2015 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠲᠥᠪ ᠤᠨ ᠡᠳ᠋ ᠤᠨ ᠵᠠᠰᠠᠭ ᠠᠴᠠ 60 ᠨᠠᠰᠤᠨ ᠠᠴᠠ ᠳᠡᠭᠡᠭᠰᠢ ᠦᠷᠡᠭᠳᠡᠭᠰᠡᠨ ᠪᠠᠭᠠᠲᠤᠷᠴᠤᠳ ᠤᠨ | ᠦᠷ᠎ᠡ ᠬᠡᠦᠬᠡᠳ ᠲᠤ ᠬᠥᠮᠦᠨ ᠪᠦᠷᠢ ᠰᠠᠷ᠎ᠠ ᠳᠤ 300 ᠲᠥᠭᠦᠷᠢᠭ ᠤᠨ ᠨᠦᠬᠦᠪᠦᠷᠢ ᠦᠭᠬᠦ ᠰᠠᠭᠤᠷᠢᠨ ᠳᠡᠭᠡᠷ᠎ᠡ᠂ | 1 : 1 ᠶᠢᠨ ᠬᠠᠷᠢᠴᠠᠯ ᠶᠣᠰᠣᠭᠠᠷ ᠬᠥᠮᠦᠨ ᠪᠦᠷᠢ ᠰᠠᠷ᠎ᠠ ᠪᠦᠷᠢ ᠳᠤ ᠪᠠᠰᠠ 300 ᠲᠥᠭᠦᠷᠢᠭ ᠨᠡᠮᠡᠵᠦ᠂ ᠵᠢᠯ | ᠪᠦᠷᠢ ᠶᠢᠨ ᠬᠥᠮᠦᠨ ᠨᠢᠭᠡᠪᠦᠷᠢ ᠳᠤ ᠦᠭᠬᠦ ᠠᠮᠢᠳᠤᠷᠠᠯ ᠤᠨ ᠨᠥᠬᠦᠪᠥᠷᠢ ᠮᠥᠩᠭᠦ ᠶᠢ 7200 ᠲᠦᠬᠦᠷᠢᠭ ᠪᠤᠯᠭᠠᠭᠰᠠᠨ | ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠤᠳᠠᠭᠠᠨ ᠤ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠦᠷᠡᠭᠳᠡᠭᠰᠡᠨ ᠪᠠᠭᠠᠲᠤᠷᠴᠤᠳ ᠤᠨ ᠨᠠᠰᠤᠲᠠᠢ ᠪᠤᠯᠤᠭᠰᠠᠨ ᠦᠷ᠎ᠡ ᠬᠡᠦᠬᠡᠳ ᠤᠨ ᠬᠡᠪᠴᠢᠶ᠎ᠡ ᠭᠡᠪᠡᠯ | ᠬᠥᠳᠡᠭᠡ ᠲᠣᠰᠬᠤᠨ ᠪᠠ ᠬᠤᠳᠠ ᠪᠠᠯᠭᠠᠰᠤᠨ ᠳᠤ ᠰᠠᠭᠤᠵᠤ ᠪᠠᠶᠢᠭ᠎ᠠ ᠠᠵᠢᠯ ᠤᠨ ᠨᠢᠭᠡᠴᠢ ᠦᠭᠡᠢ᠂ 18 ᠨᠠᠰᠤ | ᠬᠦᠷᠬᠦ ᠠᠴᠠ ᠡᠮᠦᠨ᠎ᠡ ᠲᠣᠭᠲᠠᠮᠠᠯ ᠬᠤᠭᠤᠴᠠᠭ᠎ᠠ ᠲᠠᠢ ᠪᠠᠷ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠡᠳ᠋ᠯᠡᠵᠦ | ᠦᠩᠭᠡᠷᠡᠭᠰᠡᠨ ᠦᠭᠡᠢ ᠮᠥᠷᠲᠡᠭᠡᠨ ᠪᠦᠬᠦᠯᠢ 60 ᠨᠠᠰᠤᠨ ᠳᠤ ᠬᠦᠷᠦᠭᠰᠡᠨ ᠦᠷᠡᠭᠳᠡᠭᠰᠡᠨ ᠪᠠᠭᠠᠳᠤᠷᠴᠤᠳ ᠤᠨ | ᠦᠷ᠎ᠡ ᠬᠡᠦᠬᠡᠳ ᠪᠤᠯᠤᠨ᠎ᠠ᠃ ᠬᠤᠶᠢᠰᠢᠳᠠ᠂ ᠨᠥᠬᠦᠪᠥᠷᠢ ᠥᠭᠬᠦ ᠪᠠᠷᠢᠮᠵᠢᠶ᠎ᠠ ᠳᠤ ᠪᠠᠰᠠ ᠤᠯᠤᠰ ᠠᠴᠠ ᠣᠯᠭᠤᠬᠤ | ᠨᠥᠬᠦᠪᠥᠷᠢ ᠶᠢᠨ ᠪᠠᠷᠢᠮᠵᠢᠶ᠎ᠠ ᠳᠡᠭᠡᠭᠰᠢᠯᠡᠬᠦ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠳᠠᠭᠠᠯᠳᠤᠨ ᠵᠣᠬᠢᠰᠲᠠᠶ ᠲᠤᠬᠢᠷᠠᠭᠤᠯᠲᠠ ᠬᠢᠨ᠎ᠡ᠃ ᠠᠷᠠᠳ ᠤᠨ ᠶᠠᠪᠤᠳᠠᠯ ᠤᠨ ᠲᠢᠩᠬᠢᠮ᠂ ᠡᠯ᠎ᠡ | ᠭᠠᠵᠠᠷ ᠣᠷᠣᠨ ᠤ ᠬᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ | ᠴᠠᠭ ᠲᠤᠬᠠᠶ ᠳᠤᠨᠢ᠂ ᠵᠥᠪ ᠣᠨᠣᠪᠴᠢᠲᠠᠶ᠂ ᠲᠤᠭ᠎ᠠ ᠶᠣᠰᠣᠭᠠᠷ ᠪᠡᠯᠡ ᠮᠥᠩᠭᠦ ᠣᠯᠭᠤᠬᠤ ᠶᠢ ᠪᠣᠳᠠᠲᠠᠶᠢᠵᠢᠭᠤᠯᠬᠤ᠂ | ᠦᠷᠡᠭᠳᠡᠭᠰᠡᠨ ᠪᠠᠭᠠᠲᠤᠷᠴᠤᠳ ᠤᠨ ᠨᠠᠰᠤᠲᠠᠢ ᠪᠤᠯᠤᠭᠰᠠᠨ ᠦᠷ᠎ᠡ ᠬᠡᠦᠬᠡᠳ ᠤᠨ ᠠᠮᠢᠳᠤᠷᠠᠯ ᠬᠦᠴᠢᠷᠳᠡᠯ ᠲᠠᠢ ᠪᠠᠶᠢᠬᠤ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ ᠭᠡᠵᠦ ᠰᠠᠭᠠᠷᠳᠠᠵᠡᠢ᠃ |