ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ 11 ᠳ᠋ᠦ᠋ᠭᠡᠷ ᠰᠠᠷ᠎ᠠ ᠶᠢᠨ 17 ᠤ ᠡᠳᠦᠷ᠂ ᠲᠥᠪ ᠤᠨ ᠲᠣᠭᠤᠷᠢᠨ ᠪᠠᠶᠢᠴᠠᠭᠠᠬᠤ | ᠠᠯᠪᠠᠨ ᠭᠡᠷ ᠤᠨ ᠳᠡᠳ᠋ ᠡᠷᠬᠢᠯᠡᠭᠴᠢ ᠵᠠᠩ ᠪᠧᠨ ᠫᠢᠩ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠲᠤᠰᠬᠠᠢ | ᠪᠠᠶᠢᠴᠠᠭᠠᠯᠲᠠ ᠶᠢᠨ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠳᠤ ᠢᠷᠡᠵᠦ ᠲᠣᠭᠤᠷᠢᠨ ᠪᠠᠶᠢᠴᠠᠭᠠᠬᠤ ᠠᠵᠢᠯ ᠢ | ᠪᠠᠶᠢᠴᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠯᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠡᠮᠦᠨ᠎ᠡ ᠠᠴᠠ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ | ᠵᠠᠩ ᠯᠢ ᠶᠠᠷᠢᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠪᠣᠯᠣᠨ ᠸᠠᠩ ᠴᠢ ᠱᠠᠨ ᠨᠥᠬᠦᠷ ᠤᠨ ᠲᠣᠭᠤᠷᠢᠨ | ᠪᠠᠶᠢᠴᠠᠭᠠᠬᠤ ᠠᠵᠢᠯ ᠤᠨ ᠴᠢᠬᠤᠯᠠ ᠰᠢᠷᠢᠰ ᠶᠠᠷᠢᠶ᠎ᠠ ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠵᠤ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠭᠦᠨᠵᠡᠭᠡᠢ | ᠲᠤᠤᠱᠯᠠᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ ᠡᠭᠦᠷᠭᠡ ᠪᠠᠨ ᠦᠨᠡᠨᠬᠦ ᠡᠭᠦᠷᠭᠡᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠨᠢ ᠦᠢᠯᠡᠳᠦᠯᠭᠡ ᠶᠢᠨ | ᠳᠤᠮᠳᠠ ᠰᠦᠪᠡᠭᠴᠢᠯᠡᠵᠦ᠂ ᠥᠭᠡᠷᠡᠴᠢᠯᠡᠯᠲᠡ ᠶᠢᠨ ᠳᠤᠮᠳᠠ ᠭᠦᠨᠵᠡᠭᠡᠶᠢᠷᠡᠨ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠳᠡᠭᠡᠷ᠎ᠡ ᠲᠥᠪᠯᠡᠷᠡᠭᠦᠯᠦᠨ᠂ ᠪᠠᠶᠢᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠤᠨ | ᠤᠳᠤᠷᠢᠳᠤᠮᠵᠢ ᠶᠢ ᠪᠠᠷᠢᠮᠲᠠᠯᠠᠨ᠂ ᠠᠷᠭ᠎ᠠ ᠬᠡᠯᠪᠡᠷᠢ ᠪᠠᠨ ᠰᠢᠨᠡᠳᠬᠡᠵᠦ᠂ ᠦᠷ᠎ᠡ ᠪᠦᠲᠦᠮᠵᠢ ᠶᠢᠨ ᠬᠡᠷᠡᠭᠯᠡᠯᠲᠡ ᠶᠢ | ᠴᠢᠩᠭ᠎ᠠ ᠠᠳᠬᠤᠨ᠂ ᠠᠵᠢᠯ ᠤᠨ ᠬᠡᠯᠪᠡᠷᠢ ᠪᠠᠨ ᠬᠤᠪᠢᠷᠠᠭᠤᠯᠬᠤ ᠶᠢ ᠤᠷᠤᠭᠰᠢᠲᠠᠢ ᠪᠡᠶᠡᠯᠡᠭᠦᠯᠦᠭᠡᠳ ᠮᠠᠰᠢ ᠰᠠᠶᠢᠨ | ᠠᠮᠵᠢᠯᠲᠠ ᠪᠦᠲᠦᠭᠡᠯ ᠣᠯᠪᠠ᠃ ᠣᠳᠣᠬᠠᠨ ᠪᠣᠯᠲᠠᠯ᠎ᠠ᠂ 7 ᠤᠳᠠᠭ᠎ᠠ ᠲᠣᠭᠤᠷᠢᠨ ᠪᠠᠶᠢᠴᠠᠭᠠᠯᠲᠠ ᠬᠢᠵᠦ᠂ 113 | ᠭᠠᠵᠠᠷ ᠣᠷᠣᠨ ︵ᠪᠠᠶᠢᠭᠤᠯᠭ᠎ᠠ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠭᠤᠷᠢᠨ ᠪᠠᠶᠢᠴᠠᠭᠠᠯᠲᠠ ᠪᠣᠯᠣᠨ 2 | ᠭᠠᠵᠠᠷ ᠣᠷᠣᠨ ︵ᠪᠠᠶᠢᠭᠤᠯᠭ᠎ᠠ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠡᠷᠭᠢᠨ ᠬᠠᠷᠠᠬᠤ︾ ᠶᠢ | ᠪᠡᠶᠡᠯᠡᠭᠦᠯᠵᠦ᠂ ᠲᠣᠭᠤᠷᠢᠨ ᠪᠠᠶᠢᠴᠠᠭᠠᠭᠳᠠᠭᠰᠠᠨ ᠭᠠᠵᠠᠷ ᠣᠷᠣᠨ ︵ᠪᠠᠶᠢᠭᠤᠯᠭ᠎ᠠ︶ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ︽ᠵᠢᠷᠭᠤᠭᠠᠨ ᠶᠡᠭᠡ ᠰᠠᠬᠢᠯᠭ᠎ᠠ ᠪᠠᠲᠤ︾᠂ ︽ᠳᠦᠷᠪᠡᠨ ᠬᠦᠴᠦᠯᠡᠬᠦ︾ ᠲᠠᠯ᠎ᠠ ᠪᠠᠷ ᠣᠷᠣᠰᠢᠵᠤ | ᠪᠠᠶᠢᠭ᠎ᠠ ᠲᠣᠪᠣᠶᠢᠮ᠎ᠠ ᠠᠰᠠᠭᠤᠳᠠᠯ ᠵᠢᠴᠢ ᠤᠳᠤᠷᠢᠳᠬᠤ ᠺᠠᠳ᠋ᠷ ᠤᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ | ᠲᠣᠭᠤᠷᠢᠨ ᠪᠠᠶᠢᠴᠠᠭᠠᠯᠲᠠ ᠶᠢᠨ ᠰᠦᠷᠳᠡᠭᠦᠯᠬᠦ ᠦᠢᠯᠡᠳᠦᠯ᠂ ᠬᠤᠷᠢᠭᠯᠠᠬᠤ ᠪᠠ ᠦᠨᠳᠦᠰᠦ ᠠᠴᠠ ᠨᠢ ᠵᠠᠰᠠᠬᠤ | ᠦᠢᠯᠠᠳᠦᠯ ᠢ ᠪᠦᠲᠦᠮᠵᠢᠲᠡᠢ ᠪᠠᠷ ᠪᠠᠳᠠᠷᠠᠭᠤᠯᠪᠠ ᠭᠡᠪᠡ᠃ | ᠵᠠᠩ ᠪᠧᠨ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠢ ᠪᠦᠷᠢᠨ ᠭᠦᠢᠴᠡᠳ ᠨᠤᠲᠠᠯᠠᠭᠠᠳ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠷᠠᠯ ᠠᠴᠠ | ᠨᠠᠰᠢ᠂ ᠣᠨᠴᠠᠭᠠᠶᠢᠯᠠᠨ 2014 ᠣᠨ ᠤ 7 ᠳ᠋ᠤᠭᠠᠷ ᠰᠠᠷ᠎ᠠ ᠳᠤ ᠬᠡᠰᠡᠭ ᠮᠤᠵᠢ ᠣᠷᠣᠨ ᠬᠤᠲᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠥᠪᠥᠷ ᠮᠣᠩᠭᠤᠯ ᠳᠤ ᠬᠤᠷᠠᠯᠳᠤᠭᠰᠠᠨ ᠠᠴᠠ ᠨᠠᠰᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠬᠡᠯᠪᠡᠷᠢ ᠪᠠᠨ ᠬᠤᠪᠢᠷᠠᠭᠤᠯᠬᠤ ᠳᠡᠭᠡᠷ᠎ᠡ | ᠲᠥᠪᠯᠡᠷᠡᠭᠦᠯᠦᠨ᠂ ᠠᠰᠠᠭᠤᠳᠠᠯ ᠢ ᠢᠯᠡᠷᠡᠭᠦᠯᠵᠦ᠂ ᠰᠦᠷ ᠬᠦᠴᠦᠨ ᠢ ᠪᠦᠷᠢᠯᠳᠦᠭᠦᠯᠵᠦ᠂ ᠲᠦᠷᠭᠡᠨ ᠳᠠᠪᠰᠢᠵᠦ | ᠢᠯᠡᠷᠬᠡᠢ ᠦᠷ᠎ᠡ ᠪᠦᠲᠦᠮᠵᠢ ᠣᠯᠪᠠ ᠭᠡᠵᠡᠢ᠃ | ᠵᠠᠩ ᠪᠧᠨ ᠫᠢᠩ ᠱᠠᠭᠠᠷᠳᠠᠭᠰᠠᠨ ᠨᠢ᠂ ︽ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠪᠠ ︽ | ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠳᠦᠷᠢᠮ︾ ︽ᠰᠠᠬᠢᠯᠭ᠎ᠠ ᠪᠠᠲᠤ ᠶᠢᠨ ᠰᠢᠳᠭᠡᠯ ᠥᠭᠬᠦ ᠳᠦᠷᠢᠮ︾ | ᠢ ᠨᠡᠪᠲᠡᠷᠡᠭᠦᠯᠦᠨ ᠰᠤᠷᠤᠯᠴᠠᠨ ᠲᠣᠣᠱᠯᠠᠭᠤᠯᠵᠤ᠂ ᠪᠡᠶ᠎ᠡ ᠪᠠᠨ ᠱᠠᠭᠠᠷᠳᠠᠬᠤ ︽ᠬᠡᠮᠵᠢᠭᠦᠷ︾ ᠪᠠ ᠪᠤᠰᠤᠳ ᠢ | ᠱᠠᠭᠠᠷᠳᠠᠬᠤ ︽ᠬᠡᠮᠵᠢᠭᠦᠷ︾ ᠢᠶᠠᠷ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷ ᠤᠨ ᠦᠢᠯᠡ | ᠠᠵᠢᠯᠯᠠᠭ᠎ᠠ ᠶᠢ ᠬᠡᠮᠵᠢᠵᠦ︔ ᠲᠥᠪ ᠤᠨ ᠲᠣᠭᠤᠷᠢᠨ ᠪᠠᠶᠢᠴᠠᠭᠠᠯᠲᠠ ᠶᠢ ᠨᠡᠶᠢᠳᠡᠮ ᠪᠦᠷᠬᠦᠭᠦᠯᠬᠦ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠲᠠᠯᠠᠨ ᠲᠣᠣᠱᠯᠠᠭᠤᠯᠵᠤ᠂ ᠲᠤᠭᠤᠷᠢᠨ ᠪᠠᠶᠢᠴᠠᠭᠠᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠨᠡᠶᠢᠳᠡᠮ ᠪᠦᠷᠬᠦᠭᠦᠯᠬᠦ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ | ᠲᠤᠭᠤᠷᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠷᠠᠭᠤᠯᠵᠤ᠂ ︽ᠵᠦᠢᠯ ᠪᠦᠷᠢ ᠳᠤ ᠨᠠᠶᠢᠳᠠᠪᠤᠷᠢᠵᠢᠯᠲᠠ ᠲᠠᠢ᠂ ᠤᠴᠢᠷ ᠪᠦᠬᠦᠨ ᠳᠤ ᠬᠠᠷᠢᠭᠤ | ᠳᠠᠭᠤᠨ ᠲᠠᠢ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ |