ᠥᠪᠥᠷ ᠮᠣᠩᠭᠤᠯ᠄ ᠭᠤᠷᠪᠠᠨ ᠶᠡᠭᠡ ᠠᠷᠭ᠎ᠠ ᠪᠤᠳᠤᠯᠭ᠎ᠠ ᠪᠠᠷ ᠰᠢᠨ᠎ᠡ ᠶᠢ ᠡᠭᠦᠳᠬᠦ ᠬᠥᠳᠡᠯᠭᠡᠭᠦᠷ ᠪᠤᠯᠭᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2015/11/18
     ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ ᠡᠭᠦᠷᠭᠡ ᠬᠠᠲᠠᠭᠤᠵᠢᠯᠲᠠᠢ᠂ ᠠᠵᠤ ᠠᠬᠤᠶ ᠶᠢᠨ ᠪᠠᠶᠢᠳᠠᠯ ᠬᠦᠨᠳᠦ ᠨᠣᠴᠢᠲᠠᠶ ᠠᠬᠤᠶ ᠪᠠᠶᠢᠳᠠᠯ ᠤᠨ ᠳᠣᠣᠷ᠎ᠠ᠂ ᠬᠠᠷᠠᠬᠠᠨ ᠬᠥᠭᠵᠢᠭᠡᠳᠦᠶ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠲᠠᠰᠤᠷᠠᠯᠳᠠ ᠥᠭᠡᠢ ᠨᠡᠮᠡᠭᠳᠡᠭᠦᠯᠵᠦ ᠰᠢᠨ᠎ᠡ ᠶᠢ ᠡᠭᠦᠳᠬᠦ ᠬᠦᠳᠡᠯᠭᠡᠭᠦᠷ ᠲᠤ ᠡᠨᠧᠷᠭᠢ  ᠨᠡᠮᠡᠨ ᠴᠡᠨᠡᠭᠯᠡᠪᠡ᠃ ᠨᠢᠭᠡ ᠳᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠲᠦᠯᠬᠢᠨ ᠠᠬᠢᠭᠤᠯᠪᠠ᠃ 2014 ᠣᠨ ᠤ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠭᠤᠯᠤᠭᠰᠠᠨ ᠪᠡᠯᠡ ᠮᠥᠩᠭᠦ 33 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.27%᠎ ᠪᠠᠷ ᠨᠡᠮᠡᠭᠳᠡᠵᠡᠢ︔ 2015 ᠣᠨ ᠳᠤ ᠮᠠᠨ ᠤ ᠣᠷᠣᠨ ᠤ ᠲᠣᠬᠢᠷᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠭᠤᠯᠤᠯᠲᠠ ᠶᠢᠨ ᠪᠡᠯᠡ ᠮᠦᠩᠭᠦ 33.5 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠤ ᠳᠣᠲᠣᠷᠠᠬᠢ  ᠮᠡᠷᠭᠡᠵᠢᠯ ᠤᠨ ᠰᠤᠳᠤᠯᠤᠯ ᠪᠠ ᠨᠡᠭᠡᠭᠡᠨ ᠬᠥᠭᠵᠢᠭᠦᠯᠬᠦ ᠣᠷᠣᠭᠤᠯᠤᠯᠲᠠ ᠨᠢ 10.8 ᠳ᠋ᠦᠩᠰᠢᠭᠤᠷ ᠲᠥᠭᠦᠷᠢᠭ ᠬᠦᠷᠴᠦ᠂ ᠨᠡᠯᠢᠶᠡᠳ ᠥᠨᠳᠥᠷ ᠣᠷᠣᠭᠤᠯᠤᠯᠲᠠ ᠲᠠᠢ ᠪᠠᠶᠢᠬᠤ ᠡᠷᠴᠢᠮ ᠢ ᠦᠷᠭᠦᠯᠵᠢᠯᠡᠨ ᠪᠠᠲᠤᠯᠠᠵᠡᠢ᠃ ᠬᠤᠶᠠᠷ ᠲᠤ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠲᠦᠷᠦᠯ ᠵᠦᠢᠯ ᠤᠨ ᠨᠠᠶᠢᠳᠠᠪᠤᠷᠢᠵᠢᠯᠲᠠ ᠶᠢ ᠲᠦᠯᠬᠢᠨ ᠠᠬᠢᠭᠤᠯᠪᠠ᠃ 2014 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠡᠶᠢᠳᠡ 5.5 ᠳ᠋ᠦᠩᠰᠢᠭᠤᠷ ᠲᠥᠭᠦᠷᠢᠭ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠤᠨ ᠪᠡᠯᠡ ᠮᠥᠩᠭᠦ ᠪᠠᠭᠤᠯᠭᠠᠵᠤ᠂ 16 ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯᠡᠰ ᠤᠨ ᠬᠥᠭᠵᠢᠯᠲᠡ ᠶᠢ ᠳᠡᠮᠵᠢᠪᠡ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤ ᠪᠠᠷ ᠰᠢᠨ᠎ᠡ ᠶᠢ ᠡᠭᠦᠳᠬᠦ ᠰᠠᠭᠤᠷᠢ ᠮᠥᠩᠭᠦ ᠶᠢ 1.5 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠣᠳᠠᠲᠤ ᠴᠣᠭᠴᠠᠲᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠲᠤᠰᠬᠠᠢ ᠬᠡᠷᠡᠭᠯᠡᠪᠡ᠃ ᠭᠤᠷᠪᠠ ᠳᠤ ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ ᠤ ᠢᠨᠵᠧᠨᠧᠷᠢᠩ ᠤᠨ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠤ᠂ ︽ᠵᠠᠭᠤᠨ ᠨᠡᠷᠡᠰ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠲᠥᠯᠥᠪᠯᠡᠭᠡ︾᠎ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠪᠠ ᠪᠠᠴᠢᠮ ᠬᠡᠷᠡᠭᠰᠡᠬᠦ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠬᠤ ᠎ ᠳᠤ ᠭᠤᠣᠯᠳᠠᠯᠭ᠎ᠠ ᠲᠠᠢ ᠬᠡᠷᠡᠭᠯᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号