ᠦᠪᠦᠷ ᠮᠣᠩᠭᠤᠯ ᠤᠨ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ    ᠭᠡᠷ ᠪᠦᠯᠢ ᠶᠢᠨ ᠮᠠᠯᠵᠢᠯ ᠤᠨ ᠲᠠᠯᠠᠪᠠᠢ 3.5 ᠲᠦᠮᠨ ᠪᠣᠯᠵᠤ ᠬᠦᠭᠵᠢᠪᠡ
ᠨᠡᠶᠢᠲᠡᠯᠡᠭᠰᠡᠨ ᠴᠠᠭ᠄
2015/11/18
      ᠮᠠᠯ ᠠᠵᠤ ᠠᠬᠤᠢ ᠶᠢᠨ ᠬᠠᠤᠯᠢ ᠶᠢ ᠨᠡᠶᠢᠲᠡᠯᠡᠨ ᠬᠡᠷᠡᠭᠵᠢᠭᠦᠯᠦᠭᠡᠳ 10 ᠵᠢᠯ ᠪᠣᠯᠵᠤ ᠪᠣᠢ᠂ ᠮᠠᠨ ᠤ ᠤᠷᠤᠨ ᠤ ᠲᠤᠤᠱᠠᠯᠠᠭᠤᠯᠤᠨ ᠬᠡᠷᠡᠭᠵᠢᠭᠦᠯᠦᠭᠰᠡᠨ ᠪᠠᠶᠢᠳᠠᠯ ᠬᠢᠷᠢ ᠵᠡᠷᠭᠡ ᠪᠣᠢ︖ ᠡᠨᠡ ᠵᠢᠯ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠡᠨᠡ ᠲᠠᠯ᠎ᠠ ᠪᠠᠷ ᠬᠠᠤᠯᠢ ᠬᠡᠷᠡᠭᠵᠢᠭᠦᠯᠬᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠦᠷ᠎ᠡ ᠳ᠋ᠦᠡᠭ ᠠᠴᠠ ᠦᠵᠡᠪᠡᠯ᠂ ᠡᠯ᠎ᠡ ᠭᠠᠵᠠᠷ ᠮᠠᠯ ᠠᠵᠤ ᠠᠬᠤᠢ ᠬᠦᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠣᠳᠣ ᠦᠶ᠎ᠡ ᠶᠢᠨ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠭᠡᠪᠡᠴᠦ ᠵᠠᠷᠢᠮ ᠲᠣᠭᠲᠠᠭᠠᠯ ᠎ ᠨᠢ ᠨᠡᠯᠢᠶᠡᠳ ᠵᠠᠷᠴᠢᠮᠯᠢᠬ᠂ ᠨᠠᠶᠢᠳᠠᠪᠤᠷᠢᠵᠢᠭᠤᠯᠬᠤ ᠳᠤ ᠪᠡᠷᠬᠡ ᠪᠠᠶᠢᠵᠤ᠂ ᠦᠪᠡᠷᠲᠡᠭᠡᠨ ᠵᠠᠰᠠᠬᠤ ᠤᠷᠤᠨ ᠢᠵᠢ ᠪᠦᠷᠢᠳᠦᠭᠰᠡᠨ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠬᠤ ᠴᠢᠬᠤᠯᠠᠲᠠᠢ ᠪᠠᠶᠢᠨ᠎ᠠ᠃      ᠮᠠᠯ ᠠᠵᠤ ᠠᠬᠤᠶ ᠶᠢᠨ ᠰᠠᠶᠢᠨ ᠡᠭᠦᠯᠳᠡᠷᠵᠢᠭᠦᠯᠬᠦ ᠶᠢ ᠲᠦᠯᠬᠢᠨ ᠠᠬᠢᠭᠤᠯᠬᠤ ᠪᠣᠯ ᠮᠠᠯ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠠᠨᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠮᠦᠨ᠃ ᠮᠠᠨ ᠤ ᠤᠷᠤᠨ ᠤᠯᠤᠰ ᠤᠨ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠥᠬᠦᠪᠥᠷᠢ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ︽ᠬᠤᠣᠰ ᠵᠠᠭᠤ ᠮᠢᠩᠭ᠎ᠠ ᠲᠦᠮᠡ ᠶᠢᠨ ᠥᠨᠢᠷ ᠥᠰᠥᠯᠲᠡ ᠢ ᠡᠭᠦᠳᠬᠦ ᠢᠨᠵᠧᠨᠧᠷᠢᠩ︾᠎ ᠢ ᠬᠡᠷᠡᠭᠵᠢᠭᠦᠯᠵᠦ᠂ ᠵᠢᠯ ᠪᠦᠷᠢ 3.4 ᠳ᠋ᠦᠩᠰᠢᠭᠤᠷ ᠲᠦᠭᠦᠷᠢᠭ ᠤᠷᠤᠭᠤᠯᠤᠨ ᠡᠭᠦᠯᠳᠡᠷ ᠤᠨ ᠬᠤᠴᠠ᠂ ᠢᠳᠡᠰᠢᠨ ᠦᠬᠡᠷ ᠤᠨ ᠢᠴᠡᠭᠡᠯ ᠦᠷ᠎ᠡ ᠬᠥᠯᠳᠡᠭᠡᠬᠦ᠂ ᠠᠯᠠᠰᠢᠨ ᠤ ᠦᠬᠡᠷ ᠪᠠ ᠨᠣᠯᠤᠤᠷ ᠤᠨ ᠢᠮᠠᠭᠠᠨ ᠤ ᠰᠠᠭᠤᠷᠢ ᠡᠬᠡ ᠮᠠᠯ ᠤᠨ ᠨᠥᠬᠦᠪᠥᠷᠢ ᠳᠤ ᠬᠡᠷᠡᠭᠯᠡᠪᠡ᠃ ᠢᠨᠵᠧᠨᠧᠷᠢᠩ ᠢ ᠬᠡᠷᠡᠭᠵᠢᠭᠦᠯᠦᠭᠰᠡᠨ 5 ᠵᠢᠯ ᠤᠨ ᠲᠤᠷᠰᠢ᠂ ᠮᠠᠯ ᠤᠨ ᠳᠠᠩ ᠭᠠᠷᠤᠯᠲᠠ ᠶᠢᠨ ᠬᠢᠷᠢ ᠲᠦᠪᠰᠢᠨ ᠮᠡᠳᠡᠭᠳᠡᠬᠦ᠋ᠢᠴᠡ ᠳᠡᠭᠡᠭᠰᠢᠯᠡᠪᠡ᠃ ᠡᠭᠦᠨ ᠤ ᠬᠠᠮᠲᠤ᠂ ᠡᠯ᠎ᠡ ᠭᠠᠵᠠᠷ ᠤᠷᠤᠨ ᠬᠡᠪᠴᠢᠶᠡᠵᠢᠭᠦᠯᠦᠨ ᠡᠵᠡᠩᠨᠡᠬᠦ ᠢ ᠠᠬᠢᠭᠤᠯᠬᠤ ᠪᠠᠷ ᠣᠳᠣ ᠦᠶ᠎ᠡ ᠶᠢᠨ ᠮᠠᠯ ᠠᠵᠤ ᠠᠬᠤᠢ ᠶᠢ ᠬᠦᠭᠵᠢᠭᠦᠯᠬᠦ ᠴᠢᠭᠯᠡᠯ ᠪᠣᠯᠭᠠᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ 2014 ᠣᠨ ᠤ ᠵᠢᠯ ᠤᠨ ᠡᠴᠦᠰ ᠪᠣᠯᠬᠤ ᠳᠤ᠂ ᠮᠠᠯᠵᠢᠬᠤ ᠤᠷᠤᠨ ᠤ ᠡᠯ᠎ᠡ ᠲᠦᠷᠦᠯ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠲᠤᠭ᠎ᠠ ᠨᠢᠭᠡᠨᠲᠡ 3.5 ᠲᠦᠮᠡ ᠪᠣᠯᠤᠨ ᠬᠦᠭᠵᠢᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠣᠷᠤᠯᠴᠠᠭᠰᠠᠨ ᠡᠵᠡᠩᠨᠡᠯᠲᠡ ᠶᠢᠨ ᠡᠷᠦᠬᠡ 5.3 ᠲᠦᠮᠡ ᠳᠤ ᠬᠦᠷᠴᠦ᠂ ᠪᠦᠬᠦ ᠮᠠᠯᠵᠢᠬᠤ ᠡᠷᠦᠬᠡ ᠶᠢᠨ 11%᠎ ᠶᠢ ᠡᠵᠡᠯᠡᠪᠡ᠃ ᠪᠦᠬᠦ ᠤᠷᠤᠨ ᠤ ᠵᠢᠯ ᠪᠦᠷᠢ ᠶᠢᠨ ᠭᠠᠷᠭᠠᠯᠲᠠ ᠶᠢᠨ 100 ᠲᠣᠯᠤᠭᠠᠢ ᠠᠴᠠ ᠳᠡᠭᠡᠭᠰᠢ ᠢᠳᠡᠰᠢᠨ ᠬᠤᠨᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠨᠢ 61.9%᠎ ᠳᠤ ᠬᠦᠷᠴᠦ᠂ ᠰᠠᠭᠠᠯᠢ ᠶᠢᠨ ᠦᠨᠢᠶ᠎ᠡ ᠶᠢᠨ ᠪᠠᠷᠢᠮᠵᠢᠶᠠᠲᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠨᠢ 2008 ᠣᠨ ᠎ ᠳᠤ7% ᠬᠦᠷᠬᠦ ᠦᠭᠡᠢ ᠪᠠᠶᠢᠭᠰᠠᠨ ᠠᠴᠠ ᠪᠠᠨ ᠳᠡᠭᠡᠭᠰᠢᠯᠡᠭᠡᠳ 71.5%᠎ ᠳᠤ ᠬᠦᠷᠪᠡ᠃      ᠤᠯᠤᠰ ᠠᠴᠠ ᠳᠤᠷᠠᠳᠤᠭᠰᠠᠨ ︽ᠪᠡᠯᠴᠢᠭᠡᠷᠯᠡᠭᠦᠯᠬᠦ ᠶᠢ ᠴᠠᠭᠠᠵᠠᠯᠠᠪᠠᠴᠤ ᠲᠡᠵᠢᠭᠡᠬᠦ ᠶᠢ ᠦᠯᠦ ᠴᠠᠭᠠᠵᠠᠯᠠᠬᠤ᠂ ᠮᠠᠯ ᠢ ᠴᠦᠬᠡᠳᠬᠡᠪᠡᠴᠦ ᠮᠢᠬ᠎ᠠ ᠶᠢ ᠦᠯᠦ ᠬᠠᠰᠤᠭᠳᠠᠭᠤᠯᠬᠤ᠂ ᠮᠠᠯ ᠢ ᠴᠦᠬᠡᠳᠬᠡᠪᠡᠴᠦ ᠤᠷᠤᠯᠭ᠎ᠠ ᠶᠢ ᠦᠯᠦ ᠪᠠᠭᠠᠰᠬᠠᠬᠤ︾ ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠬᠦ ᠶᠢᠨ ᠲᠤᠰᠠᠳᠠ᠂ ᠮᠠᠨ ᠤ ᠤᠷᠤᠨ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠴᠢᠨᠠᠷ ᠰᠠᠶᠢᠲᠠᠶ ᠲᠡᠵᠢᠭᠡᠯ ᠡᠪᠡᠰᠦ ᠪᠣᠯᠤᠨ ᠬᠥᠬᠡ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ ᠦᠷᠭᠡᠳᠬᠡᠵᠦ᠂ ᠡᠷᠳᠡᠨᠢ ᠰᠢᠰᠢ᠂ ᠡᠰᠢ ᠰᠦᠷᠡᠯ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠪᠠ᠃ ᠥᠨᠦ ᠪᠣᠯᠬᠤ ᠳᠤ᠂ ᠪᠦᠬᠦ ᠤᠷᠤᠨ ᠤ ᠲᠠᠷᠢᠮᠠᠯ ᠡᠪᠡᠰᠦᠨ ᠲᠠᠯᠠᠪᠠᠢ 5686 ᠲᠦᠮᠡᠨ ᠮᠦ ᠳᠤ ᠬᠦᠷᠴᠦ᠂ ᠡᠭᠦᠨ ᠳᠤ ᠪᠣᠷᠣ ᠴᠠᠷᠭᠠᠰᠤ ᠶᠢᠨ ᠲᠠᠯᠠᠪᠠᠢ 801 ᠲᠦᠮᠡᠨ ᠮᠦ ᠳᠤ ᠬᠦᠷᠪᠡ︔ ᠵᠢᠯ ᠪᠦᠷᠢ ᠳᠤᠮᠳᠠᠴᠢ ᠪᠠᠷ 1272.6 ᠲᠦᠮᠡᠨ ᠮᠦ ᠬᠥᠬᠡ ᠳᠠᠷᠤᠰᠢ ᠶᠢᠨ ᠡᠷᠳᠡᠨᠢ ᠰᠢᠰᠢ ᠲᠠᠷᠢᠵᠤ᠂ ᠵᠢᠯ ᠪᠦᠷᠢ ᠳᠤᠮᠳᠠᠴᠢ ᠪᠠᠷ 2549 ᠲᠦᠮᠡᠨ ᠲᠣᠨ ᠬᠥᠬᠡ ᠳᠠᠷᠤᠰᠢ ᠳᠠᠷᠤᠰᠢᠭᠤᠯᠵᠤ ᠪᠠᠶᠢᠨ᠎ᠠ᠃ ᠪᠦᠬᠦ ᠤᠷᠤᠨ ᠤ ᠲᠡᠵᠢᠭᠡᠯ ᠡᠪᠡᠰᠦ ᠨᠦᠬᠡᠴᠡᠯᠡᠬᠦ ᠴᠢᠳᠠᠪᠤᠷᠢ 151 ᠳ᠋ᠦᠩᠰᠢᠭᠤᠷ ᠺᠢᠯᠣᠭ᠍ᠷᠠᠮ ᠳᠤ ᠬᠦᠷᠪᠡ᠃      ᠲᠠᠯ᠎ᠠ ᠨᠤᠲᠤᠭ ᠤᠨ ᠪᠠᠶᠢᠭᠠᠯᠢ ᠶᠢ ᠪᠣᠬᠢᠷᠲᠤᠯ ᠦᠭᠡᠢ ᠪᠠᠶᠢᠯᠭᠠᠬᠤ ᠪᠣᠯ ᠮᠠᠨ ᠤ ᠤᠷᠤᠨ ᠮᠠᠯ ᠠᠵᠤ ᠠᠬᠤᠢ ᠶᠢ ᠬᠦᠭᠵᠢᠭᠦᠯᠬᠦ ᠶᠢᠨ ᠨᠢᠭᠡ ᠲᠣᠮᠤ ᠳᠠᠪᠠᠭᠤᠯᠢᠭ ᠲᠠᠯ᠎ᠠ ᠪᠣᠯᠤᠨ᠎ᠠ᠃ ᠤᠶᠢᠷ᠎ᠠ ᠶᠢᠨ ᠵᠢᠯ ᠳᠤ᠂ ᠡᠯ᠎ᠡ ᠭᠠᠵᠠᠷ ᠳᠠᠪᠠᠭᠤᠯᠢᠭ ᠮᠠᠯ ᠤᠨ ᠡᠭᠦᠯᠳᠡᠷ ᠤᠨ ᠣᠬ ᠥᠰᠦᠯᠲᠡ ᠶᠢᠨ ᠤᠷᠤᠨ ᠤ ᠭᠠᠵᠠᠷ ᠵᠦᠢ ᠶᠢᠨ ᠲᠡᠮᠳᠡᠭ ᠮᠠᠭᠠᠳᠯᠠᠨ ᠲᠣᠭᠲᠠᠭᠠᠬᠤ ᠪᠠ ᠭᠤᠣᠯ ᠪᠣᠯᠬᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠶᠢᠲᠡ ᠶᠢᠨ ᠬᠤᠣᠷ ᠬᠦᠨᠦᠭᠡᠯ ᠦᠭᠡᠢ᠂ ᠪᠤᠬᠢᠷᠲᠤᠯ ᠦᠭᠡᠢ᠂ ᠤᠷᠭᠠᠨᠢᠭ ᠪᠠᠶᠢᠬᠤ ᠶᠢ ᠮᠠᠭᠠᠳᠯᠠᠨ ᠲᠣᠭᠲᠠᠭᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠲᠠᠯ᠎ᠠ ᠨᠤᠲᠤᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠲᠦᠷᠭᠡᠨ ᠠᠬᠢᠭᠤᠯᠪᠠ᠃ ᠣᠳᠣᠬᠠᠨ ᠳᠤ᠂ ᠪᠦᠬᠦ ᠤᠷᠤᠨ ᠳᠤ ᠨᠡᠶᠢᠲᠡ ᠶᠢᠨ ᠬᠤᠣᠷ ᠬᠦᠨᠦᠭᠡᠯ ᠦᠭᠡᠢ ᠪᠦᠲᠦᠭᠡᠭᠳᠡᠬᠦᠨ ᠤ ᠭᠠᠷᠤᠯᠲᠠ ᠤᠷᠤᠨ 11᠎ ᠶᠢ ᠮᠠᠭᠠᠳᠯᠠᠨ ᠲᠣᠭᠲᠠᠭᠠᠵᠤ᠂ ᠬᠠᠮᠤᠷᠤᠭᠳᠠᠭᠰᠠᠨ ᠮᠠᠯ ᠤᠨ ᠶᠡᠷᠦᠩᠬᠡᠢ ᠬᠡᠮᠵᠢᠶ᠎ᠡ 2200 ᠲᠦᠮᠨ ᠳᠤ ᠬᠦᠷᠪᠡ᠃ ᠬᠥᠯᠦᠨ ᠪᠣᠶᠢᠷ ᠪᠣᠯᠤᠨ ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠠᠯᠵᠢᠬᠤ ᠤᠷᠤᠨ ᠲᠠᠯ᠎ᠠ ᠨᠤᠲᠤᠭ ᠤᠨ ᠬᠤᠨᠢ ᠎ ᠨᠢ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠢ ᠮᠦᠷᠳᠡᠵᠦ ᠪᠣᠯᠬᠤ ᠲᠤᠷᠰᠢᠯᠲᠠ ᠶᠢᠨ ᠴᠢᠭ᠋ ᠢ ᠢᠳᠡᠪᠬᠢᠲᠡᠶ ᠲᠤᠷᠰᠢᠵᠤ᠂ 2014 ᠣᠨ ᠳᠤ 98.5 ᠲᠦᠮᠡᠨ ᠬᠤᠨᠢ ᠳᠤ ᠮᠦᠷᠳᠡᠵᠦ ᠪᠣᠯᠬᠤ ᠡᠯᠧᠺᠲᠷᠣᠨ ᠴᠢᠬᠢᠨ ᠲᠡᠮᠳᠡᠭ ᠵᠡᠭᠦᠯᠭᠡᠵᠦ᠂ ᠲᠡᠵᠢᠭᠡᠨ ᠦᠷᠡᠵᠢᠭᠦᠯᠬᠦ᠂ ᠠᠯᠠᠬᠤ ᠪᠠ ᠡᠳ᠋ᠰᠢᠭᠦᠯᠬᠦ ᠵᠠᠩᠭᠢᠯᠭ᠎ᠠ ᠶᠢᠨ ᠬᠤᠶᠠᠷ ᠬᠡᠮᠵᠢᠭᠳᠡᠯᠲᠦ ᠨᠣᠮᠧᠷ ᠢ ᠵᠤᠯᠭᠠᠭᠤᠯᠤᠨ ᠰᠣᠯᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠮᠠᠨ ᠤ ᠤᠷᠤᠨ ᠤ ᠪᠣᠳᠠᠰᠯᠢᠭ ᠬᠤᠯᠪᠤᠭᠠᠲᠤ ᠰᠦᠯᠵᠢᠶ᠎ᠡ ᠶᠢᠨ ᠮᠡᠷᠭᠡᠵᠢᠯ ᠢ ᠮᠠᠯ ᠠᠵᠤ ᠠᠬᠤᠢ ᠳᠡᠭᠡᠷ᠎ᠡ ᠬᠡᠷᠡᠭᠯᠡᠭᠰᠡᠨ ᠶᠠᠪᠤᠳᠠᠯ ᠴᠦ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠤᠵᠤ᠂ ︽ᠮᠧᠩ ᠶᠢᠤ ᠾᠣᠢ︾ ᠲᠠᠷᠢᠶᠠᠯᠠᠩ ᠮᠠᠯ ᠠᠵᠤ ᠠᠬᠤᠢ ᠶᠢᠨ ᠡᠯᠧᠺᠲᠷᠣᠨ ᠠᠷᠠᠯᠵᠢᠶᠠᠨ ᠤ ᠲᠠᠪᠴᠠᠩ ᠨᠢᠭᠡᠨᠲᠡ ᠰᠦᠯᠵᠢᠶᠡᠨ ᠳᠡᠭᠡᠷ᠎ᠡ ᠠᠵᠢᠯᠯᠠᠵᠤ᠂ ᠪᠡᠭᠡᠵᠢᠩ᠂ ᠱᠠᠩᠬᠠᠢ ᠶᠢᠨ ᠳᠡᠯᠭᠡᠨ ᠦᠵᠡᠭᠦᠯᠬᠦ ᠰᠢᠭᠤᠳ ᠪᠣᠷᠣᠯᠠᠭᠤᠯᠬᠤ ᠲᠥᠪ ᠢ ᠣᠳᠣ ᠶᠠᠭ ᠪᠠᠶᠢᠭᠤᠯᠵᠤ ᠪᠠᠶᠢᠨ᠎ᠠ᠃      ᠤᠶᠢᠷ᠎ᠠ ᠶᠢᠨ ᠵᠢᠯ ᠳᠤ᠂ ᠮᠠᠨ ᠤ ᠤᠷᠤᠨ ᠳᠠᠪᠠᠭᠤᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠨᠢᠭᠡ ᠪᠦᠯᠦᠭ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠴᠢᠳᠠᠪᠤᠷᠢ ᠪᠠᠷ ᠴᠢᠩᠭ᠎ᠠ᠂ ᠬᠡᠪᠴᠢᠶ᠎ᠡ ᠶᠢᠨ ᠲᠥᠪᠯᠡᠷᠡᠭᠦᠯᠦᠯᠲᠡ ᠶᠢᠨ ᠬᠡᠮᠵᠢᠶ᠎ᠡ ᠪᠠᠷ ᠥᠨᠳᠥᠷ᠂ ᠨᠥᠯᠥᠭᠡᠯᠡᠨ ᠳᠠᠶᠢᠴᠢᠯᠠᠬᠤ ᠪᠠᠷ ᠥᠷᠭᠡᠨ ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠵᠢᠱᠢᠶ᠎ᠡ ᠦᠵᠡᠭᠦᠯᠬᠦ ᠤᠷᠤᠨ ᠢ ᠪᠣᠶᠢᠵᠢᠭᠤᠯᠤᠨ ᠬᠦᠭᠵᠢᠭᠦᠯᠵᠦ᠂ ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠪᠦᠯᠦᠭᠯᠡᠯ᠂ ᠰᠦᠷᠦᠭᠯᠡᠯ ᠤᠨ ᠬᠦᠭᠵᠢᠯᠲᠡ ᠶᠢ ᠲᠦᠯᠬᠢᠨ ᠠᠬᠢᠭᠤᠯᠪᠠ᠃ 2014 ᠣᠨ ᠳᠤ᠂ ᠪᠦᠬᠦ ᠤᠷᠤᠨ ᠤ ᠪᠦᠲᠦᠭᠡᠭᠳᠡᠬᠦᠨ ᠪᠣᠷᠤᠯᠠᠭᠤᠯᠤᠭᠰᠠᠨ ᠣᠷᠤᠯᠭ᠎ᠠ ᠨᠢ 500 ᠲᠦᠮᠡᠨ ᠲᠦᠭᠦᠷᠢᠭ ᠠᠴᠠ ᠳᠡᠭᠡᠭᠰᠢ ᠮᠠᠯ ᠤᠨ ᠠᠰᠢᠭ ᠰᠢᠮ᠎ᠡ ᠶᠢᠨ ᠡᠳ᠋ᠰᠢᠭᠦᠯᠭᠡ ᠶᠢᠨ ᠠᠵᠤ ᠠᠬᠤᠶᠢᠯᠠᠯ 1790᠎ ᠳᠤ ᠬᠦᠷᠴᠦ᠂ ᠪᠣᠷᠤᠯᠠᠭᠤᠯᠤᠭᠰᠠᠨ ᠣᠷᠤᠯᠭ᠎ᠠ ᠨᠢ 3779.9 ᠳ᠋ᠦᠩᠰᠢᠭᠤᠷ ᠲᠦᠭᠦᠷᠢᠭ ᠶᠢ  ᠪᠡᠶᠡᠯᠡᠭᠦᠯᠪᠡ︔ᠤᠯᠤᠰ ᠤᠨ ᠳᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠠᠵᠤ ᠦᠢᠯᠡᠰᠵᠢᠯᠲᠠ ᠶᠢᠨ ᠭᠤᠣᠯᠳᠠᠯᠭᠠᠲᠤ ᠲᠣᠯᠤᠭᠠᠶᠢᠯᠠᠭᠴᠢ ᠠᠵᠤ ᠠᠬᠤᠶᠢᠯᠠᠯ 22᠂ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠨᠡᠷᠡᠲᠦ ᠲᠠᠸᠠᠷ ᠤᠨ ᠲᠡᠮᠳᠡᠭᠲᠦ 17 ᠪᠠᠶᠢᠨ᠎ᠠ᠃       ᠪᠠᠶᠢᠴᠠᠭᠠᠨ ᠰᠣᠳᠤᠯᠤᠯᠲᠠ ᠪᠠᠷ ᠣᠯᠵᠤ ᠮᠡᠳᠡᠭᠰᠡᠨ ᠨᠢ᠂ ᠮᠠᠨ ᠤ ᠤᠷᠤᠨ ᠤ ᠮᠠᠯ ᠠᠵᠤ ᠠᠬᠤᠢ ᠬᠡᠳᠦᠶᠢᠪᠡᠷ ᠮᠠᠰᠢ ᠶᠡᠭᠡ ᠬᠦᠭᠵᠢᠭᠰᠡᠨ ᠪᠣᠯᠪᠠᠴᠤ ᠵᠢᠵᠢᠭ ᠬᠡᠪᠴᠢᠶᠡᠨ ᠤ ᠲᠠᠷᠠᠬᠠᠶ ᠪᠣᠲᠠᠷᠬᠠᠢ ᠡᠵᠡᠩᠨᠡᠬᠦ ᠬᠤᠴᠣᠷᠤᠩᠭᠤᠶ ᠠᠷᠭ᠎ᠠ ᠮᠠᠶ᠋ᠢᠭ ᠢ ᠦᠨᠳᠦᠰᠦ ᠠᠴᠠ ᠨᠢ ᠬᠠᠷᠠᠬᠠᠨ ᠬᠤᠪᠢᠷᠠᠭᠤᠯᠤᠭ᠎ᠠ ᠦᠭᠡᠢ ᠪᠠᠶᠢᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠪᠠᠭᠤᠷᠠᠬᠤ ᠨᠦᠯᠦᠭᠡ ᠬᠦᠷᠲᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠮᠠᠰᠢ ᠶᠡᠭᠡ ᠳᠠᠷᠤᠯᠲᠠ ᠲᠤᠯᠭᠠᠷᠠᠵᠤ ᠪᠠᠶᠢᠨ᠎ᠠ᠃ ᠣᠳᠣᠬᠠᠨ ᠳᠤ᠂ ᠡᠳ᠋ ᠤᠨ ᠵᠠᠰᠠᠭ ᠤᠨ ᠮᠠᠯ ᠠᠵᠤ ᠠᠬᠤᠢ ᠳᠠᠬᠢ ᠤᠷᠤᠭᠤᠯᠤᠯᠲᠠ ᠮᠦᠨ ᠯᠠ ᠲᠡᠶᠢᠮᠦ ᠦᠨᠳᠦᠷ ᠪᠢᠰᠢ ᠪᠠᠶᠢᠵᠤ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ᠂ ᠰᠢᠯᠢᠳᠡᠭ ᠡᠭᠦᠯᠳᠡᠷ ᠤᠨ ᠰᠢᠰᠲ᠋ᠧᠮᠵᠢ ᠶᠢᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ᠂ ᠠᠮᠢᠲᠠᠨ ᠤ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠣᠷᠤᠭᠤᠯᠤᠯᠲᠠ ᠮᠦᠨ ᠯᠠ ᠪᠣᠳᠠᠲᠠᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃      ᠳᠡᠭᠡᠷᠡᠬᠢ ᠳᠤᠷᠠᠳᠤᠭᠰᠠᠨ ᠠᠰᠠᠭᠤᠳᠠᠯ ᠳᠤ ᠴᠢᠭᠯᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠣᠳᠤᠯᠬᠤ ᠳᠤᠭᠤᠶᠢᠯᠠᠩ ᠰᠠᠨᠠᠭᠤᠯᠤᠭᠰᠠᠨ ᠨᠢ᠂ ᠮᠠᠯ ᠠᠵᠤ ᠠᠬᠤᠢ ᠶᠢᠨ ᠬᠦᠭᠵᠢᠯᠲᠡ ᠳᠠᠬᠢ ᠳᠡᠮᠵᠢᠯᠭᠡ ᠪᠠᠨ ᠤᠯᠠᠮ ᠬᠦᠴᠦᠯᠡᠵᠦ᠂ ᠦᠪᠡᠷᠲᠡᠭᠡᠨ ᠵᠠᠰᠠᠬᠤ ᠤᠷᠤᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠲᠦ ᠴᠠᠳᠢᠭ ᠢ ᠲᠦᠷᠭᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠮᠠᠨ ᠤ ᠤᠷᠤᠨ ᠤ ᠨᠡᠷᠡᠲᠦ ᠴᠠᠳᠢᠭ ᠲᠤ ᠣᠷᠤᠭᠤᠯᠤᠭᠠᠳᠤᠢ ᠳᠠᠪᠠᠭᠤᠯᠢᠭ ᠦᠪᠡᠷᠮᠢᠴᠡ ᠣᠨᠴᠠᠯᠢᠭ ᠲᠠᠢ ᠮᠠᠯ ᠵᠢᠭᠦᠷᠲᠡᠨ ᠤ ᠡᠭᠦᠯᠳᠡᠷ ᠢ ᠴᠠᠭ ᠲᠤᠬᠠᠢ ᠳᠤᠨᠢ ᠨᠡᠷᠡᠲᠦ ᠴᠠᠳᠢᠭ ᠲᠤ ᠣᠷᠣᠭᠤᠯᠵᠤ᠂ ᠬᠠᠮᠠᠭᠠᠯᠠᠬᠤ ᠶᠣᠰᠤᠲᠠᠢ ᠶᠢ ᠨᠢ ᠡᠷᠡᠰ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ᠂ ᠲᠦᠰᠦᠯ ᠪᠠ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠲᠦᠷᠭᠡᠨ ᠲᠣᠭᠲᠠᠭᠠᠨ ᠨᠡᠶᠢᠲᠡᠯᠡᠵᠦ᠂ ᠨᠢᠭᠡᠲᠦᠯᠲᠡᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠠᠮ ᠱᠤᠭᠤᠮ ᠵᠡᠷᠭᠡ ᠶᠢ ᠲᠣᠳᠤᠷᠬᠠᠢ ᠲᠣᠭᠲᠠᠭᠠᠬᠤ ᠬᠡᠷᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号