ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2014 - 2016︶ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/11/17
           ᠥᠪᠥᠷ ᠵᠠᠰᠠᠭ ᠠᠯᠪᠠᠨ ᠲᠠᠷᠬᠠᠭᠠᠭᠰᠠᠨ ﹇2015﹈ 46 ᠳ᠋ᠤᠭᠠᠷ ᠲᠤᠭᠠᠳᠤ            5 ᠳ᠋ᠣᠭᠠᠷ ᠰᠠᠷ᠎ᠠ ᠶᠢᠨ18 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠨ ᠳᠤ᠄          ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2014 — 2016︶ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠣᠭᠡᠣᠨ᠂ ᠡᠳᠣᠭᠡ ᠳᠠᠨᠠᠷ ᠲᠤ ᠳᠠᠷᠤᠮᠠᠯᠯᠠᠨ ᠶᠠᠪᠣᠭᠤᠯᠪᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠳᠣᠭᠡᠢ᠃              ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2014 - 2016︶                         ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                         2015 ᠣᠨ ᠤ 5 ᠳ᠋ᠣᠭᠠᠷ ᠰᠠᠷ᠎ᠠ︶          ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ︾ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠳᠠ ᠶᠢ ᠠᠬᠢᠭᠤᠯᠬᠤ︾ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠣᠳᠣᠬᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2010﹈ 41 ᠳ᠋ᠣᠭᠡᠷ ᠲᠤᠭᠠᠳᠦ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠪᠳᠣᠷ ᠪᠠ ᠤᠷᠲᠤ ᠬᠤᠭᠤᠴᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ ︵2010 — 2020 ᠣᠨ︶︾ ᠪᠣᠯᠣᠨ ︽ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠭᠦᠭᠵᠢᠭᠦᠯᠭᠦ ᠶᠢᠨ ᠬᠡᠷᠡᠭᠵᠢᠭᠦᠯᠬᠦ ᠰᠠᠨᠠᠯ ᠢ ᠴᠤᠬᠤᠯᠠᠪᠤᠷᠢᠯᠠᠨ ᠤᠯᠠᠮᠵᠢᠯᠠᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠣᠷ ᠵᠠᠰᠠᠭ ᠲᠠᠷᠬᠠᠭᠠᠭᠰᠠᠨ ﹇2011﹈ 87 ᠳ᠋ᠤᠭᠠᠷ ᠲᠣᠭᠠᠳᠣ︶ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠣᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2011 — 2013︶ ︵ᠳᠣᠷᠣᠭᠰᠢ ︽ᠨᠢᠭᠡᠳᠣᠭᠡᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠣᠭ᠍ᠰᠡᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠤ ︽ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ︵ᠰᠤᠷᠭᠠᠨ ᠬᠥᠮᠦᠵᠢᠯ ᠰᠠᠭᠤᠷᠢ ᠬᠤᠶᠠᠳᠣᠭᠠᠷ ᠬᠤᠭᠤᠴᠠᠭ᠎ᠠ ﹇2014﹈ 9 ᠳ᠋ᠣᠭᠡᠷ ᠲᠤᠭᠠᠳᠤ︶ ᠤᠨ ᠲᠣᠭᠳᠠᠭᠠᠯ ᠶᠣᠰᠣᠭᠠᠷ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠣ᠂ ᠲᠤᠰ ᠲᠥᠯᠥᠪᠯᠡᠭᠡ ᠶᠢ ᠲᠣᠭᠲᠠᠭᠠᠪᠠ᠃     ᠨᠢᠭᠡ᠂ ᠮᠠᠨ ᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ      2011 ᠣᠨ ᠠᠴᠠ 2013 ᠣᠨ ᠪᠣᠯᠳᠠᠯ᠎ᠠ᠂ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠪᠦᠬᠦ ᠣᠷᠣᠨ ᠤ ᠳᠡᠭᠡᠳᠣ ᠲᠣᠣᠷᠠᠳᠣ ᠱᠠᠳᠣᠨ ᠤ ᠬᠠᠮᠲᠤ ᠶᠢᠨ ᠴᠢᠷᠮᠠᠶᠢᠯᠭ᠎ᠠ ᠪᠠᠷ ᠲᠠᠮᠵᠢᠵᠥ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃ 2013 ᠣᠨ ᠤ ᠰᠡᠭᠦᠯᠴᠢ ᠪᠣᠯᠲᠠᠯ᠎ᠠ᠂ ᠪᠦᠬᠦ ᠣᠷᠣᠨ ᠤ ᠰᠣᠷᠬᠤ ᠨᠠᠰᠣᠨ ᠠᠴᠠ ᠡᠮᠦᠨᠡᠬᠢ ᠭᠤᠷᠪᠠᠨ ᠵᠢᠯ ᠤᠨ ᠬᠡᠣᠭᠡᠣᠨ ᠤᠨ ᠴᠡᠴᠡᠷᠯᠢᠭ ᠲᠤ ᠣᠷᠣᠬᠰᠠᠨ ᠪᠦᠭᠦ ᠨᠣᠷᠮ᠎ᠠ 74.72% ᠪᠠᠶᠢᠵᠣ᠂ ︽ᠨᠢᠭᠡᠳᠣᠭᠡᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠬᠠᠷᠠᠯᠲᠠ ᠪᠠᠨ 4.72 ᠤᠨ ᠵᠠᠭᠤᠨ ᠤ ᠴᠡᠭ ᠢᠶᠠᠷ ᠳᠠᠪᠠᠭᠤᠯᠤᠨ ᠪᠡᠶᠡᠯᠡᠭᠦᠯᠵᠦ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶᠠᠨ ᠠᠴᠠ 10.2 ᠤᠨ ᠵᠠᠭᠤᠨ ᠤ ᠴᠡᠭ ᠳᠠᠪᠠᠵᠡᠢ᠃ ᠣᠳᠣᠬᠠᠨ ᠳᠤ᠂ ᠪᠦᠬᠦ ᠣᠷᠣᠨ ᠳᠤ ᠬᠡᠦᠬᠡᠳ ᠤᠨ ᠴᠡᠴᠡᠷᠯᠢᠭ 3140 ᠪᠠᠶᠢᠵᠣ᠂ 2010 ᠣᠨ ᠤ ᠬᠢ ᠠᠴᠠ 1101 ᠨᠡᠮᠡᠭᠳᠡᠵᠣ᠂ ᠴᠡᠴᠡᠷᠯᠢᠭ ᠲᠤ ᠪᠠᠶᠢᠭ᠎ᠠ ᠬᠡᠦᠬᠡᠳ ᠤᠨ ᠶᠡᠷᠣᠩᠬᠡᠢ ᠲᠤᠭ᠎ᠠ 55.9 ᠲᠦᠮᠨ ᠪᠠᠶᠢᠵᠣ᠂ 2010 ᠣᠨ ᠤ ᠬᠢ ᠠᠴᠠ 17.82 ᠲᠦᠮᠨ ᠨᠡᠮᠡᠭᠳᠡᠨ᠂ ᠰᠣᠷᠬᠤ ᠨᠠᠰᠣᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠰᠠᠨ ᠪᠦᠬᠦ ᠨᠣᠷᠮ᠎ᠠ 85.42% ᠲᠤ ᠬᠦᠷᠴᠦ᠂ ︽ᠴᠡᠴᠡᠷᠯᠢᠭ ᠲᠤ ᠣᠷᠣᠬᠤ ᠳᠤ ᠬᠦᠴᠢᠷᠲᠡᠶ᠂ ᠴᠡᠴᠡᠷᠯᠢᠭ ᠲᠤ ᠣᠷᠣᠬᠤ ᠳᠤ ᠦᠨᠡᠲᠡᠶ᠂ ᠴᠡᠴᠡᠷᠯᠢᠭ ᠲᠤ ᠣᠷᠣᠬᠤ ᠳᠤ ᠬᠤᠯᠠ︾ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠵᠡᠢ᠃ ᠭᠠᠵᠠᠷ ᠣᠷᠣᠨ ᠤ ᠬᠥᠭᠵᠢᠯᠲᠡ ᠶᠢᠨ ᠵᠥᠷᠢᠶ᠎ᠡ᠂ ᠰᠠᠭᠤᠷᠢ ᠨᠢᠮᠭᠡᠨ᠂ ᠦᠷᠢᠳᠣᠵᠣ ᠪᠦᠭᠦᠢ ᠵᠦᠢᠯ ᠣᠯᠠᠨ ᠠᠴᠠ ᠪᠣᠯᠵᠣ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠮᠦᠨᠬᠦ ᠮᠠᠨ ᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮᠵᠢ ᠳᠠᠬᠢ ᠪᠠᠭᠤᠷᠠᠶ ᠲᠠᠯ᠎ᠠ ᠪᠣᠯᠵᠤ ᠪᠠᠶᠢᠨ᠎ᠠ᠃ ᠭᠤᠣᠯ ᠢᠯᠡᠷᠡᠯ ᠨᠢ᠄ ᠠᠯᠪᠠᠨ ᠠᠴᠠ ᠡᠷᠭᠢᠯᠡᠭᠰᠡᠨ ᠬᠡᠣᠭᠡᠣᠨ ᠤᠨ ᠴᠡᠴᠡᠷᠯᠢᠭ ᠤᠨ ᠭᠤᠣᠯ ᠴᠣᠭᠴᠠᠳᠣ ᠪᠠᠶᠢᠷᠢ ᠰᠠᠭᠤᠷᠢ ᠴᠢᠩᠭ᠎ᠠ ᠪᠣᠰᠣ᠂ ᠬᠤᠲᠠ ᠬᠥᠳᠡᠭᠡ ᠶᠢᠨ ᠲᠦᠭᠡᠮᠡᠯ ᠬᠠᠷᠭᠠᠯᠵᠡᠯ ᠦᠵᠡᠭᠦᠯᠭᠦ ᠴᠢᠨᠠᠷᠳᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠭᠦᠢᠴᠡᠣᠨ ᠦᠭᠡᠶ᠂ ᠠᠵᠢᠯᠯᠠᠭᠠᠨ ᠤ ᠪᠠᠲᠤᠯᠠᠭ᠎ᠠ ᠶᠢᠨ ᠲᠣᠭᠲᠠᠴᠠ ᠶᠢᠨ ᠪᠠᠶᠢᠭᠤᠯᠤᠯᠲᠠ ᠬᠠᠷᠢᠴᠠᠩᠭᠤᠶ ᠬᠤᠵᠢᠮᠳᠠᠭᠤ ᠪᠠᠶᠢᠬᠤ᠂ ᠬᠡᠦᠬᠡᠳ ᠤᠨ ᠴᠡᠴᠡᠷᠯᠢᠭ ᠤᠨ ᠪᠠᠭᠰᠢ ᠲᠣᠳᠠᠭᠳᠠᠵᠣ ᠪᠠᠶᠢᠬᠤ᠂ ᠠᠰᠠᠷᠠᠨ ᠭᠦᠮᠣᠵᠢᠭᠦᠯᠭᠦ ᠰᠤᠷᠭᠠᠨ ᠬᠥᠮᠦᠵᠢᠯ ᠤᠨ ᠶᠠᠰᠤ ᠴᠢᠨᠠᠷ ᠵᠥᠷᠢᠶ᠎ᠡ ᠲᠠᠢ ᠪᠠᠶᠢᠬᠤ ᠶᠠᠪᠣᠳᠠᠯ ᠪᠣᠯᠣᠨ᠎ᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵ᠳᠣᠷᠣᠭᠰᠢ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠭᠦ ᠬᠤᠭᠤᠴᠠᠭᠠᠨ ᠳᠤ ᠪᠠᠰᠠ ︽ᠨᠢᠭᠡᠳᠣᠭᠡᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠣᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠥᠷᠭᠡᠳᠬᠡᠬᠦ ᠪᠠ ᠰᠢᠯᠢᠳᠡᠭᠵᠢᠭᠦᠯᠵᠦ᠂ ᠬᠤᠲᠠ ᠬᠥᠳᠡᠭᠡ ᠪᠠᠷ ᠪᠦᠭᠦᠨ ᠢ ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠣᠡᠭᠡᠨ ᠪᠠᠶᠢᠭᠤᠯᠬᠤ ᠴᠢᠬᠤᠯᠳᠠᠢ ᠪᠠᠶᠢᠨ᠎ᠠ᠃         ᠬᠤᠶᠠᠷ᠂ ᠶᠡᠷᠦᠩᠬᠡᠶ ᠰᠡᠳᠬᠢᠮᠵᠢ      ︵ᠨᠢᠭᠡ︶ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠭᠠᠯᠵᠡᠯ ᠦᠵᠡᠭᠦᠯᠭᠦ ᠶᠢ ᠪᠠᠷᠢᠮᠲᠠᠯᠠᠨ᠎ᠠ᠃ ᠲᠦᠭᠡᠮᠡᠯ ᠬᠠᠷᠭᠠᠯᠵᠡᠯ ᠦᠵᠡᠭᠦᠯᠭᠦ ᠴᠢᠨᠠᠷᠳᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠠᠯᠪᠠᠨ ᠠᠴᠠ ᠡᠷᠬᠢᠯᠡᠭᠦ ᠪᠠ ᠠᠷᠠᠳ ᠠᠴᠠ ᠡᠷᠬᠢᠯᠡᠬᠦ ᠶᠢ ᠵᠡᠷᠭᠡᠪᠡᠷ ᠭᠦᠭᠵᠢᠭᠦᠯᠵᠣ᠂ ᠰᠢᠨ᠎ᠡ ᠪᠠᠷ ᠨᠡᠮᠡᠭᠳᠡᠭᠦ ᠡᠬᠢ ᠪᠠᠶᠠᠯᠢᠭ ᠤᠨ ᠭᠤᠣᠯᠳᠠᠯᠭ᠎ᠠ ᠶᠢ ᠶᠠᠳᠠᠭᠤ ᠬᠦᠴᠢᠷᠳᠡᠯᠳᠠᠢ ᠭᠠᠵᠠᠷ ᠣᠷᠣᠨ᠂ ᠦᠨᠳᠦᠰᠦᠲᠡᠨ ᠤ ᠭᠠᠵᠡᠷ ᠣᠷᠣᠨ ᠪᠠ ᠬᠢᠯᠢ ᠬᠢᠵᠠᠭᠠᠷ ᠣᠷᠣᠨ ᠲᠡᠰᠢ ᠬᠡᠯᠪᠠᠶᠢᠯᠭᠡᠭᠦ ᠮᠦᠷᠳᠡᠭᠡᠨ ᠪᠠᠰᠠ ᠬᠤᠲᠠ ᠪᠠᠯᠭᠠᠰᠤᠵᠢᠯᠳᠠ ᠶᠢᠨ ᠠᠬᠢᠴᠠ ᠶᠢᠨ ᠳᠤᠮᠳᠠᠬᠢ ᠬᠤᠲᠠ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠨᠡᠮᠡᠭᠳᠡᠯ ᠤᠨ ᠬᠤᠷᠳᠤᠴᠠ ᠲᠦᠷᠭᠡᠳᠴᠦ ᠪᠠᠶᠢᠬᠤ ᠬᠡᠷᠡᠭᠴᠡᠭᠡ ᠶᠢ ᠬᠠᠩᠭᠠᠵᠤ᠂ ᠡᠭᠦᠨ ᠤ ᠬᠠᠮᠲᠤ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠳᠠᠢ ᠬᠡᠦᠬᠡᠳ᠂ ᠵᠡᠮᠳᠡᠭ ᠬᠡᠦᠬᠡᠳ ᠵᠡᠷᠭᠡ ᠬᠦᠴᠢᠷᠳᠡᠯᠳᠠᠢ ᠭᠦᠮᠣᠰ ᠢ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠭᠡᠷᠩᠳᠠᠢ᠃      ︵ᠬᠤᠶᠠᠷ︶ ᠵᠣᠬᠢᠴᠠᠩᠭᠤᠶ ᠪᠠᠷ ᠬᠥᠭᠵᠢᠭᠦᠯᠭᠦ ᠶᠢ ᠴᠢᠬᠤᠯᠠᠴᠢᠯᠠᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠰᠢᠭᠤᠯᠤᠨ᠂ ᠬᠡᠦᠬᠡᠳ ᠤᠨ ᠴᠡᠴᠡᠷᠯᠢᠭ ᠤᠨ ᠠᠭᠤᠯᠤᠭᠳᠠᠬᠤᠨ ᠤ ᠪᠠᠶᠢᠭᠤᠯᠤᠯᠲᠠ ᠶᠢ ᠠᠬᠢᠭᠤᠯᠣᠨ᠎ᠠ᠃ ᠲᠤᠭ᠎ᠠ ᠬᠡᠮᠵᠢᠶ᠎ᠡ ᠶᠠᠰᠣ ᠴᠢᠨᠠᠷ ᠢ ᠵᠡᠷᠭᠡᠪᠡᠷ ᠴᠢᠬᠤᠯᠠᠴᠢᠯᠠᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠢ ᠦᠷᠭᠦᠯᠵᠢᠯᠡᠨ ᠬᠥᠭᠵᠢᠭᠦᠯᠭᠦ ᠪᠠᠨ ᠠᠬᠢᠭᠤᠯᠬᠤ ᠬᠡᠷᠡᠭᠲᠡᠶ      ︵ᠭᠤᠷᠪᠠ︶ ᠪᠠᠶᠢᠭᠤᠯᠤᠯ ᠤᠨ ᠲᠣᠭᠲᠠᠴᠠ ᠳᠤ ᠰᠢᠨ᠎ᠠ ᠶᠢ ᠡᠭᠦᠳᠣᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠠᠶᠢᠭᠤᠯᠤᠯ ᠤᠨ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠭᠦ ᠪᠠᠷ ᠭᠦᠴᠣᠯᠡᠵᠣ᠂ ᠵᠠᠷᠤᠳᠠᠯ ᠤᠨ ᠣᠷᠣᠭᠤᠯᠤᠯᠲᠠ᠂ ᠬᠥᠮᠦᠨ ᠬᠡᠷᠡᠭᠯᠡᠬᠦ ᠣᠯᠭᠤᠮᠵᠢ᠂ ᠪᠠᠷᠢᠮᠵᠢᠶᠠᠵᠢᠭᠤᠯᠣᠨ ᠬᠠᠮᠢᠶᠠᠷᠬᠤ᠂ ᠰᠠᠯᠠᠭ᠎ᠠ ᠮᠥᠴᠢᠷ ᠤᠳ ᠬᠠᠮᠵᠢᠯᠴᠠᠬᠤ ᠵᠡᠷᠭᠡ ᠲᠠᠯ᠎ᠠ ᠪᠠᠷ ᠰᠢᠪᠲᠤᠯᠤᠯᠲᠠ ᠲᠠᠢ ᠪᠠᠶᠢᠯᠭᠠᠬᠤ ᠬᠡᠷᠡᠭᠲᠡᠶ᠃      ︵ᠳᠥᠷᠪᠡ︶ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠡᠭᠦ ᠨᠠᠶᠢᠳᠠᠪᠤᠷᠢᠵᠢᠭᠤᠯᠵᠤ᠂᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠦᠨᠡᠡᠭᠦ ᠨᠠᠶᠢᠳᠠᠪᠣᠷᠢᠵᠢᠭᠤᠯᠬᠤ ᠬᠡᠷᠡᠭᠲᠡᠶ᠃        ᠭᠤᠷᠪᠠ᠂ ᠭᠤᠣᠯ ᠬᠠᠷᠠᠯᠲᠠ ᠪᠠ ᠭᠤᠣᠯᠳᠠᠯᠭ᠎ᠠ ᠪᠣᠯᠬᠤ ᠡᠭᠦᠷᠭᠡ      ︵ᠨᠢᠭᠡ︶ ᠭᠤᠣᠯ ᠬᠠᠷᠠᠯᠲᠠ᠃      2016 ᠣᠨ ᠤ ᠵᠢᠯ ᠤᠨ ᠰᠡᠭᠦᠯᠴᠢ ᠪᠣᠯᠲᠠᠯ᠎ᠠ᠂ ᠪᠦᠬᠦ ᠣᠷᠣᠨ ᠤ ᠬᠡᠦᠬᠡᠳ ᠤᠨ ᠴᠡᠴᠡᠷᠯᠢᠭ ᠢ ᠰᠢᠨ᠎ᠠ ᠪᠠᠷ 1200 ︵2014 ᠣᠨ ᠳᠤ ᠨᠡᠮᠡᠭᠳᠡᠭᠰᠡᠨ 400 ᠪᠠᠭᠲᠠᠨ᠎ᠠ︶ ᠨᠡᠮᠡᠭᠳᠡᠭᠦᠯᠵᠣ᠂ ᠰᠣᠷᠬᠤ ᠨᠠᠰᠣᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠭᠦ ᠨᠣᠷᠮ᠎ᠠ ᠶᠢ 90 % ᠠᠴᠠ ᠳᠡᠭᠡᠭᠰᠢ ᠳᠤ ᠭᠦᠷᠣᠭᠦᠯᠣᠨ᠎ᠠ᠃ ᠵᠠᠰᠠᠭ ᠤᠨ ᠣᠷᠳᠣᠨ ᠭᠤᠣᠯᠯᠠᠬᠤ᠂ ᠣᠯᠠᠨ ᠡᠰᠢᠵᠢᠭᠦᠯᠣᠨ ᠵᠡᠷᠭᠡᠪᠡᠷ ᠭᠦᠭᠵᠢᠭᠦᠯᠭᠦ᠂ ᠴᠢᠨᠠᠷ ᠰᠠᠶᠢᠲᠠᠶ ᠵᠣᠬᠢᠴᠠᠭᠤᠯᠬᠤ ᠂ ᠠᠮᠢᠵᠢᠷᠠᠯ ᠤᠨ ᠬᠦᠴᠦᠨ ᠪᠢᠯᠬᠠᠮ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠨ᠎ᠠ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠣᠯ ᠪᠣᠯᠭᠠᠭᠰᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠥᠷᠲᠡᠭ ᠢ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠣᠨ᠎ᠠ᠃ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠡᠴᠡᠷᠯᠢᠭ ᠡᠷᠬᠢᠯᠡᠭᠦ ᠠᠵᠢᠯᠯᠠᠭ᠎ᠠ ᠶᠢ ᠵᠢᠷᠤᠮᠵᠢᠭᠤᠯᠣᠨ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃      ︵ᠬᠤᠶᠠᠷ︶ ᠭᠤᠣᠯᠳᠠᠯᠭ᠎ᠠ ᠪᠣᠯᠬᠤ ᠡᠭᠦᠷᠭᠡ᠃      1.ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠠ᠃ 2015 ᠣᠨ ᠳᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ 400 ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠣᠨ᠎ᠠ᠂ ᠡᠭᠦᠨ ᠤ ᠳᠣᠲᠣᠷ᠎ᠠ 330 ᠶᠢ ᠰᠢᠨ᠎ᠡ ᠪᠠᠷ ᠪᠠᠶᠢᠭᠤᠯᠣᠨ᠂ 70 ᠶᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠣ᠂ ᠬᠡᠣᠭᠡᠣᠨ ᠤᠨ ᠣᠷᠣ ᠶᠢ ᠰᠢᠨ᠎ᠡ ᠪᠠᠷ 73000 ᠨᠡᠮᠡᠭᠳᠡᠭᠦᠯᠣᠨ᠎ᠠ︔ 2016 ᠣᠨ ᠳᠤ ᠬᠡᠦᠬᠡᠳ ᠤᠨ ᠴᠡᠴᠡᠷᠯᠢᠭ ᠢ 400 ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠣᠨ᠎ᠠ᠂ ᠡᠭᠦᠨ ᠤ ᠳᠣᠲᠣᠷ᠎ᠠ 350 ᠶᠢ ᠰᠢᠨ᠎ᠡ ᠪᠠᠷ ᠪᠠᠶᠢᠭᠤᠯᠵᠣ᠂ 50 ᠶᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠣ᠂ ᠬᠡᠣᠭᠡᠣᠨ ᠤᠨ ᠣᠷᠣ ᠶᠢ ᠰᠢᠨ᠎ᠡ ᠪᠠᠷ 51000 ᠨᠡᠮᠡᠭᠳᠡᠭᠦᠯᠣᠨ᠎ᠠ᠃      2. ᠭᠤᠣᠯᠳᠠᠯᠭ᠎ᠠ ᠪᠠᠨ ᠲᠤᠪᠤᠶᠢᠯᠭᠠᠨ᠂ ᠮᠠᠯᠵᠢᠬᠤ ᠳᠠᠷᠢᠶᠠᠯᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠦᠭᠵᠢᠯᠳᠠ ᠶᠢ ᠲᠦᠷᠭᠡᠣᠡᠭᠡᠨ᠎ᠠ᠃ ᠰᠤᠮᠤ ᠰᠢᠶᠠᠩ ᠪᠠᠯᠭᠠᠰᠣ ᠶᠢᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠡᠶ᠎ᠡ ᠪᠠᠨ ᠳᠠᠭᠠᠭᠠᠭᠰᠠᠨ ᠪᠠᠶᠢᠭᠤᠯᠤᠯᠳᠣ ᠴᠡᠴᠡᠷᠯᠢᠭ ᠪᠠᠶᠢᠭᠤᠯᠬᠤ ᠶᠢ ᠪᠡᠶᠡᠯᠡᠭᠦᠯᠵᠣ᠂ ᠭᠠᠴᠠᠭ᠎ᠠ ᠲᠣᠰᠬᠤᠨ ᠤ ᠬᠡᠦᠬᠡᠳ ᠤᠨ ᠰᠤᠷᠭᠠᠨ ᠬᠥᠮᠦᠵᠢᠯ ᠤᠨ ᠴᠢᠬ ᠢ ᠪᠤᠯ ᠰᠤᠮᠤ ᠰᠢᠶᠠᠩ ᠪᠠᠯᠭᠠᠰᠤᠨ ᠤ ᠠᠯᠪᠠᠨ ᠠᠴᠠ ᠡᠷᠭᠢᠯᠡᠭᠰᠡᠨ ᠲᠦᠪ ᠴᠡᠴᠡᠷᠯᠢᠭ ᠠᠴᠠ ᠨᠢᠭᠡᠳᠦᠯᠲᠡᠶ ᠬᠠᠮᠢᠶᠠᠷᠤᠨ᠎ᠠ᠃ ᠮᠠᠯᠵᠢᠬᠤ ᠳᠠᠷᠢᠶᠠᠯᠠᠬᠤ ᠣᠷᠣᠨ ᠤ ᠬᠡᠦᠬᠡᠳ ᠤᠨ ᠴᠡᠴᠡᠷᠯᠢᠭ ᠤᠨ ᠰᠠᠭᠤᠷᠢ ᠪᠡᠯᠡᠣᠡᠭᠡᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠤᠷᠢᠳᠠᠪᠠᠷ ᠪᠠᠶᠢᠭᠤᠯᠵᠣ᠂ ᠦᠢᠷ᠎ᠡ ᠬᠠᠪᠢ ᠳᠠᠭᠠᠨ ᠴᠡᠴᠡᠷᠯᠢᠭ ᠲᠤ ᠣᠷᠣᠬᠤ᠂ ᠴᠡᠴᠡᠷᠯᠢᠭ ᠲᠤ ᠣᠷᠣᠬᠤ ᠳᠤ ᠳᠥᠭᠦᠮ ᠪᠠᠶᠢᠯᠭᠠᠬᠤ ᠶᠢ ᠴᠢᠷᠮᠠᠶᠢᠨ ᠪᠡᠶᠡᠯᠡᠭᠦᠯᠭᠦ ᠬᠡᠷᠡᠭᠲᠡᠶ᠃      3.ᠲᠣᠭᠲᠠᠴᠠ ᠪᠠᠨ ᠪᠦᠷᠢᠨᠰᠢᠭᠦᠯᠵᠣ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠦᠷᠭᠦᠯᠵᠢᠯᠡᠨ ᠬᠥᠭᠵᠢᠭᠦᠯᠭᠦ ᠶᠢ ᠪᠠᠲᠤᠯᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠡᠳ᠋ ᠤᠨ ᠵᠠᠰᠠᠭ ᠤᠨ ᠴᠢᠨᠠᠷᠲᠠᠶ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠭᠦᠷᠳᠡᠭᠴᠢ ᠪᠦᠭᠦᠨ ᠳᠤ ᠳᠡᠭᠰᠢᠣᠡᠭᠡᠭᠰᠡᠨ ᠲᠤᠭ᠎ᠠ ᠪᠠᠷ ᠵᠣᠭᠤᠰ ᠥᠭᠬᠦ ᠲᠣᠭᠲᠠᠴᠠ ᠶᠢ ᠲᠣᠭᠲᠠᠭᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠣᠭᠤᠰ ᠢᠶᠠᠷ ᠲᠤᠰᠠᠯᠠᠬᠤ ᠳᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠪᠡᠯᠨ ᠣᠷᠣᠭᠤᠯᠬᠤ᠂ ᠨᠡᠶᠢᠭᠡᠮ ᠤᠨ ᠬᠦᠴᠦᠨ ᠤ ᠬᠢᠨ ᠰᠤᠷᠭᠠᠭᠤᠯᠢ ᠡᠷᠬᠢᠯᠡᠨ ᠪᠡᠯᠡ ᠣᠷᠣᠭᠤᠯᠬᠤ᠂ ᠭᠡᠷ ᠪᠦᠯᠢ ᠶᠢᠨ ᠬᠢᠨ ᠵᠦᠶ ᠵᠣᠬᠢᠰᠲᠠᠶ ᠪᠠᠷ ᠬᠤᠪᠢᠳᠠᠨ ᠳᠠᠭᠠᠭᠠᠵᠣ ᠪᠡᠯᠨ ᠣᠷᠣᠭᠤᠯᠬᠤ ᠲᠣᠭᠲᠠᠴᠠ ᠶᠢ ᠪᠦᠷᠢᠯᠳᠣᠭᠦᠯᠣᠨ᠎ᠠ᠃      4.ᠬᠠᠮᠢᠶᠠᠷᠤᠯᠲᠠ ᠪᠠᠨ ᠴᠢᠩᠭᠠᠳᠬᠠᠵᠤ᠂ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠦᠭᠦᠯᠢ ᠴᠣᠭᠴᠠ ᠪᠠᠷ ᠳᠡᠭᠡᠭᠰᠢᠯᠡᠭᠦᠯᠣᠨ᠎ᠠ᠃ ᠰᠤᠷᠭᠠᠨ ᠬᠥᠮᠦᠵᠢᠯ ᠤᠨ ᠶᠠᠮᠤᠨ ᠤ ︽3 - 6 ᠨᠠᠰᠤᠨ ᠤ ᠬᠡᠦᠬᠡᠳ ᠤᠨ ᠰᠤᠷᠤᠯᠭ᠎ᠠ ᠬᠢᠭᠡᠳ ᠬᠥᠭᠵᠢᠯᠲᠡ ᠶᠢᠨ ᠵᠦᠭᠯᠡᠭᠦᠷ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠤᠨ ᠴᠡᠴᠡᠷᠯᠢᠭ ᠤᠨ ᠪᠠᠭᠰᠢ᠂ ᠡᠷᠡᠭᠦᠯᠵᠢᠯ ᠤᠨ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠣᠨ᠎ᠠ᠃ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠭᠦ ᠠᠵᠢᠯᠯᠠᠭ᠎ᠠ ᠶᠢ ᠵᠢᠷᠤᠮᠵᠢᠭᠤᠯᠵᠤ᠂ ᠬᠡᠦᠬᠡᠳ ᠤᠳ ᠲᠤ ᠠᠮᠤᠷ ᠲᠦᠪᠰᠢᠨ᠂ ᠡᠷᠡᠭᠦᠯ ᠴᠢᠬᠢᠷᠠᠭ᠂ ᠡᠯᠪᠡᠭ ᠪᠠᠶᠠᠯᠢᠭ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠬᠠᠩᠭᠠᠨ᠎ᠠ᠃      ᠳᠥᠷᠪᠡ᠂ ᠭᠤᠣᠯ ᠪᠣᠯᠬᠤ ᠠᠷᠭ᠎ᠠ ᠬᠡᠮᠵᠢᠶ᠎ᠡ      ︵ᠨᠢᠭᠡ︶ ᠲᠤᠭ᠎ᠠ ᠭᠡᠮᠵᠢᠶ᠎ᠠ ᠶᠢ ᠦᠷᠭᠡᠣᠡᠭᠡᠨ ᠨᠠᠮᠡᠭᠳᠡᠭᠦᠯᠵᠣ᠂ ᠲᠦᠭᠡᠮᠡᠯ ᠬᠠᠷᠭᠠᠯᠵᠡᠯ ᠦᠵᠡᠭᠦᠯᠭᠦ ᠴᠢᠨᠠᠷᠳᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠯᠠᠨ ᠵᠦᠢᠯ ᠤᠨ ᠠᠷᠭ᠎ᠠ ᠵᠠᠮ ᠢᠶᠠᠷ ᠨᠡᠮᠡᠭᠳᠡᠭᠦᠯᠭᠦ ᠬᠡᠷᠩᠳᠠᠢ᠃      1. ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠢᠳᠡᠪᠬᠢᠲᠡᠶ ᠬᠥᠭᠵᠢᠭᠦᠯᠭᠦ ᠬᠡᠷᠩᠳᠠᠢ᠃ ︽ᠨᠢᠭᠡᠳᠣᠭᠡᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠲᠠᠢ ᠵᠣᠯᠭᠠᠭᠤᠯᠵᠣ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠱᠠᠩᠨᠠᠨ ᠨᠥᠬᠦᠪᠥᠷᠢᠯᠡᠬᠦ ᠲᠦᠷᠣᠯ ᠵᠦᠢᠯ ᠢ ᠥᠷᠭᠡᠳᠬᠡᠬᠦ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠠᠬᠢᠭᠤᠯᠬᠤ ᠢᠨᠵᠧᠨᠧᠷᠢᠩ᠂ ᠬᠥᠳᠡᠭᠡ ᠲᠣᠰᠬᠤᠨ ᠤ ᠰᠤᠯᠠ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ ᠢ ᠥᠭᠡᠷᠡᠴᠢᠯᠡᠨ ᠬᠡᠦᠬᠡᠳ ᠤᠨ ᠴᠡᠴᠡᠷᠯᠢᠭ ᠪᠠᠶᠢᠭᠤᠯᠬᠤ᠂ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠳᠤ ᠬᠠᠷᠢᠶᠠᠲᠤ ᠬᠡᠦᠬᠡᠳ ᠤᠨ ᠴᠡᠴᠡᠷᠯᠢᠭ ᠨᠡᠮᠡᠵᠦ ᠪᠠᠶᠢᠭᠤᠯᠬᠤ ᠲᠦᠷᠣᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠭᠤᠣᠯᠳᠠᠭᠤ ᠮᠠᠯᠵᠢᠬᠤ ᠳᠠᠷᠢᠶᠠᠯᠠᠬᠤ ᠣᠷᠣᠨ ᠪᠠ ᠬᠤᠲᠠ ᠬᠥᠳᠡᠭᠡ ᠵᠠᠯᠭᠠᠯᠳᠣᠭᠰᠠᠨ ᠭᠠᠵᠡᠷ ᠲᠤ ᠬᠡᠦᠬᠡᠳ ᠤᠨ ᠴᠡᠴᠡᠷᠯᠢᠭ ᠪᠠᠶᠢᠭᠤᠯᠣᠨ᠎ᠠ᠃ ᠮᠠᠯᠵᠢᠬᠤ ᠳᠠᠷᠢᠶᠠᠯᠠᠬᠤ ᠣᠷᠣᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠲᠣᠮᠣ ᠲᠣᠰᠬᠤᠨ ᠳᠤ ᠪᠡᠶ᠎ᠡ ᠪᠠᠨ ᠳᠠᠭᠠᠭᠠᠨ ᠡᠷᠬᠢᠯᠡᠬᠦ᠂ ᠵᠢᠵᠢᠭ ᠲᠣᠰᠬᠤᠨ ᠨᠤᠭᠤᠳ ᠬᠠᠮᠲᠤᠷᠠᠨ ᠡᠷᠭᠢᠯᠡᠭᠦ︾᠂ ︽ᠰᠤᠮᠤ ᠰᠢᠶᠠᠩ ᠪᠠᠯᠭᠠᠰᠤᠨ ᠤ ᠲᠥᠪ ᠴᠡᠴᠡᠷᠯᠢᠭ ᠢᠶᠠᠷ ᠭᠠᠴᠠᠭ᠎ᠠ ᠲᠣᠰᠬᠤᠨ᠂ ᠵᠠᠰᠠᠭ ᠵᠠᠬᠢᠷᠭᠠᠨ ᠤ ᠲᠣᠰᠬᠤᠨ ᠢ ᠨᠦᠯᠣᠭᠡᠯᠡᠨ ᠳᠠᠶᠢᠴᠢᠯᠠᠬᠤ︾ ᠵᠡᠷᠭᠡ ᠴᠡᠴᠡᠷᠯᠢᠭ ᠡᠷᠬᠢᠯᠡᠭᠰᠡᠨ ᠠᠮᠵᠢᠯᠳᠠ ᠲᠠᠢ ᠲᠤᠷᠰᠢᠯᠭ᠎ᠠ ᠨᠤᠭᠤᠳ ᠢ ᠢᠳᠡᠪᠬᠢᠲᠡᠶ ᠳᠡᠯᠭᠡᠷᠡᠭᠦᠯᠣᠨ᠎ᠠ᠃ ᠨᠡᠶᠢᠭᠡᠮ ᠤᠨ ᠬᠦᠴᠦᠨ ᠤ ᠬᠢᠨ ᠤ ᠬᠡᠦᠬᠡᠳ ᠤᠨ ᠴᠡᠴᠡᠷᠯᠢᠭ ᠡᠷᠬᠢᠯᠡᠭᠦ ᠶᠢ ᠵᠣᠷᠢᠬᠵᠢᠭᠤᠯᠵᠤ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠦ᠂ ᠠᠯᠪᠠᠨ ᠠᠴᠠ ᠡᠷᠬᠢᠯᠡᠵᠦ ᠠᠷᠠᠳ ᠠᠴᠠ ᠲᠡᠳᠬᠦᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷᠢᠯ ᠢᠶᠠᠷ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠬᠡᠷᠩᠳᠠᠢ᠃      2. ᠲᠦᠭᠡᠮᠡᠯ ᠬᠠᠷᠭᠠᠯᠵᠠᠯ ᠦᠵᠡᠭᠦᠯᠭᠦ ᠴᠢᠨᠠᠷᠳᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠲᠡᠳᠬᠦᠨ ᠳᠡᠮᠵᠢᠭᠦ ᠬᠡᠷᠩᠳᠠᠢ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠠᠮᠢᠶᠠᠷᠬᠤ ᠪᠠ ᠡᠷᠬᠢᠯᠡᠬᠦ ᠶᠢ ᠰᠠᠯᠭᠠᠵᠣ ᠬᠠᠮᠢᠶᠠᠷᠬᠤ ᠠᠷᠭ᠎ᠠ﹀ ᠶᠢ ᠲᠠᠷᠣᠮᠠᠯᠯᠠᠨ ᠲᠠᠷᠬᠠᠭᠠᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠦᠪᠣᠷ ᠰᠣᠷᠭᠠᠨ ᠳᠠᠷᠬᠠᠭᠠᠭᠰᠠᠨ ﹇2014﹈ 19 ᠳ᠋ᠤᠭᠡᠷ ᠲᠤᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠭᠡᠷᠩᠳᠠᠢ᠃ ᠲᠦᠭᠡᠮᠡᠯ ᠬᠠᠷᠭᠠᠯᠵᠠᠯ ᠦᠵᠡᠭᠦᠯᠭᠦ ᠴᠢᠨᠠᠷᠳᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠭᠦᠭᠵᠢᠯᠳᠠ ᠶᠢ ᠲᠡᠳᠬᠦᠨ ᠳᠡᠮᠵᠢᠬᠦ ᠲᠤᠰᠬᠠᠶ ᠪᠡᠯᠡ ᠮᠥᠩᠭᠦ ᠶᠢ ᠪᠠᠶᠢᠭᠤᠯᠵᠣ᠂ ᠲᠦᠭᠡᠮᠡᠯ ᠬᠠᠷᠭᠠᠯᠵᠠᠯ ᠦᠵᠡᠭᠦᠯᠭᠦ ᠴᠢᠨᠠᠷᠳᠠᠢ ᠠᠷᠠᠳ ᠠᠴᠠ ᠡᠷᠬᠢᠯᠡᠭᠰᠡᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢ ᠭᠤᠣᠯᠳᠠᠯᠭ᠎ᠠ ᠲᠠᠢ ᠳᠡᠮᠵᠢᠵᠦ᠂ ᠭᠤᠣᠯᠳᠠᠭᠤ ᠴᠡᠴᠡᠷᠯᠢᠭ ᠤᠨ ᠭᠡᠷ ᠪᠠᠶᠢᠰᠢᠩ ᠤᠨ ᠲᠦᠷᠢᠶᠡᠰᠦᠨ ᠮᠥᠩᠭᠦ᠂ ᠨᠠᠭᠠᠳᠣᠮ ᠲᠣᠭᠯᠠᠭᠠᠮ ᠪᠠ ᠵᠢᠭᠠᠨ ᠰᠣᠷᠭᠠᠯᠳᠠ ᠶᠢᠨ ᠬᠡᠷᠡᠭᠰᠡᠯ ᠨᠥᠬᠦᠪᠥᠷᠢᠯᠡᠭᠦ᠂ ᠠᠰᠠᠷᠠᠨ ᠬᠥᠮᠦᠵᠢᠭᠦᠯᠬᠦ ᠪᠡᠯᠡᠣᠡᠭᠡᠮᠵᠢ ᠲᠥᠬᠦᠭᠡᠷᠦᠮᠵᠢ ᠪᠠ ᠪᠠᠭᠰᠢ ᠶᠢᠨ ᠴᠠᠯᠢᠩ ᠭᠦᠯᠣᠰᠣ ᠨᠥᠬᠦᠪᠥᠷᠢ ᠵᠡᠷᠭᠡ ᠵᠠᠷᠣᠯᠭ᠎ᠠ ᠳᠤ ᠬᠡᠷᠩᠯᠡᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠷᠠᠳ ᠠᠴᠠ ᠡᠷᠭᠢᠯᠡᠭᠰᠡᠨ ᠬᠡᠣᠭᠡᠣᠨ ᠤᠨ ᠴᠡᠴᠡᠷᠯᠢᠭ ᠢ ᠬᠠᠮᠢᠶᠠᠷᠴᠣ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠠᠯᠪᠠᠨ ᠠᠴᠠ ᠡᠷᠭᠢᠯᠡᠭᠰᠡᠨ ᠬᠡᠣᠭᠡᠣᠨ ᠤᠨ ᠴᠡᠴᠡᠷᠯᠢᠭ ᠤᠨ ᠰᠢᠯᠢᠳᠡᠭ ᠴᠡᠴᠡᠷᠯᠢᠭ ᠤᠨ ᠳᠠᠷᠤᠭ᠎ᠠ ᠪᠠ ᠪᠠᠭᠰᠢ ᠶᠢ ᠰᠣᠩᠭᠤᠨ ᠲᠣᠮᠢᠯᠠᠵᠤ ᠠᠷᠠᠳ ᠠᠴᠠ ᠡᠷᠬᠢᠯᠡᠭᠰᠡᠨ ᠬᠡᠣᠭᠡᠣᠨ ᠤᠨ ᠴᠡᠴᠡᠷᠯᠢᠭ ᠤᠨ ᠬᠠᠮᠢᠶᠠᠷᠣᠯᠳᠠ ᠶᠢ ᠲᠣᠰᠠᠯᠠᠬᠤ ᠳᠤ ᠣᠷᠣᠯᠴᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠣ᠂ ᠠᠷᠠᠳ ᠠᠴᠠ ᠡᠷᠬᠢᠯᠡᠭᠰᠡᠨ ᠬᠡᠣᠭᠡᠣᠨ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠬᠢᠷᠢ ᠬᠡᠮᠵᠢᠶ᠎ᠡ ᠶᠢ ᠦᠨᠡᠡᠭᠦ ᠳᠡᠭᠡᠭᠰᠢᠯᠡᠭᠦᠯᠭᠦ ᠬᠡᠷᠩᠳᠠᠢ᠃      3.ᠬᠤᠲᠠ ᠪᠠᠯᠭᠠᠰᠤᠨ ᠤ ᠵᠢᠵᠢᠭ ᠲᠣᠭᠤᠷᠢᠭ ᠲᠠᠬᠢ ᠲᠦᠭᠦᠷᠵᠢᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠭᠡᠷᠩᠳᠠᠢ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠵᠢᠵᠢᠭ ᠲᠣᠭᠤᠷᠢᠭ ᠲᠠᠬᠢ ᠲᠦᠭᠦᠷᠵᠢᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠡᠷᠡᠭᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠵᠡᠷᠭᠡᠪᠡᠷ ᠲᠥᠯᠥᠪᠵᠢᠭᠦᠯᠵᠦ ᠂ ᠵᠡᠷᠭᠡᠪᠡᠷ ᠪᠦᠳᠣᠭᠡᠨ ᠪᠠᠶᠢᠭᠤᠯᠤᠨ᠂ ᠵᠡᠷᠭᠡᠪᠡᠷ ᠰᠢᠯᠭᠠᠨ ᠬᠤᠷᠢᠶᠠᠬᠤ᠂ ᠵᠡᠷᠭᠡᠪᠡᠷ ᠲᠤᠰᠢᠶᠠᠨ ᠬᠡᠷᠡᠭᠯᠡᠭᠦᠯᠬᠦ︾ ᠶᠢ ᠭᠦᠢᠴᠡᠣᠡᠭᠡᠨ᠎ᠠ᠃ ᠬᠤᠲᠠ ᠪᠠᠯᠭᠠᠰᠤᠨ ᠤ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠠ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠳᠠᠭᠠᠨ ᠬᠡᠦᠬᠡᠳ ᠤᠨ ᠴᠡᠴᠡᠷᠯᠢᠭ ᠢ ᠣᠯᠠᠨ ᠨᠡᠶᠢᠲᠡ ᠶᠢᠨ ᠡᠬᠢ ᠪᠠᠶᠠᠯᠢᠭ ᠪᠣᠯᠭᠠᠨ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠣ᠂ ᠪᠠᠶᠢᠭᠤᠯᠵᠣ ᠳᠠᠭᠤᠰᠣᠭᠰᠠᠨ ᠤ ᠳᠠᠷᠠᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠬᠠᠮᠢᠶᠠᠷᠴᠤ᠂ ᠠᠯᠪᠠᠨ ᠠᠴᠠ ᠡᠷᠭᠢᠯᠡᠭᠰᠡᠨ ᠬᠡᠣᠭᠡᠣᠨ ᠤᠨ ᠴᠡᠴᠡᠷᠯᠢᠭ ᠪᠤᠶᠤ ᠲᠦᠭᠡᠮᠡᠯ ᠬᠠᠷᠭᠠᠯᠵᠠᠯ ᠦᠵᠡᠭᠦᠯᠭᠦ ᠴᠢᠨᠠᠷᠳᠠᠢ ᠠᠷᠠᠳ ᠠᠴᠠ ᠡᠷᠬᠢᠯᠡᠭᠰᠡᠨ ᠬᠡᠣᠭᠡᠣᠨ ᠤᠨ ᠴᠡᠴᠡᠷᠯᠢᠭ ᠪᠣᠯᠭᠠᠨ ᠡᠷᠬᠢᠯᠡᠭᠦ ᠬᠡᠷᠩᠳᠠᠢ᠃      4.