11 ᠳ᠋ᠦ᠋ᠭᠡᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠵᠡᠮᠳᠡᠭᠴᠦᠳ ᠤᠨ ᠡᠷᠡᠭᠦᠯᠵᠢᠯ ᠤᠨ | ᠡᠮᠨᠡᠯᠭᠡ ᠶᠢᠨ ᠲᠥᠪ ᠬᠠᠮᠲᠤᠷᠠᠨ ᠠᠵᠢᠯᠯᠠᠬᠤ ᠭᠡᠷ᠎ᠡ ᠳᠤ ᠭᠠᠷ ᠤᠨ ᠦᠰᠦᠭ ᠵᠢᠷᠤᠬᠤ ᠶᠣᠰᠣᠯᠠᠯ ᠥᠪᠥᠷ ᠮᠣᠩᠭᠤᠯ ᠤᠨ | ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠣᠭᠠᠲᠤ ᠬᠤᠷᠠᠯ ᠪᠣᠯᠤᠨ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠵᠡᠮᠳᠡᠭᠴᠦᠳ ᠢ | ᠡᠷᠡᠭᠦᠯᠵᠢᠭᠦᠯᠬᠦ ᠡᠮᠴᠢᠯᠡᠭᠡᠨ ᠤ ᠵᠢᠱᠢᠶ᠎ᠡ ᠦᠵᠡᠭᠦᠯᠬᠦ ᠴᠢᠨᠠᠷᠲᠠᠶ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯᠤᠨ᠎ᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠤᠳᠤ ᠪᠠᠶᠢᠭ᠎ᠠ ᠡᠯ᠎ᠡ ᠵᠦᠢᠯ ᠤᠨ ᠵᠡᠮᠳᠡᠭᠴᠦᠳ 158.58 | ᠲᠦᠮᠡᠨ ᠬᠥᠮᠦᠨ᠂ 470 ᠲᠦᠮᠡᠨ ᠭᠡᠷ ᠪᠦᠯᠢ ᠶᠢᠨ ᠬᠥᠮᠦᠨ ᠠᠮᠠ ᠲᠠᠢ ᠬᠤᠯᠪᠤᠭᠳᠠᠵᠤ᠂ ᠡᠷᠡᠭᠦᠯᠵᠢᠭᠦᠯᠬᠦ | ᠪᠣᠯᠪᠠᠰᠤᠷᠠᠯ ᠪᠠ ᠲᠤᠰᠠᠯᠠᠬᠤ ᠪᠠᠭᠠᠵᠢ ᠲᠣᠬᠢᠷᠠᠭᠤᠯᠬᠤ ᠬᠡᠷᠡᠭᠴᠡᠭᠡ ᠲᠠᠢ ᠵᠡᠮᠳᠡᠭᠴᠦᠳ ᠨᠢ ᠵᠡᠮᠳᠡᠭᠴᠦᠳ ᠤᠨ | ᠶᠡᠷᠦᠩᠬᠡᠶ ᠲᠣᠭᠠᠨ ᠤ 72.78% ᠶᠢ ᠡᠵᠡᠯᠡᠵᠦ ᠪᠠᠶᠢᠨ᠎ᠠ᠃ ᠣᠳᠣ ᠪᠣᠯᠲᠠᠯ᠎ᠠ ᠨᠡᠶᠢᠲᠡ 40 ᠭᠠᠷᠤᠶ ᠲᠦᠮᠡᠨ | ᠵᠡᠮᠳᠡᠭ ᠬᠥᠮᠦᠨ ᠠᠳᠠᠯᠢ ᠪᠤᠰᠤ ᠬᠡᠮᠵᠢᠶᠡᠨ ᠤ ᠡᠷᠡᠭᠦᠯᠵᠢᠭᠦᠯᠬᠦ ᠦᠢᠯᠡᠴᠢᠯᠡᠭᠡ ᠶᠢ ᠤᠯᠵᠤ ᠬᠦᠷᠲᠡᠪᠡ᠃ |