|
|
ᠨᠡᠶᠢᠲᠡᠯᠡᠭᠰᠡᠨ ᠴᠠᠭ᠄
2015/11/17
|
|
︵1︶ ᠰᠡᠳᠤᠯᠳᠡ ᠶᠢᠨ ᠴᠢᠨᠠᠷ ᠲᠠᠢ ᠭᠡᠢ ᠪᠡᠶᠡᠳᠤ ᠶᠢᠨ ᠬᠤᠤᠷᠳᠠᠯ ᠰᠡᠳᠤᠯᠳᠡ ᠶᠢᠨ ᠴᠢᠨᠠᠷ ᠲᠠᠢ ᠭᠡᠢ ᠪᠡᠶᠡᠳᠤ ᠭᠡᠳᠡᠭ ᠪᠤᠯ ᠠᠷᠠᠰᠤ᠂ ᠨᠢᠳᠤ᠂ ᠠᠮᠢᠰᠬᠤᠯ ᠤᠨ ᠵᠠᠮ ᠤᠨ ᠨᠠᠭᠠᠯᠳᠤᠮᠠᠯ ᠪᠥᠷᠬᠦᠪᠴᠢ ᠳᠤ ᠰᠡᠳᠤᠯᠳᠡ ᠪᠤᠯᠬᠤ ᠬᠤᠤᠷ ᠲᠠᠢ ᠭᠡᠢ ᠪᠡᠶᠡᠳᠤ ᠶᠢᠨ ᠨᠢᠭᠡᠳᠥᠮᠡᠯ ᠨᠡᠷᠡᠶᠢᠳᠥᠯ ᠪᠤᠯᠤᠨ᠎ᠠ᠃ ᠭᠡᠵᠢᠶᠡᠳᠡ ᠰᠠᠨᠠᠭᠠᠨ ᠳᠤ ᠥᠭᠡᠢ ᠠᠳᠡᠯ ᠠᠴᠠ ᠪᠤᠯᠵᠤ᠂ ᠥᠢᠯᠡᠳᠪᠥᠷᠢᠯᠡᠯ ᠤᠨ ᠠᠵᠢᠯᠴᠢᠨ ᠪᠤᠶᠤ ᠠᠷᠠᠳ ᠤᠯᠠᠨ ᠲᠥᠷᠭᠡᠨ ᠴᠢᠨᠠᠷ ᠲᠠᠢ ᠬᠤᠤᠷᠳᠠᠯ ᠳᠤ ᠤᠴᠠᠷᠠᠳᠠᠭ᠃ ᠪᠠᠶᠢᠡᠭᠭᠤ ᠶᠢᠨ ᠰᠡᠳᠤᠯᠳᠡ ᠶᠢᠨ ᠴᠢᠨᠠᠷ ᠲᠠᠢ ᠭᠡᠢ ᠪᠡᠶᠡᠳᠤ ᠭᠡᠪᠡᠯ ᠡᠾᠯᠤᠷ᠂ ᠰᠢᠪᠳᠤᠷ᠂ ᠠᠽᠤᠲ ᠬᠥᠴᠢᠯᠳᠦ᠋ᠷᠥᠭᠴᠢᠳᠦ ᠪᠤᠳᠠᠰ᠂ ᠹᠯᠤᠷᠳᠤ ᠤᠰᠤᠳᠦ᠋ᠷᠥᠭᠴᠢ᠂ ᠬᠥᠬᠦᠷ ᠤᠨ ᠲᠠᠪᠬᠤᠷ ᠢᠰᠥᠯ ᠵᠡᠷᠭᠡ ᠪᠤᠢ᠃ ᠰᠡᠳᠦᠯᠳᠡ ᠶᠢᠨ ᠴᠢᠨᠠᠷ ᠲᠠᠢ ᠭᠡᠢ ᠪᠡᠶᠡᠳᠤ ᠶᠢᠨ ᠬᠤᠤᠷᠳᠠᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠬᠤᠤᠷᠳᠠᠯ ᠤᠨ ᠡ᠊ᠨᠳᠡᠯ ᠡᠬᠦᠰᠥᠭᠰᠡᠨ ︵ᠢᠯᠠᠩᠭᠤᠶ᠎ᠠ ᠰᠠᠯᠬᠢᠨ ᠤ ᠲᠤᠤᠷ᠎ᠠ ᠲᠡᠯ᠎ᠠ ᠳᠠᠬᠢ︶ ᠭᠠᠵᠠᠷ ᠤᠷᠤᠨ ᠤ ᠬᠥᠮᠥᠰ ᠱᠠᠯᠠᠪᠬᠠᠨ ᠵᠠᠶᠢᠯᠠᠬᠤ ᠪᠠ ᠲᠤᠬᠠᠢ ᠶᠢᠨ ᠭᠠᠵᠠᠷ ᠤᠨ ᠪᠠᠷᠢᠯᠭ᠎ᠠ ᠶᠢᠨ ᠲᠤᠳᠤᠷ᠎ᠠ ᠲᠠᠯᠳᠠᠯᠠᠨ᠎ᠠ᠃ ② ᠬᠤᠤᠷᠳᠠᠭᠳᠠᠭᠰᠠᠨ ᠬᠥᠮᠥᠨ ᠤ ᠪᠤᠬᠢᠷᠳᠤᠭᠰᠠᠨ ᠬᠤᠪᠴᠠᠰᠤ ᠬᠤᠨᠠᠷ ᠢ ᠨᠢ ᠲᠥᠷᠭᠡᠨ ᠲᠠᠶᠢᠯᠵᠤ᠂ ᠴᠡᠪᠡᠷ ᠤᠰᠤ ᠪᠠᠷ ᠪᠤᠬᠢᠷᠳᠤᠭᠰᠠᠨ ᠠᠷᠠᠰᠤ ᠶᠢ ᠨᠢ ᠤᠬᠢᠶᠠᠵᠤ᠂ ᠲᠤᠯᠠᠭᠠᠬᠠᠨ ᠪᠠᠶᠢᠯᠭᠠᠬᠤ ᠶᠢ ᠠᠩᠬᠠᠷᠬᠤ ᠭᠡᠷᠡᠭᠳᠡᠢ᠃ ᠨᠢᠳᠤ ᠪᠤᠬᠢᠷᠳᠤᠭᠰᠠᠨ ᠪᠤᠯ ᠠᠯᠢ ᠪᠠᠭ᠎ᠠ ᠳᠠᠭᠠᠨ ᠥᠷᠬᠦᠯᠵᠢᠯᠡᠨ 10 ᠮᠢᠨᠦ᠋ᠲ ᠰᠥᠷᠴᠢᠨ ᠤᠬᠢᠶᠠᠨ᠎ᠠ᠃ ③ ᠬᠤᠤᠷᠳᠠᠭᠳᠠᠬᠰᠠᠨ ᠤ ᠲᠠᠷᠠᠭ᠎ᠠ ᠠᠮᠢᠰᠬᠤᠯ ᠤᠨ ᠵᠠᠮ ᠢᠶᠠᠨ ᠰᠠᠭᠠᠳ ᠥᠭᠡᠢ ᠪᠠᠶᠢᠯᠭᠠᠵᠤ᠂ ᠤᠴᠦ᠋ᠢᠵᠤ ᠰᠠᠭᠤᠬᠤ ᠪᠤᠶᠤ ᠬᠠᠵᠠᠭᠤᠯᠠᠵᠤ᠂ ᠰᠢᠯᠢ ᠪᠠᠨ ᠬᠠᠨᠳᠠᠷᠬᠤ ᠭᠡᠷᠡᠭᠳᠡᠢ᠃ ④ ᠠᠮᠢᠰᠬᠤᠯ ᠪᠠ ᠵᠢᠷᠥᠭᠡᠨ ᠴᠤᠬᠢᠯᠭ᠎ᠠ ᠨᠢ ᠵᠤᠭᠰᠤᠭᠴᠢᠳ ᠢ ᠲᠠᠷᠦ᠋ᠢᠬᠠᠨ ᠬᠥᠮᠥᠨ ᠤ ᠬᠥᠴᠤ ᠪᠠᠷ ᠠᠮᠢᠰᠬᠤᠭᠤᠯᠬᠤ ᠪᠤᠶᠤ ᠴᠡᠭᠡᠵᠢᠨ ᠲᠡᠭᠡᠷ᠎ᠡ ᠠᠴᠠ ᠨᠢ ᠵᠢᠷᠥᠭᠡ ᠶᠢ ᠨᠢ ᠲᠠᠷᠤᠯᠬᠢᠯᠠᠵᠤ ᠠᠪᠤᠷᠠᠯᠳᠠ ᠬᠢᠬᠦ ᠪᠦᠭᠡᠳ ᠡᠪᠡᠳᠴᠢᠳᠡᠨ ᠠᠮᠢᠰᠬᠤᠵᠤ ᠲᠡᠶᠢᠯᠬᠦ ᠪᠠ ᠵᠢᠷᠥᠭᠡᠨ ᠴᠤᠬᠢᠯᠭ᠎ᠠ ᠨᠢ ᠰᠡᠷᠬᠦᠭᠰᠡᠨ ᠤ ᠰᠡᠬᠦᠯᠡᠷ ᠰᠠᠶ᠋ᠢ ᠡᠮᠨᠡᠯᠭᠡ ᠳᠤ ᠬᠦᠷᠭᠡᠵᠤ ᠡᠮᠨᠡᠭᠦᠯᠦᠨ᠎ᠡ᠃ ⑤ ᠮᠠᠨᠠᠷᠠᠭᠰᠠᠳ ᠤᠨ ᠬᠥᠮᠥᠨ ᠪᠠᠯᠴᠢᠷ᠂ ᠪᠠᠭᠤᠤ ᠶᠢᠨ ᠪᠠᠯᠴᠢᠷ ᠢ ᠲᠠᠷᠤᠵᠤ ᠥᠭᠬᠦ ᠭᠡᠷᠡᠭᠳᠡᠢ᠃ ᠭᠡᠬᠦ ᠳᠤ 15 ᠰᠧᠺᠦ᠋ᠨ᠋ᠳ᠋ ᠠᠴᠠ ᠭᠡᠳᠥᠷᠡᠬᠦᠯᠵᠤ ᠪᠤᠯᠬᠤ ᠥᠭᠡᠢ᠃ ᠰᠠᠨᠠᠭᠤᠯᠬᠤ ᠨᠢ᠄ ① ᠬᠤᠤᠷᠳᠠᠭᠳᠠᠭᠰᠠᠨ ᠬᠥᠮᠥᠨ ᠢ ᠲᠠᠷᠦ᠋ᠢᠬᠠᠨ ᠰᠢᠨ᠎ᠡ ᠰᠤᠷᠭᠤᠭ ᠠᠭᠠᠷ ᠲᠠᠢ ᠭᠠᠵᠠᠷ ᠲᠤ ᠰᠢᠯᠵᠢᠭᠦᠯᠤᠨᠠ᠃ ② ᠡᠮᠨᠡᠯᠭᠡ ᠶᠢᠨ ᠬᠤᠷᠢᠶᠠᠨ ᠤ ᠡᠮᠴᠢᠯᠡᠭᠡ ᠪᠤᠯ ᠰᠡᠳᠤᠯᠳᠡ ᠶᠢᠨ ᠴᠢᠨᠠᠷ ᠲᠠᠢ ᠭᠡᠢ ᠪᠡᠶᠡᠳᠤ ᠶᠢᠨ ᠬᠤᠤᠷᠳᠠᠯ ᠠᠴᠠ ᠠᠪᠤᠷᠠᠬᠤ ᠶᠢᠨ ᠵᠠᠩᠬᠢᠯᠠᠭ᠎ᠠ ᠪᠤᠯᠤᠨ᠎ᠠ᠃ ③ ᠬᠤᠤᠷᠳᠤ ᠡᠳ᠋ ᠲᠠᠢ ᠤᠢᠢᠷᠠᠳᠤᠭᠰᠠᠤᠨ ᠢ ᠨᠢᠬᠳᠠ ᠠᠵᠢᠭᠯᠠᠨ ᠪᠠᠶᠢᠴᠠᠭᠠᠵᠤ᠂ ᠰᠠᠶᠢᠳᠤᠷ ᠠᠮᠠᠷᠠᠭᠠᠵᠤ᠂ ᠡᠪᠡᠳᠴᠢᠨ ᠬᠥᠳᠡᠯᠬᠦ ᠶᠢ ᠰᠡᠷᠭᠡᠶᠢᠯᠡᠨ᠎ᠡ᠃ ︵2︶ ᠤᠷᠭᠠᠨᠢᠬ ᠬᠠᠶᠢᠯᠤᠭᠤᠯᠤᠭᠴᠢ ᠡᠳ᠋ ᠲᠤ ᠬᠤᠤᠷᠳᠠᠭᠳᠠᠬᠤ ᠤᠷᠭᠠᠨᠢᠬ ᠬᠠᠶᠢᠯᠤᠭᠤᠯᠤᠭᠴᠢ ᠡᠳ᠋ ᠪᠤᠯ ᠭᠤᠤᠯ ᠨᠢ ᠤᠰᠤᠨ ᠳᠤ ᠬᠢᠯᠪᠠᠷ ᠠᠭᠤᠰᠳᠠᠭ ᠥᠭᠡᠢ ᠲᠤᠰᠤ᠂ ᠮᠤᠳᠤᠨ ᠤ ᠲᠠᠪᠠᠷᠬᠠᠢ᠂ ᠪᠤᠳᠤᠬᠤ ᠮᠠᠲ᠋ᠧᠷᠢᠶᠠᠯ᠂ ᠯᠠ᠂ ᠨᠡᠬᠦᠷᠡᠰᠤ ᠤᠰᠤᠳᠦ᠋ᠷᠥᠭᠴᠢ ᠵᠡᠷᠭᠡ ᠤᠷᠭᠠᠨᠢᠬ ᠬᠢᠮᠢ ᠶᠢᠨ ᠨᠡᠶᠢᠯᠡᠯ ᠪᠤᠳᠠᠰ ᠤᠨ ᠰᠢᠩᠭᠡᠨ ᠢ ᠵᠢᠭᠠᠵᠤ ᠪᠤᠢ᠃ ᠡᠳᠡᠭᠡᠷ ᠪᠤᠳᠠᠰ ᠨᠢ ᠴᠥᠮ ᠬᠥᠮᠥᠨ ᠤ ᠪᠡᠶ᠎ᠡ ᠮᠠᠬᠠᠪᠤᠳ ᠢ ᠬᠤᠤᠷᠳᠠᠭᠤᠯᠳᠠᠭ᠃ ᠬᠠᠮᠤᠭ ᠤᠨ ᠪᠠᠶᠢᠡᠭᠭᠤ ᠬᠠᠷᠠᠭᠳᠠᠳᠠᠭ ᠨᠢ ᠪᠧᠨ᠋ᠽᠧᠨ᠂ ᠮᠧᠲ᠋ᠢᠯᠳᠤ ᠪᠧᠨ᠋ᠽᠧᠨ᠂ ᠴᠢᠶ᠋ᠢᠤ᠂ ᠡᠲ᠋ᠠᠨ᠂ ᠡᠾᠯᠤᠷᠤᠹᠤᠷᠮ᠂ ᠡᠾᠯᠤᠷᠳᠤ ᠡᠲ᠋ᠠᠨ᠂ ᠡᠲ᠋ᠢᠯ ᠡᠲ᠋ᠧᠷ᠂ ᠮᠧᠲ᠋ᠢᠯ ᠠᠯᠺᠥᠥᠯ᠂ ᠠᠼᠧᠲ᠋ᠤᠨ᠂ ᠬᠥᠬᠦᠷᠯᠢᠭ ᠨᠡᠬᠦᠷᠡᠰᠥᠳᠦ᠋ᠷᠥᠭᠴᠢ ᠵᠡᠷᠭᠡ ᠪᠤᠯᠤᠨ᠎ᠠ᠃ ᠤᠷᠭᠠᠨᠢᠬ ᠬᠠᠶᠢᠯᠤᠭᠤᠯᠤᠭᠴᠢ ᠡᠳ᠋ ᠲᠤ ᠬᠤᠤᠷᠳᠠᠭᠳᠠᠭᠰᠠᠠ ᠪᠠᠴᠢᠮ ᠪᠠᠶᠢᠳᠠᠯ ᠢ ᠠᠷᠭᠠᠴᠠᠬᠤ ᠳᠤ᠄ ① ᠬᠤᠤᠷᠳᠠᠯ ᠤᠨ ᠠᠳᠡᠯ ᠡᠬᠦᠰᠥᠭᠰᠡᠨ ᠭᠠᠵᠠᠷ ᠤᠷᠤᠨ ︵ᠢᠯᠠᠩᠭᠤᠶ᠎ᠠ ᠰᠠᠯᠬᠢᠨ ᠤ ᠲᠤᠤᠷ᠎ᠠ ᠲᠠᠯ᠎ᠠ ᠳᠤ ᠪᠠᠶᠢᠭ᠎ᠠ︶ ᠤ ᠬᠥᠮᠥᠰ ᠲᠠᠷᠦ᠋ᠢᠬᠠᠨ ᠵᠠᠶᠢᠯᠠᠬᠤ ᠪᠤᠶᠤ ᠲᠤᠬᠠᠢ ᠶᠢᠨ ᠭᠠᠵᠠᠷ ᠲᠠᠭᠠᠨ ᠪᠠᠷᠢᠯᠭ᠎ᠠ ᠶᠢᠨ ᠲᠤᠳᠤᠷ᠎ᠠ ᠲᠠᠯᠳᠠᠯᠠᠬᠤ ᠭᠡᠷᠡᠭᠳᠡᠢ᠃ ② ᠬᠤᠤᠷᠳᠠᠭᠳᠠᠭᠰᠠᠨ ᠬᠥᠮᠥᠨ ᠢ ᠱᠠᠯᠠᠪᠬᠠᠨ ᠰᠢᠨ᠎ᠡ ᠰᠤᠷᠭᠤᠭ ᠠᠭᠤᠷ ᠠᠮᠢᠰᠬᠤᠯ ᠲᠠᠢ ᠭᠠᠵᠠᠷ ᠲᠤ ᠰᠢᠯᠵᠢᠬᠦᠯᠵᠤ᠂ ᠪᠤᠬᠢᠷᠳᠤᠭᠰᠠᠨ ᠬᠤᠪᠴᠠᠰᠤ ᠬᠤᠨᠠᠷ ᠢ ᠨᠢ ᠲᠠᠶᠢᠴᠢᠵᠤ᠂ ᠶᠡᠭᠡ ᠭᠡᠮᠵᠢᠶ᠋ᠨᠨ ᠤ ᠴᠡᠪᠡᠷ ᠤᠰᠤ ᠪᠤᠶᠤ ᠰᠠᠪᠤᠩ ᠲᠠᠢ ᠤᠰᠤ ᠪᠠᠷ ᠪᠤᠬᠢᠷᠳᠤᠭᠰᠠᠨ ᠠᠷᠠᠰᠤ ᠬᠥᠷᠥᠰᠤ ᠶᠢ ᠨᠢ ᠰᠠᠶᠢᠳᠤᠷ ᠴᠡᠪᠡᠷᠯᠡᠨ ᠤᠬᠢᠶᠠᠬᠤ ᠶᠢᠨ ᠬᠠᠮᠳᠤ ᠲᠤᠯᠠᠭᠠᠬᠠᠨ ᠪᠠᠶᠢᠯᠭᠠᠬᠤ ᠭᠡᠷᠡᠭᠳᠡᠢ᠃ ᠨᠢᠳᠤ ᠪᠤᠬᠢᠷᠳᠤᠭᠰᠠᠨ ᠪᠤᠯ ᠴᠡᠪᠡᠷ ᠤᠰᠤ ᠪᠠᠷ ᠥᠷᠬᠦᠯᠵᠢᠯᠡᠨ ᠤᠭᠢᠶᠡᠵᠦ ᠨᠠᠭᠠᠳᠤ ᠵᠠᠬ᠎ᠠ ᠳᠠᠭᠠᠨ 10 ᠮᠢᠨᠦ᠋ᠲ ᠠᠴᠠ ᠲᠡᠭᠡᠭᠰᠢ ᠵᠠᠶᠢᠯᠤᠨ ᠤᠬᠢᠶᠠᠬᠤ ᠭᠡᠷᠡᠭᠳᠡᠢ᠃ ③ ᠲᠥᠷᠭᠡᠭᠡᠨ ᠡᠮᠨᠡᠯᠭᠡ ᠳᠤ ᠬᠥᠷᠭᠡᠨ ᠠᠪᠤᠷᠠᠯᠳᠠ ᠭᠢᠯᠭᠡᠬᠦ ᠪᠠ ᠡᠮᠴᠢᠯᠡᠭᠦᠯᠦᠨ᠎ᠡ᠃ ᠰᠠᠨᠠᠭᠤᠯᠬᠤ ᠨᠢ᠄ ① ᠬᠤᠤᠷᠳᠠᠭᠳᠠᠭᠰᠠᠳ ᠢ ᠲᠠᠷᠦ᠋ᠢᠬᠠᠨ ᠰᠢᠨ᠎ᠡ ᠰᠤᠷᠭᠤᠭ ᠠᠭᠤᠷ ᠠᠮᠢᠰᠬᠤᠯ ᠲᠠᠢ ᠭᠠᠵᠠᠷ ᠲᠤ ᠰᠢᠯᠵᠢᠭᠦᠯᠤᠨᠠ᠃ ② ᠬᠤᠤᠷᠳᠤ ᠪᠤᠳᠠᠰ ᠢ ᠲᠡᠷᠦ᠋ᠢᠬᠠᠨ ᠪᠠᠶᠢᠴᠠᠭᠠᠨ ᠲᠤᠳᠤᠯᠠᠬᠤ ᠭᠡᠷᠡᠭᠳᠡᠢ᠃ ③ ᠬᠤᠤᠷᠳᠤ ᠪᠤᠳᠠᠰ ᠲᠠᠢ ᠨᠢᠬᠳᠠ ᠤᠢᠢᠷᠠᠳᠤᠭᠰᠠᠨ ᠬᠥᠮᠥᠰ ᠢ ᠨᠢᠬᠳᠠ ᠠᠵᠢᠭᠯᠠᠨ ᠪᠠᠶᠢᠴᠠᠭᠠᠵᠤ᠂ ᠰᠠᠶᠢᠳᠤᠷ ᠠᠮᠠᠷᠠᠭᠠᠵᠤ᠂ ᠡᠪᠡᠳᠴᠢᠨ ᠬᠥᠳᠡᠯᠬᠦ ᠠᠴᠠ ᠰᠡᠷᠭᠡᠶᠢᠯᠡᠨ᠎ᠡ᠃ ︵3︶ ᠰᠢᠳᠠᠮᠠᠬᠠᠢ ᠭᠡᠢ ᠶᠢᠨ ᠬᠤᠤᠷᠳᠠᠯ ᠰᠠᠭᠤᠭᠠᠯᠢ ᠠᠷᠠᠳ ᠤᠨ ᠠᠮᠢᠳᠤᠷᠠᠯ ᠤᠨ ᠭᠡᠷᠡᠭᠯᠡᠭᠡᠨ ᠤ ᠬᠥᠮᠥᠨ ᠤ ᠬᠥᠴᠤ ᠪᠠᠷ ᠪᠤᠯᠪᠠᠰᠤᠷᠠᠭᠤᠯᠤᠭᠰᠠᠨ ᠪᠠᠶᠢᠭᠠᠯᠢ ᠶᠢᠨ ᠰᠢᠳᠠᠮᠠᠬᠠᠢ ᠭᠡᠢ ᠪᠤᠯᠤᠨ ᠰᠢᠩᠭᠡᠵᠢᠮᠡᠯ ᠭᠡᠢ ᠵᠡᠷᠭᠡ ᠰᠢᠳᠠᠮᠠᠬᠠᠢ ᠭᠡᠢ ᠨᠢ ᠴᠥᠮ ᠠᠮᠠᠷᠬᠠᠨ ᠨᠤᠴᠤᠵᠤ᠂ ᠠᠮᠠᠷᠬᠠᠨ ᠲᠡᠯᠪᠡᠷᠡᠬᠦ ᠤᠨᠴᠠᠯᠢᠬ ᠲᠠᠢ ᠪᠠᠶᠢᠳᠠᠭ᠃ ᠭᠡᠷᠪᠡ ᠭᠤᠭᠤᠵᠢᠵᠤ ᠨᠡᠪᠴᠢᠬᠦ ᠳᠤ ᠬᠥᠷᠪᠡᠯ ᠲᠥᠷᠭᠡᠨ ᠴᠢᠨᠠᠷ ᠲᠠᠢ ᠬᠤᠤᠷᠳᠠᠯ ᠢ ᠠᠮᠠᠷᠬᠠᠨ ᠡᠬᠦᠰᠭᠡᠳᠡᠭ ᠪᠥᠭᠡᠳ ᠬᠢᠯᠪᠢᠰᠬᠢᠨ ᠲᠡᠯᠪᠡᠷᠡᠬᠦ ᠠᠳᠡᠯ ᠡᠬᠦᠰᠭᠡᠳᠡᠭ᠂ ᠭᠡᠷ ᠪᠥᠯᠢ ᠶᠢᠨ ᠨᠡᠬᠦᠷᠡᠰᠥᠨ ᠭᠡᠢ ᠶᠢᠨ ᠬᠤᠤᠷᠳᠠᠯ ᠭᠡᠳᠡᠭ ᠨᠢ ᠭᠤᠤᠯ ᠨᠢ ᠨᠡᠬᠦᠷᠡᠰᠥᠳᠦ᠋ᠷᠥᠭᠴᠢ ᠶᠢᠨ ᠲᠠᠩ ᠢᠰᠥᠯ ᠤᠨ ᠬᠤᠤᠷᠳᠠᠯ ᠪᠠ ᠰᠢᠩᠭᠡᠵᠢᠮᠡᠯ ᠴᠢᠯᠠᠭᠤᠨ ᠲᠤᠰᠤᠨ ᠭᠡᠢ᠂ ᠭᠤᠤᠷᠰᠤᠨ ᠬᠤᠭᠤᠯᠠᠶᠢᠳᠤ ᠨᠡᠬᠦᠷᠡᠰᠥᠨ ᠭᠡᠢ᠂ ᠪᠠᠶᠢᠭᠠᠯᠢ ᠶᠢᠨ ᠭᠡᠢ ᠶᠢᠨ ᠬᠤᠤᠷᠳᠠᠯ ᠢ ᠵᠢᠭᠠᠵᠤ ᠪᠠᠶᠢᠨ᠎ᠠ᠃ ᠰᠢᠳᠠᠮᠠᠬᠠᠢ ᠭᠡᠢ ᠶᠢᠨ ᠬᠤᠤᠷᠳᠠᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠰᠢᠳᠠᠮᠠᠬᠠᠢ ᠭᠡᠢ ᠨᠡᠪᠴᠢᠵᠤ ᠭᠤᠭᠤᠵᠢᠭᠰᠠᠨ ᠢ ᠤᠯᠵᠤ ᠮᠡᠳᠡᠪᠡᠯ᠂ ᠠᠯᠢᠪᠠ ᠴᠠᠬᠢᠯᠭᠠᠨ ᠭᠡᠷᠡᠭᠰᠡᠯ ᠤᠨ ᠨᠡᠭᠡᠬᠡᠯᠬᠡ ᠶᠢ ᠨᠡᠭᠡᠭᠡᠵᠤ ᠪᠤᠯᠬᠤ ᠥᠭᠡᠢ᠂ ᠰᠢᠳᠠᠮᠠᠬᠠᠢ ᠭᠡᠢ ᠲᠡᠯᠪᠡᠷᠡᠬᠦ ᠠᠴᠠ ᠰᠡᠷᠭᠡᠶᠢᠯᠡᠨ᠎ᠡ᠃ ② ᠡᠬᠦᠳᠡ ᠴᠤᠩᠬᠤ ᠪᠠᠨ ᠲᠡᠷᠦ᠋ᠢᠬᠠᠨ ᠨᠡᠭᠡᠭᠡᠵᠤ᠂ ᠬᠤᠤᠷᠳᠠᠭᠳᠠᠭᠰᠠᠳ ᠢ ᠰᠠᠯᠬᠢ ᠰᠠᠶᠢᠨ ᠨᠡᠪᠳᠡᠷᠡᠬᠦ᠂ ᠰᠢᠨ᠎ᠡ ᠰᠤᠷᠭᠤᠭ ᠠᠭᠤᠷ ᠠᠮᠢᠰᠬᠤᠯ ᠲᠠᠢ ᠭᠠᠵᠠᠷ ᠲᠤ ᠰᠢᠯᠵᠢᠬᠦᠯᠵᠤ᠂ ᠲᠤᠯᠠᠭᠠᠬᠠᠨ ᠪᠠᠶᠢᠯᠭᠠᠨ᠎ᠠ᠃ ③ ᠬᠤᠤᠷᠳᠠᠭᠳᠠᠭᠰᠳ ᠤᠨ ᠡᠩᠭᠡᠷ ᠲᠤᠪᠴᠢ ᠶᠢ ᠨᠢ ᠲᠡᠶᠢᠯᠵᠤ᠂ ᠲᠤᠯᠤᠭᠠᠢ ᠶᠢ ᠨᠢ ᠲᠡᠭᠰᠢᠬᠡᠨ ᠪᠠᠶᠢᠯᠭᠠᠨ ᠬᠠᠵᠠᠭᠤᠯᠠᠨ ᠭᠡᠪᠳᠡᠬᠦᠯᠵᠤ᠂ ᠠᠮᠢᠰᠬᠤᠯ ᠤᠨ ᠵᠠᠮ ᠢ ᠨᠢ ᠰᠢᠯᠤᠭᠤᠨ ᠪᠠᠶᠢᠯᠭᠠᠵᠤ᠂ ᠬᠠᠮᠠᠷ ᠠᠮᠠᠨ ᠳᠠᠬᠢ ᠱᠥᠬᠦᠷᠡᠯ ᠡᠳ᠋ ᠢ ᠨᠢ ᠴᠡᠪᠡᠷᠯᠡᠬᠦ ᠭᠡᠷᠡᠭᠳᠡᠢ᠃ ᠮᠠᠨᠠᠷᠠᠭᠰᠠᠳ ᠪᠤᠶᠤ ᠲᠠᠳᠠᠭᠰᠠᠳ ᠢ ᠲᠤᠷ᠎ᠠ ᠪᠠᠷ ᠢᠶᠠᠨ ᠬᠥᠳᠡᠯᠭᠡᠵᠤ ᠪᠤᠯᠬᠤ ᠥᠭᠡᠢ᠂ ᠲᠤᠯᠤᠭᠠᠢ ᠲᠤᠤᠷ᠎ᠠ ᠨᠢ ᠮᠥᠰᠥᠨ ᠤᠭᠤᠳᠠ ᠲᠡᠷᠡᠯᠡᠬᠦᠯᠵᠤ᠂ ᠲᠤᠯᠤᠭᠠᠢ ᠶᠢᠨ ᠬᠠᠪᠤᠩ ᠠᠴᠠ ᠰᠡᠷᠭᠡᠶᠢᠯᠡᠬᠦ ᠭᠡᠷᠡᠭᠳᠡᠢ᠃ ᠭᠡᠷᠪᠡ ᠠᠮᠢᠰᠬᠤᠯ ᠪᠠ ᠵᠢᠷᠥᠭᠡᠨ ᠴᠤᠬᠢᠯᠭ᠎ᠠ ᠨᠢ ᠵᠤᠭᠰᠤᠭᠰᠠᠨ ᠪᠤᠯ ᠲᠡᠷᠦ᠋ᠢᠬᠠᠨ ᠬᠥᠮᠥᠨ ᠤ ᠬᠥᠴᠤ ᠪᠠᠷ ᠠᠮᠢᠰᠬᠤᠯ ᠠᠪᠤᠭᠤᠯᠬᠤ ᠶᠢᠨ ᠲᠠᠭᠠᠤ ᠴᠡᠭᠡᠵᠢᠨ ᠪᠡᠶ᠎ᠡ ᠶᠢ ᠨᠢ ᠲᠡᠷᠤᠯᠬᠢᠯᠠᠵᠤ ᠥᠭᠬᠦ ᠭᠡᠷᠡᠭᠳᠡᠢ᠃ ④ ᠲᠥᠷᠭᠡᠭᠡᠨ ᠡᠮᠨᠡᠯᠭᠡ ᠳᠤ ᠬᠥᠷᠭᠡᠨ ᠠᠪᠤᠷᠠᠯᠳᠠ ᠬᠢᠯᠭᠡᠬᠦ ᠪᠠ ᠡᠮᠴᠢᠯᠡᠭᠦᠯᠦᠨ᠎ᠡ᠃ ᠰᠠᠨᠠᠭᠤᠯᠬᠤ ᠨᠢ᠄ ① ᠬᠤᠤᠷᠳᠠᠭᠳᠠᠭᠰᠠᠳ ᠢ ᠲᠠᠷᠦ᠋ᠢᠬᠠᠨ ᠰᠢᠨ᠎ᠡ ᠰᠤᠷᠭᠤᠭ ᠠᠭᠤᠷ ᠠᠮᠢᠰᠬᠤᠯ ᠲᠠᠢ ᠭᠠᠵᠠᠷ ᠲᠤ ᠰᠢᠯᠵᠢᠭᠦᠯᠦᠨ᠎ᠡ᠃ ② ᠡᠮᠨᠡᠯᠭᠡ ᠳᠤ ᠬᠥᠷᠭᠡᠨ ᠡᠮᠴᠢᠯᠡᠬᠦᠯᠵᠤ᠂ ᠠᠭᠤᠰᠬᠢᠨ ᠬᠠᠪᠤᠩ᠂ ᠲᠤᠯᠤᠭᠠᠢ ᠶᠢᠨ ᠬᠠᠪᠤᠩ ᠢ ᠢᠳᠡᠪᠬᠢᠳᠡᠢ ᠰᠡᠷᠭᠡᠶᠢᠯᠡᠨ ᠵᠠᠰᠠᠬᠤ ᠪᠤᠯ ᠨᠡᠬᠦᠷᠡᠰᠥᠨ ᠭᠡᠢ ᠶᠢᠨ ᠬᠤᠤᠷᠳᠠᠯ ᠢ ᠵᠠᠰᠠᠬᠤ ᠶᠢᠨ ᠵᠠᠩᠬᠢᠯᠠᠭ᠎ᠠ ᠪᠤᠯᠤᠨ᠎ᠠ᠃ ③ ᠬᠤᠤᠷᠳᠤ ᠪᠤᠳᠠᠰ ᠲᠠᠢ ᠨᠢᠬᠳᠠ ᠤᠢᠢᠷᠠᠳᠤᠭᠰᠠᠤᠨ ᠢ ᠴᠢᠩᠭ᠎ᠠ ᠠᠵᠢᠭᠯᠠᠨ ᠰᠢᠨᠵᠢᠵᠤ᠂ ᠰᠠᠶᠢᠳᠤᠷ ᠠᠮᠤᠰᠬᠢᠯᠭᠡᠵᠤ᠂ ᠡᠪᠡᠳᠴᠢᠨ ᠬᠥᠳᠡᠯᠬᠦ ᠠᠴᠠ ᠰᠡᠷᠭᠡᠶᠢᠯᠡᠨ᠎ᠡ᠃ ④ ᠡᠪᠡᠳᠴᠢᠳᠡᠨ ᠳᠤ ᠬᠥᠴᠢᠯᠳᠦ᠋ᠷᠥᠭᠴᠢ ᠰᠤᠷᠤᠭᠤᠯᠬᠤ ᠭᠡᠷᠡᠭᠳᠡᠢ᠃ ︵4︶ ᠤᠷᠭᠠᠨᠢᠬ ᠹᠤᠰᠹᠤᠷᠳᠤ ᠲᠡᠷᠢᠶᠠᠨ ᠡᠮ ᠤᠨ ᠬᠤᠤᠷᠳᠡᠯ ᠤᠷᠭᠠᠨᠢᠬ ᠹᠤᠰᠹᠤᠷᠳᠤ ᠲᠡᠷᠢᠶᠠᠨ ᠡᠮ ᠪᠤᠯ ᠮᠠᠨ ᠤ ᠤᠯᠤᠰ ᠤᠨ ᠤᠳᠤᠬᠠᠨ ᠤ ᠬᠠᠮᠤᠭ ᠤᠨ ᠥᠷᠭᠡᠨ ᠭᠡᠷᠡᠭᠯᠡᠵᠤ ᠪᠠᠶᠢᠭ᠎ᠠ ᠲᠡᠷᠢᠶᠠᠨ ᠡᠮ ᠪᠤᠯᠤᠨ᠎ᠠ᠃ ᠬᠤᠤᠷᠳᠠᠯ ᠤᠨ ᠰᠢᠯᠳᠠᠭᠠᠨ ᠨᠢ ᠭᠡᠪᠡᠯ ᠭᠤᠤᠯ ᠨᠢ ᠤᠷᠭᠠᠨᠢᠬ ᠹᠤᠰᠹᠤᠷᠳᠤ ᠲᠡᠷᠢᠶᠠᠨ ᠡᠮ ᠳᠤ ᠪᠤᠬᠢᠷᠳᠤᠭᠰᠠᠨ ᠢᠳᠡᠭᠡᠨ ᠢ ᠢᠳᠡᠭᠰᠡᠨ ᠠᠴᠠ ᠡᠬᠦᠰᠳᠡᠭ ᠪᠠᠶᠢᠨ᠎ᠠ᠃ ᠤᠷᠭᠠᠨᠢᠬ ᠹᠤᠰᠹᠤᠷᠳᠤ ᠲᠡᠷᠢᠶᠠᠨ ᠡᠮ ᠳᠤ ᠬᠤᠤᠷᠳᠠᠭᠳᠠᠭᠰᠠᠠ ᠪᠠᠴᠢᠮ ᠪᠠᠶᠢᠳᠠᠯ ᠢ ᠠᠷᠭᠠᠴᠠᠬᠤ ᠳᠤ᠄ ① ᠬᠤᠤᠷ ᠠᠭᠤᠯᠤᠭᠳᠠᠵᠤ ᠮᠡᠳᠡᠬᠦ ᠢᠳᠡᠭᠡᠨ ᠢ ᠢᠳᠡᠬᠦ ᠪᠠᠨ ᠲᠡᠷᠦ᠋ᠢᠬᠠᠨ ᠵᠤᠭᠰᠤᠬᠤ ᠪᠠ ᠪᠢᠳᠡᠬᠦᠮᠵᠢᠯᠡᠨ ᠬᠠᠳᠠᠭᠠᠯᠠᠨ᠎ᠠ᠃ ② ᠲᠡᠷᠦ᠋ᠢᠬᠠᠨ ᠪᠥᠭᠡᠯᠵᠢᠵᠤ ᠭᠠᠷᠭᠠᠬᠤ ᠪᠠ ᠬᠤᠳᠤᠭᠤᠳᠤ ᠪᠠᠨ ᠤᠬᠢᠶᠠᠯᠭᠠᠨ᠎ᠠ᠃ ③ ᠮᠠᠨᠠᠷᠠᠭᠰᠠᠳ ᠤᠨ ᠠᠮᠢᠰᠬᠤᠯ ᠤᠨ ᠵᠠᠮ ᠢ ᠨᠢ ᠰᠢᠯᠤᠭᠤᠨ ᠪᠠᠶᠢᠯᠭᠠᠬᠤ ᠪᠠ ᠬᠠᠵᠠᠭᠤᠯᠠᠨ ᠭᠡᠪᠳᠡᠬᠦᠯᠵᠤ᠂ ᠮᠥᠭᠡᠷᠰᠥᠨ ᠬᠤᠭᠤᠯᠠᠢ ᠶᠢ ᠨᠢ ᠪᠥᠭᠡᠯᠵᠢᠭᠰᠡᠨ ᠠᠴᠠ ᠪᠤᠯᠵᠤ ᠪᠥᠳᠡᠬᠦ ᠠᠴᠠ ᠰᠡᠷᠭᠡᠶᠢᠯᠡᠨ᠎ᠡ᠃ ④ ᠲᠡᠷᠦ᠋ᠢᠬᠠᠨ ᠤᠢᠢᠷ᠎ᠠ ᠤᠷᠴᠢᠮ ᠤᠨ ᠡᠮᠨᠡᠯᠭᠡ ᠳᠤ ᠬᠥᠷᠭᠡᠨ ᠲᠥᠷᠭᠡᠨ ᠠᠪᠤᠷᠠᠯᠳᠠ ᠬᠢᠯᠭᠡᠨ᠎ᠡ᠃ ᠰᠠᠨᠠᠭᠤᠯᠬᠤ ᠨᠢ᠄ ① ᠤᠷᠭᠠᠨᠢᠬ ᠹᠤᠰᠹᠤᠷᠳᠤ ᠲᠡᠷᠢᠶᠠᠨ ᠡᠮ ᠢ ᠲᠤᠰᠬᠠᠢ ᠬᠥᠮᠥᠨ ᠬᠠᠮᠢᠶᠠᠷᠴᠤ᠂ ᠲᠤᠰᠠᠭᠠᠷ ᠨᠢ ᠬᠠᠳᠠᠭᠠᠯᠠᠵᠤ᠂ ᠲᠤᠰᠬᠠᠢ ᠪᠠᠭᠠᠵᠢ ᠭᠡᠷᠡᠭᠰᠡᠯ ᠢ ᠭᠡᠷᠡᠭᠯᠡᠬᠦ ᠭᠡᠷᠡᠭᠳᠡᠢ᠃ ② ᠡᠮ ᠨᠠᠶᠢᠷᠠᠭᠤᠯᠬᠤ ᠪᠠ ᠥᠷ᠎ᠡ ᠪᠠᠭᠰᠤᠷᠬᠤ ᠳᠠᠭᠠᠨ ᠮᠠᠯ ᠤᠨ ᠬᠠᠰᠢᠶ᠎ᠠ᠂ ᠤᠮᠳᠠ ᠤᠰᠤᠨ ᠤ ᠰᠤᠷᠪᠤᠯᠵᠢ ᠪᠠ ᠭᠤᠸ᠎ᠠ ᠵᠢᠮᠢᠰ ᠤᠨ ᠭᠠᠵᠠᠷ ᠲᠠᠷᠢᠶ᠎ᠠ ᠠᠴᠠ ᠬᠤᠯᠠᠬᠠᠨ ᠪᠠᠶᠢᠯᠭᠠᠵᠤ᠂ ᠪᠤᠬᠢᠷᠳᠤᠭᠤᠯᠬᠤ ᠠᠴᠠ ᠰᠡᠷᠭᠡᠶᠢᠯᠡᠨ᠎ᠡ᠃ ③ ᠤᠷᠭᠠᠨᠢᠬ ᠹᠤᠰᠹᠤᠷᠳᠤ ᠲᠡᠷᠢᠶᠠᠨ ᠡᠮ ᠨᠢ ᠪᠠᠰᠠ ᠠᠮᠢᠰᠬᠤᠯ ᠤᠨ ᠵᠠᠮ᠂ ᠠᠷᠠᠰᠤ ᠬᠥᠷᠥᠰᠤ ᠪᠠᠷ ᠲᠡᠮᠵᠢᠨ ᠬᠥᠮᠥᠨ ᠤ ᠪᠡᠶ᠎ᠡ ᠳᠤ ᠤᠷᠤᠵᠤ ᠬᠤᠤᠷᠳᠠᠯ ᠡᠬᠦᠰᠭᠡᠳᠡᠭ᠃ ᠡᠶᠢᠮᠥ ᠠᠴᠠ ᠲᠡᠷᠢᠶᠠᠨ ᠡᠮ ᠰᠥᠷᠴᠢᠬᠦ ᠳᠡᠭᠡᠨ ᠡᠷᠭᠡᠪᠰᠢ ᠬᠤᠪᠢ ᠬᠥᠮᠥᠨ ᠤ ᠰᠡᠷᠭᠡᠶᠢᠯᠡᠯᠳᠡ ᠬᠠᠮᠠᠭᠠᠯᠠᠯᠳᠠ ᠶᠢ ᠰᠠᠶᠢᠳᠤᠷ ᠬᠢᠵᠤ᠂ ᠰᠠᠯᠬᠢᠨ ᠤ ᠤᠷᠤᠭᠤ ᠰᠥᠷᠴᠢᠬᠦ ᠪᠠ ᠡᠮ ᠰᠥᠷᠴᠢᠭᠰᠡᠨ ᠤ ᠪᠠᠨ ᠰᠡᠬᠦᠯᠡᠷ ᠰᠠᠪᠤᠩ ᠲᠠᠢ ᠤᠰᠤ ᠪᠠᠷ ᠨᠢᠭᠤᠷ ᠭᠠᠷ ᠢᠶᠠᠨ ᠰᠠᠶᠢᠳᠤᠷ ᠤᠬᠢᠶᠠᠬᠤ ᠭᠡᠷᠡᠭᠳᠡᠢ᠃ ④ ᠲᠡᠷᠢᠶᠠᠨ ᠡᠮ ᠰᠠᠪᠠᠯᠠᠵᠤ ᠥᠡᠭᠭᠡᠷᠡᠭᠰᠡᠨ ᠰᠠᠪᠠ ᠪᠤᠭᠤᠳᠠᠯ ᠳᠤ ᠬᠤᠭᠤᠯᠠ ᠤᠮᠳᠠᠭᠠᠨ ᠰᠠᠪᠠᠯᠠᠬᠤ ᠶᠢ ᠴᠠᠭᠠᠵᠠᠯᠠᠬᠤ ᠭᠡᠷᠡᠭᠳᠡᠢ᠃ ᠠᠮᠤ ᠪᠤᠳᠠᠭ᠎ᠠ᠂ ᠭᠤᠸ᠎ᠠ ᠵᠢᠮᠢᠰ᠂ ᠢᠳᠡᠰᠢᠨ ᠨᠤᠭᠤᠭ᠎ᠠ ᠪᠠ ᠪᠤᠰᠤᠳ ᠵᠥᠢᠯ ᠤᠨ ᠢᠳᠡᠭᠡᠨ ᠤ ᠵᠥᠢᠯ ᠢ ᠤᠷᠭᠠᠨᠢᠬ ᠹᠤᠰᠹᠤᠷᠳᠤ ᠲᠡᠷᠢᠶᠠᠨ ᠡᠮ ᠲᠠᠢ ᠴᠤᠭ ᠠᠴᠢᠶᠠᠯᠠᠵᠤ ᠵᠥᠭᠡᠭᠡᠪᠥᠷᠢᠯᠡᠬᠦ ᠶᠢ ᠡᠷᠡᠰ ᠴᠠᠭᠠᠵᠠᠯᠠᠬᠤ ᠭᠡᠷᠡᠭᠳᠡᠢ᠃ ︵5︶ ᠳ᠋ᠥ᠋ ᠱᠥ ᠴᠢᠶᠠᠩ ᠡᠮ ᠤᠨ ᠬᠤᠤᠷᠳᠡᠯ ᠳ᠋ᠥ᠋ ᠱᠤ᠋ ᠴᠢᠶᠠᠩ ᠡᠮ ᠪᠤᠯ ᠰᠢᠩᠭᠡᠭᠡᠯᠳᠡ ᠶᠢᠨ ᠵᠠᠮ᠂ ᠠᠮᠢᠰᠬᠤᠯ ᠤᠨ ᠵᠠᠮ ᠢᠶᠠᠷ ᠲᠡᠮᠵᠢᠨ ᠬᠥᠮᠥᠨ ᠤ ᠪᠡᠶ᠎ᠡ ᠳᠤ ᠰᠢᠩᠭᠡᠨ ᠬᠤᠤᠷᠳᠠᠯ ᠡᠬᠦᠰᠭᠡᠳᠡᠭ᠃ ᠬᠤᠤᠷᠳᠠᠯ ᠨᠢ ᠤᠯᠠᠩᠬᠢ ᠳᠠᠭᠠᠨ ᠳ᠋ᠥ᠋ ᠱᠤ᠋ ᠴᠢᠶᠠᠩ ᠡᠮ ᠢᠶᠠᠷ ᠨᠠᠶᠢᠷᠠᠭᠤᠯᠤᠭᠰᠠᠨ ᠬᠤᠯᠤᠭᠠᠨ᠎ᠠ ᠤᠰᠠᠳᠬᠠᠬᠤ ᠥᠭᠶᠥᠭᠡ ᠪᠤᠯᠤᠨ ᠳ᠋ᠥ᠋ ᠱᠤ᠋ ᠴᠢᠶᠠᠩ ᠡᠮ ᠳᠤ ᠪᠤᠬᠢᠷᠳᠤᠭᠰᠠᠨ ᠢᠳᠡᠭᠡᠨ ᠢ ᠠᠳᠡᠬᠦᠷᠡᠨ ᠢᠳᠡᠭᠰᠡᠨ ᠠᠴᠠ ᠡᠬᠦᠰᠳᠡᠭ᠃ ᠳ᠋ᠥ᠋ ᠱᠥ ᠴᠢᠶᠠᠩ ᠡᠮ ᠳᠤ ᠬᠤᠤᠷᠳᠠᠭᠳᠠᠭᠰᠠᠠ ᠪᠠᠴᠢᠮ ᠪᠠᠶᠢᠳᠠᠯ ᠢ ᠠᠷᠭᠠᠴᠠᠬᠤ ᠳᠤ᠄ ① ᠳ᠋ᠥ᠋ ᠱᠤ᠋ ᠴᠢᠶᠠᠩ ᠡᠮ ᠠᠭᠤᠯᠤᠭᠳᠠᠵᠤ ᠪᠠᠶᠢᠵᠤ ᠮᠡᠳᠡᠬᠦ ᠢᠳᠡᠭᠡᠨ ᠢ ᠲᠡᠷᠦ᠋ᠢᠬᠠᠨ ᠢᠳᠡᠬᠦ ᠪᠠᠨ ᠵᠤᠭᠰᠤᠬᠤ ᠪᠠ ᠪᠢᠳᠡᠬᠦᠮᠵᠢᠯᠡᠨ ᠬᠠᠳᠠᠭᠠᠯᠠᠨ᠎ᠠ᠃ ᠲᠡᠷᠦ᠋ᠢᠬᠠᠨ ᠪᠥᠭᠡᠯᠵᠢᠨ ᠭᠠᠷᠭᠠᠬᠤ᠂ ᠬᠤᠳᠤᠭᠤᠳᠤ ᠪᠠᠨ ᠤᠬᠢᠶᠠᠯᠭᠠᠬᠤ᠂ ᠲᠤᠭᠤᠯᠤᠭᠤᠯᠬᠤ ᠠᠷᠭ᠎ᠠ ᠪᠠᠷ ᠬᠤᠳᠤᠭᠤᠳᠤᠨ ᠳᠠᠬᠢ ᠬᠤᠤᠷᠳᠤ ᠡᠳ᠋ ᠢ ᠴᠡᠪᠡᠷᠯᠡᠨ ᠠᠷᠢᠯᠭᠠᠬᠤ ᠭᠡᠷᠡᠭᠳᠡᠢ᠃ ② ᠠᠮᠢᠰᠬᠤᠯ ᠤᠨ ᠵᠠᠮ ᠢ ᠰᠢᠯᠤᠭᠤᠨ ᠪᠠᠶᠢᠯᠭᠠᠵᠤ᠂ ᠴᠡᠷ ᠨᠤᠯᠮᠤᠰᠤ ᠪᠠᠨ ᠰᠤᠷᠤᠭᠤᠯᠬᠤ ᠭᠡᠷᠡᠭᠳᠡᠢ᠃ ③ ᠪᠡᠶ᠎ᠡ ᠨᠢ ᠲᠠᠳᠠᠭᠰᠠᠨ ᠪᠤᠯ ᠡᠪᠡᠳᠴᠢᠳᠡᠨ ᠢ ᠲᠤᠬᠢᠳᠠᠢ ᠬᠠᠮᠠᠭᠠᠯᠠᠵᠤ᠂ ᠤᠨᠠᠵᠤ ᠲᠤᠰᠴᠤ ᠰᠢᠷᠬᠠᠳᠤᠬᠤ᠂ ᠪᠤᠯᠴᠢᠩ ᠮᠢᠬ᠎ᠠ ᠨᠢ ᠢᠵᠠᠷᠠᠬᠤ᠂ ᠶᠠᠰᠤ ᠨᠢ ᠬᠤᠭᠤᠷᠠᠬᠤ ᠪᠤᠶᠤ ᠥᠶ᠎ᠡ ᠭᠡᠰᠢᠬᠦᠤ ᠨᠢ ᠮᠤᠯᠳᠤᠷᠠᠬᠤ ᠶᠢ ᠰᠡᠷᠭᠡᠶᠢᠯᠡᠬᠦ ᠭᠡᠷᠡᠭᠳᠡᠢ᠃ ᠨᠢᠷᠤᠭᠤᠨ ᠲᠤᠤᠷ᠎ᠠ ᠨᠢ ᠬᠤᠪᠴᠠᠰᠤ ᠬᠤᠨᠠᠷ ᠲᠡᠪᠢᠰᠥᠨ ᠥᠭᠴᠤ᠂ ᠨᠢᠷᠤᠭᠤ ᠨᠢ ᠬᠤᠯᠭᠤᠬᠤ ᠪᠠ ᠨᠢᠷᠤᠭᠤᠨ ᠶᠠᠰᠤ ᠨᠢ ᠭᠡᠮᠳᠥᠬᠦ ᠠᠴᠠ ᠰᠡᠷᠭᠡᠶᠢᠯᠡᠬᠦ ᠭᠡᠷᠡᠭᠳᠡᠢ᠃ ᠭᠡᠯᠡ ᠪᠠᠨ ᠬᠠᠵᠠᠬᠤ ᠠᠴᠠ ᠨᠢ ᠰᠡᠷᠭᠡᠶᠢᠯᠡᠵᠤ᠂ ᠰᠢᠳᠤᠨ ᠵᠠᠪᠰᠠᠷ ᠨᠢ ᠱᠠ ᠪᠥᠰ ᠵᠠᠭᠤᠯᠭᠠᠬᠤ ᠭᠡᠷᠡᠭᠳᠡᠢ᠂ ᠭᠡᠬᠦ ᠳᠡᠭᠡᠨ ᠠᠮᠢᠰᠬᠤᠯ ᠢ ᠨᠢ ᠨᠥᠯᠥᠭᠡᠯᠡᠬᠦ ᠠᠴᠠ ᠰᠡᠷᠭᠡᠶᠢᠯᠡᠨ᠂ ᠠᠷᠠᠭᠠᠨ ᠳᠤᠨᠢ ᠪᠥᠰ ᠵᠠᠭᠤᠯᠭᠠᠵᠤ ᠪᠤᠯᠬᠤ ᠥᠭᠡᠢ᠃ ④ ᠠᠮᠢᠰᠬᠤᠯ ᠪᠠ ᠵᠢᠷᠥᠭᠡᠨ ᠴᠤᠬᠢᠯᠭ᠎ᠠ ᠨᠢ ᠵᠤᠭᠰᠤᠭᠴᠢᠳ ᠲᠤ ᠲᠡᠷᠦ᠋ᠢᠬᠠᠨ ᠬᠥᠮᠥᠨ ᠤ ᠬᠥᠴᠤ ᠪᠠᠷ ᠠᠮᠢᠰᠬᠤᠯ ᠠᠪᠤᠭᠤᠯᠬᠤ ᠪᠠ ᠴᠡᠭᠡᠵᠢᠨ ᠭᠡᠰᠡᠭ ᠢ ᠨᠢ ᠲᠡᠷᠤᠯᠬᠢᠯᠠᠨ ᠥᠭᠬᠦ ᠭᠡᠷᠡᠭᠳᠡᠢ᠃ ⑤ ᠲᠡᠷᠦ᠋ᠢᠬᠠᠨ ᠤᠢᠢᠷ᠎ᠠ ᠤᠷᠴᠢᠮ ᠤᠨ ᠡᠮᠨᠡᠯᠭᠡ ᠳᠤ ᠬᠥᠷᠭᠡᠨ ᠲᠥᠷᠭᠡᠨ ᠠᠪᠤᠷᠠᠯᠳᠠ ᠬᠢᠯᠭᠡᠨ᠎ᠡ᠃ ᠰᠠᠨᠠᠭᠤᠯᠬᠤ ᠨᠢ᠄ ① ᠳ᠋ᠥ᠋ ᠱᠤ᠋ ᠴᠢᠶᠠᠩ ᠡᠮ ᠨᠢ ᠲᠡᠮ ᠬᠤᠤᠷᠳᠠᠯ ᠢ ᠡᠬᠦᠰᠭᠡᠳᠡᠭ ᠪᠤᠯᠬᠤᠷ ᠥᠬᠦᠭᠰᠡᠨ ᠰᠢᠯᠳᠠᠭᠠᠨ ᠨᠢ ᠲᠤᠳᠤ ᠥᠭᠡᠢ ᠮᠠᠯ ᠵᠢᠬᠦᠷᠳᠡᠨ ᠤ ᠮᠢᠬ᠎ᠠ ᠶᠢ ᠢᠳᠡᠵᠤ ᠪᠤᠯᠬᠤ ᠥᠭᠡᠢ᠃ ② ᠤᠯᠤᠰ ᠠᠴᠠ ᠳ᠋ᠥ᠋ ᠱᠤ᠋ ᠴᠢᠶᠠᠩ ᠡᠮ ᠢ ᠥᠢᠯᠡᠳᠪᠥᠷᠢᠯᠡᠬᠦ ᠪᠠ ᠭᠡᠷᠡᠭᠯᠡᠬᠦ ᠶᠢ ᠴᠠᠭᠠᠵᠠᠯᠠᠵᠤ ᠪᠤᠢ᠃ ᠭᠡᠷᠪᠡ ᠲᠤᠰ ᠡᠮ ᠢ ᠨᠠᠶᠢᠷᠠᠭᠤᠯᠵᠤ ᠪᠤᠷᠤᠯᠠᠭᠤᠯᠵᠤ ᠪᠠᠶᠢᠭ᠎ᠠ ᠠᠵᠢᠯᠯᠠᠭ᠎ᠠ ᠶᠢ ᠤᠯᠵᠤ ᠮᠡᠳᠡᠪᠡᠯ ᠲᠡᠷᠦ᠋ᠢᠬᠠᠨ ᠲᠤᠳᠤᠭᠠᠳᠤ ᠶᠢ ᠬᠠᠮᠠᠭᠠᠯᠠᠬᠤ᠂ ᠠᠵᠤ ᠥᠢᠯᠡᠳᠪᠥᠷᠢ ᠬᠤᠳᠠᠯᠳᠤᠭ᠎ᠠ ᠵᠡᠷᠭᠡ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠬᠦᠯᠬᠦ ᠭᠡᠷᠡᠭᠳᠡᠢ᠃ ③ ᠰᠤᠨᠤᠷ ᠰᠡᠷᠡᠮᠵᠢ ᠪᠠᠨ ᠲᠡᠭᠡᠭᠰᠢᠯᠡᠬᠦᠯᠵᠤ᠂ ᠰᠡᠷᠭᠡᠶᠢᠯᠡᠯᠳᠡ ᠬᠠᠮᠠᠭᠠᠯᠠᠯᠳᠠ ᠪᠠᠨ ᠴᠢᠩᠭᠠᠳᠬᠠᠵᠤ᠂ ᠵᠤᠷᠢᠯᠭ᠎ᠠ ᠲᠠᠢ ᠪᠠᠷ ᠬᠤᠤᠷ ᠲᠡᠯᠪᠢᠬᠤ ᠶᠢ ᠴᠢᠩᠭ᠎ᠠ ᠰᠡᠷᠭᠡᠶᠢᠯᠡᠨ᠎ᠡ᠃ ︵6︶ ᠢᠳᠡᠭᠡᠨ ᠤ ᠬᠤᠤᠷᠳᠡᠯ ᠢᠳᠡᠭᠡᠨ ᠤ ᠬᠤᠤᠷᠳᠠᠯ ᠭᠡᠳᠡᠭ ᠪᠤᠯ ᠬᠤᠤᠷ ᠬᠥᠨᠥᠭᠡᠯ ᠠᠭᠤᠯᠤᠭᠳᠠᠵᠤ ᠪᠥᠬᠦᠢ ᠢᠳᠡᠭᠡᠨ ᠢ ᠢᠳᠡᠭᠰᠡᠨ ᠪᠤᠶᠤ ᠬᠤᠤᠷ ᠬᠥᠨᠥᠭᠡᠯ ᠲᠠᠢ ᠵᠥᠢᠯ ᠢ ᠠᠳᠡᠬᠦᠷᠡᠨ ᠢᠳᠡᠭᠰᠡᠨ ᠤ ᠰᠡᠬᠦᠯᠡᠷ ᠬᠠᠯᠳᠠᠪᠤᠷᠢᠳᠤ ᠪᠤᠰᠤ ᠴᠢᠨᠠᠷ ᠲᠠᠢ ᠡᠪᠡᠳᠴᠢᠨ ᠭᠡᠮ ᠡᠬᠦᠰᠬᠦ ᠶᠢ ᠵᠢᠭᠠᠵᠤ ᠪᠠᠶᠢᠨ᠎ᠠ᠃ ᠡᠬᠦᠨ ᠢ ᠪᠠᠺᠲ᠋ᠧᠷᠢ ᠶᠢᠨ ᠴᠢᠨᠠᠷ ᠲᠠᠢ ᠢᠳᠡᠭᠡᠨ ᠤ ᠬᠤᠤᠷᠳᠠᠯ᠂ ᠵᠢᠩᠬᠢᠨᠢ ᠮᠥᠬᠦ ᠶᠢᠨ ᠴᠢᠨᠠᠷ ᠲᠠᠢ ᠢᠳᠡᠭᠡᠨ ᠤ ᠬᠤᠤᠷᠳᠠᠯ᠂ ᠬᠢᠮᠢ ᠶᠢᠨ ᠴᠢᠨᠠᠷ ᠲᠠᠢ ᠢᠳᠡᠭᠡᠨ ᠤ ᠬᠤᠤᠷᠳᠠᠯ ᠭᠡᠵᠤ ᠬᠤᠪᠢᠶᠠᠳᠠᠭ᠃ ᠢᠳᠡᠭᠡᠨ ᠤ ᠬᠤᠤᠷᠳᠠᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠲᠠᠪᠤᠰᠤ ᠲᠠᠢ ᠱᠥᠯᠳᠤ ᠪᠠᠷ ᠪᠥᠭᠡᠯᠵᠢᠬᠦᠯᠬᠦ᠄ ᠬᠤᠤᠷᠳᠠᠯ ᠤᠨ ᠭᠡᠮᠵᠢᠶ᠎ᠡ ᠨᠢ ᠪᠠᠭ᠎ᠠ ᠪᠥᠭᠡᠳ ᠬᠤᠤᠷᠳᠤ ᠡᠳ᠋ ᠤᠤᠭᠤᠵᠤ ᠢᠳᠡᠭᠡᠳ 2~3 ᠴᠠᠭ ᠪᠤᠯᠵᠤ ᠪᠠᠶᠢᠭ᠎ᠠ ᠬᠤᠤᠷᠳᠠᠭᠳᠠᠭᠰᠠᠳ ᠢ ᠪᠤᠯ ᠠᠯᠢ ᠴᠢᠳᠠᠬᠤ ᠪᠠᠷ ᠲᠠᠪᠤᠰᠤ ᠲᠠᠢ ᠤᠰᠤ ᠢᠯᠡᠬᠦᠭᠡᠨ ᠤᠤᠭᠤᠯᠭᠠᠭᠰᠠᠨ ᠤ ᠰᠡᠬᠦᠯᠡᠷ ᠰᠠᠪᠬ᠎ᠠ ᠪᠤᠶᠤ ᠬᠤᠷᠤᠭᠤ ᠪᠠᠷ ᠢᠶᠠᠨ ᠭᠡᠥᠭᠡᠨ ᠭᠡᠯᠡ ᠶᠢ ᠨᠢ ᠬᠥᠭᠢᠳᠡᠨ ᠤᠭᠰᠢᠭᠤᠯᠵᠤ ᠪᠥᠭᠡᠯᠵᠢᠬᠦᠯᠬᠦ ᠭᠡᠷᠡᠭᠳᠡᠢ᠃ ② ᠴᠢᠨᠠᠷ ᠨᠢ ᠬᠤᠪᠢᠷᠠᠭᠰᠠᠨ ᠵᠢᠭᠠᠰᠤ᠂ ᠰᠡᠮ ᠬᠤᠷᠤᠬᠠᠢ᠂ ᠨᠠᠢᠮᠠᠯᠵᠢ ᠵᠡᠷᠭᠡ ᠶᠢ ᠢᠳᠡᠭᠡᠳ ᠬᠤᠤᠷᠳᠠᠭᠳᠠᠬᠰᠠᠨ ᠬᠤᠤᠷᠳᠠᠭᠳᠠᠭᠰᠡᠳ ᠢ ᠲᠡᠷᠦ᠋ᠢᠬᠠᠨ ᠡᠮᠨᠡᠯᠭᠡ ᠳᠤ ᠬᠥᠷᠭᠡᠨ ᠡᠮᠨᠡᠬᠦᠯᠬᠦ ᠭᠡᠷᠡᠭᠳᠡᠢ᠃ ᠰᠠᠨᠠᠭᠤᠯᠬᠤ ᠨᠢ᠄ ① ᠢᠳᠡᠭᠡᠨ ᠳᠤ ᠬᠤᠤᠷᠳᠠᠭᠳᠠᠬᠰᠠᠨ ᠪᠤᠯ ᠬᠤᠤᠷᠳᠠᠭᠳᠠᠭᠰᠠᠳ ᠤᠨ ᠢᠳᠡᠭᠰᠡᠨ ᠢᠳᠡᠭᠡᠨ ᠤ ᠥᠯᠢᠭᠡᠷ ᠭᠡᠪ ᠢ ᠠᠯᠢ ᠴᠢᠳᠠᠬᠤ ᠪᠠᠷ ᠥᠯᠡᠳᠡᠭᠡᠨ ᠠᠪᠬᠤ ᠪᠠ ᠪᠥᠭᠡᠯᠵᠢᠰᠤ᠂ ᠢᠯᠭᠠᠳᠠᠰᠤ ᠶᠢ ᠨᠢ ᠥᠯᠡᠳᠡᠭᠡᠨ ᠠᠪᠴᠤ᠂ ᠰᠢᠯᠭᠠᠨ ᠪᠠᠶᠢᠴᠠᠭᠠᠬᠤ ᠳᠤ ᠭᠡᠷᠡᠭᠯᠡᠬᠦᠯᠬᠦ ᠭᠡᠷᠡᠭᠳᠡᠢ᠃ ② ᠪᠤᠯᠭᠤᠭᠰᠠᠨ ᠲᠥᠬᠦᠭᠡᠢ ᠢᠳᠡᠭᠡᠨ ᠢ ᠠᠰ ᠠᠰ ᠲᠤᠨᠢ ᠰᠠᠯᠭᠠᠨ ᠲᠠᠯᠪᠢᠵᠤ᠂ ᠤᠰᠤᠨ ᠤ ᠭᠠᠷᠤᠯᠳᠠ ᠵᠢᠴᠢ ᠮᠢᠬᠠᠨ ᠤ ᠵᠥᠢᠯ ᠤᠨ ᠢᠳᠡᠭᠡᠨ ᠢ ᠬᠠᠭᠤᠷᠤᠨ ᠪᠤᠯᠭᠤᠭᠰᠠᠨ ᠤ ᠰᠡᠬᠦᠯᠡᠷ ᠰᠠᠶ᠋ᠢ ᠢᠳᠡᠵᠤ ᠪᠤᠯᠤᠨ᠎ᠠ᠃ ③ ᠤᠮᠳᠠᠭᠠᠨ ᠤ ᠯᠤᠩᠬᠤᠨ ᠳᠤ ᠬᠢᠮᠢ ᠶᠢᠨ ᠵᠥᠢᠯ ᠤᠨ ᠪᠤᠳᠠᠰ ᠢ ᠰᠠᠪᠠᠯᠠᠵᠤ ᠪᠤᠯᠬᠤ ᠥᠭᠡᠢ᠂ ᠬᠢᠮᠢ ᠶᠢᠨ ᠵᠥᠢᠯ ᠤᠨ ᠪᠤᠳᠠᠰ ᠰᠠᠪᠠᠯᠠᠭᠰᠠᠨ ᠯᠤᠩᠬᠤᠨ ᠲᠡᠭᠡᠷ᠎ᠡ ᠢᠯᠡ ᠲᠤᠳᠤ ᠲᠡᠮᠳᠡᠭ ᠲᠠᠯᠪᠢᠬᠤ ᠶᠢᠨ ᠲᠠᠭᠠᠤ ᠨᠢᠭᠤᠴᠠ ᠲᠠᠯᠳᠠ ᠭᠠᠵᠠᠷ ᠬᠠᠳᠠᠭᠠᠯᠠᠵᠤ᠂ ᠭᠡᠥᠭᠡᠳ ᠪᠠᠭᠠᠴᠤᠳ ᠠᠳᠡᠬᠦᠷᠡᠨ ᠤᠤᠭᠤᠬᠤ ᠠᠴᠠ ᠬᠢᠴᠢᠶᠡᠬᠦ ᠭᠡᠷᠡᠭᠳᠡᠢ᠃ ④ ᠢᠳᠡᠭᠡᠨ ᠳᠤ ᠬᠤᠤᠷᠳᠠᠭᠳᠠᠬᠰᠠᠨ ᠬᠥᠮᠥᠨ ᠢ ᠤᠯᠵᠤ ᠮᠡᠳᠡᠪᠡᠯ ᠡᠷᠭᠡᠪᠰᠢ ᠡᠮᠨᠡᠯᠭᠡ ᠳᠤ ᠲᠥᠷᠭᠡᠨ ᠬᠥᠷᠭᠡᠵᠤ ᠠᠪᠤᠷᠠᠯᠳᠠ ᠬᠢᠬᠦ ᠭᠡᠷᠡᠭᠳᠡᠢ᠂ ᠲᠤᠷ᠎ᠠ ᠪᠠᠷ ᠢᠶᠠᠨ ᠡᠮ ᠤᠤᠭᠤᠯᠭᠠᠵᠤ ᠪᠤᠯᠬᠤ ᠥᠭᠡᠢ᠃ ︵7︶ ᠲᠤᠳᠠᠭᠤ ᠠᠽᠤᠲ ᠬᠥᠴᠢᠯ ᠤᠨ ᠲᠠᠪᠤᠰᠤᠨ ᠤ ᠬᠤᠤᠷᠳᠡᠯ ᠲᠤᠳᠠᠭᠤ ᠠᠽᠤᠲ ᠬᠥᠴᠢᠯ ᠤᠨ ᠲᠠᠪᠤᠰᠤᠨ ᠲᠥᠷᠥᠯ ᠤᠨ ᠢᠳᠡᠭᠡᠨ ᠤ ᠬᠤᠤᠷᠳᠠᠯ ᠢ ᠪᠠᠰᠠ ᠭᠡᠳᠡᠰᠥᠨ ᠤ ᠬᠥᠭᠡ ᠲᠤᠯᠪᠤᠳᠦ ᠡᠪᠡᠳᠴᠢᠨ᠂ ᠬᠥᠭᠡᠷᠡᠬᠦ ᠡᠪᠡᠳᠴᠢᠨ᠂ ᠬᠠᠷ᠎ᠠ ᠬᠤᠰᠢᠭᠤᠳᠤ ᠡᠪᠡᠳᠴᠢᠨ ᠭᠡᠳᠡᠭ᠃ ᠲᠤᠰ ᠡᠪᠡᠳᠴᠢᠨ ᠤ ᠬᠤᠤᠷᠳᠠᠯ ᠭᠡᠳᠡᠭ ᠨᠢ ᠨᠡᠯᠢᠶᠡᠳ ᠶᠡᠭᠡ ᠠᠽᠤᠲ ᠬᠥᠴᠢᠯ ᠤᠨ ᠲᠠᠪᠤᠰᠤ ᠲᠠᠢ ᠪᠠ ᠲᠤᠳᠠᠭᠤ ᠠᠽᠤᠲ ᠬᠥᠴᠢᠯ ᠤᠨ ᠲᠠᠪᠤᠰᠤ ᠲᠠᠢ ᠢᠳᠡᠭᠡᠨ ᠢ ᠶᠡᠭᠡᠳᠡ ᠢᠳᠡᠭᠰᠡᠨ ᠪᠠ ᠠᠽᠤᠲ ᠬᠥᠴᠢᠯ ᠤᠨ ᠲᠠᠪᠤᠰᠤ ᠪᠤᠶᠤ ᠲᠤᠳᠠᠭᠤ ᠠᠽᠤᠲ ᠬᠥᠴᠢᠯ ᠤᠨ ᠲᠠᠪᠤᠰᠤ ᠶᠡᠭᠡᠳᠡᠢ ᠤᠰᠤ ᠶᠢ ᠤᠤᠭᠤᠭᠰᠠᠨ᠂ ᠲᠤᠳᠠᠭᠤ ᠠᠽᠤᠲ ᠬᠥᠴᠢᠯ ᠤᠨ ᠲᠠᠪᠤᠰᠤ ᠶᠢ ᠢᠳᠡᠭᠡᠨ ᠤ ᠲᠠᠪᠤᠰᠤ ᠪᠠᠷ ᠠᠳᠡᠬᠦᠷᠡᠨ ᠢᠳᠡᠭᠰᠡᠨ ᠠᠴᠠ ᠪᠤᠯᠵᠤ ᠡᠬᠦᠰᠥᠭᠰᠡᠨ ᠬᠤᠤᠷᠳᠠᠯ ᠢ ᠵᠢᠭᠠᠵᠤ ᠪᠠᠶᠢᠨ᠎ᠠ᠃ ᠲᠤᠳᠠᠭᠤ ᠠᠽᠤᠲ ᠬᠥᠴᠢᠯ ᠤᠨ ᠲᠠᠪᠤᠰᠤ ᠨᠢ ᠴᠢᠰᠤᠨ ᠲᠤᠳᠤᠷ᠎ᠠ ᠭᠡᠪ ᠤᠨ ᠬᠥᠴᠢᠯᠳᠦ᠋ᠷᠥᠭᠴᠢ ᠲᠥᠷᠥᠬᠦᠯᠬᠦ ᠲᠤᠤᠷ᠎ᠠ ᠲᠡᠮᠥᠷᠳᠤ ᠴᠢᠰᠤᠨ ᠤᠯᠠᠭᠠᠨ ᠤᠭᠤᠷᠠᠭ ᠢ ᠢᠰᠤᠯᠳᠤᠬᠦᠯᠤᠨ ᠥᠨᠳᠥᠷ ᠲᠡᠮᠥᠷᠳᠤ ᠴᠢᠰᠤᠨ ᠤᠯᠠᠭᠠᠨ ᠤᠭᠤᠷᠠᠭ ᠪᠤᠯᠭᠠᠭᠰᠠᠨ ᠢᠶᠠᠷ ᠬᠥᠴᠢᠯᠳᠦ᠋ᠷᠥᠭᠴᠢ ᠲᠥᠷᠥᠬᠦᠯᠬᠦ ᠴᠢᠳᠠᠪᠤᠷᠢ ᠶᠢ ᠠᠯᠳᠠᠭᠤᠯᠤᠭᠠᠳ᠂ ᠨᠡᠭᠡᠳᠡᠰᠤ ᠡᠷᠭᠡᠳᠡᠨ ᠳᠤ ᠬᠥᠴᠢᠯᠳᠦ᠋ᠷᠥᠭᠴᠢ ᠲᠤᠳᠠᠭᠳᠠᠭᠤᠯᠳᠠᠭ ᠪᠠᠶᠢᠨ᠎ᠠ᠃ ᠲᠤᠳᠠᠭᠤ ᠠᠽᠤᠲ ᠬᠥᠴᠢᠯ ᠤᠨ ᠲᠠᠪᠤᠰᠤᠨ ᠳᠤ ᠬᠤᠤᠷᠳᠠᠭᠳᠠᠭᠰᠠᠠ ᠪᠠᠴᠢᠮ ᠪᠠᠶᠢᠳᠠᠯ ᠢ ᠠᠷᠭᠠᠴᠠᠬᠤ ᠳᠤ᠄ ① ᠬᠤᠤᠷᠳᠠᠭᠤᠯᠵᠤ ᠮᠡᠳᠡᠬᠦ ᠢᠳᠡᠭᠡᠨ ᠢ ᠢᠳᠡᠬᠦ ᠪᠠᠨ ᠲᠡᠷᠦ᠋ᠢᠬᠠᠨ ᠵᠤᠭᠰᠤᠨ᠎ᠠ᠃ ② ᠨᠡᠯᠢᠶᠡᠳ ᠬᠥᠨᠳᠤ ᠬᠤᠤᠷᠳᠠᠭᠳᠠᠭᠰᠠᠳ ᠢ ᠪᠥᠭᠡᠯᠵᠢᠬᠦᠯᠬᠦ᠂ ᠬᠤᠳᠤᠭᠤᠳᠤ ᠶᠢ ᠨᠢ ᠤᠬᠢᠶᠠᠬᠤ ᠪᠠ ᠲᠤᠭᠤᠯᠤᠭᠤᠯᠬᠤ ᠭᠡᠷᠡᠭᠳᠡᠢ᠃ ③ ᠮᠠᠨᠠᠷᠠᠭᠰᠠᠳ ᠤᠨ ᠠᠮᠢᠰᠬᠤᠯ ᠤᠨ ᠵᠠᠮ ᠢ ᠨᠢ ᠰᠢᠯᠤᠭᠤᠬᠠᠨ ᠪᠠᠶᠢᠯᠭᠠᠵᠤ᠂ ᠬᠠᠵᠠᠭᠤᠯᠠᠨ ᠭᠡᠪᠳᠡᠬᠦᠯᠵᠤ᠂ ᠪᠥᠭᠡᠯᠵᠢᠰᠤ ᠨᠢ ᠮᠥᠭᠡᠷᠰᠥᠨ ᠬᠤᠭᠤᠯᠠᠢ ᠶᠢ ᠨᠢ ᠲᠥᠭᠵᠢᠬᠦ ᠠᠴᠠ ᠰᠡᠷᠭᠡᠶᠢᠯᠡᠨ᠎ᠡ᠃ ④ ᠬᠤᠤᠷᠳᠠᠭᠳᠠᠭᠰᠠᠳ ᠢ ᠱᠠᠯᠠᠪᠬᠠᠨ ᠤᠢᠢᠷ᠎ᠠ ᠤᠷᠴᠢᠮ ᠤᠨ ᠡᠮᠨᠡᠯᠭᠡ ᠳᠤ ᠬᠥᠷᠭᠡᠨ ᠡᠮᠨᠡᠭᠦᠯᠦᠨ᠎ᠡ᠃ ⑤ ᠶᠠ ᠵᠢᠶᠠ ᠯᠠᠨ ᠡᠮ ᠪᠤᠯ ᠤᠨᠴᠠ ᠲᠤᠰᠠᠳᠠᠢ ᠡᠮ ᠪᠤᠯᠤᠨ᠎ᠠ᠂ ᠡᠬᠦᠨ ᠠᠴᠠ ᠭᠠᠳᠠᠨ᠎ᠠ ᠶᠡᠭᠡ ᠭᠡᠮᠵᠢᠶᠡᠨ ᠤ ᠸᠢᠲ᠋ᠠᠮᠢᠨ C ᠪᠤᠯᠤᠨ ᠥᠵᠥᠮ ᠤᠨ ᠰᠢᠬᠢᠷ ᠨᠥᠬᠦᠬᠦ ᠴᠢᠬᠤᠯᠠ ᠲᠠᠢ᠃ ᠰᠠᠨᠠᠭᠤᠯᠬᠤ ᠨᠢ᠄ ① ᠲᠤᠳᠠᠭᠤ ᠠᠽᠤᠲ ᠬᠥᠴᠢᠯ ᠤᠨ ᠲᠠᠪᠤᠰᠤ ᠶᠢ ᠢᠳᠡᠭᠡᠨ ᠤ ᠲᠠᠪᠤᠰᠤ ᠪᠤᠶᠤ ᠬᠤᠵᠢᠷ ᠢᠶᠠᠷ ᠠᠳᠡᠬᠦᠷᠡᠨ ᠭᠡᠷᠡᠭᠯᠡᠬᠦ ᠶᠢ ᠬᠢᠴᠢᠶᠡᠨ᠎ᠡ᠃ ② ᠨᠤᠭᠤᠭ᠎ᠠ ᠴᠠᠭ᠎ᠠ ᠪᠠᠨ ᠲᠤᠬᠢᠳᠠᠢ ᠬᠠᠳᠠᠭᠠᠯᠠᠵᠤ᠂ ᠢᠯᠵᠠᠷᠠᠵᠤ ᠰᠢᠯᠵᠠᠷᠠᠬᠤ ᠠᠴᠠ ᠰᠡᠷᠭᠡᠶᠢᠯᠡᠬᠦ ᠭᠡᠷᠡᠭᠳᠡᠢ᠃ ᠢᠯᠵᠠᠷᠠᠵᠤ ᠰᠢᠯᠵᠠᠷᠠᠭᠰᠠᠨ ᠨᠤᠭᠤᠭ᠎ᠠ ᠴᠠᠭ᠎ᠠ ᠶᠢ ᠢᠳᠡᠵᠤ ᠪᠤᠯᠬᠤ ᠥᠭᠡᠢ᠃ ③ ᠢᠳᠡᠭᠡᠳ ᠥᠯᠡᠳᠡᠭᠰᠡᠨ ᠨᠤᠭᠤᠭ᠎ᠠ ᠬᠠᠭᠤᠷᠤᠯᠭ᠎ᠠ ᠪᠠᠨ ᠥᠨᠳᠥᠷ ᠬᠠᠯᠠᠭᠤᠨ ᠳᠤ ᠤᠷᠳᠤ ᠴᠠᠭ ᠢᠶᠠᠷ ᠲᠠᠯᠪᠢᠭᠠᠳ ᠲᠠᠬᠢᠨ ᠢᠳᠡᠵᠤ ᠪᠤᠯᠬᠤ ᠥᠭᠡᠢ᠃ ④ ᠲᠡᠪᠤᠰᠤᠯᠠᠨ ᠲᠡᠷᠤᠭᠠᠳ ᠤᠳᠠᠭᠠᠳᠤᠢ ᠨᠤᠭᠤᠭ᠎ᠠ ᠶᠢ ᠶᠡᠭᠡ ᠢᠳᠡᠵᠤ ᠪᠤᠯᠬᠤ ᠥᠭᠡᠢ᠂ ᠨᠤᠭᠤᠭ᠎ᠠ ᠲᠡᠷᠤᠬᠤ ᠳᠠᠭᠠᠨ ᠢᠯᠡᠬᠦᠭᠡᠨ ᠲᠠᠪᠤᠰᠤ ᠬᠢᠵᠤ᠂ ᠠᠯᠢ ᠤᠬᠤᠷ ᠲᠠᠭᠠᠨ 15 ᠬᠤᠨᠤᠭ ᠠᠴᠠ ᠲᠡᠭᠡᠭᠰᠢ ᠲᠠᠷᠤᠪᠠᠯ ᠰᠠᠶ᠋ᠢ ᠢᠳᠡᠵᠤ ᠪᠤᠯᠤᠨ᠎ᠠ᠃ |
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|