| | | ᠲᠦᠷᠦ ᠶᠢᠨ ᠶᠠᠪᠤᠳᠠᠯ ᠤᠨ ᠬᠤᠷᠢᠶ᠎ᠡ ᠶᠢᠨ ᠬᠢᠨᠠᠨ ᠰᠢᠯᠭᠠᠬᠤ ᠳᠤᠭᠤᠶᠢᠯᠠᠩ ᠤᠨ ᠬᠢᠨ ᠴᠠᠩ ᠵᠢᠶᠦ᠋ᠨ ᠵᠧᠩ | ᠳᠡᠳ᠋ ᠲᠡᠷᠢᠭᠦᠯᠡᠭᠴᠢ ᠶᠢᠨ ᠪᠠᠷ᠎ᠠ ᠪᠣᠯᠣᠯᠭ᠎ᠠ ᠳᠣᠣᠷ᠎ᠠ ᠢᠯᠢ ᠪᠦᠯᠦᠭᠯᠡᠯ ᠤᠨ ᠶᠠᠰᠤ ᠴᠢᠨᠠᠷ ᠤᠨ ᠠᠵᠢᠯ ᠤᠨ ᠪᠠᠶᠢᠳᠠᠯ ᠳᠤ | ᠲᠤᠬᠠᠢ ᠶᠢᠨ ᠭᠠᠵᠠᠷ ᠤᠨ ᠬᠢᠨᠠᠨ ᠪᠠᠶᠢᠴᠠᠭᠠᠯᠲᠠ ᠬᠢᠪᠡ | | ᠡᠦ ᠴᠢᠩ ᠬᠠᠢ ᠨᠠᠷ ᠮᠸᠡᠭ ᠼᠣᠣ ᠺᠣᠮᠫᠠᠨᠢ ᠶᠢᠨ ᠶᠠᠰᠤ ᠴᠢᠨᠠᠷ ᠤᠨ ᠠᠵᠢᠯ ᠤᠨ ᠪᠠᠶᠢᠳᠠᠯ ᠳᠤ ᠲᠤᠬᠠᠢ ᠶᠢᠨ | ᠭᠠᠵᠠᠷ ᠤᠨ ᠬᠢᠨᠠᠨ ᠪᠠᠶᠢᠴᠠᠭᠠᠯᠲᠠ ᠬᠢᠪᠡ | | ᠴᠠᠩ ᠵᠢᠶᠦ᠋ᠨ ᠵᠸᠡᠭ ᠳᠡᠳ᠋ ᠲᠡᠷᠢᠭᠦᠯᠡᠭᠴᠢ ᠠᠩᠬᠠᠳᠤᠭᠠᠷ ᠬᠤᠷᠠᠯ ᠳᠡᠭᠡᠷ᠎ᠡ ᠮᠠᠨ ᠤ ᠣᠷᠣᠨ ᠤ ᠶᠠᠰᠤ | ᠴᠢᠨᠠᠷ ᠤᠨ ᠠᠵᠢᠯ ᠤᠨ ᠬᠠᠷᠢᠭᠤ ᠮᠡᠳᠡᠭᠦᠯᠦᠯᠲᠡ ᠬᠢᠪᠡ | | | 2015 ᠣᠨ ᠤ 11 ᠳ᠋ᠤᠭᠡᠷ ᠰᠠᠷ᠎ᠠ ᠶᠢᠨ 11 ᠤ ᠡᠳᠦᠷ᠂ ᠤᠯᠤᠰ ᠤᠨ ᠶᠠᠰᠤ ᠴᠢᠨᠠᠷ ᠢ ᠰᠢᠯᠭᠠᠨ | ᠪᠠᠶᠢᠴᠠᠭᠠᠬᠤ ᠶᠡᠷᠦᠩᠬᠡᠶ ᠲᠣᠪᠴᠢᠶᠠᠨ ᠤ ᠳᠡᠳ᠋ ᠳᠠᠷᠤᠭ᠎ᠠ ᠡᠦ ᠴᠢᠩ ᠬᠠᠢ ᠪᠠᠷ ᠳᠠᠷᠤᠭᠠᠯᠠᠭᠤᠯᠤᠭᠰᠠᠨ ᠲᠦᠷᠦ ᠶᠢᠨ | ᠶᠠᠪᠤᠳᠠᠯ ᠤᠨ ᠬᠤᠷᠢᠶ᠎ᠡ ᠶᠢᠨ ᠶᠠᠰᠤ ᠴᠢᠨᠠᠷ ᠤᠨ ᠠᠵᠢᠯ ᠢ ᠬᠢᠨᠠᠨ ᠰᠢᠯᠭᠠᠬᠤ ᠳᠤᠭᠤᠶᠢᠯᠠᠩ ᠤᠨ 11 ᠬᠥᠮᠦᠨ | ᠬᠥᠬᠡᠬᠤᠳᠠ ᠳᠤ ᠢᠷᠡᠵᠦ᠂ ᠮᠠᠨ ᠤ ᠣᠷᠣᠨ ᠤ 2014 — 2015 ᠣᠨ ᠤ ᠶᠠᠰᠤ ᠴᠢᠨᠠᠷ ᠤᠨ ᠠᠵᠢᠯ ᠢ ᠡᠬᠢᠯᠡᠨ | ᠬᠢᠨᠠᠨ ᠰᠢᠯᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠳᠡᠳ᠋ ᠲᠡᠷᠢᠭᠦᠯᠡᠭᠴᠢ ᠴᠠᠩ ᠵᠢᠶᠦ᠋ᠨ ᠵᠧᠩ᠂ ᠳᠡᠳ᠋ ᠨᠠᠷᠢᠨ ᠪᠢᠴᠢᠭ ᠤᠨ ᠳᠠᠷᠤᠭ᠎ᠠ ᠵᠠᠩ ᠶᠢᠨ᠂ ᠥᠪᠥᠷ ᠮᠣᠩᠭᠤᠯ ᠤᠨ | ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠡ ᠶᠢᠨ ᠳᠠᠷᠤᠭ᠎ᠠ ᠵᠠᠩ ᠬᠠᠢ ᠱᠦᠨ᠂ ᠥᠪᠥᠷ | ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠡ ᠶᠢᠨ | ᠳᠠᠷᠤᠭ᠎ᠠ ᠵᠠᠨ ᠱᠣᠣ ᠲᠦᠩ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠵᠣᠬᠢᠶᠠᠨ ᠪᠠᠶᠢᠭᠤᠯᠬᠤ | ᠬᠡᠯᠲᠡᠰ᠂ ᠣᠷᠣᠨ ᠲᠣᠭᠠᠨ ᠤ ᠵᠦᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠮᠡᠳᠡᠭᠡ | ᠵᠠᠩᠭᠢᠵᠢᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ | ᠲᠢᠩᠬᠢᠮ ᠵᠡᠷᠭᠡ 25 ᠨᠢᠭᠡᠴᠡ᠂ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠬᠢᠨᠠᠨ ᠰᠢᠯᠭᠠᠬᠤ | ᠠᠩᠬᠠᠳᠤᠭᠠᠷ ᠬᠤᠷᠠᠯ ᠳᠤ ᠣᠷᠣᠯᠴᠠᠪᠠ᠃ | ᠡᠦ ᠴᠢᠩ ᠬᠠᠢ ᠠᠩᠬᠠᠳᠤᠭᠠᠷ ᠬᠤᠷᠠᠯ ᠳᠡᠭᠡᠷ᠎ᠡ᠂ ᠶᠠᠰᠤ ᠴᠢᠨᠠᠷ ᠤᠨ ᠠᠵᠢᠯ ᠢ ᠬᠢᠨᠠᠨ ᠰᠢᠯᠭᠠᠬᠤ ᠪᠣᠯ ᠲᠤᠰ | ᠬᠤᠭᠤᠴᠠᠭᠠᠨ ᠤ ᠵᠠᠰᠠᠭ ᠤᠨ ᠣᠷᠳᠣᠨ ᠤ ᠪᠦᠲᠦᠭᠡᠯᠴᠢ ᠴᠢᠨᠠᠷᠲᠠᠶ ᠠᠵᠢᠯ ᠤᠨ ᠨᠢᠭᠡᠨ ᠴᠢᠬᠤᠯᠠ ᠲᠠᠯ᠎ᠠ ᠪᠣᠯᠬᠤ ᠶᠤᠮ᠃ | ᠡᠨᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠠᠯᠪᠠᠨ ᠲᠢᠩᠬᠢᠮ | ᠬᠤᠶᠠᠷ ᠤᠳᠠᠭ᠎ᠠ ᠠᠯᠪᠠᠨ ᠪᠢᠴᠢᠭ ᠲᠠᠷᠬᠠᠭᠠᠵᠤ᠂ ᠵᠠᠷᠢᠮ ᠦᠨᠳᠦᠰᠦᠨ ᠵᠢᠷᠤᠮᠯᠠᠯ ᠢ ᠲᠣᠳᠣᠷᠬᠠᠶᠢᠯᠠᠭᠰᠠᠨ ᠪᠠᠶᠢᠨ᠎ᠠ᠃ | ᠡᠨᠡ ᠵᠢᠯ ᠤᠨ 8 ᠳ᠋ᠤᠭᠠᠷ ᠰᠠᠷ᠎ᠠ ᠳᠤ᠂ ᠪᠦᠬᠦ ᠤᠯᠤᠰ ᠤᠨ ᠶᠠᠰᠤ ᠴᠢᠨᠠᠷ ᠤᠨ ᠠᠵᠢᠯ ᠤᠨ ᠶᠠᠮᠤᠨ ᠤ ᠬᠤᠭᠤᠷᠣᠨᠳᠣᠬᠢ | ᠬᠠᠮᠲᠤᠷᠠᠭᠰᠠᠨ ᠬᠤᠷᠠᠯ ᠳᠡᠭᠡᠷ᠎ᠡ ᠡᠯ᠎ᠡ ᠮᠤᠵᠢ ᠶᠢᠨ ᠵᠠᠰᠠᠭ ᠤᠨ ᠣᠷᠳᠣᠨ ᠤ ᠶᠠᠰᠤ ᠴᠢᠨᠠᠷ ᠤᠨ ᠠᠵᠢᠯ ᠳᠤ ᠬᠤᠶᠠᠳᠠᠬᠢ | ᠤᠳᠠᠭ᠎ᠠ ᠶᠢᠨ ᠬᠢᠨᠠᠨ ᠰᠢᠯᠭᠠᠯᠲᠠ ᠬᠢᠬᠦ ᠪᠠᠷ ᠪᠠᠶᠢᠷᠢᠯᠠᠭᠤᠯᠵᠠᠢ᠃ ᠡᠮᠦᠨᠡᠬᠢ ᠬᠤᠭᠤᠴᠠᠭᠠᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠭᠰᠠᠨ ᠬᠤᠷᠠᠯ ᠳᠤ ᠡᠨᠡᠬᠦ | ᠠᠵᠢᠯ ᠤᠨ ᠵᠢᠯ ᠤᠨ ᠶᠠᠰᠤ ᠴᠢᠨᠠᠷ ᠤᠨ ᠬᠠᠷᠠᠯᠲᠠ ᠶᠢ ᠪᠦᠷᠢᠳᠬᠡᠨ ᠳᠠᠩᠰᠠᠯᠠᠭᠤᠯᠵᠠᠢ᠃ ᠡᠨᠡ ᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ᠂ ᠥᠪᠥᠷ ᠮᠣᠩᠭᠤᠯ ᠶᠡᠭᠡ ᠬᠡᠮᠵᠢᠶᠡᠨ ᠤ ᠠᠵᠢᠯ ᠬᠢᠬᠦ ᠶᠢᠨ ᠬᠠᠮᠲᠤ ᠱᠠᠭᠠᠷᠳᠠᠯᠭ᠎ᠠ | ᠶᠣᠰᠣᠭᠠᠷ ᠪᠦᠬᠦ ᠲᠠᠯ᠎ᠠ ᠪᠠᠷ ᠥᠪᠡᠷ ᠤᠨ ᠦᠨᠡᠯᠡᠯᠲᠡ ᠬᠢᠭᠰᠡᠨ ᠪᠠᠶᠢᠨ᠎ᠠ᠃ ᠬᠠᠮᠲᠤᠷᠠᠭᠰᠠᠨ ᠬᠤᠷᠠᠯ ᠠᠴᠠ ᠥᠪᠥᠷ | ᠮᠣᠩᠭᠤᠯ ᠤᠨ ᠮᠡᠳᠡᠭᠦᠯᠦᠨ ᠬᠦᠷᠭᠡᠭᠰᠡᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠵᠢᠴᠢ ᠬᠠᠮᠢᠶ᠎ᠠ ᠪᠦᠬᠦᠢ | ᠮᠠᠲ᠋ᠧᠷᠢᠶᠠᠯ ᠤᠨ ᠪᠢᠴᠢᠭ ᠮᠠᠲ᠋ᠧᠷᠢᠶᠠᠯ ᠢ ᠠᠩᠬ᠎ᠠ ᠬᠢᠨᠠᠨ ᠰᠢᠯᠭᠠᠵᠤ᠂ ᠤᠳᠤ ᠶᠢᠨ ᠬᠢᠵᠦ ᠪᠠᠶᠢᠭ᠎ᠠ ᠪᠣᠯ ᠲᠤᠬᠠᠢ ᠶᠢᠨ | ᠭᠠᠵᠠᠷ ᠲᠤᠨᠢ ᠪᠠᠶᠢᠴᠠᠭᠠᠯᠲᠠ ᠬᠢᠬᠦ ᠭᠤᠭᠴᠤᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃ | ᠡᠦ ᠴᠢᠩ ᠬᠠᠢ ᠲᠠᠨᠢᠯᠴᠠᠭᠤᠯᠤᠭᠰᠠᠨ ᠨᠢ᠂ ᠲᠤᠰ ᠤᠳᠠᠭᠠᠨ ᠤ ᠲᠣᠬᠠᠢ ᠶᠢᠨ ᠭᠠᠵᠠᠷ ᠶᠢᠨ ᠬᠢᠨᠠᠨ | ᠰᠢᠯᠭᠠᠯᠲᠠ ᠳᠤ ᠵᠠᠰᠠᠭ ᠤᠨ ᠣᠷᠳᠣᠨ ᠤ ᠶᠠᠰᠤ ᠴᠢᠨᠠᠷ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠭᠤᠣᠯᠳᠠᠯᠭ᠎ᠠ | ᠲᠠᠢ ᠰᠢᠯᠭᠠᠨ ᠬᠢᠨᠠᠵᠤ᠂ ᠶᠠᠰᠤ ᠴᠢᠨᠠᠷ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠨ ᠬᠢᠨᠠᠨ ᠪᠠᠶᠢᠴᠠᠭᠠᠵᠤ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠠᠩᠬᠠᠳᠤᠭᠠᠷ ᠬᠤᠷᠠᠯ ᠬᠢᠬᠦ᠂ ᠲᠤᠬᠠᠢ ᠶᠢᠨ | ᠲᠠᠯᠠᠪᠠᠢ ᠶᠢ ᠰᠣᠩᠭᠤᠨ ᠪᠠᠶᠢᠴᠠᠭᠠᠬᠤ᠂ ᠲᠥᠪᠯᠡᠷᠡᠭᠦᠯᠦᠨ ᠦᠨᠡᠯᠡᠨ ᠶᠠᠷᠢᠯᠴᠠᠬᠤ ᠪᠠ ᠰᠠᠨᠠᠯ ᠢᠶᠠᠨ ᠬᠠᠷᠢᠭᠤ ᠲᠤᠰᠬᠠᠬᠤ | 5 ᠲᠠᠯ᠎ᠠ ᠶᠢ ᠪᠠᠭᠳᠠᠭᠠᠪᠠ᠃ ᠮᠠᠲ᠋ᠧᠷᠢᠶᠠᠯ ᠢ ᠬᠢᠨᠠᠨ ᠪᠠᠶᠢᠴᠠᠭᠠᠬᠤ ᠪᠣᠯ 2014 — 2015 ᠣᠨ ᠤ ᠬᠢᠨᠠᠨ | ᠰᠢᠯᠭᠠᠭᠰᠠᠨ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ᠂ ᠦᠨᠡᠨ ᠪᠣᠳᠠᠲᠤ ᠴᠢᠨᠠᠷ ᠪᠣᠯᠣᠨ ᠬᠠᠤᠯᠢ ᠳᠤ ᠨᠡᠶᠢᠴᠡᠬᠦ | ᠴᠢᠨᠠᠷ ᠢ ᠬᠢᠨᠠᠨ ᠬᠠᠷᠭᠤᠭᠤᠯᠵᠤ᠂ ᠭᠤᠣᠯᠳᠠᠭᠤ ᠨᠢᠭᠤᠷᠲᠠᠨ ᠶᠠᠷᠢᠯᠴᠠᠬᠤ᠂ ᠪᠢᠴᠢᠭ ᠮᠠᠲ᠋ᠧᠷᠢᠶᠠᠯ ᠪᠣᠯᠣᠨ ᠠᠩᠬᠠᠨ ᠤ | ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠪᠢᠴᠢᠭ ᠮᠠᠲ᠋ᠧᠷᠢᠶᠠᠯ ᠢ ᠠᠩᠬ᠎ᠠ ᠬᠢᠨᠠᠨ | ᠰᠢᠯᠭᠠᠬᠤ ᠳᠤ ᠣᠯᠵᠤ ᠮᠡᠳᠡᠭᠰᠡᠨ ᠠᠩᠬᠠᠷᠬᠤ ᠴᠢᠬᠤᠯᠠᠲᠠᠶ ᠵᠦᠢᠯᠡᠰ ᠢᠶᠠᠷ ᠭᠤᠣᠯᠳᠠᠯᠭ᠎ᠠ ᠪᠣᠯᠭᠠᠵᠤ᠂ ᠬᠤᠪᠢ ᠥᠭᠬᠦ | ᠨᠠᠷᠢᠨ ᠳᠦᠷᠢᠮ ᠳᠠᠬᠢ ᠪᠦᠬᠦ ᠭᠦᠢᠴᠡᠳᠬᠡᠬᠦ ᠲᠤᠭ᠎ᠠ ᠶᠢᠨ ᠭᠤᠷᠪᠠᠨ ᠤ ᠬᠤᠶᠠᠷ ᠠᠴᠠ ᠳᠤᠲᠠᠭᠤ ᠦᠭᠡᠢ ᠭᠦᠢᠴᠡᠳᠬᠡᠬᠦ | ᠲᠤᠭ᠎ᠠ ᠶᠢᠨ ᠲᠥᠷᠥᠯ ᠵᠦᠢᠯ ᠢ ᠰᠣᠩᠭᠤᠨ ᠪᠠᠶᠢᠴᠠᠭᠠᠪᠠ︔ ᠲᠤᠬᠠᠢ ᠶᠢᠨ ᠲᠠᠯᠠᠪᠠᠢ ᠶᠢ ᠰᠣᠩᠭᠤᠨ ᠪᠠᠶᠢᠴᠠᠭᠠᠬᠤ ᠪᠣᠯ | ᠬᠢᠨᠠᠨ ᠰᠢᠯᠭᠠᠬᠤ ᠳᠤᠭᠤᠶᠢᠯᠠᠩ ᠠᠴᠠ ᠣᠷᠣᠨ᠂ ᠰᠢᠶᠠᠨ ᠵᠢᠴᠢ ᠠᠵᠤ ᠠᠬᠤᠶᠢᠯᠠᠯ ᠢ ᠲᠠᠰᠢᠷᠠᠮ ᠢᠶᠠᠷ ᠰᠣᠩᠭᠤᠨ | ᠪᠠᠶᠢᠴᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠶᠠᠰᠤ ᠴᠢᠨᠠᠷ ᠤᠨ ᠠᠵᠢᠯ ᠢ ᠠᠬᠢᠭᠤᠯᠵᠤ ᠪᠠᠶᠢᠭ᠎ᠠ | ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠶᠠᠰᠤ ᠴᠢᠨᠠᠷ ᠤᠨ ᠠᠵᠢᠯ ᠢ ᠬᠢᠨᠠᠨ ᠰᠢᠯᠭᠠᠬᠤ ᠬᠤᠯᠪᠣᠭᠳᠠᠯ | ᠪᠦᠬᠦᠢ ᠪᠠᠶᠢᠳᠠᠯ ᠢ ᠯᠠᠪᠯᠠᠨ ᠠᠰᠠᠭᠤᠵᠤ᠂ ᠶᠠᠰᠤ ᠴᠢᠨᠠᠷ ᠤᠨ ᠠᠶᠤᠯ ᠥᠭᠡᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ᠂ ᠠᠭᠤᠯᠭ᠎ᠠ ᠳᠤᠨᠢ ᠦᠢᠯᠡᠳᠬᠦᠨ᠂ | ᠪᠠᠷᠢᠯᠭ᠎ᠠ ᠶᠢᠨ ᠠᠵᠢᠯ ᠪᠣᠯᠣᠨ ᠦᠢᠯᠡᠴᠢᠯᠡᠭᠡ ᠭᠤᠷᠪᠠᠨ ᠶᠡᠭᠡ ᠬᠦᠷᠢᠶ᠎ᠡ ᠶᠢ ᠬᠠᠮᠤᠷᠴᠤ᠂ ᠶᠠᠰᠤ ᠴᠢᠨᠠᠷ ᠤᠨ ᠠᠶᠤᠯ | ᠦᠭᠡᠢ ᠪᠠᠶᠢᠬᠤ ᠪᠠ ᠶᠠᠰᠤ ᠴᠢᠨᠠᠷ ᠤᠨ ᠬᠥᠭᠵᠢᠭᠦᠯᠦᠯᠲᠡ ᠶᠢᠨ ᠬᠤᠶᠠᠷ ᠲᠠᠯ᠎ᠠ ᠶᠢ ᠬᠠᠮᠤᠷᠪᠠ︔ ᠲᠥᠪᠯᠡᠷᠡᠭᠦᠯᠦᠨ | ᠦᠨᠡᠯᠡᠨ ᠶᠠᠷᠢᠯᠴᠠᠬᠤ ᠪᠣᠯ ᠬᠢᠨᠠᠨ ᠰᠢᠯᠭᠠᠬᠤ ᠳᠤᠭᠤᠶᠢᠯᠠᠩ ᠠᠴᠠ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠭᠰᠠᠨ | ᠪᠠᠶᠢᠳᠠᠯ ᠢ ᠲᠥᠪᠯᠡᠷᠡᠭᠦᠯᠦᠨ ᠬᠤᠷᠢᠶᠠᠩᠭᠤᠶᠢᠯᠠᠵᠤ ᠦᠨᠡᠯᠡᠨ ᠶᠠᠷᠢᠯᠴᠠᠵᠤ᠂ ᠲᠤᠬᠠᠢ ᠶᠢᠨ ᠭᠠᠵᠠᠷ ᠲᠤ ᠬᠢᠨᠠᠨ | ᠪᠠᠶᠢᠴᠠᠭᠠᠯᠲᠠ ᠬᠢᠭᠰᠡᠨ ᠠᠵᠢᠯ ᠤᠨ ᠮᠡᠳᠡᠭᠦᠯᠦᠯᠲᠡ ᠪᠢᠴᠢᠵᠦ᠂ ᠰᠢᠯᠭᠠᠨ ᠦᠨᠡᠯᠡᠭᠳᠡᠭᠰᠡᠨ ᠭᠠᠵᠠᠷ ᠣᠷᠣᠨ ᠤ ᠶᠠᠰᠤ | ᠴᠢᠨᠠᠷ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠪᠣᠯᠣᠨ ᠶᠠᠰᠤ ᠴᠢᠨᠠᠷ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ | ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠣᠰᠣᠳᠴᠢ ᠪᠠᠷ ᠲᠤᠰᠬᠠᠬᠤ ᠶᠢᠨ ᠵᠡᠷᠭᠡᠴᠡᠪᠡᠷ ᠬᠤᠯᠪᠣᠭᠳᠠᠯ ᠪᠦᠬᠦᠢ | ᠰᠠᠨᠠᠭᠤᠯᠭ᠎ᠠ ᠳᠤᠷᠠᠳᠤᠨ᠎ᠠ︔ ᠬᠠᠷᠢᠭᠤ ᠲᠤᠰᠬᠠᠭᠰᠠᠨ ᠰᠠᠨᠠᠯ ᠪᠣᠯ ᠳᠠᠷᠤᠶ ᠲᠤᠬᠠᠶ ᠶᠢᠨ ᠭᠠᠵᠠᠷ ᠲᠤᠨᠢ ᠬᠢᠨᠠᠨ | ᠪᠠᠶᠢᠴᠠᠭᠠᠭᠰᠠᠨ ᠪᠠᠶᠢᠳᠠᠯ ᠤᠨ ᠲᠠᠯ᠎ᠠ ᠪᠠᠷ ᠣᠷᠣᠨ ᠨᠤᠲᠤᠭ ᠤᠨ ᠬᠢᠨ ᠲᠠᠢ ᠰᠠᠨᠠᠯ ᠢᠶᠠᠨ ᠰᠣᠯᠢᠯᠴᠠᠵᠤ᠂ ᠣᠷᠣᠨ | ᠨᠤᠲᠤᠭ ᠤᠨ ᠶᠠᠰᠤ ᠴᠢᠨᠠᠷ ᠤᠨ ᠠᠵᠢᠯ ᠤᠨ ᠠᠮᠵᠢᠯᠲᠠ ᠪᠦᠲᠦᠮᠵᠢ ᠪᠣᠯᠣᠨ ᠭᠢᠯᠠᠰ ᠴᠡᠭ ᠢ ᠨᠤᠳ᠋ᠯᠠᠵᠤ᠂ ᠬᠢᠨᠠᠨ | ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ | ᠬᠠᠨᠳᠤᠯᠭᠠᠲᠤ ᠴᠢᠨᠠᠷᠲᠠᠶ ᠪᠠᠷ ᠰᠠᠨᠠᠭᠤᠯᠭ᠎ᠠ ᠳᠤᠷᠠᠳᠬᠤ ᠪᠣᠯᠣᠨ᠎ᠠ ᠬᠡᠪᠡ᠃ | ᠴᠠᠩ ᠵᠢᠶᠦ᠋ᠨ ᠵᠸᠡᠭ ᠳᠡᠳ᠋ ᠲᠡᠷᠢᠭᠦᠯᠡᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠬᠢᠨᠠᠨ ᠰᠢᠯᠭᠠᠬᠤ ᠳᠤᠭᠤᠶᠢᠯᠠᠩ ᠳᠤ ᠶᠠᠰᠤ | ᠴᠢᠨᠠᠷ ᠤᠨ ᠠᠵᠢᠯ ᠤᠨ ᠲᠤᠬᠠᠢ ᠬᠠᠷᠢᠭᠤ ᠮᠡᠳᠡᠭᠦᠯᠪᠡ᠃ ᠲᠡᠷᠡ ᠲᠤᠰ ᠲᠤᠰ ᠵᠢᠯ ᠤᠨ ᠶᠠᠰᠤ ᠴᠢᠨᠠᠷ ᠤᠨ ᠠᠵᠢᠯ ᠤᠨ | ᠶᠡᠷᠦᠩᠬᠡᠶ ᠪᠠᠶᠢᠳᠠᠯ᠂ ᠶᠠᠰᠤ ᠴᠢᠨᠠᠷ ᠤᠨ ᠠᠵᠢᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯᠣᠨ ᠳᠠᠷᠠᠭ᠎ᠠ | ᠠᠯᠬᠤᠮ ᠤᠨ ᠶᠠᠰᠤ ᠴᠢᠨᠠᠷ ᠤᠨ ᠠᠵᠢᠯ ᠤᠨ ᠭᠤᠣᠯᠳᠠᠯᠭ᠎ᠠ ᠵᠡᠷᠭᠡ ᠭᠤᠷᠪᠠᠨ ᠲᠠᠯ᠎ᠠ ᠪᠠᠷ ᠰᠢᠰᠲ᠋ᠧᠮ ᠲᠠᠢ᠂ ᠪᠦᠬᠦ | ᠲᠠᠯ᠎ᠠ ᠶᠢᠨ᠂ ᠨᠠᠷᠢᠨ ᠪᠣᠳᠠᠲᠠᠶ ᠲᠠᠨᠢᠯᠴᠠᠭᠤᠯᠭ᠎ᠠ ᠬᠢᠪᠡ᠃ | ᠤᠯᠤᠰ ᠤᠨ ᠬᠢᠨᠠᠨ ᠰᠢᠯᠭᠠᠬᠤ ᠳᠤᠭᠤᠶᠢᠯᠠᠩ ᠮᠠᠨ ᠤ ᠣᠷᠣᠨ ᠳᠤ ᠢᠷᠡᠵᠦ ᠵᠠᠰᠠᠭ ᠤᠨ ᠣᠷᠳᠣᠨ ᠤ ᠶᠠᠰᠤ | ᠴᠢᠨᠠᠷ ᠤᠨ ᠠᠵᠢᠯ ᠢ ᠬᠢᠨᠠᠨ ᠰᠢᠯᠭᠠᠬᠤ ᠲᠤᠬᠠᠢ ᠶᠢᠨ ᠭᠠᠵᠠᠷ ᠤᠨ ᠬᠢᠨᠠᠨ ᠪᠠᠶᠢᠴᠠᠭᠠᠯᠲᠠ ᠬᠢᠭᠰᠡᠨ ᠶᠠᠪᠤᠳᠠᠯ ᠨᠢ ᠮᠠᠨ ᠤ | ᠣᠷᠣᠨ ᠤ ᠶᠠᠰᠤ ᠴᠢᠨᠠᠷ ᠤᠨ ᠠᠵᠢᠯ ᠤᠨ ᠪᠠᠶᠢᠳᠠᠯ ᠢ ᠨᠢᠭᠡ ᠤᠳᠠᠭ᠎ᠠ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ | ᠮᠠᠨ ᠤ ᠣᠷᠣᠨ ᠤ ᠶᠠᠰᠤ ᠴᠢᠨᠠᠷ ᠤᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠥᠭᠵᠢᠯᠲᠡ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠳᠤ ᠲᠦᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ | | | | |