7. ᠡ᠊ᠨᠳᠡᠯ ᠤᠨ ᠭᠠᠢ ᠭᠠᠮᠰᠢᠭ
ᠨᠡᠶᠢᠲᠡᠯᠡᠭᠰᠡᠨ ᠴᠠᠭ᠄
2015/11/17

       ︵1︶ ᠴᠠᠬᠢᠯᠭᠠᠨ ᠵᠤᠭᠰᠤᠬᠤ ᠠᠳᠡᠯ
       ① ᠴᠠᠬᠢᠯᠭᠠᠨ ᠭᠡᠨᠡᠳᠳᠡ ᠵᠤᠭᠰᠤᠭᠰᠠᠨ ᠠᠴᠠ ᠪᠤᠯᠵᠤ ᠴᠠᠬᠢᠯᠭᠠᠨ ᠭᠡᠷᠡᠭᠰᠡᠯ ᠡᠪᠳᠡᠭᠳᠡᠵᠤ᠂ ᠡ᠊ᠨᠳᠡᠯ ᠡᠬᠦᠰᠬᠦ ᠶᠢᠨ ᠲᠠᠭᠠᠤ ᠬᠥᠮᠥᠰ ᠤᠨ ᠭᠡᠪ ᠤᠨ ᠠᠮᠢᠳᠤᠷᠠᠯ ᠢ ᠰᠢᠭᠤᠳ ᠨᠥᠯᠥᠭᠡᠯᠡᠳᠡᠭ᠃ ᠴᠠᠬᠢᠯᠭᠠᠨ ᠵᠤᠭᠰᠤᠬᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄
       ② ᠴᠠᠬᠢᠯᠭᠠᠨ ᠵᠤᠭᠰᠤᠬᠤ ᠤᠴᠢᠷ ᠲᠤᠬᠢᠶᠠᠯᠳᠤᠪᠠᠯ ᠭᠠᠷ ᠳ᠋ᠧᠩ ᠵᠡᠷᠭᠡ ᠭᠡᠷᠡᠯᠳᠥᠬᠦᠯᠭᠡ ᠶᠢᠨ ᠪᠠᠭᠠᠵᠢ ᠶᠢ ᠠᠰᠢᠭᠯᠠᠨ᠂ ᠡᠩ ᠲᠡᠷᠢᠬᠦᠨ ᠳᠤ ᠲᠤᠳᠤᠭᠠᠳᠤ ᠳᠠᠬᠢ ᠴᠠᠬᠢᠯᠭᠠᠨ ᠲᠥᠬᠡᠬᠡᠭᠴᠢ ᠶᠢᠨ ᠨᠡᠭᠡᠭᠡᠯᠬᠡ᠂ ᠴᠠᠬᠢᠯᠭᠠᠨ ᠵᠢᠭᠤᠳᠠᠭᠤᠷ ᠤᠨ ᠬᠠᠮᠠᠭᠠᠯᠠᠭᠤᠷ ᠢᠶᠠᠨ ᠪᠠᠶᠢᠴᠠᠭᠠᠵᠤ ᠪᠠᠶᠢᠭᠠᠷᠠᠢ᠃
       ③ ᠬᠠᠮᠠᠭᠠᠯᠠᠭᠤᠷ ᠤᠳᠠᠰᠤ ᠨᠢ ᠬᠠᠶᠢᠯᠤᠭᠳᠠᠨ ᠲᠠᠰᠤᠷᠠᠭᠰᠠᠨ ᠪᠤᠯ ᠲᠡᠷᠦ᠋ᠢᠬᠠᠨ ᠰᠤᠯᠢᠬᠤ ᠭᠡᠷᠡᠭᠳᠡᠢ᠃ ᠭᠡᠪᠡᠴᠤ ᠵᠡᠰ᠂ ᠲᠡᠮᠥᠷ᠂ ᠲᠤᠭᠤᠯᠭᠠᠨ ᠤᠳᠠᠰᠤ ᠪᠠᠷ ᠤᠷᠤᠯᠠᠭᠤᠯᠵᠤ ᠪᠤᠯᠬᠤ ᠥᠭᠡᠢ᠃ ᠬᠠᠮᠠᠭᠠᠯᠠᠭᠤᠷ ᠤᠳᠠᠰᠤ ᠶᠢ ᠰᠤᠯᠢᠬᠤ ᠳᠠᠭᠠᠨ ᠪᠡᠭᠡᠯᠡᠢ ᠵᠡᠬᠦᠬᠦ ᠪᠤᠶᠤ ᠮᠤᠳᠤᠨ ᠰᠠᠨᠳᠠᠯᠢ ᠲᠡᠭᠡᠷ᠎ᠡ ᠵᠤᠭᠰᠤᠵᠤ᠂ ᠴᠠᠬᠢᠯᠭᠠᠨ ᠥᠯᠥ ᠬᠥᠶᠥᠬᠦ ᠬᠥᠨᠳᠡᠶᠢᠷᠡᠬᠦᠯᠬᠦ ᠠᠷᠭ᠎ᠠ ᠭᠡᠮᠵᠢᠶ᠎ᠡ ᠠᠪᠴᠤ᠂ ᠴᠠᠬᠢᠯᠭᠠᠨ ᠳᠤ ᠴᠤᠬᠢᠭᠳᠠᠬᠤ ᠠᠴᠠ ᠰᠡᠷᠭᠡᠶᠢᠯᠡᠨ᠎ᠡ᠃
       ④ ᠴᠠᠬᠢᠯᠭᠠᠨ ᠬᠥᠴᠥᠨ ᠤ ᠰᠠᠯᠠᠭ᠎ᠠ ᠮᠥᠴᠢᠷ ᠲᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠠᠪᠤᠷᠠᠵᠤ ᠵᠠᠰᠠᠭᠤᠯᠬᠤ ᠪᠠᠷ ᠤᠳᠠᠰᠤᠳᠠᠵᠤ ᠪᠤᠯᠤᠨ᠎ᠠ᠃
       ᠰᠠᠨᠠᠭᠤᠯᠬᠤ ᠨᠢ᠄
       ① ᠭᠡᠷ ᠡᠷᠥᠭᠡ ᠳᠡᠭᠡᠨ ᠯᠠ᠂ ᠭᠠᠷ ᠳ᠋ᠧᠩ ᠵᠡᠷᠭᠡ ᠪᠠᠴᠢᠮ ᠪᠠᠶᠢᠳᠠᠯ ᠢ ᠠᠷᠭᠠᠴᠠᠬᠤ ᠳᠤ ᠭᠡᠷᠡᠭᠯᠡᠬᠦ ᠭᠡᠷᠡᠯᠳᠥᠬᠦᠯᠭᠡ ᠶᠢᠨ ᠪᠠᠭᠠᠵᠢ ᠪᠡᠯᠡᠳᠭᠡᠵᠤ᠂ ᠲᠤᠭᠳᠠᠭᠰᠠᠨ ᠭᠠᠵᠠᠷ ᠲᠤ ᠲᠠᠯᠪᠢᠬᠤ ᠶᠢ ᠠᠩᠬᠠᠷᠤᠭᠠᠷᠠᠢ᠃
       ② ᠴᠠᠬᠢᠯᠭᠠᠨ ᠤ ᠤᠳᠠᠰᠤ ᠬᠠᠭᠤᠴᠢᠷᠠᠭᠰᠠᠨ ᠠᠴᠠ ᠪᠤᠯᠵᠤ ᠴᠠᠬᠢᠯᠭᠠᠨ ᠵᠤᠭᠰᠤᠬᠤ ᠡ᠊ᠨᠳᠡᠯ ᠠᠮᠠᠷᠬᠠᠨ ᠭᠠᠷᠳᠠᠭ ᠲᠤᠯᠠ ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ ᠲᠥᠷᠭᠡᠨ ᠮᠡᠳᠡᠭᠳᠡᠵᠤ ᠰᠤᠯᠢᠬᠤ ᠭᠡᠷᠡᠭᠳᠡᠢ᠃
       ③ ᠭᠡᠷᠪᠡ ᠭᠡᠷ ᠲᠤᠳᠤᠷᠠᠬᠢ ᠨᠥᠬᠦᠴᠡᠯ ᠰᠢᠯᠳᠠᠭᠠᠨ ᠠᠴᠠ ᠪᠤᠯᠵᠤ ᠴᠠᠬᠢᠯᠭᠠᠨ ᠵᠤᠭᠰᠤᠭᠰᠠᠨ ᠪᠢᠰᠢ ᠪᠤᠯ ᠴᠠᠭ ᠲᠤᠬᠠᠢ ᠳᠤᠨᠢ ᠲᠤᠰᠬᠠᠢ ᠥᠢᠯᠡᠴᠢᠯᠡᠭᠡᠨ ᠤ ᠬᠠᠮᠢᠶᠠᠷᠤᠯᠳᠠ ᠶᠢᠨ ᠭᠠᠵᠠᠷ ᠪᠤᠶᠤ ᠴᠠᠬᠢᠯᠭᠠᠨ ᠬᠠᠨᠭ᠍ᠭᠠᠬᠤ ᠰᠠᠯᠠᠭ᠎ᠠ ᠮᠥᠴᠢᠷ ᠲᠠᠢ ᠬᠤᠯᠪᠤᠭ᠎ᠠ ᠠᠪᠬᠤ ᠭᠡᠷᠡᠭᠳᠡᠢ᠃
       ︵2︶ ᠴᠠᠬᠢᠯᠭᠠᠨ ᠭᠡᠷᠡᠭᠰᠡᠯ ᠤᠨ ᠭᠠᠯ ᠤᠨ ᠡ᠊ᠨᠳᠡᠯ
       ᠴᠠᠬᠢᠯᠭᠠᠨ ᠤᠳᠠᠰᠤ ᠶᠢ ᠤᠭᠰᠠᠷᠠᠭᠰᠠᠨ ᠨᠢ ᠲᠤᠬᠢᠷᠠᠮᠵᠢ ᠥᠭᠡᠢ ᠪᠤᠶᠤ ᠴᠠᠬᠢᠯᠭᠠᠨ ᠭᠡᠷᠡᠭᠰᠡᠯ ᠢ ᠬᠢᠴᠢᠶᠡᠮᠵᠢ ᠥᠭᠡᠢ ᠭᠡᠷᠡᠭᠯᠡᠭᠰᠡᠨ ᠠᠴᠠ ᠪᠤᠯᠵᠤ ᠴᠠᠬᠢᠯᠭᠠᠨ ᠠᠯᠳᠠᠵᠤ ᠭᠠᠯ ᠤᠨ ᠠᠶᠤᠯ ᠡᠬᠦᠰᠳᠡᠭ᠃ ᠴᠠᠬᠢᠯᠭᠠᠨ ᠭᠡᠷᠡᠭᠰᠡᠯ ᠤᠨ ᠭᠠᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄
       ① ᠭᠡᠷ ᠤᠨ ᠲᠤᠳᠤᠷ᠎ᠠ ᠭᠡᠥᠷᠰᠢᠵᠤ ᠰᠢᠳᠠᠭᠳᠠᠭᠰᠠᠨ ᠥᠨᠥᠷ ᠥᠨᠥᠷᠳᠥᠬᠦ᠂ ᠤᠳᠤᠭ᠎ᠠ ᠭᠠᠷᠬᠤ ᠪᠤᠶᠤ ᠴᠠᠬᠢᠯᠭᠠᠨ ᠠᠯᠳᠠᠬᠤ ᠵᠡᠷᠭᠡ ᠥᠵᠡᠭᠳᠡᠯ ᠡᠬᠦᠰᠪᠡᠯ ᠠᠯᠢᠪᠠ ᠴᠠᠬᠢᠯᠭᠠᠨ ᠢ ᠲᠠᠷᠦ᠋ᠢᠬᠠᠨ ᠲᠠᠰᠤᠯᠵᠤ ᠵᠤᠭᠰᠤᠭᠠᠨ᠂ ᠭᠠᠯ ᠤᠨ ᠠᠶᠤᠯ ᠡᠬᠦᠰᠬᠦ ᠠᠴᠠ ᠰᠡᠷᠭᠡᠶᠢᠯᠡᠨ᠎ᠡ᠃
       ② ᠭᠡᠷᠪᠡ ᠴᠠᠬᠢᠯᠭᠠᠨ ᠠᠴᠠ ᠭᠠᠯ ᠤᠨ ᠡ᠊ᠨᠳᠡᠯ ᠭᠠᠷᠪᠠᠯ᠂ ᠤᠷᠢᠳ ᠢᠶᠠᠷ ᠴᠠᠬᠢᠯᠭᠠᠨ ᠢ ᠲᠠᠰᠤᠯᠤᠨ ᠵᠤᠭᠰᠤᠭᠠᠵᠤ ᠲᠠᠷᠠᠭ᠎ᠠ ᠳᠤᠨᠢ ᠭᠠᠯ ᠤᠨᠳᠠᠷᠠᠭᠠᠨ᠎ᠠ᠃
       ③ ᠴᠠᠬᠢᠯᠭᠠᠨ ᠢ ᠲᠠᠰᠤᠯᠵᠤ ᠵᠤᠭᠰᠤᠭᠠᠬᠤ ᠶᠢᠨ ᠠᠷᠭ᠎ᠠ ᠥᠭᠡᠢ ᠪᠤᠯᠪᠠᠯ ᠨᠡᠬᠦᠷᠡᠰᠥᠳᠦ᠋ᠷᠥᠭᠴᠢ ᠶᠢᠨ ᠲᠠᠪᠬᠤᠷ ᠢᠰᠥᠯ᠂ ᠬᠠᠭᠤᠷᠠᠢ ᠨᠤᠨᠳᠠᠭ ᠲᠠᠢ ᠭᠠᠯ ᠤᠨᠳᠠᠷᠠᠭᠠᠭᠤᠷ ᠢᠶᠠᠷ ᠤᠨᠳᠠᠷᠠᠭᠠᠬᠤ ᠭᠡᠷᠡᠭᠳᠡᠢ᠃
       ④ ᠴᠠᠬᠢᠯᠭᠠᠨ ᠠᠴᠠ ᠡᠬᠦᠰᠥᠭᠰᠡᠨ ᠭᠠᠯ ᠢ ᠲᠡᠷᠡ ᠲᠤᠤᠷ᠎ᠠ ᠪᠠᠨ ᠤᠨᠳᠠᠷᠠᠭᠠᠬᠤ ᠶᠢᠨ ᠠᠷᠭ᠎ᠠ ᠥᠭᠡᠢ ᠪᠤᠯᠪᠠᠯ ᠥᠳᠳᠡᠷ ᠲᠥᠷᠭᠡᠨ ᠢᠶᠠᠷ ᠭᠠᠯ ᠤᠨᠳᠠᠷᠠᠭᠠᠬᠤ ᠴᠠᠭᠳᠠᠭ᠎ᠠ ᠳᠤ ᠮᠡᠳᠡᠭᠦᠯᠦᠨ᠎ᠠ᠃
       ᠰᠠᠨᠠᠭᠤᠯᠬᠤ ᠨᠢ᠄
        ① ᠴᠠᠬᠢᠯᠭᠠᠨ ᠭᠡᠷᠡᠭᠰᠡᠯ ᠲᠥᠬᠦᠭᠡᠷᠥᠮᠵᠢ ᠶᠢ ᠤᠭᠰᠠᠷᠠᠬᠤ ᠪᠠ ᠵᠠᠰᠠᠬᠤ ᠳᠤ ᠴᠠᠬᠢᠯᠭᠠᠨ ᠤ ᠠᠵᠢᠯᠳᠠᠨ ᠢ ᠤᠷᠢᠵᠤ᠂ ᠲᠤᠷ᠎ᠠ ᠪᠠᠷ ᠢᠶᠠᠨ ᠤᠳᠠᠰᠤ ᠵᠠᠯᠭᠠᠬᠤ᠂ ᠬᠢᠷᠢ ᠳᠤ ᠲᠡᠩᠴᠡᠬᠦ ᠥᠭᠡᠢ ᠴᠠᠬᠢᠯᠭᠠᠨ ᠭᠡᠷᠡᠭᠰᠡᠯ ᠢ ᠭᠡᠷᠡᠭᠯᠡᠬᠦ ᠪᠠ ᠬᠢᠷᠢ ᠳᠤ ᠲᠡᠩᠴᠡᠬᠦ ᠥᠭᠡᠢ ᠬᠠᠮᠠᠭᠠᠯᠠᠭᠤᠷ ᠤᠨ ᠲᠤᠨᠤᠭᠯᠠᠯ ᠭᠡᠷᠡᠭᠯᠡᠬᠦ ᠶᠢ ᠡᠷᠡᠰ ᠴᠠᠭᠠᠵᠠᠯᠠᠬᠤ ᠶᠢ ᠪᠠᠷᠢᠮᠳᠠᠯᠠᠨ᠎ᠠ᠃
        ② ᠭᠡᠷ ᠲᠤᠳᠤᠷ᠎ᠠ ᠪᠠᠨ ᠴᠠᠬᠢᠯᠭᠠᠨ ᠤ ᠤᠳᠠᠰᠤ ᠲᠠᠳᠠᠬᠤ ᠳᠠᠭᠠᠨ ᠤᠯᠠᠨ ᠰᠠᠯᠭᠠᠨ ᠲᠠᠳᠠᠬᠤ ᠭᠡᠷᠡᠭᠳᠡᠢ᠃ ᠤᠨᠴᠠᠭᠠᠢᠢᠯᠠᠨ ᠴᠠᠬᠢᠯᠭᠠᠨ ᠬᠥᠳᠡᠯᠭᠡᠬᠦᠷ᠂ ᠴᠠᠬᠢᠯᠭᠠᠨ ᠢᠶᠠᠷ ᠤᠰᠤ ᠬᠠᠯᠠᠭᠠᠬᠤ ᠭᠡᠷᠡᠭᠰᠡᠯ᠂ ᠠᠭᠠᠷ ᠲᠤᠬᠢᠷᠠᠭᠤᠯᠤᠭᠴᠢ ᠵᠡᠷᠭᠡ ᠲᠤᠮᠤ ᠴᠢᠳᠠᠮᠵᠢ ᠲᠠᠢ ᠴᠠᠬᠢᠯᠭᠠᠨ ᠭᠡᠷᠡᠭᠰᠡᠯ ᠤᠳ ᠲᠤ ᠲᠤᠰᠠᠭᠠᠷ ᠤᠳᠠᠰᠤ ᠲᠠᠳᠠᠬᠤ ᠪᠥᠭᠡᠳ ᠲᠤᠰᠬᠠᠢ ᠭᠤᠤᠷᠰᠤ ᠭᠡᠷᠡᠭᠯᠡᠨ᠂ ᠴᠠᠬᠢᠯᠭᠠᠨ ᠤ ᠤᠳᠠᠰᠤᠨ ᠤ ᠵᠠᠯᠭᠠᠭᠠᠰᠤ ᠶᠢ ᠨᠢ ᠬᠠᠶᠢᠷᠴᠠᠭ ᠲᠤᠳᠤᠷ᠎ᠠ ᠪᠠᠶᠢᠯᠭᠠᠬᠤ ᠭᠡᠷᠡᠭᠳᠡᠢ᠃
        ③ ᠲᠤᠮᠤ ᠴᠢᠳᠠᠮᠵᠢ ᠲᠠᠢ ᠴᠠᠬᠢᠯᠭᠠᠨ ᠭᠡᠷᠡᠭᠰᠡᠯ ᠳᠤ ᠭᠡᠷᠡᠭᠯᠡᠬᠦ ᠴᠠᠬᠢᠯᠭᠠᠨ ᠢ ᠴᠠᠭ ᠤᠨ ᠲᠠᠯ᠎ᠠ ᠪᠠᠷ ᠴᠢᠳᠠᠬᠤ ᠶᠢᠨ ᠲᠤᠳᠤᠷ᠎ᠠ ᠵᠥᠷᠢᠬᠦᠯᠥᠨ ᠭᠡᠷᠡᠭᠯᠡᠵᠤ᠂ ᠴᠠᠬᠢᠯᠭᠠᠨ ᠤ ᠤᠳᠠᠰᠤ ᠨᠢ ᠬᠠᠭᠤᠴᠢᠷᠠᠭᠰᠠᠨ ᠪᠠᠶᠢᠪᠠᠯ ᠲᠠᠷᠦ᠋ᠢᠬᠠᠨ ᠰᠤᠯᠢᠵᠤ᠂ ᠬᠠᠭᠤᠴᠢᠷᠠᠭᠰᠠᠨ ᠴᠠᠬᠢᠯᠭᠠᠨ ᠭᠡᠷᠡᠭᠰᠡᠯ ᠢᠶᠠᠨ ᠲᠥᠷᠭᠡᠨ ᠰᠤᠯᠢᠬᠤ ᠨᠢ ᠴᠢᠬᠤᠯᠨ᠃
        ④ ᠭᠡᠷ ᠤᠨ ᠴᠠᠬᠢᠯᠭᠠᠨ ᠭᠡᠷᠡᠭᠰᠡᠯ ᠢ ᠲᠠᠭᠠᠭᠠᠴᠠ ᠠᠴᠠ ᠨᠢ ᠭᠡᠳᠥᠷᠡᠳᠡᠯ᠎ᠡ ᠭᠡᠷᠡᠭᠯᠡᠬᠦ ᠶᠢ ᠡᠷᠡᠰ ᠬᠤᠷᠢᠭᠯᠠᠵᠤ᠂ ᠴᠠᠬᠢᠯᠭᠠᠨ ᠢᠯᠢᠬᠦᠷ᠂ ᠴᠠᠬᠢᠯᠭᠠᠨ ᠴᠤᠮᠤ᠂ ᠴᠠᠬᠢᠯᠭᠠᠨ ᠵᠤᠤᠬ᠎ᠠ᠂ ᠴᠠᠬᠢᠯᠭᠠᠨ ᠲᠤᠯᠠᠭᠠᠭᠤᠷ ᠵᠡᠷᠭᠡ ᠲᠤᠮᠤ ᠴᠢᠳᠠᠮᠵᠢ ᠲᠠᠢ ᠴᠠᠬᠢᠯᠭᠠᠨ ᠭᠡᠷᠡᠭᠰᠡᠯ ᠢ ᠭᠡᠷᠡᠭᠯᠡᠵᠤ ᠪᠠᠶᠢᠭ᠎ᠠ ᠥᠶ᠎ᠡ ᠳᠤ ᠬᠠᠵᠠᠭᠤ ᠳᠤᠨᠢ ᠵᠠᠪᠠᠯ ᠬᠥᠮᠥᠨ ᠬᠠᠷᠠᠵᠤ ᠪᠠᠶᠢᠬᠤ ᠭᠡᠷᠡᠭᠳᠡᠢ᠃
        ⑤ ᠴᠠᠬᠢᠯᠭᠠᠨ ᠤᠳᠠᠰᠤ᠂ ᠴᠠᠬᠢᠯᠭᠠᠨ ᠭᠡᠷᠡᠭᠰᠡᠯ ᠢ ᠥᠨᠳᠥᠷ ᠬᠠᠯᠠᠭᠤᠨ ᠤ ᠪᠤᠳᠠᠰ ᠯᠤᠭ᠎ᠠ ᠤᠢᠢᠷᠠᠳᠤᠭᠤᠯᠬᠤ ᠶᠢ ᠴᠡᠭᠡᠷᠯᠡᠵᠤ᠂ ᠠᠮᠠᠷᠬᠠᠨ ᠨᠤᠴᠤᠵᠤ ᠰᠢᠳᠠᠬᠤ ᠪᠤᠳᠠᠰ ᠠᠴᠠ ᠴᠢᠳᠠᠬᠤ ᠶᠢᠨ ᠲᠤᠳᠤᠷ᠎ᠠ ᠬᠤᠯᠠ ᠪᠠᠶᠢᠯᠭᠠᠨ᠎ᠠ᠃
        ⑥ ᠬᠥᠮᠥᠰ ᠡᠳᠥᠷ ᠲᠤᠳᠤᠮ ᠤᠨ ᠠᠮᠢᠳᠤᠷᠠᠯ ᠳᠠᠭᠠᠨ ᠭᠡᠷ ᠠᠴᠠ ᠪᠠᠨ ᠭᠠᠷᠴᠤ ᠶᠠᠪᠤᠪᠠᠯ ᠴᠠᠬᠢᠯᠭᠠᠨ ᠢ ᠲᠠᠰᠤᠯᠵᠤ ᠵᠤᠭᠰᠤᠭᠠᠬᠤ ᠰᠠᠶᠢᠬᠠᠨ ᠲᠠᠳᠬᠠᠯ ᠲᠠᠢ ᠪᠠᠶᠢᠬᠤ ᠭᠡᠷᠡᠭᠳᠡᠢ᠃ ᠴᠠᠬᠢᠯᠭᠠᠨ ᠵᠤᠭᠰᠤᠭᠰᠠᠨ ᠥᠶ᠎ᠡ ᠳᠤ ᠴᠤ ᠭᠡᠳ ᠴᠠᠬᠢᠯᠭᠠᠨ ᠢᠶᠠᠨ ᠲᠥᠷ ᠴᠠᠭ ᠲᠠᠰᠤᠯᠬᠤ ᠭᠡᠷᠡᠭᠳᠡᠢ᠃
       ︵3︶ ᠴᠠᠬᠢᠯᠭᠠᠨ ᠱᠠᠳᠤ ᠶᠢᠨ ᠡ᠊ᠨᠳᠡᠯ
       ᠴᠠᠬᠢᠯᠭᠠᠨ ᠱᠠᠳᠤ ᠪᠤᠯ ᠥᠨᠳᠥᠷ ᠲᠠᠪᠬᠤᠷᠭᠠᠳᠤ ᠪᠠᠷᠢᠯᠭ᠎ᠠ ᠶᠢᠨ ᠴᠢᠬᠤᠯᠠ ᠠᠴᠢᠶᠠᠯᠠᠪᠤᠷᠢ ᠶᠢᠨ ᠪᠠᠭᠠᠵᠢ ᠮᠥᠨ᠃ ᠭᠡᠷᠪᠡ ᠡ᠊ᠨᠳᠡᠯ ᠡᠬᠦᠰᠬᠦ ᠳᠤ ᠬᠥᠷᠪᠡᠯ ᠬᠥᠮᠥᠨ ᠬᠤᠷᠢᠭᠳᠠᠬᠤ᠂ ᠤᠨᠠᠵᠤ ᠤᠢᠢᠴᠢᠬᠤ ᠲᠤᠯᠠ ᠬᠥᠮᠥᠰ ᠠᠶᠤᠨ ᠰᠠᠨᠳᠤᠷᠬᠤ᠂ ᠴᠢᠨᠠᠭᠰᠢᠯᠠᠪᠠᠯ ᠠᠶᠤᠯ ᠲᠠᠢ ᠡ᠊ᠨᠳᠡᠯ ᠭᠠᠷᠬᠤ ᠪᠤᠯᠤᠨ᠎ᠠ᠃ ᠴᠠᠬᠢᠯᠭᠠᠨ ᠱᠠᠳᠤ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄
       ① ᠴᠠᠬᠢᠯᠭᠠᠨ ᠱᠠᠳᠤ ᠶᠢᠨ ᠬᠤᠷᠳᠤᠴᠠ ᠨᠢ ᠭᠡᠪ ᠤᠨ ᠪᠤᠰᠤ ᠪᠠᠶᠢᠪᠠᠯ᠂ ᠪᠡᠶ᠎ᠡ ᠪᠠᠨ ᠪᠥᠬᠦ᠋ᠢᠨ ᠬᠤᠶᠠᠷ ᠬᠥᠯ ᠢᠶᠠᠨ ᠲᠡᠩᠴᠡᠬᠦᠷᠢ ᠲᠠᠢ ᠪᠠᠶᠢᠯᠭᠠᠵᠤ᠂ ᠭᠠᠷᠴᠤ ᠮᠡᠳᠡᠭᠦ ᠠᠳᠡᠯ ᠢ ᠠᠷᠭᠠᠴᠠᠬᠤ ᠭᠡᠷᠡᠭᠳᠡᠢ᠃
       ② ᠭᠡᠷᠪᠡ ᠴᠠᠬᠢᠯᠭᠠᠨ ᠱᠠᠳᠤᠨ ᠲᠤᠳᠤᠷ᠎ᠠ ᠬᠤᠷᠢᠭᠳᠠᠪᠠᠯ᠂ ᠲᠡᠷᠡ ᠲᠤᠤᠷ᠎ᠠ ᠨᠢ ᠴᠠᠬᠢᠯᠭᠠᠨ ᠱᠠᠳᠤᠨ ᠲᠤᠳᠤᠷᠠᠬᠢ ᠰᠡᠷᠡᠮᠵᠢ ᠶᠢᠨ ᠬᠤᠨᠭ᠍ᠬᠤ᠂ ᠶᠠᠷᠢᠯᠴᠠᠬᠤ ᠮᠠᠰᠢᠨ ᠪᠠ ᠳ᠋ᠢᠶᠠᠩᠬᠤᠸᠠ ᠪᠠᠷ ᠬᠠᠮᠢᠶᠠᠷᠬᠤ ᠬᠥᠮᠥᠨ ᠲᠠᠢ ᠬᠠᠷᠢᠯᠴᠠᠵᠤ᠂ ᠭᠠᠳᠠᠨ᠎ᠠ ᠠᠴᠠ ᠠᠪᠤᠷᠠᠨ ᠲᠤᠰᠠᠯᠠᠬᠤ ᠶᠢ ᠬᠥᠯᠢᠶᠡᠬᠦ ᠭᠡᠷᠡᠭᠳᠡᠢ᠃ ᠭᠡᠷᠪᠡ ᠰᠡᠷᠡᠮᠵᠢ ᠶᠢᠨ ᠬᠤᠨᠭ᠍ᠬᠤ ᠨᠢ ᠲᠤᠰᠠ ᠥᠭᠡᠢ ᠪᠤᠯ ᠶᠡᠭᠡ ᠲᠠᠭᠤᠨ ᠢᠶᠠᠷ ᠬᠠᠰᠬᠢᠷᠬᠤ ᠪᠤᠶᠤ ᠴᠠᠬᠢᠯᠭᠠᠨ ᠱᠠᠳᠤᠨ ᠤ ᠡᠬᠦᠳᠡ ᠶᠢ ᠵᠠᠪᠰᠠᠷᠯᠠᠭᠤᠯᠤᠨ ᠠᠯᠠᠭᠠᠳᠠᠬᠤ ᠭᠡᠷᠡᠭᠳᠡᠢ᠃
       ③ ᠴᠠᠬᠢᠯᠭᠠᠨ ᠱᠠᠳᠤ ᠵᠤᠭᠰᠤᠬᠤ
       ᠥᠶᠡᠰ ᠴᠠᠬᠢᠯᠭᠠᠨ ᠱᠠᠳᠤ ᠭᠡᠨᠡᠳᠳᠡ ᠬᠥᠳᠡᠯᠬᠦ ᠶᠢ ᠰᠡᠷᠭᠡᠶᠢᠯᠡᠬᠦ ᠶᠢᠨ ᠲᠥᠯᠥᠭᠡ᠂ ᠪᠤᠯᠬᠤ ᠶᠢᠨ ᠲᠤᠳᠤᠷ᠎ᠠ ᠡᠬᠦᠳᠡ ᠶᠢ ᠨᠢ ᠨᠡᠭᠡᠭᠡᠨ ᠮᠥᠯᠬᠦᠵᠤ ᠭᠠᠷᠬᠤ ᠬᠡᠷᠡᠭᠳᠠᠢ᠃
        ④ ᠴᠠᠬᠢᠯᠭᠠᠨ ᠱᠠᠳᠤ ᠠᠵᠢᠯᠯᠠᠭᠠᠨ ᠳᠠᠭᠠᠨ ᠪᠠᠶᠢᠬᠤ ᠳᠤᠨᠢ ᠤᠰᠤ ᠤᠷᠤᠪᠠᠯ ᠴᠠᠬᠢᠯᠭᠠᠨ ᠱᠠᠳᠤ ᠶᠢ ᠬᠠᠮᠤᠭ ᠲᠡᠭᠡᠷ᠎ᠡ ᠲᠠᠪᠬᠤᠷᠭ᠎ᠠ ᠳᠤ ᠬᠥᠷᠬᠡᠬᠦ ᠶᠢᠨ ᠬᠠᠮᠳᠤ ᠰᠡᠯᠪᠢᠨ ᠵᠠᠰᠠᠬᠤ ᠠᠵᠢᠯᠳᠠᠨ ᠳᠤ ᠮᠡᠳᠡᠭᠦᠯᠦᠨ᠎ᠡ᠃
       ⑤ ᠭᠡᠷᠪᠡ ᠠᠵᠢᠯᠯᠠᠭᠠᠨ ᠳᠠᠭᠠᠨ ᠪᠠᠶᠢᠭ᠎ᠠ ᠴᠠᠬᠢᠯᠭᠠᠨ ᠱᠠᠳᠤ ᠭᠠᠯ ᠨᠤᠴᠤᠪᠠᠯ᠂ ᠴᠠᠬᠢᠯᠭᠠᠨ ᠱᠠᠳᠤ ᠶᠢ ᠤᠢᠢᠷ᠎ᠠ ᠪᠠᠶᠢᠭ᠎ᠠ ᠲᠠᠪᠬᠤᠷᠭ᠎ᠠ ᠳᠤ ᠵᠤᠭᠰᠤᠭᠠᠬᠤ ᠶᠢᠨ ᠬᠠᠮᠳᠤ ᠠᠰᠠᠷ ᠤᠨ ᠱᠠᠳᠤ ᠪᠠᠷ ᠬᠤᠷᠳᠤᠨ ᠲᠤᠳᠠᠭᠠᠨ ᠵᠠᠶᠢᠯᠠᠬᠤ ᠨᠢ ᠴᠢᠬᠤᠯᠨ᠃
        ᠰᠠᠨᠠᠭᠤᠯᠬᠤ ᠨᠢ᠄
        ① ᠴᠠᠬᠢᠯᠭᠠᠨ ᠱᠠᠳᠤᠨ ᠳᠤ ᠬᠥᠮᠥᠨ ᠬᠤᠷᠢᠭᠳᠠᠬᠤ ᠥᠵᠡᠭᠳᠡᠯ ᠨᠢ ᠨᠢᠭᠡ ᠵᠥᠢᠯ ᠤᠨ ᠬᠠᠮᠠᠭᠠᠯᠠᠯᠳᠠ ᠶᠢᠨ ᠪᠠᠶᠢᠳᠠᠯ ᠪᠤᠯᠤᠨ᠎ᠠ᠂ ᠬᠠᠷᠢᠨ ᠠᠶᠤᠯ ᠲᠠᠢ ᠪᠠᠶᠢᠳᠠᠯ ᠪᠢᠰᠢ᠂ ᠡᠶᠢᠮᠥ ᠠᠴᠠ ᠠᠶᠤᠵᠤ ᠰᠠᠨᠳᠤᠷᠬᠤ ᠭᠡᠷᠡᠭ ᠥᠭᠡᠢ᠃
        ② ᠭᠠᠵᠠᠷ ᠬᠥᠳᠡᠯᠥᠯᠳᠡ᠂ ᠭᠠᠯ ᠤᠨ ᠭᠠᠮᠰᠢᠭ᠂ ᠴᠠᠬᠢᠯᠭᠠᠨ ᠱᠠᠳᠤᠨ ᠳᠤ ᠤᠰᠤ ᠤᠷᠤᠬᠤ ᠵᠡᠷᠭᠡ ᠪᠠᠴᠢᠮ ᠪᠠᠶᠢᠳᠠᠯ ᠳᠤ ᠴᠠᠬᠢᠯᠭᠠᠨ ᠱᠠᠳᠤ ᠭᠡᠷᠡᠭᠯᠡᠬᠦ ᠶᠢ ᠡᠷᠡᠰ ᠴᠠᠭᠠᠵᠠᠯᠠᠵᠤ᠂ ᠭᠠᠯ ᠤᠨᠳᠠᠷᠠᠭᠠᠬᠤ ᠨᠡᠪᠳᠡᠷᠡᠯᠭᠡ ᠶᠢᠨ ᠵᠠᠮ ᠪᠤᠶᠤ ᠠᠰᠠᠷ ᠤᠨ ᠱᠠᠳᠤ ᠪᠠᠷ ᠶᠠᠪᠤᠬᠤ ᠭᠡᠷᠡᠭᠳᠡᠢ᠃
       ︵4︶ ᠰᠢᠳᠠᠮᠠᠬᠠᠢ ᠭᠡᠢ ᠶᠢᠨ ᠡ᠊ᠨᠳᠡᠯ
       ᠭᠡᠢ ᠠᠭᠠᠷ ᠨᠢ ᠨᠡᠪᠳᠡᠷᠡᠬᠦ ᠨᠢ ᠮᠠᠭᠤ ᠪᠠᠶᠢᠬᠤ ᠥᠷᠥᠭᠡᠨ ᠳᠤ ᠰᠢᠳᠠᠮᠠᠬᠠᠢ ᠭᠡᠢ ᠶᠢᠨ ᠤᠰᠤᠨ ᠬᠠᠯᠠᠭᠠᠭᠤᠷ ᠵᠠᠷᠤᠬᠤ᠂ ᠥᠷᠥᠭᠡᠨ ᠳᠠᠬᠢ ᠰᠢᠳᠠᠮᠠᠬᠠᠢ ᠭᠡᠢ ᠶᠢᠨ ᠲᠥᠬᠦᠭᠡᠷᠥᠮᠵᠢ ᠶᠢ ᠲᠤᠷ᠎ᠠ ᠪᠠᠷ ᠢᠶᠠᠨ ᠵᠠᠰᠠᠨ ᠥᠭᠡᠷᠡᠴᠢᠯᠡᠬᠦ ᠵᠢᠴᠢ ᠰᠢᠳᠠᠮᠠᠬᠠᠢ ᠭᠡᠢ ᠶᠢᠨ ᠲᠡᠷᠤᠯᠳᠠ ᠲᠤᠬᠢᠷᠠᠭᠤᠯᠬᠤ ᠭᠠᠵᠠᠷ᠂ ᠲᠡᠷᠤᠯᠳᠠ ᠲᠤᠬᠢᠷᠠᠭᠤᠯᠬᠤ ᠬᠠᠶᠢᠷᠴᠠᠭ᠂ ᠰᠢᠳᠠᠮᠠᠬᠠᠢ ᠭᠡᠢ ᠶᠢᠨ ᠬᠤᠳᠳᠤᠭ ᠤᠨ ᠬᠠᠭᠠᠯᠭ᠎ᠠ ᠶᠢᠨ ᠤᠷᠴᠢᠨ ᠳᠤ ᠭᠠᠯ ᠬᠡᠷᠡᠭᠰᠡᠬᠦ᠂ ᠫᠤᠤᠵᠢᠩ ᠲᠠᠯᠪᠢᠬᠤ ᠳᠤ ᠬᠥᠷᠪᠡᠯ ᠠᠮᠠᠷᠬᠠᠨ ᠰᠢᠳᠠᠮᠠᠬᠠᠢ ᠭᠡᠢ ᠶᠢᠨ ᠬᠤᠤᠷᠳᠠᠭᠳᠠᠯ᠂ ᠭᠠᠯ ᠤᠨ ᠭᠠᠮᠰᠢᠭ ᠪᠤᠶᠤ ᠲᠡᠯᠪᠡᠷᠡᠯᠳᠡ ᠵᠡᠷᠭᠡ ᠬᠥᠨᠳᠤ ᠨᠤᠴᠢᠳᠠᠢ ᠡ᠊ᠨᠳᠡᠯ ᠡᠬᠦᠰᠭᠡᠳᠡᠭ᠃ ᠰᠢᠳᠠᠮᠠᠬᠠᠢ ᠭᠡᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄
       ① ᠰᠢᠳᠠᠮᠠᠬᠠᠢ ᠭᠡᠢ ᠵᠠᠳᠠᠷᠠᠪᠠᠯ ᠲᠡᠷᠡ ᠲᠤᠤᠷ᠎ᠠ ᠨᠢ ᠭᠡᠢ ᠶᠢᠨ ᠢᠷᠡᠯᠳᠡ ᠶᠢ ᠨᠢ ᠲᠠᠰᠤᠯᠵᠤ᠂ ᠡᠬᠦᠳᠡ ᠴᠤᠩᠬᠤ ᠪᠠᠨ ᠲᠥᠷᠭᠡᠨ ᠨᠡᠭᠡᠭᠡᠵᠤ ᠭᠡᠢ ᠠᠭᠠᠷ ᠨᠡᠪᠳᠡᠷᠡᠬᠦᠯᠬᠦ ᠭᠡᠷᠡᠭᠳᠡᠢ᠃ ᠭᠡᠬᠦ ᠳᠡᠭᠡᠨ ᠠᠷᠭ᠎ᠠ ᠬᠢᠳᠡᠯ ᠬᠥᠡᠭᠭᠡᠨ᠂ ᠲᠡᠮᠦᠷᠯᠢᠭ ᠤᠨ ᠵᠥᠢᠯ ᠰᠢᠷᠥᠬᠦᠨ ᠱᠥᠷᠬᠦᠯᠳᠥᠵᠤ ᠭᠠᠯ ᠤᠨ ᠤᠴᠢ ᠭᠠᠷᠴᠤ ᠲᠡᠯᠪᠡᠷᠡᠯᠳᠡ ᠡᠬᠦᠰᠬᠦ ᠶᠢ ᠰᠡᠷᠭᠡᠶᠢᠯᠡᠨ᠎ᠡ᠃
       ② ᠰᠢᠳᠠᠮᠠᠬᠠᠢ ᠭᠡᠢ ᠵᠠᠳᠠᠷᠠᠪᠠᠯ ᠶᠠᠮᠠᠷᠪᠠ ᠴᠠᠬᠢᠯᠭᠠᠨ ᠭᠡᠷᠡᠭᠰᠡᠯ ᠢ ᠨᠡᠭᠡᠭᠡᠬᠦ ᠪᠤᠶᠤ ᠬᠠᠭᠠᠵᠤ ᠶᠠᠭᠠᠬᠢᠭᠰᠠᠨ ᠴᠤ ᠪᠤᠯᠬᠤ ᠥᠭᠡᠢ᠃ ᠲᠤᠰᠤᠨ ᠤᠳᠤᠭ᠎ᠠ ᠶᠢᠨ ᠰᠤᠷᠤᠭᠤᠯ ᠪᠤᠶᠤ ᠠᠭᠠᠷ ᠲᠤᠭᠢᠷᠠᠭᠤᠯᠤᠭᠴᠢ ᠶᠢ ᠨᠡᠭᠡᠭᠡᠵᠤ ᠭᠡᠢ ᠠᠭᠠᠷ ᠰᠤᠯᠢᠵᠤ ᠪᠤᠯᠬᠤ ᠥᠭᠡᠢ᠂ ᠰᠢᠳᠠᠮᠠᠬᠠᠢ ᠭᠡᠢ ᠵᠠᠳᠠᠷᠠᠭᠰᠠᠨ ᠥᠷᠥᠭᠡᠨ ᠳᠤ ᠳ᠋ᠢᠶᠠᠩᠬᠤᠸᠠ ᠪᠠᠷ ᠶᠠᠷᠢᠵᠤ ᠪᠤᠯᠬᠤ ᠥᠭᠡᠢ᠂ ᠭᠠᠯ ᠤᠨ ᠤᠴᠢ ᠭᠠᠷᠴᠤ ᠲᠡᠯᠪᠡᠷᠡᠯᠳᠡ ᠡᠬᠦᠰᠬᠦ ᠶᠢ ᠰᠡᠷᠭᠡᠶᠢᠯᠡᠨ᠎ᠡ᠃
       ③ ᠰᠢᠳᠠᠮᠠᠬᠠᠢ ᠭᠡᠢ ᠵᠠᠳᠠᠷᠠᠪᠠᠯ ᠥᠷᠥᠭᠡᠨ ᠳᠤ ᠪᠠᠶᠢᠵᠤ ᠪᠤᠯᠬᠤ ᠥᠭᠡᠢ᠃ ᠠᠮᠢᠰᠬᠤᠭ᠎ᠠ ᠪᠥᠭᠯᠡᠷᠡᠬᠦ᠂ ᠬᠤᠤᠷᠳᠠᠭᠳᠠᠬᠤ ᠶᠢ ᠰᠡᠷᠭᠡᠶᠢᠯᠡᠬᠦ ᠭᠡᠷᠡᠭᠳᠡᠢ᠃
       ④ ᠰᠢᠩᠭᠡᠵᠢᠯ ᠭᠡᠢ ᠶᠢᠨ ᠰᠠᠪᠠ ᠭᠠᠯ ᠨᠤᠴᠤᠪᠠᠯ᠂ ᠲᠡᠷᠡ ᠲᠤᠤᠷ᠎ᠠ ᠨᠢ ᠨᠦᠢᠳᠠᠨ ᠠᠯᠴᠢᠭᠤᠷ᠂ ᠬᠥᠨᠵᠢᠯᠡ ᠲᠡᠪᠢᠰᠭᠡᠷ᠂ ᠬᠤᠪᠴᠠᠰᠤ ᠬᠤᠨᠠᠷ ᠢᠶᠠᠷ ᠭᠠᠯ ᠢ ᠲᠠᠷᠤᠨ ᠤᠨᠳᠠᠷᠠᠭᠠᠬᠤ ᠶᠢᠨ ᠬᠠᠮᠳᠤ ᠰᠢᠩᠭᠡᠵᠢᠯ ᠭᠡᠢ ᠶᠢᠨ ᠰᠠᠪᠠ ᠶᠢᠨ ᠨᠡᠭᠡᠯᠡᠭᠡᠢ ᠶᠢ ᠲᠤᠤᠷ᠎ᠠ ᠨᠢ ᠬᠠᠭᠠᠬᠤ ᠭᠡᠷᠡᠭᠳᠡᠢ᠃
       ᠰᠠᠨᠠᠭᠤᠯᠬᠤ ᠨᠢ᠄
        ① ᠶᠠᠮᠠᠷᠪᠠ ᠰᠢᠳᠠᠮᠠᠬᠠᠢ ᠭᠡᠢ ᠶᠢ ᠭᠡᠷᠡᠭᠯᠡᠬᠦ ᠳᠤ ᠥᠷᠥᠭᠡᠨ ᠲᠤᠳᠤᠷᠠᠬᠢ ᠭᠡᠢ ᠠᠭᠠᠷ ᠢ ᠴᠥᠮ ᠨᠡᠪᠳᠡᠷᠡᠯᠳᠡ ᠰᠠᠶᠢᠳᠠᠢ ᠪᠠᠶᠢᠯᠭᠠᠨ᠎ᠠ᠃
        ② ᠭᠤᠤᠷᠰᠤ ᠪᠤᠯᠤᠨ ᠭᠤᠤᠷᠰᠤᠨ ᠤ ᠵᠠᠯᠭᠠᠳᠠᠰᠤᠨ ᠲᠡᠭᠡᠷ᠎ᠡ ᠪᠠᠨ ᠰᠠᠪᠤᠩ ᠲᠥᠷᠬᠢᠵᠤ᠂ ᠭᠡᠢ ᠵᠠᠳᠠᠷᠠᠵᠤ ᠪᠠᠶᠢᠬᠤ ᠡᠰᠡᠬᠦ ᠶᠢ ᠥᠷᠬᠦᠯᠵᠢ ᠪᠠᠶᠢᠴᠠᠭᠠᠬᠤ ᠭᠡᠷᠡᠭᠳᠡᠢ᠃
        ③ ᠭᠤᠤᠷᠰᠤᠨ ᠵᠠᠮ ᠤᠨ ᠰᠢᠳᠠᠮᠠᠬᠠᠢ ᠭᠡᠢ ᠶᠢ ᠭᠡᠷᠡᠭᠯᠡᠬᠦ ᠶᠠᠪᠤᠴᠠ ᠪᠤᠯᠤᠨ ᠭᠡᠷᠡᠭᠯᠡᠬᠦ ᠠᠴᠠ ᠡᠮᠥᠨ᠎ᠡ ᠰᠢᠳᠠᠮᠠᠬᠠᠢ ᠭᠡᠢ ᠨᠢ ᠭᠡᠨᠡᠳᠳᠡ ᠲᠠᠰᠤᠷᠠᠬᠤ ᠪᠤᠶᠤ ᠭᠡᠢ ᠥᠭᠡᠢ ᠪᠤᠯᠬᠤ ᠥᠶᠡᠰ ᠰᠢᠳᠠᠮᠠᠬᠠᠢ ᠭᠡᠢ ᠶᠢᠨ ᠭᠡᠷᠡᠭᠰᠡᠯ ᠤᠨ ᠨᠡᠭᠡᠯᠡᠭᠡᠢ ᠵᠢᠴᠢ ᠰᠢᠳᠠᠮᠠᠬᠠᠢ ᠭᠡᠢ ᠶᠢᠨ ᠭᠡᠮᠵᠢᠬᠦᠷ ᠤᠨ ᠨᠡᠬᠡᠬᠡᠯᠬᠡ   ᠶᠢ ᠴᠤᠭ ᠲᠤᠨᠢ ᠬᠠᠭᠠᠵᠤ᠂ ᠭᠡᠢ ᠬᠠᠨᠭ᠍ᠭᠠᠵᠤ ᠪᠥᠬᠦᠢ ᠨᠢᠭᠡᠴᠢ ᠳᠤ ᠲᠠᠷᠦ᠋ᠢᠬᠠᠨ ᠤᠳᠠᠰᠤ ᠪᠠᠷ ᠮᠡᠳᠡᠭᠳᠡᠵᠤ᠂ ᠭᠡᠪ ᠤᠨ ᠶᠤᠰᠤᠭᠠᠷ ᠭᠡᠢ ᠬᠠᠨᠭ᠍ᠭᠠᠭᠰᠠᠨ ᠮᠡᠳᠡᠭᠳᠡᠯ ᠢ ᠤᠯᠤᠭᠰᠠᠨ ᠤ ᠰᠡᠬᠦᠯᠡᠷ ᠥᠷᠬᠦᠯᠵᠢᠯᠡᠨ ᠭᠡᠷᠡᠭᠯᠡᠵᠤ ᠪᠤᠯᠤᠨ᠎ᠠ᠃
        ④ ᠰᠢᠳᠠᠮᠠᠬᠠᠢ ᠭᠡᠢ ᠶᠢᠨ ᠪᠠᠭᠠᠵᠢ ᠭᠡᠷᠡᠭᠰᠡᠯ ᠢ ᠭᠡᠷᠡᠭᠯᠡᠬᠦ ᠥᠶᠡᠰ᠂ ᠭᠡᠷᠪᠡ ᠭᠠᠯ ᠤᠨ ᠰᠤᠷ ᠨᠢ ᠰᠢᠷᠭᠠᠯ ᠥᠡᠭᠭᠡ ᠲᠠᠢ ᠪᠠᠶᠢᠪᠠᠯ ᠭᠡᠪ ᠤᠨ ᠪᠤᠰᠤ ᠪᠠᠷ ᠰᠢᠳᠠᠵᠤ ᠪᠠᠶᠢᠬᠤ ᠪᠤᠯᠬᠤᠷ ᠡᠨᠡ ᠥᠶᠡᠰ ᠡᠷᠭᠡᠪᠰᠢ ᠡᠬᠦᠳᠡ ᠴᠤᠩᠬᠤ ᠪᠠᠨ ᠨᠡᠭᠡᠭᠡᠵᠤ ᠰᠠᠯᠬᠢ ᠨᠡᠪᠳᠡᠷᠡᠭᠦᠯᠤᠨ᠎ᠠ᠃
       ⑤ ᠰᠢᠳᠠᠮᠠᠬᠠᠢ ᠭᠡᠢ ᠶᠢ ᠭᠡᠷᠡᠭᠯᠡᠬᠦ ᠪᠠᠨ ᠵᠤᠭᠰᠤᠬᠤ ᠪᠤᠶᠤ ᠤᠨᠳᠠᠬᠤ ᠠᠴᠠ ᠪᠠᠨ ᠡᠮᠥᠨ᠎ᠡ᠂ ᠰᠢᠳᠠᠮᠠᠬᠠᠢ ᠭᠡᠢ ᠶᠢᠨ ᠪᠠᠭᠠᠵᠢ ᠭᠡᠷᠡᠭᠰᠡᠯ ᠢᠶᠠᠨ ᠪᠠᠶᠢᠴᠠᠭᠠᠨ ᠥᠵᠡᠵᠤ᠂ ᠵᠤᠤᠬᠠᠨ ᠤ ᠨᠡᠬᠡᠬᠡᠯᠬᠡ ᠪᠤᠯᠤᠨ ᠮᠤᠰᠬᠢᠭᠤᠷ ᠪᠥᠭᠯᠡᠭᠡ ᠶᠢ ᠰᠠᠶᠢᠳᠤᠷ ᠬᠠᠭᠠᠵᠤ᠂ ᠭᠡᠢ ᠵᠠᠳᠠᠷᠠᠬᠤ ᠠᠴᠠ ᠰᠡᠷᠭᠡᠶᠢᠯᠡᠨ᠎ᠡ᠃
       ⑥ ᠰᠢᠳᠠᠮᠠᠬᠠᠢ ᠭᠡᠢ ᠶᠢᠨ ᠰᠠᠪᠠ ᠶᠢᠨ ᠥᠯᠡᠳᠡᠪᠥᠷᠢ ᠰᠢᠭᠠᠷᠤ ᠶᠢ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠶᠢᠨ ᠲᠤᠯᠠᠳᠠ ᠲᠤᠷ᠎ᠠ ᠪᠠᠷ ᠢᠶᠠᠨ ᠰᠢᠢᠳᠪᠥᠷᠢᠯᠡᠵᠤ ᠪᠤᠯᠬᠤ ᠥᠭᠡᠢ᠃
       ⑦ ᠤᠯᠤᠰ ᠠᠴᠠ ᠭᠡᠷᠡᠭᠯᠡᠬᠦ ᠶᠢ ᠨᠢ ᠢᠯᠡ ᠪᠠᠷ ᠴᠠᠭᠠᠵᠠᠯᠠᠭᠰᠠᠨ ᠰᠢᠭᠤᠳ ᠭᠤᠭᠤᠵᠢᠭᠤᠷ ᠭᠡᠯᠪᠡᠷᠢ ᠶᠢᠨ ᠰᠢᠳᠠᠮᠠᠬᠠᠢ ᠭᠡᠢ ᠶᠢᠨ ᠤᠰᠤ ᠬᠠᠯᠠᠭᠠᠬᠤ ᠪᠠᠭᠠᠵᠢ ᠶᠢ ᠭᠡᠷᠡᠭᠯᠡᠵᠤ ᠪᠤᠯᠬᠤ ᠥᠭᠡᠢ᠃
       ︵5︶ ᠤᠰᠤᠨ ᠬᠠᠨᠭ᠍ᠭᠠᠯᠭ᠎ᠠ ᠶᠢᠨ ᠡ᠊ᠨᠳᠡᠯ
       ᠲᠥᠭᠡᠭᠡᠯ ᠤᠰᠤᠨ ᠤ ᠥᠢᠯᠡᠳᠪᠥᠷᠢ ᠶᠢᠨ ᠤᠰᠤᠨ ᠤ ᠤᠷᠤᠰᠬᠠᠯ ᠤᠨ ᠬᠠᠷᠰᠢ᠂ ᠤᠰᠤ ᠬᠠᠨᠭ᠍ᠭᠠᠬᠤ ᠬᠤᠭᠤᠯᠠᠢ ᠶᠢᠨ ᠡᠪᠳᠡᠷᠡᠯ ᠵᠢᠴᠢ ᠰᠠᠨᠠᠭᠠᠨ ᠳᠤ ᠥᠭᠡᠢ ᠭᠠᠳᠠᠭᠠᠳᠤ ᠬᠥᠴᠥᠨ ᠤ ᠡᠪᠳᠡᠭᠳᠡᠯ ᠵᠡᠷᠭᠡ ᠰᠢᠯᠳᠠᠭᠠᠨ ᠠᠴᠠ ᠴᠥᠮ ᠤᠰᠤᠨ ᠤ ᠬᠠᠨᠭ᠍ᠭᠠᠯᠭ᠎ᠠ ᠶᠢᠨ ᠠᠳᠡᠯ ᠡᠬᠦᠰᠳᠡᠭ᠃ ᠤᠰᠤᠨ ᠬᠠᠨᠭ᠍ᠭᠠᠯᠭ᠎ᠠ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄
       ① ᠤᠰᠤᠨ ᠤ ᠬᠠᠨᠭ᠍ᠭᠠᠯᠭ᠎ᠠ ᠶᠢᠨ ᠬᠤᠭᠤᠯᠠᠢ ᠶᠢᠨ ᠤᠰᠤ ᠵᠤᠭᠰᠤᠬᠤ᠂ ᠤᠰᠤ ᠭᠤᠭᠤᠵᠢᠬᠤ ᠵᠡᠷᠭᠡ ᠡ᠊ᠨᠳᠡᠯ ᠡᠬᠦᠰᠪᠡᠯ ᠲᠠᠷᠦ᠋ᠢᠬᠠᠨ ᠤᠰᠤᠨ ᠤ ᠬᠠᠨᠭ᠍ᠭᠠᠯᠭ᠎ᠠ ᠶᠢᠨ ᠨᠢᠭᠡᠴᠢ ᠳᠤ ᠮᠡᠳᠡᠭᠳᠡᠨ᠂ ᠲᠥᠷᠭᠡᠨ ᠵᠠᠰᠠᠭᠤᠯᠵᠤ᠂ ᠤᠰᠤᠨ ᠤ ᠡᠬᠢ ᠪᠠᠶᠠᠯᠢᠬ ᠤᠨ ᠬᠤᠬᠢᠷᠠᠯ ᠢ ᠪᠠᠭᠠᠰᠬᠠᠨ᠎ᠠ᠃
       ② ᠤᠰᠤᠨ ᠤ ᠲᠠᠷᠤᠯᠳᠠ ᠭᠡᠨᠡᠳᠳᠡ ᠪᠠᠭᠤᠷᠠᠬᠤ ᠥᠶᠡᠰ᠂ ᠰᠠᠭᠤᠭᠠᠯᠢ ᠠᠷᠠᠳ ᠭᠡᠷ ᠤᠨ ᠭᠡᠷᠡᠭᠯᠡᠭᠡᠨ ᠤ ᠴᠡᠪᠡᠷ ᠰᠠᠪᠠᠨ ᠳᠤ ᠤᠰᠤ ᠬᠠᠳᠠᠭᠠᠯᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠯᠡᠨ᠎ᠡ᠃
       ③ ᠭᠡᠷᠪᠡ ᠲᠥᠭᠡᠭᠡᠯ ᠤᠰᠤ ᠨᠢ ᠪᠤᠯᠠᠩᠬᠢᠷᠳᠤᠬᠤ᠂ ᠥᠡᠭᠭᠡ ᠨᠢ ᠬᠤᠪᠢᠷᠠᠬᠤ ᠪᠠ ᠰᠤᠨᠢᠨ ᠥᠨᠥᠷ ᠠᠮᠳᠠ ᠲᠠᠢ ᠪᠤᠯᠪᠠᠯ ᠲᠠᠷᠦ᠋ᠢᠬᠠᠨ ᠭᠡᠷᠡᠭᠯᠡᠬᠦ ᠪᠠᠨ ᠵᠤᠭᠰᠤᠬᠤ ᠶᠢᠨ ᠲᠠᠭᠠᠤ ᠤᠰᠤᠨ ᠤ ᠬᠠᠨᠭ᠍ᠭᠠᠯᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ᠃
        ᠰᠠᠨᠠᠭᠤᠯᠬᠤ ᠨᠢ᠄
       ① ᠭᠤᠤᠷᠰᠤ ᠬᠤᠭᠤᠯᠠᠢ ᠲᠡᠯᠪᠡᠷᠡᠭᠰᠡᠨ᠂ ᠤᠰᠤ ᠭᠤᠭᠤᠵᠢᠭᠰᠠᠨ ᠲᠤᠬᠠᠢ ᠶᠢᠨ ᠭᠠᠵᠠᠷ ᠤᠨ ᠤᠷᠴᠢᠮ ᠳᠠᠬᠢ ᠬᠥᠮᠥᠰ ᠪᠤᠯᠤᠨ ᠲᠡᠷᠭᠡ ᠬᠥᠰᠭᠡ ᠨᠢ ᠡ᠊ᠨᠳᠡᠯ ᠭᠠᠷᠤᠭᠰᠠᠨ ᠬᠤᠳᠤᠭᠤᠷ ᠭᠠᠵᠠᠷ ᠠᠴᠠ ᠲᠡᠷᠦ᠋ᠢᠬᠠᠨ ᠵᠠᠶᠢᠯᠠᠵᠤ᠂ ᠤᠰᠤᠨ ᠳᠤ ᠠᠪᠳᠠᠬᠤ ᠠᠴᠠ ᠰᠡᠷᠭᠡᠶᠢᠯᠡᠨ᠎ᠡ᠃
       ② ᠥᠡᠭᠭᠡᠷᠡᠵᠤ ᠭᠠᠷᠬᠤ ᠲᠡᠷᠭᠡ ᠪᠠ ᠬᠥᠮᠥᠰ ᠵᠠᠪᠳᠤᠨ ᠵᠠᠰᠠᠬᠤ ᠲᠤᠬᠠᠢ ᠶᠢᠨ ᠭᠠᠵᠠᠷ ᠠᠴᠠ ᠬᠤᠯᠠ ᠵᠠᠶᠢᠯᠠᠵᠤ᠂ ᠬᠥᠷᠥᠰᠥ ᠰᠢᠷᠤᠢ ᠲᠡᠪᠳᠥᠵᠤ᠂ ᠤᠰᠤ ᠰᠢᠷᠤᠢ ᠶᠢᠨ ᠤᠷᠤᠰᠬᠠᠯ ᠠᠴᠠ ᠪᠤᠯᠤᠭᠠᠳ ᠭᠠᠵᠠᠷ ᠰᠢᠷᠤᠢ ᠬᠥᠨᠳᠡᠶᠢᠷᠡᠬᠦ ᠪᠠ ᠨᠤᠷᠠᠵᠤ ᠬᠤᠳᠦ᠋ᠢᠭᠠᠳ ᠬᠡᠮᠳᠥᠯ ᠳᠤ ᠤᠴᠠᠷᠠᠬᠤ ᠠᠴᠠ ᠰᠡᠷᠭᠡᠶᠢᠯᠡᠬᠦ ᠭᠡᠷᠡᠭᠳᠡᠢ᠃
       ③ ᠤᠰᠤ ᠬᠠᠨᠭ᠍ᠭᠠᠬᠤ ᠬᠤᠭᠤᠯᠠᠢ ᠲᠤᠤᠷ ᠢ ᠵᠠᠰᠠᠭᠰᠠᠨ ᠤ ᠰᠡᠬᠦᠯᠡᠷ᠂ ᠤᠰᠤᠨ ᠴᠤᠷᠭᠤ ᠪᠠᠨ ᠨᠡᠭᠡᠭᠡᠵᠤ᠂ ᠭᠤᠤᠷᠰᠤᠨ ᠳᠤ ᠬᠤᠷᠠᠭᠰᠠᠨ ᠪᠤᠵᠠᠷ ᠪᠤᠷᠳᠠᠭ ᠤᠰᠤ ᠶᠢ ᠬᠥᠢᠴᠡᠳ ᠭᠤᠭᠤᠵᠢᠭᠤᠯᠤᠭᠠᠳ ᠤᠰᠤ ᠬᠠᠨᠭ᠍ᠭᠠᠬᠤ ᠰᠠᠯᠠᠭ᠎ᠠ ᠮᠥᠴᠢᠷ ᠠᠴᠠ ᠤᠰᠤᠨ ᠤ ᠴᠢᠨᠠᠷ ᠪᠠᠷᠢᠮᠵᠢᠶ᠎ᠠ ᠳᠤ ᠬᠥᠷᠥᠭᠰᠡᠨ ᠢ ᠮᠡᠳᠡᠭᠳᠡᠭᠰᠡᠨ ᠤ ᠰᠡᠬᠦᠯᠡᠷ᠂ ᠤᠤᠭᠤᠵᠤ ᠭᠡᠷᠡᠭᠯᠡᠵᠤ ᠪᠤᠯᠤᠨ᠎ᠠ᠃
       ︵6︶ ᠤᠤᠭᠤᠬᠤ ᠤᠰᠤᠨ ᠤ ᠪᠤᠬᠢᠷᠳᠤᠯ ᠤᠨ ᠡ᠊ᠨᠳᠡᠯ
       ᠤᠰᠤᠨ ᠤ ᠰᠤᠷᠪᠤᠯᠵᠢ ᠶᠢᠨ ᠪᠤᠬᠢᠷᠳᠤᠯ᠂ ᠭᠤᠤᠷᠰᠤ ᠬᠤᠭᠤᠯᠠᠢ ᠶᠢᠨ ᠲᠤᠤᠷ ᠤᠨ ᠪᠤᠬᠢᠷᠳᠤᠯ᠂ ᠬᠤᠶᠠᠷᠳᠡᠬᠢ ᠤᠰᠤ ᠬᠠᠨᠭ᠍ᠭᠠᠯᠳᠠ ᠶᠢᠨ ᠪᠤᠬᠢᠷᠳᠤᠯ ᠵᠡᠷᠭᠡ ᠨᠢ ᠴᠥᠮ ᠤᠤᠭᠤᠬᠤ ᠤᠰᠤᠨ ᠳᠤ ᠡᠪᠡᠳᠴᠢᠨ ᠤ ᠪᠠᠺᠲ᠋ᠧᠷᠢ᠂ ᠬᠤᠤᠷᠳᠠᠯ᠂ ᠬᠥᠨᠥᠭᠡᠯ ᠤᠨ ᠵᠥᠢᠯᠡᠰ ᠢ ᠪᠤᠢ ᠪᠤᠯᠭᠠᠳᠠᠭ ᠪᠠᠶᠢᠨ᠎ᠠ᠃ ᠤᠤᠭᠤᠬᠤ ᠤᠰᠤᠨ ᠤ ᠥᠡᠭᠭᠡ ᠨᠢ ᠪᠤᠯᠠᠩᠬᠢᠷᠳᠤᠬᠤ᠂ ᠬᠥᠭᠡᠰᠥᠷᠡᠬᠦ᠂ ᠠᠮᠳᠠ ᠨᠢ ᠬᠤᠪᠢᠷᠠᠬᠤ ᠪᠤᠶᠤ ᠤᠰᠤᠨ ᠤ ᠲᠤᠯᠠᠭᠠᠨ ᠨᠢ ᠢᠯᠡᠳᠳᠡ ᠭᠡᠪ ᠤᠨ ᠪᠤᠰᠤ ᠪᠤᠯᠬᠤ ᠥᠶ᠎ᠡ ᠳᠤ ᠪᠠᠷᠤᠭ ᠤᠰᠤᠨ ᠤ ᠪᠤᠬᠢᠷᠳᠤᠯ ᠡᠬᠦᠰᠥᠭᠰᠡᠨ ᠪᠠᠶᠢᠵᠤ ᠮᠡᠳᠡᠨ᠎ᠡ᠃ ᠤᠤᠭᠤᠬᠤ ᠤᠰᠤᠨ ᠤ ᠪᠤᠬᠢᠷᠳᠤᠯ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ᠄
        ① ᠤᠤᠭᠤᠬᠤ ᠤᠰᠤ ᠪᠤᠬᠢᠷᠳᠤᠭᠰᠠᠨ ᠥᠶᠡᠰ ᠲᠡᠷᠦ᠋ᠢᠬᠠᠨ ᠭᠡᠷᠡᠭᠯᠡᠬᠦ ᠪᠠᠨ ᠵᠤᠭᠰᠤᠵᠤ᠂ ᠡᠷᠡᠬᠦᠯ ᠬᠠᠮᠠᠭᠠᠯᠠᠯ ᠤᠨ ᠬᠢᠨᠠᠯᠳᠠ ᠲᠠᠯᠪᠢᠬᠤ ᠰᠠᠯᠠᠭ᠎ᠠ ᠮᠥᠴᠢᠷ ᠪᠤᠶᠤ ᠭᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠨ ᠬᠤᠷᠢᠬᠯᠠᠬᠤ ᠲᠥᠪ ᠲᠤ ᠲᠡᠷᠦ᠋ᠢᠬᠠᠨ ᠪᠠᠶᠢᠳᠠᠯ ᠢᠶᠠᠨ ᠮᠡᠳᠡᠬᠦᠯᠬᠦ ᠶᠢᠨ ᠲᠠᠭᠠᠤ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠢ ᠶᠢᠨ ᠰᠠᠯᠠᠭ᠎ᠠ ᠮᠥᠴᠢᠷ ᠪᠤᠯᠤᠨ ᠬᠥᠷᠰᠢ ᠵᠡᠷᠭᠡᠯᠡᠳᠡᠭᠡ ᠶᠢᠨ ᠬᠢᠨ ᠳᠡᠭᠡᠨ ᠮᠡᠳᠡᠭᠳᠡᠵᠤ ᠭᠡᠷᠡᠭᠯᠡᠬᠦ ᠪᠠᠨ ᠵᠤᠭᠰᠤᠨ᠎ᠠ᠃
       ② ᠴᠡᠪᠡᠷ ᠰᠠᠪᠠᠨ ᠳᠤ 3~5L ᠰᠠᠪᠠᠯᠠᠨ ᠥᠯᠢᠭᠡᠷ ᠭᠡᠪ ᠪᠤᠯᠭᠠᠵᠤ᠂ ᠡᠷᠡᠬᠦᠯ ᠬᠠᠮᠠᠭᠠᠯᠠᠯ ᠤᠨ ᠬᠢᠵᠢᠭ ᠰᠡᠷᠭᠡᠶᠢᠯᠡᠯᠳᠡ ᠶᠢᠨ ᠰᠠᠯᠠᠭ᠎ᠠ ᠮᠥᠴᠢᠷ ᠲᠤ ᠬᠠᠨᠭ᠍ᠭᠠᠨ ᠥᠭᠬᠦ ᠭᠡᠷᠡᠭᠳᠡᠢ᠃
       ③ ᠰᠠᠨᠠᠮᠰᠠᠷ ᠥᠭᠡᠢ ᠪᠠᠷ ᠪᠤᠬᠢᠷᠳᠤᠭᠰᠠᠨ ᠤᠰᠤ ᠤᠤᠭᠤᠭᠰᠠᠨ ᠪᠤᠯ ᠪᠡᠶ᠎ᠡ ᠶᠢᠨ ᠪᠠᠶᠢᠳᠠᠯ ᠢᠶᠠᠨ ᠨᠢᠬᠳᠠ ᠠᠩᠬᠠᠷᠴᠤ᠂ ᠶᠡᠷᠥ ᠪᠤᠰᠤ ᠶᠢᠨ ᠪᠠᠶᠢᠳᠠᠯ ᠢᠯᠡᠷᠡᠪᠡᠯ ᠲᠡᠷᠦ᠋ᠢᠬᠠᠨ ᠡᠮᠨᠡᠯᠭᠡ ᠳᠤ ᠬᠥᠷᠴᠤ ᠡᠮᠨᠡᠭᠦᠯᠦᠨ᠎ᠡ᠃
        ᠰᠠᠨᠠᠭᠤᠯᠬᠤ ᠨᠢ᠄
        ① ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠤᠰᠤᠨ ᠤ ᠪᠤᠬᠢᠷᠳᠤᠯ ᠢ ᠰᠢᠢᠳᠪᠥᠷᠢᠯᠡᠭᠰᠡᠨ ᠬᠠᠮᠢᠶ᠎ᠠ ᠪᠥᠬᠦᠢ ᠵᠢᠩᠬᠢᠨᠢ ᠮᠡᠳᠡᠭᠳᠡᠯ ᠢ ᠤᠯᠤᠭᠰᠠᠨ ᠤ ᠲᠠᠷᠠᠭ᠎ᠠ ᠰᠠᠶ᠋ᠢ ᠤᠤᠭᠤᠬᠤ ᠤᠰᠤ ᠶᠢ ᠲᠡᠬᠢᠨ ᠭᠡᠷᠡᠭᠯᠡᠵᠤ ᠪᠤᠯᠤᠨ᠎ᠠ᠃
        ② ᠲᠥᠭᠡᠭᠡᠯ ᠤᠰᠤᠨ ᠤ ᠭᠤᠤᠷᠰᠤ ᠬᠤᠭᠤᠯᠠᠢ ᠶᠢ ᠲᠤᠷ᠎ᠠ ᠪᠠᠷ ᠢᠶᠠᠨ ᠥᠭᠡᠷᠡᠴᠢᠯᠡᠨ ᠤᠭᠰᠠᠷᠠᠵᠦ ᠪᠤᠯᠬᠤ ᠥᠭᠡᠢ᠃    
        ③ ᠤᠤᠭᠤᠬᠤ ᠤᠰᠤᠨ ᠤ ᠭᠡᠷᠡᠭᠯᠡᠬᠦᠷ ᠮᠠᠰᠢᠨ ᠢᠶᠠᠨ ᠲᠤᠭᠳᠠᠮᠠᠯ ᠬᠤᠭᠤᠴᠠᠭ᠎ᠠ ᠲᠠᠢ ᠪᠠᠷ ᠴᠡᠪᠡᠷᠯᠡᠨ ᠠᠷᠢᠭᠤᠳᠬᠠᠬᠤ ᠭᠡᠷᠡᠭᠳᠡᠢ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