ᠳᠠᠯᠳᠠ ᠬᠦᠴᠦᠨ ᠢ ᠠᠭᠤᠳᠠᠯᠠᠨ᠂ ᠬᠠᠮᠢᠶᠠᠷᠤᠯᠲᠠ ᠪᠠᠨ ᠵᠢᠷᠤᠮᠵᠢᠭᠤᠯᠵᠤ᠂ ᠰᠤᠷᠬᠤ ᠨᠠᠰᠤᠨ ᠤ ᠬᠡᠦᠬᠡᠳ ᠤᠳ ᠬᠡᠣᠭᠡᠣᠨ ᠤᠨ ᠴᠡᠴᠡᠷᠯᠢᠭ ᠲᠤ ᠣᠷᠣᠬᠤ ᠳᠤ ᠨᠡᠩ ᠣᠯᠠᠨ ᠣᠷᠣ ᠬᠠᠩᠭᠠᠬᠤ ᠬᠡᠷᠩᠳᠠᠢ᠃ ᠰᠤᠷᠬᠤ ᠨᠠᠰᠤᠨ ᠤ ᠬᠡᠦᠬᠡᠳ ᠤᠨ ᠬᠡᠣᠭᠡᠣᠨ ᠤᠨ ᠴᠡᠴᠡᠷᠯᠢᠭ ᠲᠤ ᠣᠷᠣᠬᠤ ᠨᠠᠰᠣ ᠵᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠨᠣᠷᠮ᠎ᠠ ᠨᠡᠯᠢᠶᠡᠳ ᠳᠣᠣᠷ᠎ᠠ ᠪᠠᠶᠢᠭ᠎ᠠ ᠭᠠᠵᠠᠷ ᠣᠷᠣᠨ ᠤ ᠬᠡᠦᠬᠡᠳ ᠤᠨ ᠴᠡᠴᠡᠷᠯᠢᠭ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠬᠠᠨ ᠡᠵᠡᠯᠡᠵᠦ ᠪᠠᠶᠢᠭᠠᠣᠨ ᠴᠡᠴᠡᠷᠯᠢᠭ ᠲᠤ ᠣᠷᠣᠬᠤ ᠨᠠᠰᠣᠨ ᠳᠤ ᠭᠦᠷᠣᠭᠡᠳᠣᠢ ᠪᠠ ᠬᠡᠳᠣᠷᠡᠭᠰᠡᠨ ᠭᠡᠣᠬᠡᠣᠨ ᠢ ᠡᠯᠰᠡᠨ ᠠᠪᠴᠣ ᠪᠣᠯᠬᠤ ᠦᠭᠡᠶ᠃ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠢ ︽ᠪᠠᠭ᠎ᠠ ᠰᠤᠷᠭᠠᠭᠤᠯᠢᠵᠢᠭᠰᠠᠨ︾ ᠬᠡᠯᠪᠡᠷᠢᠯ ᠲᠠᠢ ᠪᠣᠯᠭᠠᠬᠤ ᠶᠢ ᠡᠷᠡᠰ ᠬᠤᠷᠢᠭᠯᠠᠬᠤ ᠪᠠ ᠵᠠᠯᠠᠷᠠᠭᠤᠯᠵᠤ᠂ ᠬᠡᠦᠬᠡᠳ ᠤᠨ ᠡᠷᠡᠭᠦᠯ ᠴᠢᠬᠢᠷᠠᠭ ᠪᠠᠶᠠᠷ ᠬᠥᠷ ᠲᠠᠢ ᠪᠠᠷ ᠥᠰᠦᠨ ᠪᠤᠶᠢᠵᠢᠬᠤ ᠶᠢ ᠪᠠᠲᠤᠯᠠᠬᠤ ᠬᠡᠷᠩᠳᠠᠢ᠃      ︵ᠬᠤᠶᠠᠷ︶ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃      1.ᠵᠠᠷᠤᠳᠠᠯ ᠤᠨ ᠣᠷᠣᠭᠤᠯᠤᠯᠲᠠ ᠶᠢᠨ ᠤᠷᠲᠤ ᠬᠤᠭᠤᠴᠠᠭᠠᠨ ᠤ ᠪᠦᠳᠣᠮᠵᠢᠳᠠᠢ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠵᠠᠷᠤᠳᠠᠯ ᠤᠨ ᠣᠷᠣᠭᠤᠯᠤᠯᠲᠠ ᠶᠢ ︽ᠨᠢᠭᠡᠳᠣᠭᠡᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠣᠷᠣᠭᠤᠯᠤᠯᠲᠠ ᠠᠴᠠ ᠨᠡᠮᠡᠭᠳᠡᠭᠦᠯᠭᠦ ᠠᠴᠠ ᠪᠢᠰᠢ ᠪᠠᠭᠠᠰᠬᠠᠵᠣ ᠪᠣᠯᠬᠤ ᠦᠭᠡᠶ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠴᠢᠨᠠᠷᠲᠠᠶ ᠣᠷᠣᠭᠤᠯᠤᠯᠲᠠ ᠶᠢ ᠭᠤᠣᠯᠳᠠᠭᠤ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ᠂ ᠲᠦᠭᠡᠮᠡᠯ ᠬᠠᠷᠭᠠᠯᠵᠠᠯ ᠦᠵᠡᠭᠦᠯᠭᠦ ᠴᠢᠨᠠᠷᠳᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠵᠢᠴᠢ ᠰᠣᠷᠬᠤ ᠨᠠᠰᠣᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠳᠤ ᠵᠠᠷᠣᠴᠠᠭᠤᠯᠬᠤ ᠬᠡᠷᠩᠳᠠᠢ︔ ᠥᠪᠡᠷᠲᠡᠭᠡᠨ ᠵᠠᠰᠠᠬᠤ ᠣᠷᠣᠨ ᠤ ︽ᠠᠷᠪᠠ ᠪᠠᠷ ᠪᠦᠭᠦᠨ ᠢ ᠬᠠᠮᠣᠷᠬᠤ︾ ᠢᠨᠵᠧᠨᠧᠷᠢᠩ᠂ ︽ᠮᠠᠯᠵᠢᠬᠤ ᠳᠠᠷᠢᠶᠠᠯᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠠᠬᠢᠭᠤᠯᠬᠤ ᠢᠨᠵᠧᠨᠧᠷᠢᠩ︾ ᠪᠠ ︽ᠰᠤᠯᠠ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ ᠢ ᠬᠡᠣᠭᠡᠣᠨ ᠤᠨ ᠴᠡᠴᠡᠷᠯᠢᠭ ᠪᠣᠯᠭᠠᠵᠣ ᠥᠭᠡᠷᠡᠴᠢᠯᠡᠨ ᠪᠠᠶᠢᠭᠤᠯᠬᠤ︾ ᠵᠡᠷᠭᠡ ᠲᠦᠷᠣᠯ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠦᠯᠣᠪᠯᠡᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠦᠷᠢᠶ᠎ᠡ ᠬᠡᠪᠴᠢᠶ᠎ᠡ ᠶᠢ ᠥᠷᠭᠡᠳᠭᠡᠭᠦ ᠬᠢᠭᠡᠣᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠭᠦ ᠶᠢ ᠵᠡᠷᠭᠡᠪᠡᠷ ᠬᠥᠭᠵᠢᠭᠦᠯᠬᠦ ᠪᠠᠨ ᠦᠨᠡᠡᠭᠦ ᠪᠠᠳᠣᠯᠠᠬᠤ ᠬᠡᠷᠡᠭᠲᠡᠶ᠃      2.ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠪᠠ ᠭᠡᠷ ᠪᠦᠯᠢ ᠶᠢᠨ ᠬᠢᠨ ᠤ ᠵᠦᠢ ᠵᠣᠬᠢᠰᠳᠠᠢ ᠪᠠᠷ ᠬᠤᠪᠢᠳᠠᠵᠣ ᠳᠠᠭᠠᠭᠠᠬᠰᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠪᠡᠷ ᠤᠨ ᠦᠷᠳᠡᠭ ᠢ ᠬᠠᠮᠳᠣᠪᠠᠷ ᠡᠭᠦᠷᠭᠡᠯᠡᠭᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠭᠦ ᠪᠠᠨ ᠠᠬᠢᠭᠤᠯᠬᠤ ᠬᠡᠷᠩᠳᠠᠢ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠭᠦᠷᠳᠡᠭᠴᠢ ᠪᠦᠭᠦᠨ ᠤ ᠳᠡᠭᠰᠢᠣᠡᠭᠡᠭᠰᠡᠨ ᠲᠤᠭ᠎ᠠ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠵᠤ᠂ ᠬᠡᠦᠬᠡᠳ ᠤᠨ ᠴᠡᠴᠡᠷᠯᠢᠭ ᠤᠨ ᠬᠡᠪ ᠤᠨ ᠠᠵᠢᠯᠯᠠᠭᠠᠨ ᠢ ᠦᠨᠡᠡᠭᠦ ᠪᠠᠲᠤᠯᠠᠬᠤ ᠬᠡᠷᠡᠭᠲᠡᠶ᠃      3.ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠣᠭᠤᠰ ᠢᠶᠠᠷ ᠲᠤᠰᠠᠯᠠᠬᠤ ᠰᠢᠰᠲ᠋ᠧᠮᠵᠢ ᠶᠢ ᠪᠠᠶᠢᠭᠤᠯᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠦᠷᠲᠡᠯ᠎ᠡ ᠬᠡᠦᠬᠡᠳ ᠢ ᠵᠣᠭᠤᠰ ᠢᠶᠠᠷ ᠲᠤᠰᠠᠯᠠᠬᠤ ᠲᠤᠰᠬᠠᠶ ᠪᠡᠯᠡ ᠮᠥᠩᠭᠦ ᠶᠢ ᠪᠠᠶᠢᠭᠤᠯᠬᠤ ᠬᠡᠷᠩᠳᠠᠢ᠃ ᠲᠦᠭᠡᠮᠡᠯ ᠬᠠᠷᠭᠠᠯᠵᠠᠯ ᠦᠵᠡᠭᠦᠯᠭᠦ ᠴᠢᠨᠠᠷᠳᠠᠢ ᠬᠡᠦᠬᠡᠳ ᠤᠨ ᠴᠡᠴᠡᠷᠯᠢᠭ ᠲᠠᠬᠢ ᠬᠤᠲᠠ ᠬᠥᠳᠡᠭᠡ ᠶᠢᠨ ᠠᠮᠢᠳᠣᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠭᠡᠷ ᠪᠦᠯᠢ ᠶᠢᠨ ᠠᠮᠢᠳᠤᠷᠠᠯ ᠬᠦᠴᠢᠷᠲᠡᠯᠳᠠᠢ ᠬᠡᠦᠬᠡᠳ᠂ ᠥᠨᠥᠴᠢᠨ ᠬᠡᠦᠬᠡᠳ᠂ ᠵᠡᠮᠳᠡᠭ ᠬᠡᠦᠬᠡᠳ ᠲᠤ ᠵᠣᠭᠤᠰ ᠢᠶᠠᠷ ᠲᠣᠰᠠᠯᠠᠮᠵᠢ ᠦᠵᠡᠭᠦᠯᠭᠦ ᠭᠡᠷᠩᠳᠠᠢ᠃ ᠮᠠᠯᠵᠢᠬᠤ ᠣᠷᠣᠨ ᠤ ᠮᠣᠩᠭᠤᠯ ᠬᠡᠯᠡ ᠪᠠᠷ ᠬᠢᠴᠢᠶᠡᠯᠯᠡᠵᠣ ᠪᠠᠶᠢᠭ᠎ᠠ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠵᠠᠷᠤᠳᠠᠯ ᠢ ᠬᠡᠯᠲᠦᠷᠢᠭᠦᠯᠭᠦ ᠬᠡᠷᠩᠳᠠᠢ᠃      4.ᠬᠡᠦᠬᠡᠳ ᠤᠨ ᠴᠡᠴᠡᠷᠯᠢᠭ ᠤᠨ ᠪᠠᠭᠰᠢ ᠶᠢᠨ ᠴᠠᠯᠢᠩ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠭᠦ ᠬᠡᠷᠩᠳᠠᠢ᠃ ᠪᠠᠭᠰᠢ ᠶᠢᠨ ᠴᠠᠯᠢᠩ᠂ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠵᠡᠷᠭᠡ ᠳᠠᠯ᠎ᠠ ᠪᠠᠷ ᠬᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠩᠳᠠᠢ᠃ ᠬᠡᠦᠬᠡᠳ ᠤᠨ ᠴᠡᠴᠡᠷᠯᠢᠭ ᠲᠤ ᠤᠷᠢᠵᠤ ᠬᠡᠷᠡᠭᠯᠡᠵᠣ ᠪᠠᠶᠢᠭ᠎ᠠ ᠪᠠᠭᠰᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠤᠷᠢᠵᠤ ᠬᠡᠷᠡᠭᠯᠡᠬᠦ ᠪᠠᠷᠢᠮᠵᠢᠶ᠎ᠠ ᠪᠠ ᠳᠡᠰ ᠳᠠᠷᠠᠭᠠᠯᠠᠯ ᠢ ᠵᠢᠷᠤᠮᠵᠢᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠣᠷᠣᠨ ᠲᠤᠭ᠎ᠠ ᠶᠢᠨ ᠲᠣᠳᠣᠷᠠᠬᠢ ᠪᠠ ᠣᠷᠣᠨ ᠲᠤᠭ᠎ᠠ ᠠᠴᠠ ᠭᠠᠳᠠᠨᠠᠬᠢ ᠪᠠᠭᠰᠢ ᠨᠡᠷ ᠲᠤ ᠢᠵᠢᠯ ᠠᠵᠢᠯ ᠤᠨ ᠠᠳᠠᠯᠢ ᠬᠠᠷᠠᠮᠵᠢ ᠣᠯᠭᠤᠬᠤ ᠲᠥᠷᠥ ᠶᠢᠨ ᠪᠣᠳᠣᠯᠭ᠎ᠠ ᠶᠢ ᠬᠡᠷᠩᠵᠢᠭᠦᠯᠭᠦ ᠬᠡᠷᠩᠳᠠᠢ᠃      ︵ᠭᠤᠷᠪᠠ︶ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠦᠨᠡᠡᠭᠦ ᠳᠡᠭᠡᠭᠰᠢᠯᠡᠭᠦᠯᠬᠦ ᠬᠡᠷᠡᠭᠲᠡᠶ᠃      1.ᠬᠡᠦᠬᠡᠳ ᠤᠨ ᠴᠡᠴᠡᠷᠯᠢᠭ ᠤᠨ ᠪᠠᠭᠰᠢ ᠶᠢ ᠨᠥᠬᠦᠪᠥᠷᠢᠯᠡᠭᠦ ᠪᠠ ᠲᠣᠬᠢᠷᠠᠭᠤᠯᠬᠤ ᠠᠵᠢᠯ ᠢᠶᠠᠨ ᠲᠦᠷᠭᠡᠣᠡᠭᠡᠭᠦ ᠬᠡᠷᠡᠭᠲᠡᠶ᠃ ︽︿ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠢ ᠲᠣᠬᠢᠷᠠᠭᠤᠯᠬᠤ ᠪᠠᠷᠢᠮᠵᠢᠶ᠎ᠠ ︵ᠲᠦᠷ ᠬᠡᠷᠡᠭᠵᠢᠭᠦᠯᠬᠦ︶ ᠶᠢ ᠤᠯᠠᠮᠵᠢᠯᠠᠨ ᠲᠠᠷᠬᠠᠭᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠪᠠᠭᠰᠢ ﹇2013﹈ 1 ᠳ᠋ᠣᠭᠡᠷ ᠲᠣᠭᠠᠳᠣ︶ ᠤᠨ ᠱᠠᠭᠠᠷᠳᠠᠯᠭ᠎ᠠ ᠶᠢ ᠦᠨᠳᠣᠰᠣᠯᠡᠵᠣ᠂ 3 ᠵᠢᠯ ᠤᠨ ᠴᠠᠭ ᠬᠤᠭᠤᠴᠠᠭ᠎ᠠ ᠶᠢ ᠬᠡᠷᠩᠯᠡᠵᠣ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠢ ᠭᠦᠢᠴᠡᠣᠨ ᠨᠦᠭᠦᠪᠣᠷᠢᠯᠡᠭᠦ ᠪᠠ ᠲᠣᠬᠢᠷᠠᠭᠤᠯᠬᠤ ᠬᠡᠷᠡᠭᠲᠡᠶ᠃ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠤ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠤ ᠬᠢᠷᠢ ᠴᠢᠳᠠᠮᠵᠢ ᠶᠢᠨ ᠪᠠᠷᠢᠮᠵᠢᠶᠠᠨ ᠳᠤ ᠭᠦᠷᠣᠭᠦᠯᠭᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠩᠳᠠᠢ᠃      2.ᠬᠥᠮᠦᠵᠢᠭᠦᠯᠣᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠩᠳᠠᠢ᠃ ᠰᠤᠷᠭᠠᠨ ᠬᠥᠮᠦᠵᠢᠯ ᠤᠨ ᠶᠠᠮᠤᠨ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢ ᠴᠢᠩᠭᠠᠳᠬᠠᠬᠤ ᠲᠤᠬᠠᠶ ᠰᠠᠨᠠᠯ︾ ︵ᠪᠠᠭᠰᠢ ﹇2012﹈ 11 ᠳ᠋ᠣᠭᠡᠷ ᠲᠤᠭᠠᠲᠤ︶ ᠤᠨ ᠵᠤᠷᠢᠬ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠶᠢᠨ ᠰᠠᠯᠪᠣᠷᠢ ᠶᠢᠨ ᠰᠤᠷᠤᠭᠴᠢᠳ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠪᠦᠭᠦ ᠠᠵᠢᠯᠳᠠᠨ ᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠪᠠᠭᠰᠢ ᠶᠢ ᠣᠯᠣᠰ ᠠᠴᠠ ᠬᠥᠮᠦᠵᠢᠭᠦᠯᠭᠦ ᠲᠥᠯᠥᠪᠯᠡᠭᠡ ᠪᠠ ᠣᠷᠣᠨ ᠤ ᠳᠡᠰ ᠤᠨ ᠪᠣᠯᠪᠠᠰᠤᠷᠠᠭᠤᠯᠣᠯ ᠤᠨ ᠲᠦᠷᠣᠯ ᠵᠦᠢᠯ ᠢ ᠭᠤᠣᠯᠳᠠᠯᠭ᠎ᠠ ᠲᠠᠢ ᠬᠡᠷᠩᠵᠢᠭᠦᠯᠵᠣ᠂ ᠭᠤᠷᠪᠠᠨ ᠵᠢᠯ ᠳᠤ ᠬᠡᠦᠬᠡᠳ ᠤᠨ ᠴᠡᠴᠡᠷᠯᠢᠭ ᠤᠨ ᠨᠢᠷᠣᠭᠤᠪᠴᠢ ᠪᠠᠭᠰᠢ ᠶᠢ 5000 ᠨᠡᠷᠡᠰ᠂ ᠴᠡᠴᠡᠷᠯᠢᠭ ᠤᠨ ᠳᠠᠷᠤᠭ᠎ᠠ ᠶᠢ 1500 ᠨᠡᠷᠡᠰ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠭᠠᠨ ᠰᠤᠳᠤᠯᠤᠭᠴᠢ ᠶᠢ 200 ᠨᠡᠷᠡᠰ ᠪᠣᠯᠪᠠᠰᠤᠷᠠᠭᠤᠯᠣᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠪᠣᠯᠪᠠᠰᠤᠷᠠᠭᠤᠯᠬᠤ ᠲᠥᠯᠥᠪᠯᠡᠭᠡ ᠲᠣᠭᠲᠠᠭᠠᠵᠤ᠂ 2016 ᠣᠨ ᠤ ᠰᠡᠭᠦᠯᠴᠢ ᠪᠣᠯᠳᠠᠯ᠎ᠠ᠂ ᠬᠠᠷᠢᠶᠠᠯᠠᠭᠳᠠᠬᠤ ᠭᠠᠵᠡᠷ ᠣᠷᠣᠨ ᠤ ᠬᠡᠦᠬᠡᠳ ᠤᠨ ᠴᠡᠴᠡᠷᠯᠢᠭ ᠤᠨ ᠳᠠᠷᠤᠭ᠎ᠠ ᠪᠠ ᠪᠠᠭᠰᠢ ᠶᠢᠨ ᠪᠦᠬᠦ ᠠᠵᠢᠯᠳᠠᠨ ᠤ ᠪᠣᠯᠪᠠᠰᠤᠷᠠᠭᠤᠯᠣᠯ ᠢ ᠪᠡᠶᠡᠯᠡᠭᠦᠯᠭᠦ ᠬᠡᠷᠩᠳᠠᠢ᠃      3.ᠪᠠᠭᠰᠢ ᠨᠠᠷ ᠤᠨ ᠨᠢᠷᠣᠭᠤᠪᠴᠢ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠦᠬᠡᠳ ᠤᠨ ᠴᠡᠴᠡᠷᠯᠢᠭ ᠤᠨ ᠨᠡᠷᠡᠲᠦ ᠪᠠᠭᠰᠢ ᠶᠢᠨ ᠨᠢᠷᠣᠭᠤᠪᠴᠢ ᠰᠢᠰᠲ᠋ᠧᠮᠵᠢ ᠶᠢ ᠪᠠᠶᠢᠭᠤᠯᠵᠣ᠂ ᠪᠦᠬᠦ ᠣᠷᠣᠨ ᠤ ᠬᠡᠦᠬᠡᠳ ᠤᠨ ᠴᠡᠴᠡᠷᠯᠢᠭ ᠤᠨ ᠰᠢᠯᠢᠳᠡᠭ ᠳᠠᠷᠤᠭ᠎ᠠ ᠪᠠ ᠵᠢᠭᠠᠨ ᠰᠤᠳᠤᠯᠤᠭᠴᠢ ᠶᠢ ᠰᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠣᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠲᠣᠰᠢᠶᠠᠯᠳᠣ ᠵᠢᠭᠠᠨ ᠰᠣᠳᠣᠯᠣᠭᠴᠢ ᠶᠢ ᠲᠣᠬᠢᠷᠠᠭᠤᠯᠵᠣ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠰᠬᠠᠶ ᠲᠤᠰᠢᠶᠠᠯᠲᠤ ᠵᠢᠭᠠᠨ ᠰᠤᠳᠤᠯᠤᠭᠴᠢ ᠨᠢ ᠲᠤᠰ ᠵᠠᠰᠠᠭ ᠵᠠᠬᠢᠷᠭᠠᠨ ᠤ ᠣᠷᠣᠨ ᠪᠦᠰᠨ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠭᠠᠨ ᠰᠣᠷᠭᠠᠵᠣ ᠰᠣᠳᠣᠯᠬᠤ ᠪᠠ ᠵᠢᠭᠠᠨ ᠵᠢᠯᠣᠭᠤᠳᠬᠤ ᠠᠵᠢᠯ ᠢ ᠬᠠᠷᠢᠭᠤᠴᠠᠵᠤ᠂ ᠣᠷᠣᠨ ᠪᠦᠰᠨ ᠶᠢᠨ ᠲᠣᠳᠣᠷᠠᠬᠢ ᠬᠡᠦᠬᠡᠳ ᠤᠨ ᠴᠡᠴᠡᠷᠯᠢᠭ ᠲᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠬᠦ ᠬᠡᠷᠩᠳᠠᠢ᠃      4.ᠣᠷᠣᠨ ᠪᠦᠰᠨ ᠶᠢᠨ ᠵᠢᠭᠠᠨ ᠰᠣᠳᠣᠯᠬᠤ ᠪᠠ ︽ᠲᠣᠰ ᠬᠡᠣᠭᠡᠣᠨ ᠤᠨ ᠴᠡᠴᠡᠷᠯᠢᠭ ᠲᠤ ᠰᠠᠭᠤᠷᠢᠯᠠᠬᠤ ᠵᠢᠭᠠᠨ ᠰᠤᠳᠤᠯᠬᠤ︾ ᠳᠦᠷᠢᠮ ᠤᠨ ᠪᠠᠶᠢᠭᠤᠯᠤᠯᠲᠠ ᠶᠢ ᠴᠢᠩᠭᠠᠣᠠᠬᠠᠵᠣ᠂ ᠪᠠᠭᠰᠢ ᠶᠢᠨ ᠡ᠊ᠡᠭᠨᠡᠭᠡ ᠶᠢᠨ ᠲᠣᠰᠬᠠᠶᠢᠵᠢᠯᠳᠠ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠷᠣᠨ ᠪᠦᠰᠨ ᠶᠢᠨ ᠵᠢᠭᠠᠨ ᠰᠣᠳᠣᠯᠬᠤ ᠪᠠ ︽ᠲᠣᠰ ᠬᠡᠣᠭᠡᠣᠨ ᠤᠨ ᠴᠡᠴᠡᠷᠯᠢᠭ ᠲᠤ ᠰᠠᠭᠤᠷᠢᠯᠠᠬᠤ ᠵᠢᠭᠠᠨ ᠰᠤᠳᠤᠯᠬᠤ︾ ᠠᠵᠢᠯ ᠤᠨ ᠵᠢᠯᠣᠭᠤᠳᠬᠤ ᠰᠠᠨᠠᠯ ᠢ ᠰᠤᠳᠤᠯᠤᠨ ᠲᠣᠭᠲᠠᠭᠠᠵᠤ᠂ ᠣᠷᠣᠨ ᠪᠦᠰᠨ ᠶᠢᠨ ᠵᠢᠭᠠᠨ ᠰᠣᠳᠣᠯᠬᠤ ᠪᠠ ︽ᠲᠣᠰ ᠬᠡᠣᠭᠡᠣᠨ ᠤᠨ ᠴᠡᠴᠡᠷᠯᠢᠭ ᠲᠤ ᠰᠠᠭᠤᠷᠢᠯᠠᠬᠤ ᠵᠢᠭᠠᠨ ᠰᠤᠳᠤᠯᠬᠤ︾ ᠲᠤᠷᠰᠢᠯᠲᠠ ᠶᠢᠨ ᠴᠢᠬ ᠤᠨ ᠭᠠᠵᠠᠷ ᠣᠷᠣᠨ᠂ ᠲᠤᠷᠰᠢᠯᠲᠠ ᠶᠢᠨ ᠴᠢᠬ ᠲᠠᠬᠢ ᠬᠡᠦᠬᠡᠳ ᠤᠨ ᠴᠡᠴᠡᠷᠯᠢᠭ ᠤᠨ ᠴᠢᠬ ᠢᠶᠠᠷ ᠨᠠᠶᠢᠳᠠᠮ ᠢ ᠳᠠᠶᠢᠴᠢᠯᠠᠬᠤ ᠠᠵᠢᠯ ᠢ ᠢᠳᠡᠪᠬᠢᠲᠡᠶ ᠰᠦᠪᠡᠭᠴᠢᠯᠡᠨ ᠠᠬᠢᠭᠤᠯᠵᠣ᠂ ᠮᠠᠨ ᠤ ᠣᠷᠣᠨ ᠤ ᠣᠨᠴᠠᠯᠢᠭ ᠲᠠᠢ ᠣᠷᠣᠨ ᠪᠦᠰᠨ ᠶᠢᠨ ᠵᠢᠭᠠᠨ ᠰᠣᠳᠣᠯᠬᠤ ᠪᠠ ︽ᠲᠣᠰ ᠬᠡᠣᠭᠡᠣᠨ ᠤᠨ ᠴᠡᠴᠡᠷᠯᠢᠭ ᠲᠤ ᠰᠠᠭᠤᠷᠢᠯᠠᠬᠤ ᠵᠢᠭᠠᠨ ᠰᠤᠳᠤᠯᠬᠤ︾ ᠠᠵᠢᠯᠯᠠᠭᠠᠨ ᠤ ᠲᠣᠭᠲᠠᠴᠠ ᠶᠢ ᠪᠠᠶᠢᠭᠤᠯᠣᠨ ᠪᠦᠷᠢᠨᠰᠢᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠣ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠦᠯᠵᠢᠶ᠎ᠠ ᠪᠠᠷ ᠵᠢᠭᠠᠨ ᠰᠤᠷᠭᠠᠬᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠶᠢ ᠠᠬᠢᠭᠤᠯᠣᠨ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠡᠣᠭᠡᠣᠨ ᠤᠨ ᠴᠡᠴᠡᠷᠯᠢᠭ ᠪᠠ ᠰᠢᠯᠢᠳᠡᠭ ᠪᠠᠭᠰᠢ ᠶᠢᠨ ᠨᠦᠯᠣᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠩᠳᠠᠢ᠃      5.ᠰᠢᠨᠵᠢᠯᠡᠬᠦ ᠤᠬᠠᠭᠠᠨᠴᠢ ᠪᠠᠷ ᠵᠢᠭᠠᠨ ᠰᠤᠷᠭᠠᠵᠣ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠪᠤᠶᠢᠵᠢᠬᠤ ᠶᠢ ᠠᠬᠢᠭᠤᠯᠬᠤ ᠬᠡᠷᠡᠭᠲᠡᠶ᠃ ᠬᠡᠦᠬᠡᠳ ᠤᠨ ᠪᠡᠶ᠎ᠡ ᠰᠡᠳᠬᠢᠯ ᠤᠨ ᠪᠦᠢᠵᠢᠯᠳᠠ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠠᠰᠠᠷᠠᠬᠤ ᠬᠢᠭᠡᠣᠨ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠶᠣᠰᠣᠭᠠᠷ᠂ ᠬᠡᠦᠬᠡᠳ ᠤᠨ ᠰᠤᠷᠭᠠᠨ ᠬᠥᠮᠦᠵᠢᠯ ᠤᠨ ᠬᠥᠭᠵᠢᠯᠲᠡ ᠯᠦᠭᠡ ᠵᠣᠬᠢᠴᠠᠭᠰᠠᠨ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠪᠣᠢ ᠪᠣᠯᠭᠠᠨ᠂ ᠬᠡᠦᠬᠡᠳ ᠲᠤ ᠪᠡᠶ᠎ᠡ ᠮᠠᠬᠠᠪᠣᠣᠨ᠂ ᠣᠶᠤᠨ ᠣᠬᠠᠭᠠᠨ᠂ ᠶᠣᠰᠣ ᠮᠣᠷᠠᠯ᠂ ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ ᠬᠡᠪ ᠴᠢᠨᠠᠷ ᠤᠨ ᠰᠣᠷᠭᠠᠨ ᠭᠦᠮᠣᠵᠢᠯ ᠢ ᠬᠡᠷᠡᠭᠵᠢᠭᠦᠯᠵᠣ᠂ ᠬᠡᠦᠬᠡᠳ ᠤᠨ ᠡᠷᠡᠭᠦᠯ ᠴᠢᠬᠢᠷᠠᠭ ᠪᠠᠶᠠᠷ ᠪᠠᠶᠠᠰᠬᠤᠯᠠᠩ ᠲᠠᠢ ᠥᠰᠦᠨ ᠪᠤᠶᠢᠵᠢᠬᠤ ᠶᠢ ᠠᠬᠢᠭᠤᠯᠬᠤ ᠬᠡᠷᠡᠭᠲᠡᠶ᠃ ᠬᠡᠦᠬᠡᠳ ᠤᠨ ᠴᠡᠴᠡᠷᠯᠢᠭ ᠨᠢ ᠨᠠᠭᠠᠳᠣᠮ ᠲᠣᠭᠯᠠᠭᠠᠮ ᠢᠶᠠᠷ ᠦᠨᠳᠦᠰᠦᠨ ᠭᠦᠳᠡᠯᠭᠡᠭᠡᠨ ᠤ ᠬᠡᠯᠪᠡᠷᠢ ᠪᠣᠯᠭᠠᠵᠣ᠂ ᠨᠠᠭᠠᠳᠣᠮ ᠲᠣᠭᠯᠠᠭᠠᠮ ᠢᠶᠠᠷ ᠭᠦᠮᠣᠵᠢᠯ ᠭᠦᠷᠳᠡᠭᠡᠭᠦ ᠶᠢ ᠭᠦᠳᠡᠯᠭᠡᠭᠡᠨ ᠤ ᠲᠣᠮᠳᠠ ᠪᠡᠶᠡᠯᠡᠭᠦᠯᠬᠦ ᠬᠡᠷᠡᠭᠳᠡᠢ᠂ ᠲᠥᠪᠯᠡᠷᠡᠭᠦᠯᠦᠨ ᠬᠢᠴᠢᠶᠠᠯᠯᠡᠭᠦ ᠠᠷᠭ᠎ᠠ ᠮᠠᠶ᠋ᠢᠭ ᠢᠶᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠭᠤᠯᠭ᠎ᠠ ᠶᠢ ᠣᠷᠢᠣᠡᠴᠢᠯᠠᠨ ᠵᠢᠭᠠᠵᠣ ᠪᠣᠯᠬᠤ ᠦᠭᠡᠢ᠂ ᠬᠡᠦᠬᠡᠳ ᠤᠨ ᠪᠡᠶ᠎ᠡ ᠰᠡᠳᠬᠢᠯ ᠤᠨ ᠪᠤᠶᠢᠵᠢᠯᠳᠠ ᠶᠢᠨ ᠵᠢᠮ᠎ᠡ ᠶᠣᠰᠣ ᠶᠢ ᠵᠥᠷᠢᠴᠡᠭᠰᠡᠨ ᠬᠦᠳᠡᠯᠭᠡᠭᠡᠨ ᠢ ᠦᠷᠨᠢᠭᠦᠯᠵᠣ ᠪᠣᠯᠬᠤ ᠦᠭᠡᠶ᠃      ︵ᠳᠥᠷᠪᠡ︶ ᠬᠢᠨᠠᠯᠲᠠ ᠲᠠᠯᠪᠢᠬᠤ ᠠᠵᠢᠯ ᠢᠶᠠᠨ ᠴᠢᠩᠭᠠᠷᠠᠭᠤᠯᠵᠣ᠂ ᠬᠡᠦᠬᠡᠳ ᠤᠨ ᠴᠡᠴᠡᠷᠯᠢᠭ ᠲᠤ ᠬᠢᠨᠠᠯᠳᠠ ᠬᠠᠮᠢᠶᠠᠷᠣᠯᠳᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠭᠦ ᠬᠡᠷᠩᠳᠠᠢ᠃      1. ᠬᠢᠨᠠᠯᠲᠠ ᠲᠠᠯᠪᠢᠬᠤ᠂ ᠪᠠᠶᠢᠴᠠᠭᠠᠬᠤ ᠪᠠ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠡᠦᠬᠡᠳ ᠤᠨ ᠴᠡᠴᠡᠷᠯᠢᠭ ᠡᠷᠬᠢᠯᠡᠭᠦ ᠠᠵᠢᠯᠯᠠᠭ᠎ᠠ ᠶᠢ ᠵᠢᠷᠤᠮᠵᠢᠭᠤᠯᠬᠤ ᠬᠡᠷᠩᠳᠠᠢ᠃ ᠬᠡᠦᠬᠡᠳ ᠤᠨ ᠴᠡᠴᠡᠷᠯᠢᠭ ᠡᠷᠬᠢᠯᠡᠬᠦ ᠬᠢᠷᠢ ᠴᠢᠳᠠᠮᠵᠢ᠂ ᠪᠠᠭᠰᠢ ᠶᠢᠨ ᠬᠢᠷᠢ ᠬᠡᠮ᠂ ᠴᠡᠴᠡᠷᠯᠢᠭ ᠡᠷᠬᠢᠯᠡᠬᠦ ᠠᠵᠢᠯᠯᠠᠭ᠎ᠠ᠂ ᠰᠦᠢᠳᠬᠡᠯ ᠬᠤᠷᠢᠶᠠᠬᠤ ᠵᠡᠷᠭᠡ ᠰᠢᠷᠢᠰ ᠪᠠᠷᠢᠮᠵᠢᠶ᠎ᠠ ᠶᠢ ᠳᠡᠭᠦᠯᠳᠡᠷᠵᠢᠭᠦᠯᠵᠣ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠵᠢᠷᠤᠮᠵᠢᠭᠤᠯᠣᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠷᠢᠶᠠᠯᠠᠭᠳᠠᠬᠤ ᠭᠠᠵᠠᠷ ᠣᠷᠣᠨ ᠤ ᠬᠡᠦᠬᠡᠳ ᠤᠨ ᠴᠡᠴᠡᠷᠯᠢᠭ ᠢ ᠲᠥᠷᠥᠯ ᠳᠡᠰ ᠢᠶᠠᠷ ᠰᠢᠯᠭᠠᠷᠠᠭᠤᠯᠣᠨ ᠲᠣᠭᠲᠠᠭᠠᠬᠤ ᠬᠦᠷᠢᠶ᠎ᠡ ᠬᠡᠪᠴᠢᠶ᠎ᠡ ᠳᠤ ᠣᠷᠣᠭᠤᠯᠵᠣ᠂ ᠬᠡᠦᠬᠡᠳ ᠤᠨ ᠴᠡᠴᠡᠷᠯᠢᠭ ᠲᠤ ᠣᠨ ᠤ ᠪᠠᠶᠢᠴᠠᠭᠠᠯᠲᠠ ᠬᠢᠬᠦ ᠳᠦᠷᠢᠮ ᠢ ᠬᠡᠷᠡᠭᠵᠢᠭᠦᠯᠵᠦ᠂ ᠵᠢᠷᠤᠮᠵᠢᠬᠰᠡᠨ ᠬᠠᠮᠢᠶᠠᠷᠤᠯᠲᠠ ᠶᠢ ᠪᠡᠶᠡᠯᠡᠭᠦᠯᠭᠦ ᠬᠡᠷᠩᠳᠠᠢ᠃      2.ᠶᠡᠷᠦᠩᠬᠡᠶᠢᠯᠡᠨ ᠵᠠᠰᠠᠵᠣ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠪᠠ ᠲᠣᠭᠲᠠᠭᠤᠨ ᠠᠵᠢᠯᠯᠠᠭᠠᠨ ᠢ ᠪᠦᠬᠦ ᠲᠠᠯ᠎ᠠ ᠪᠠᠷ ᠪᠠᠲᠤᠯᠠᠬᠤ ᠬᠡᠷᠩᠳᠠᠢ᠃ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠶᠠᠰᠤ ᠴᠢᠨᠠᠷ ᠤᠨ ᠬᠢᠨᠠᠯᠲᠠ ᠲᠠᠯᠪᠢᠬᠤ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠣᠯᠳᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠬᠡᠦᠬᠡᠳ ᠤᠨ ᠴᠡᠴᠡᠷᠯᠢᠭ ᠤᠨ ᠠᠮᠣᠷ ᠲᠦᠪᠰᠢᠨ ᠤ ᠠᠵᠢᠯ ᠳᠤ ᠬᠢᠨᠠᠯᠲᠠ ᠲᠠᠯᠪᠢᠵᠣ ᠵᠢᠯᠣᠭᠤᠳᠬᠤ ᠪᠠᠨ ᠴᠢᠩᠭᠠᠳᠬᠠᠬᠤ ᠬᠡᠷᠩᠳᠠᠢ᠃ ᠬᠡᠦᠬᠡᠳ ᠤᠨ ᠴᠡᠴᠡᠷᠯᠢᠭ ᠲᠤ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢ ᠭᠦᠢᠴᠡᠣᠨ ᠲᠣᠬᠢᠷᠠᠭᠤᠯᠵᠣ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠣᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠭᠦᠮᠣᠨ ᠢᠶᠠᠷ ᠰᠡᠷᠭᠡᠶᠢᠯᠡᠭᠦ᠂ ᠪᠣᠳᠠᠰ ᠢᠶᠠᠷ ᠰᠡᠷᠭᠡᠶᠢᠯᠡᠭᠦ ᠪᠠ ᠮᠡᠷᠭᠡᠵᠢᠯ ᠢᠶᠠᠷ ᠰᠡᠷᠭᠡᠶᠢᠯᠡᠭᠦ ᠬᠠᠷᠢᠯᠴᠠᠨ ᠤᠶᠠᠯᠳᠤᠭᠰᠠᠨ ᠠᠮᠣᠷ ᠲᠦᠪᠰᠢᠨ ᠤ ᠰᠡᠷᠭᠡᠶᠢᠯᠠᠨ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠬᠤ ᠬᠡᠷᠩᠳᠠᠢ᠃ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠣᠡᠪᠣᠷᠢᠯᠡᠭᠦ ᠪᠡᠯᠡᠳᠬᠡᠯ ᠲᠥᠰᠦᠯ ᠢ ᠲᠣᠭᠲᠠᠭᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠬᠡᠦᠬᠡᠳ ᠤᠨ ᠴᠡᠴᠡᠷᠯᠢᠭ ᠨᠢ ᠴᠡᠴᠡᠷᠯᠢᠭ ᠤᠨ ᠲᠡᠷᠭᠡ ᠪᠠᠷ ᠬᠡᠣᠭᠡᠣᠨ ᠲᠣᠰᠴᠣ ᠭᠦᠷᠭᠡᠭᠦ ᠶᠢ ᠴᠢᠩᠭ᠎ᠠ ᠴᠠᠭᠠᠵᠠᠯᠠᠬᠤ ᠬᠡᠷᠩᠳᠠᠢ᠃      3. ᠦᠨᠡᠮᠯᠡᠯ ᠦᠭᠡᠶ ᠪᠠᠷ ᠬᠡᠣᠭᠡᠣᠨ ᠤᠨ ᠴᠡᠴᠡᠷᠯᠢᠭ ᠡᠷᠬᠢᠯᠡᠭᠦ ᠶᠢ ᠴᠢᠩᠭ᠎ᠠ ᠵᠠᠰᠠᠬᠤ ᠬᠡᠷᠩᠳᠠᠢ᠃ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠵᠣ ᠦᠢᠯᠡᠳᠪᠦᠷᠢ ᠬᠤᠳᠠᠯᠳᠤᠭ᠎ᠠ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠦ ᠬᠠᠮᠲᠤᠷᠠᠨ ᠬᠠᠤᠯᠢ ᠬᠡᠷᠡᠭᠵᠢᠭᠦᠯᠵᠣ᠂ ᠦᠨᠡᠮᠯᠡᠯ ᠦᠭᠡᠶ ᠪᠠᠷ ᠬᠡᠣᠭᠡᠣᠨ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠲᠥᠷᠥᠯ ᠬᠤᠪᠢᠶᠠᠨ ᠵᠠᠰᠠᠬᠤ ᠬᠡᠷᠩᠳᠠᠢ᠃ ᠬᠡᠣᠭᠡᠣᠨ ᠤᠨ ᠴᠡᠴᠡᠷᠯᠢᠭ ᠡᠷᠬᠢᠯᠡᠬᠦ ᠨᠥᠬᠦᠴᠡᠯ ᠳᠤ ᠨᠠᠶᠢᠴᠡᠪᠡᠯ ᠬᠡᠣᠭᠡᠣᠨ ᠤᠨ ᠴᠡᠴᠡᠷᠯᠢᠭ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠭᠤᠵᠣ᠂ ᠬᠡᠣᠭᠡᠣᠨ ᠤᠨ ᠴᠡᠴᠡᠷᠯᠢᠭ ᠡᠷᠬᠢᠯᠡᠭᠦ ᠪᠠᠷᠢᠮᠵᠢᠶ᠎ᠠ ᠳᠤ ᠦᠯᠣ ᠬᠦᠷᠦᠭᠰᠡᠨ ᠪᠠᠶᠢᠪᠡᠯ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠬᠡᠣᠭᠡᠣᠨ ᠤᠨ ᠴᠡᠴᠡᠷᠯᠢᠭ ᠲᠤ ᠣᠷᠣᠬᠤ ᠬᠡᠦᠬᠡᠳ ᠤᠳ ᠢ ᠵᠣᠬᠢᠰᠳᠠᠢ ᠲᠥᠪᠬᠢᠨᠡᠭᠦᠯᠣᠭ᠍ᠰᠡᠨ ᠤᠷᠢᠲᠠᠯ ᠳᠣᠣᠷ᠎ᠠ ᠬᠠᠤᠯᠢ ᠶᠣᠰᠣᠭᠠᠷ ᠭᠦᠴᠣᠨ ᠦᠭᠡᠢ ᠪᠣᠯᠭᠠᠬᠤ ᠬᠡᠷᠡᠭᠲᠡᠶ᠃      ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠭᠦ      ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠣᠬᠠᠭᠠᠨ ᠭᠠᠷᠭᠠᠵᠣ᠂ ᠲᠤᠰ ᠱᠠᠲᠤᠨ ᠤ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠰᠠᠶᠢᠳᠣᠷ ᠬᠢᠭᠦ ᠬᠡᠷᠩᠳᠠᠢ᠃ ᠡᠯ᠎ᠡ ᠭᠠᠵᠠᠷ ᠣᠷᠣᠨ ᠨᠤᠭᠤᠳ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠲᠤᠰ ᠭᠠᠵᠠᠷ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠬᠠᠷᠠᠯᠲᠠ ᠶᠢᠨ ᠡᠭᠦᠷᠭᠡ ᠪᠠᠨ ᠬᠢᠨᠠᠮᠠᠭᠠᠶ ᠲᠣᠭᠲᠠᠭᠠᠵᠤ᠂ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠪᠠᠨ ᠱᠠᠲᠤ ᠳᠠᠷᠠᠭᠠᠯᠠᠨ ᠨᠠᠶᠢᠷᠠᠭᠤᠯᠤᠨ ᠵᠣᠬᠢᠶᠠᠵᠤ ᠬᠡᠷᠩᠵᠢᠭᠦᠯᠭᠦ ᠬᠡᠷᠩᠳᠠᠢ᠃ ᠡᠯ᠎ᠡ ᠠᠶᠢᠮᠠᠭ ᠬᠤᠲᠠ ᠶᠢᠨ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠪᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ 2015 ᠣᠨ ᠤ 5 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠣᠨ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠭᠦ ᠬᠡᠷᠩᠳᠠᠢ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠷᠣᠯ ᠵᠦᠢᠯ ᠤᠨ ᠨᠦᠭᠦᠪᠣᠷᠢ ᠣᠯᠭᠤᠬᠤ ᠲᠣᠭᠲᠠᠴᠠ ᠶᠢ ᠪᠠᠶᠢᠭᠤᠯᠬᠤ ᠬᠡᠷᠩᠳᠠᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠵᠢᠴᠢ ᠤᠯᠤᠰ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠬᠤᠰᠢᠭᠤ ᠰᠢᠶᠠᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠨᠦᠭᠦᠪᠣᠷᠢ ᠣᠯᠭᠤᠬᠤ ᠬᠡᠷᠩᠳᠠᠢ᠃      ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠢᠶᠠᠨ ᠬᠤᠪᠢᠶᠠᠨ ᠬᠠᠮᠳᠣᠷᠠᠯᠴᠠᠵᠣ᠂ ᠮᠤᠵᠢ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠨ᠂ ᠱᠠᠲᠤ ᠬᠤᠪᠢᠶᠠᠨ ᠬᠠᠮᠢᠶᠠᠷᠣᠭᠰᠡᠨ᠂ ᠬᠤᠰᠢᠭᠤ ᠰᠢᠶᠠᠨ ᠢᠶᠠᠷ ᠭᠤᠣᠯ ᠪᠣᠯᠭᠠᠬᠰᠠᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠭᠰᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠷᠢᠮᠲᠠᠯᠠᠬᠤ ᠪᠠ ᠲᠡᠭᠦᠯᠳᠡᠷᠵᠢᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠦᠨᠡᠡᠭᠦ ᠪᠠᠳᠠᠷᠠᠭᠤᠯᠵᠣ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠠᠶᠢᠳᠡᠯᠠᠵᠣ᠂ ᠵᠣᠬᠢᠴᠠᠭᠤᠯᠵᠣ᠂ ᠰᠢᠢᠣᠡᠪᠣᠷᠢᠯᠡᠭᠦ ᠬᠡᠷᠡᠭᠲᠡᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠣᠷᠣᠨ︶ ᠨᠤᠭᠤᠳ ᠵᠣᠬᠢᠬᠤ ᠪᠠᠶᠢᠭᠤᠯᠣᠮᠵᠢ ᠪᠣᠯᠣᠨ ᠬᠠᠮᠢᠶ᠎ᠠ ᠪᠦᠭᠦᠢ ᠰᠠᠯᠠᠭ᠎ᠠ ᠮᠥᠴᠢᠷ ᠤᠳ ᠴᠣᠭᠭᠠᠷ ᠠᠳᠬᠤᠨ ᠬᠠᠮᠳᠣᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠣᠨ ᠪᠦᠷᠢᠨᠰᠢᠭᠦᠯᠭᠦ ᠬᠡᠷᠡᠭᠲᠡᠶ᠃      ︵ᠳᠥᠷᠪᠡ︶ ᠰᠢᠮᠳᠠᠭᠤᠯᠣᠨ ᠵᠢᠯᠣᠭᠤᠳᠬᠤ ᠪᠠᠨ ᠴᠢᠩᠭᠠᠳᠬᠠᠵᠤ᠂ ᠱᠠᠩᠨᠠᠵᠤ ᠲᠣᠷᠭᠠᠬᠤ ᠪᠠ ᠬᠠᠷᠢᠭᠤᠴᠠᠯᠭ᠎ᠠ ᠬᠡᠯᠡᠯᠴᠡᠭᠦ ᠲᠣᠭᠲᠠᠴᠠ ᠶᠢ ᠪᠦᠷᠢᠨᠰᠢᠭᠦᠯᠭᠦ ᠬᠡᠷᠩᠳᠠᠢ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠤᠰᠬᠠᠶ ᠵᠦᠢᠯ ᠢᠶᠠᠷ ᠰᠢᠮᠳᠠᠭᠤᠯᠣᠨ ᠵᠢᠯᠣᠭᠤᠳᠬᠤ ᠠᠵᠢᠯ ᠤᠨ ᠠᠭᠤᠯᠭ᠎ᠠ ᠳᠤ ᠦᠷᠭᠦᠯᠵᠢᠯᠡᠨ ᠣᠷᠣᠭᠤᠯᠵᠤ᠂ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠬᠡᠷᠡᠭᠵᠢᠭᠦᠯᠣᠭ᠍ᠳᠡᠵᠣ ᠪᠠᠶᠢᠭ᠎ᠠ ᠪᠠᠶᠢᠳᠠᠯ ᠢ ᠣᠨ ᠬᠤᠪᠢᠶᠠᠨ ᠰᠢᠮᠳᠠᠭᠤᠯᠤᠨ ᠵᠢᠯᠣᠭᠤᠣᠡᠴᠣ ᠪᠠᠶᠢᠴᠠᠭᠠᠨ᠎ᠠ᠃ ᠪᠦᠬᠦ ᠣᠷᠣᠨ ᠤ ︽ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠪᠡᠶᠡᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠵᠢᠯ ᠤᠨ ᠦᠷ᠎ᠡ ᠪᠦᠲᠦᠮᠵᠢ ᠪᠠᠷ ᠮᠡᠳᠡᠭᠳᠡᠭᠦ᠋ᠢᠴᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠠᠶᠢᠰᠢᠶᠠᠨ ᠭᠦᠬᠢᠭᠦᠯᠵᠣ᠂ ᠠᠬᠢᠴᠠ ᠨᠢ ᠤᠳᠠᠭᠠᠨ᠂ ᠠᠷᠭ᠎ᠠ ᠬᠡᠮᠵᠢᠶ᠎ᠡ ᠨᠢ ᠦᠨᠡᠨ ᠪᠣᠳᠠᠲᠠᠶ ᠪᠣᠰᠣ᠂ ᠡᠷᠴᠢᠮ ᠨᠢ ᠬᠦᠷᠣᠯᠴᠡᠭᠦ ᠦᠭᠡᠶ ᠪᠠᠶᠢᠭ᠎ᠠ ᠪᠣᠯ ᠬᠠᠷᠢᠭᠤᠴᠠᠯᠭ᠎ᠠ ᠬᠡᠯᠡᠯᠴᠡᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号