤᠷᠪᠠ ᠳᠤ ᠭᠠᠷᠴᠠᠭ ᠤᠨ ᠨᠠᠷᠢᠨ ᠳᠠᠩᠰᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠪᠠ᠃ | ᠨᠢᠳᠤᠨᠤᠨ ᠠᠴᠠ ᠨᠠᠰᠢ᠂ ᠪᠢᠳᠡ ᠡᠯ᠎ᠡ ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ ᠪᠠ ᠡᠵᠡᠩᠨᠡᠯᠲᠡ ᠶᠢᠨ ᠦᠢᠯᠡᠴᠢᠯᠡᠭᠡ ᠶᠢᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ | ᠬᠢᠨᠠᠮᠠᠭᠠᠢ ᠪᠠᠷ ᠡᠮᠬᠢᠯᠡᠵᠦ᠂ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ | ᠴᠢᠨᠠᠷᠲᠠᠶ ᠪᠣᠯᠣᠨ ᠰᠠᠭᠤᠷᠢ ᠮᠥᠩᠭᠦ ᠶᠢᠨ ᠭᠠᠷᠴᠠᠭ ᠤᠨ ᠨᠠᠷᠢᠨ ᠳᠠᠩᠰᠠ︾ ᠶᠢ ᠡᠮᠬᠢᠯᠡᠨ ᠲᠢᠭᠯᠡᠭᠰᠡᠨ ᠪᠦᠭᠡᠳ | ᠨᠡᠶᠢᠭᠡᠮ ᠳᠤ ᠨᠡᠶᠢᠲᠡᠯᠡᠨ ᠵᠠᠷᠯᠠᠪᠠ︔ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ | ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ︾ ᠶᠢ ᠡᠳ᠋ ᠤᠨ ᠵᠠᠰᠠᠭ ᠤᠨ | ᠬᠢᠨ ᠲᠠᠢ ᠬᠠᠮᠲᠤ ᠡᠮᠬᠢᠯᠡᠨ ᠲᠢᠭᠯᠡᠭᠡᠳ ᠨᠡᠶᠢᠭᠡᠮ ᠳᠤ ᠨᠡᠶᠢᠲᠡᠯᠡᠪᠡ︔ ᠮᠠᠨ ᠤ ᠣᠷᠣᠨ ᠤ ︽ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠤᠷᠢᠳᠠᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ | ᠨᠠᠷᠢᠨ ᠳᠠᠩᠰᠠ︾᠂ ︽ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ | ᠡᠵᠡᠩᠨᠡᠯᠲᠡ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ︾ | ᠪᠣᠯᠣᠨ ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠩᠭᠢᠯᠠᠭ᠎ᠠ ᠳᠠᠬᠢ ᠵᠠᠰᠠᠭ ᠤᠨ ᠣᠷᠳᠣᠨ ᠠᠴᠠ | ᠦᠨ᠎ᠡ ᠲᠣᠭᠲᠠᠭᠠᠬᠤ ᠡᠵᠡᠩᠨᠡᠯᠲᠡ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ | ᠨᠠᠷᠢᠨ ᠳᠠᠩᠰᠠ︾ ᠶᠢ ᠪᠠᠶᠢᠭᠤᠯᠤᠨ ᠲᠣᠭᠲᠠᠭᠠᠬᠤ ᠶᠢᠨ ᠵᠡᠷᠭᠡᠴᠡᠭᠡᠪᠡᠷ᠂ ᠭᠠᠷᠴᠠᠭ ᠤᠨ ᠨᠠᠷᠢᠨ ᠳᠠᠩᠰᠠ ᠶᠢᠨ ᠬᠦᠷᠢᠶ᠎ᠡ | ᠬᠡᠪᠴᠢᠶᠡᠨ ᠳᠤ ᠪᠠᠶᠢᠬᠤ ᠦᠭᠡᠢ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠢ ᠪᠣᠯᠭᠠᠨ᠂ ᠦᠯᠡᠮᠵᠢ | ᠣᠯᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠵᠠᠶ᠃ | ᠲᠦᠷᠪᠡ ᠳᠤ ᠠᠵᠤ ᠠᠬᠤᠶᠢᠯᠠᠯ ᠤᠨ ᠳᠠᠷᠤᠭᠠᠰᠤ ᠶᠢ ᠶᠡᠬᠡᠪᠡᠷ ᠬᠦᠩᠭᠡᠷᠡᠭᠦᠯᠪᠡ᠃ ︽ᠪᠦᠬᠦ ᠣᠷᠣᠨ ᠤ ᠠᠵᠤ | ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠭᠠᠷᠴᠠᠭ ᠤᠨ ᠨᠠᠷᠢᠨ ᠳᠠᠩᠰᠠ︾ ᠶᠢ ᠨᠡᠶᠢᠲᠡᠯᠡᠭᠰᠡᠨ ᠤ | ᠬᠠᠮᠲᠤ ᠠᠵᠤ ᠠᠬᠤᠶᠢᠯᠠᠯ ᠳᠤ ᠬᠤᠯᠪᠣᠭᠳᠠᠭᠰᠠᠨ 5 ᠵᠦᠢᠯ ᠤᠨ ᠰᠦᠢᠳᠬᠡᠯ ᠬᠤᠷᠢᠶᠠᠯᠲᠠ ᠶᠢ ᠬᠦᠴᠦᠨ ᠦᠭᠡᠢ | ᠪᠣᠯᠭᠠᠵᠤ᠂ ᠵᠢᠱᠢᠯᠲᠡ ᠪᠠᠷ ᠵᠢᠯ ᠪᠦᠷᠢ ᠠᠵᠤ ᠠᠬᠤᠶᠢᠯᠠᠯ ᠤᠨ 10 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ | ᠬᠥᠩᠭᠡᠯᠡᠬᠦ ᠪᠣᠯᠣᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ12 ᠲᠥᠷᠥᠯ | ᠵᠦᠢᠯ ᠢ ᠦᠭᠡᠶᠢᠰᠬᠡᠬᠦ ᠪᠤᠶᠤ ᠵᠣᠭᠰᠤᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠠᠵᠢᠯ | ᠦᠢᠯᠡᠰ ᠤᠨ ᠴᠢᠨᠠᠷᠲᠠᠶ 42 ᠵᠦᠢᠯ ᠤᠨ ᠰᠦᠢᠳᠬᠡᠯ ᠢ ᠨᠢ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠬᠦᠴᠦᠯᠡᠨ ᠳᠡᠮᠵᠢᠵᠦ᠂ ᠵᠢᠯ ᠳᠤ 5 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠨᠢ ᠬᠦᠩᠭᠡᠯᠡᠪᠡ᠃ | ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠳᠣᠷᠣᠭᠰᠢᠯᠠᠭᠤᠯᠵᠤ᠂ ᠤᠤᠯ ᠤᠨ ᠪᠠᠷᠢᠮᠵᠢᠶ᠎ᠠ ᠠᠴᠠ 20% ᠪᠠᠷ ᠪᠠᠭᠤᠷᠠᠪᠠ᠂ ᠣᠨᠴᠠ | ᠲᠦᠷᠦᠯ ᠤᠨ ᠲᠤᠨᠤᠭ ᠲᠥᠬᠦᠭᠡᠷᠦᠮᠵᠢ ᠪᠣᠯᠣᠨ ᠳᠠᠷᠤᠯᠲᠠᠲᠤ ᠰᠠᠪᠠ ᠶᠢ ᠰᠢᠯᠭᠠᠨ ᠪᠠᠶᠢᠴᠠᠭᠠᠬᠤ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠵᠤ᠂ ᠤᠤᠯ ᠤᠨ ᠪᠠᠷᠢᠮᠵᠢᠶᠠᠨ ᠤ ᠰᠠᠭᠤᠷᠢᠨ ᠳᠡᠭᠡᠷ᠎ᠡ ᠠᠴᠠ 30% ᠪᠠᠷ | ᠪᠠᠭᠤᠷᠠᠵᠤ᠂ ᠵᠢᠯ ᠪᠦᠷᠢ ᠠᠵᠤ ᠠᠬᠤᠶᠢᠯᠠᠯ ᠤᠨ 0.3 ᠳ᠋ᠦᠩᠰᠢᠭᠤᠷ ᠲᠦᠬᠦᠷᠢᠭ ᠤᠨ ᠳᠠᠷᠤᠭᠠᠰᠤ ᠶᠢ ᠬᠥᠩᠭᠡᠯᠡᠪᠡ᠃ | ᠪᠠᠰᠠ ᠨᠢᠭᠡ ᠨᠢ ᠬᠥᠲᠥᠯᠥᠭᠴᠢ ᠶᠢᠨ ᠳᠤᠷᠠᠳᠤᠭᠰᠠᠨᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ 18 | ᠵᠦᠢᠯ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠵᠤ᠂ 6 ᠵᠦᠢᠯ ᠤᠨ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠪᠠᠭᠤᠷᠠᠭᠤᠯᠵᠤ᠂ ᠵᠢᠯ ᠳᠤ ᠨᠡᠶᠢᠭᠡᠮ ᠨᠡᠶᠢᠲᠡ ᠶᠢᠨ 2 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ | ᠬᠥᠩᠭᠡᠷᠡᠭᠦᠯᠪᠡ᠃ ᠳᠡᠭᠡᠷ᠎ᠡ ᠳᠤᠷᠠᠳᠤᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠢ ᠪᠣᠯᠭᠠᠵᠤ᠂ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠤᠭᠰᠠᠨ ᠵᠢᠴᠢ ᠴᠠᠬᠢᠯᠭᠠᠨ ᠤ ᠦᠨ᠎ᠡ ᠶᠢ ᠲᠣᠬᠢᠷᠠᠭᠤᠯᠬᠤ᠂ | ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ ᠠᠴᠠ ᠭᠠᠷᠤᠭᠰᠠᠨ ᠠᠰᠢᠭ ᠲᠤᠰᠠ ᠨᠢ ᠮᠠᠨ ᠤ | ᠣᠷᠣᠨ ᠤ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ | ᠦᠵᠡᠭᠦᠯᠬᠦ ᠪᠣᠯᠤᠨ᠎ᠠ᠃ | ᠬᠥᠲᠥᠯᠥᠭᠴᠢ᠄ | ᠲᠠᠨ ᠤ ᠲᠠᠨᠢᠯᠴᠠᠭᠤᠯᠤᠯᠭ᠎ᠠ ᠪᠠᠷ ᠳᠠᠮᠵᠢᠭᠠᠳ᠂ ᠮᠠᠨ ᠤ ᠣᠷᠣᠨ ᠤ ᠦᠨ᠎ᠡ ᠬᠠᠩᠰᠢ ᠶᠢᠨ ᠥᠭᠡᠷᠡᠴᠢᠯᠡᠯᠲᠡ ᠨᠢ | ᠡᠶᠢᠮᠦ ᠠᠷᠪᠢᠨ ᠴᠢᠬᠤᠯᠠ ᠠᠵᠢᠯ ᠬᠢᠭᠰᠡᠨ ᠢ ᠪᠢᠳᠡ ᠰᠠᠶᠢ ᠣᠯᠵᠤ ᠮᠡᠳᠡᠯ᠎ᠡ᠃ ᠴᠠᠭ ᠤᠨ ᠬᠠᠷᠠᠭ᠎ᠠ ᠠᠴᠠ ᠪᠣᠯᠵᠤ᠂ | ᠮᠠᠨ ᠤ ᠥᠨᠥᠳᠦᠷ ᠤᠨ ᠶᠠᠷᠢᠯᠴᠠᠭ᠎ᠠ ᠪᠠᠨ ᠠᠳᠡ ᠬᠦᠷᠭᠡᠶ᠎ᠡ᠂ ᠸᠠᠩ ᠡᠷᠬᠢᠯᠡᠭᠴᠢ ᠮᠠᠨ ᠤ ᠰᠤᠷᠪᠤᠯᠵᠢᠯᠠᠬᠤ | ᠫᠷᠤᠭ᠍ᠷᠠᠮ ᠳᠤ ᠮᠣᠷᠢᠯᠠᠨ ᠰᠠᠭᠠᠲᠠᠭᠰᠠᠨ ᠳᠤ ᠲᠠᠯᠠᠷᠬᠠᠵᠦ ᠪᠠᠶᠢᠬᠤ ᠶᠢᠨ ᠵᠡᠷᠭᠡᠴᠡᠪᠡᠷ ᠰᠦᠯᠵᠢᠶᠡᠨ ᠠᠨᠳᠠ ᠨᠠᠷ ᠤᠨ | ᠠᠩᠬᠠᠷᠤᠯ ᠳᠠᠭᠠᠨ ᠠᠪᠣᠭᠰᠠᠨ ᠳᠤ ᠲᠤᠩ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕ | | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠥᠪᠥᠷ ᠮᠣᠩᠭᠤᠯ ᠤᠨ | ᠪᠠᠷᠠᠭᠤᠨ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠥᠭᠡᠷᠡᠴᠢᠯᠡᠯᠲᠡ︾ | ᠶᠢᠨ ᠵᠠᠭᠤᠴᠢ ᠶᠢᠨ ᠬᠢᠨ ᠤ ᠮᠡᠳᠡᠭᠡ ᠨᠡᠪᠲᠡᠷᠡᠯᠴᠡᠬᠦ ᠬᠤᠷᠠᠯ ᠬᠢᠵᠦ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠯ᠎ᠡ ᠬᠠᠷᠢᠶ᠎ᠠ | ᠨᠢᠭᠡᠴᠡ ᠶᠢᠨ ᠢᠶᠠᠨ ᠳᠡᠭᠡᠳᠦ ᠳᠣᠣᠷᠠᠳᠤ ᠬᠠᠭᠠᠰ ᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠤᠨᠤᠰᠴᠤ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ | ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ | ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ |