ᠲᠦᠷᠤ ᠶᠢᠨ ᠶᠠᠪᠤᠳᠠᠯ ᠤᠨ ᠬᠤᠷᠢᠶ᠎ᠠ ᠪᠠᠷ ᠬᠢᠨᠠᠨ ᠵᠥᠪᠰᠢᠶᠡᠷᠡᠭᠦᠯᠬᠦ ᠪᠠᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠠᠴᠠ ᠮᠡᠳᠡᠭᠦᠯᠦᠭᠰᠡᠨ ︽ᠬᠥᠬᠡᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ︵2011 | — 2020 ᠣᠨ︶︾ ︵ᠳᠣᠷᠣᠭᠰᠢ ︽ᠶᠡᠷᠦᠩᠬᠡᠶ ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠣᠷᠴᠢᠮᠬᠠᠨ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠵᠤ᠂ ︽ ᠶᠡᠷᠦᠩᠭᠡᠢ ᠲᠥᠯᠥᠪᠵᠢᠭᠦᠯᠭᠡ︾ ᠶᠢ ᠵᠠᠷᠴᠢᠮ | ᠳᠡᠭᠡᠷ᠎ᠡ ᠪᠠᠨ ᠵᠥᠪᠰᠢᠶᠡᠷᠡᠪᠡ᠃ | ᠴᠣᠬᠤᠯᠠᠪᠤᠷᠢ ᠳᠤ ᠵᠢᠭᠠᠵᠤ ᠭᠠᠷᠭᠠᠭᠰᠠᠨ ᠨᠢ᠂ ︽ᠶᠡᠷᠦᠩᠬᠡᠶ ᠲᠥᠯᠥᠪᠵᠢᠭᠦᠯᠭᠡ︾ ᠶᠢ ᠬᠡᠷᠡᠭᠵᠢᠭᠦᠯᠬᠦ ᠳᠤ | ᠪᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ | ᠪᠣᠯᠤᠨ ᠲᠥᠪ ᠤᠨ ᠬᠤᠲᠠ ᠪᠠᠯᠭᠠᠰᠤᠵᠢᠯᠲᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠠᠵᠤ ᠠᠬᠤᠶ᠂ ᠨᠡᠶᠢᠭᠡᠮ᠂ ᠬᠥᠮᠦᠨ ᠠᠮᠠ᠂ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ | ᠬᠠᠷᠢᠯᠴᠠᠨ ᠵᠣᠬᠢᠴᠠᠩᠭᠤᠢ ᠪᠠᠷ ᠦᠷᠭᠦᠯᠵᠢᠯᠡᠨ ᠬᠦᠭᠵᠢᠭᠦᠯᠬᠦ ᠪᠠᠶᠢᠯᠳᠤᠬᠤ ᠪᠤᠳᠦᠯᠭ᠎ᠠ ᠶᠢ ᠪᠠᠷᠢᠮᠲᠠᠯᠠᠵᠤ᠂ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠥᠬᠡᠬᠤᠲᠠ ᠶᠢᠨ ᠬᠤᠲᠠ ᠬᠥᠳᠡᠭᠡ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠬᠤᠳᠠ ᠶᠢᠨ ᠴᠢᠳᠠᠮᠵᠢ ᠶᠢ | ᠲᠠᠰᠤᠷᠠᠯᠲᠠ ᠦᠭᠡᠢ ᠴᠢᠩᠭᠠᠷᠠᠭᠤᠯᠵᠤ᠂ ᠦᠷᠭᠦᠯᠵᠢᠯᠡᠨ ᠬᠦᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ | ᠬᠥᠬᠡᠬᠤᠲᠠ ᠶᠢ ᠠᠯᠬᠤᠮ ᠠᠯᠬᠤᠮ ᠢᠶᠠᠷ ᠠᠵᠤ ᠠᠬᠤᠶ ᠬᠥᠭᠵᠢᠭᠰᠡᠨ᠂ ᠨᠡᠶᠢᠭᠡᠮ ᠡᠶ᠎ᠡ ᠵᠣᠬᠢᠴᠠᠯ ᠲᠠᠢ᠂ | ᠲᠥᠬᠦᠭᠡᠷᠦᠮᠵᠢ ᠨᠢ ᠲᠡᠭᠦᠯᠳᠡᠷᠵᠢᠭᠰᠡᠨ᠂ ᠠᠮᠢ ᠠᠬᠤᠶ ᠨᠢ ᠰᠠᠶᠢᠨ ᠰᠠᠶᠢᠬᠠᠨ᠂ ᠢᠯᠭᠤᠮ ᠲᠣᠳᠣ ᠣᠨᠴᠠᠯᠢᠭ ᠲᠠᠢ | ᠣᠳᠣ ᠦᠶ᠎ᠡ ᠶᠢᠨ ᠬᠤᠲᠠ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃ | ᠴᠣᠬᠤᠯᠠᠪᠤᠷᠢ ᠳᠤ ᠱᠠᠭᠠᠷᠳᠠᠭᠰᠠᠨ ᠨᠢ᠄ | ᠬᠤᠳᠠ ᠬᠥᠳᠡᠭᠡ ᠣᠷᠣᠨ ᠪᠦᠰᠡ ᠶᠢ ᠨᠢᠭᠡᠳᠦᠯᠲᠡᠶ ᠲᠥᠯᠥᠪᠯᠡᠨ ᠬᠦᠭᠵᠢᠭᠦᠯᠬᠦ ᠶᠢ ᠴᠢᠬᠤᠯᠠᠴᠢᠯᠠᠬᠤ ᠬᠡᠷᠡᠭᠲᠡᠶ᠃ | ︽ᠶᠡᠷᠦᠩᠬᠡᠶ ᠲᠥᠯᠥᠪᠵᠢᠭᠦᠯᠭᠡ︾ ᠳᠤ ᠲᠣᠭᠲᠠᠭᠠᠭᠰᠠᠨ 2176.7 ᠲᠡᠭᠰᠢ ᠳᠥᠷᠪᠡᠯᠵᠢᠨ ᠺᠢᠯᠣᠮᠧᠲᠷ ᠤᠨ | ᠬᠤᠳᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠣᠲᠣᠷ᠎ᠠ᠂ ᠬᠤᠳᠠ ᠬᠥᠳᠡᠭᠡ ᠶᠢ ᠨᠢᠭᠡᠳᠦᠯᠲᠡᠶ | ᠲᠥᠯᠥᠪᠵᠢᠭᠦᠯᠦᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠲᠠ ᠶᠢᠨ ᠣᠷᠣᠨ ᠪᠦᠰᠡ ᠶᠢᠨ ᠳᠣᠲᠣᠷᠠᠬᠢ ᠠᠳᠠᠯᠢ | ᠪᠤᠰᠤ ᠭᠠᠵᠠᠷ ᠣᠷᠣᠨ ᠤ ᠨᠥᠬᠦᠴᠡᠯ ᠢ ᠦᠨᠳᠦᠰᠦᠯᠡᠵᠦ᠂ ᠰᠢᠶᠠᠨ ᠤ ᠬᠤᠲᠠ ᠪᠣᠯᠣᠨ ᠰᠠᠭᠤᠷᠢ ᠨᠥᠬᠦᠴᠡᠯ ᠰᠠᠶᠢᠲᠠᠶ᠂ | ᠬᠥᠭᠵᠢᠯᠲᠡ ᠶᠢᠨ ᠳᠠᠯᠳᠠ ᠬᠦᠴᠦᠨ ᠶᠡᠭᠡ ᠭᠤᠣᠯᠳᠠᠯᠭ᠎ᠠ ᠲᠠᠢ ᠪᠠᠯᠭᠠᠰᠤ᠂ ᠭᠤᠣᠯ ᠲᠣᠰᠬᠤᠨ ᠢ | ᠭᠤᠣᠯᠳᠠᠯᠭ᠎ᠠ ᠲᠠᠢ ᠪᠠᠷ ᠬᠥᠭᠵᠢᠭᠦᠯᠵᠦ᠂ ᠭᠠᠴᠠᠭ᠎ᠠ ᠪᠠᠯᠭᠠᠰᠤᠨ ᠤ ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ | ᠲᠣᠰᠬᠤᠨ ᠤ ᠳᠦᠷᠰᠦ ᠪᠠᠶᠢᠳᠠᠯ ᠣᠨᠴᠠᠯᠢᠭ ᠢ ᠬᠠᠳᠠᠭᠠᠯᠠᠭᠰᠠᠨ ᠰᠠᠭᠤᠷᠢᠨ ᠳᠡᠭᠡᠷ᠎ᠡ ᠭᠠᠴᠠᠭᠠᠨ ᠤ ᠠᠷᠠᠳ ︵ᠮᠠᠯᠴᠢᠳ | ︶ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠬᠡᠷᠡᠭᠲᠡᠶ᠃ ᠬᠤᠲᠠ | ᠪᠠᠯᠭᠠᠰᠤᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠥᠳᠡᠭᠡ | ᠲᠤᠰᠬᠤᠨ ᠳᠤ ᠣᠷᠣᠬᠤ ᠶᠢ ᠠᠬᠢᠭᠤᠯᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠬᠤ ᠬᠡᠷᠡᠭᠲᠡᠢ᠃ | ᠬᠤᠲᠠ ᠶᠢᠨ ᠲᠥᠪ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢ 258 ᠲᠦᠮᠡᠨ ᠬᠥᠮᠥᠨ | ᠲᠣᠲᠤᠷ᠎ᠠ ᠬᠢᠵᠠᠭᠠᠷᠯᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ 310 ᠲᠡᠭᠰᠢ | ᠳᠥᠷᠪᠡᠯᠵᠢᠨ ᠺᠢᠯᠣᠮᠧᠲᠷ ᠤᠨ ᠳᠣᠲᠣᠷ᠎ᠠ ᠬᠢᠵᠠᠭᠠᠷᠯᠠᠬᠤ ᠬᠡᠷᠡᠭᠲᠡᠢ᠃ ᠬᠤᠳᠠ ᠬᠥᠳᠡᠭᠡ ᠶᠢᠨ ᠲᠥᠯᠥᠪᠵᠢᠭᠦᠯᠭᠡ ᠶᠢᠨ | ᠬᠠᠤᠯᠢ ᠶᠢᠨ ︽ᠤᠷᠢᠳᠠᠪᠠᠷ ᠲᠥᠯᠥᠪᠵᠢᠭᠦᠯᠵᠦ᠂ ᠳᠠᠷᠠᠭ᠎ᠠ ᠨᠢ ᠪᠠᠶᠢᠭᠤᠯᠬᠤ︾ ᠵᠠᠷᠴᠢᠮ ᠢ ᠲᠤᠤᠱᠯᠠᠭᠤᠯᠵᠤ᠂ ︽ | ᠶᠡᠷᠦᠩᠬᠡᠶ ᠲᠥᠯᠥᠪᠵᠢᠭᠦᠯᠭᠡ︾ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶ᠎ᠡ ᠠᠴᠠ ᠭᠠᠳᠠᠨ᠎ᠠ ᠡᠯ᠎ᠡ ᠲᠦᠷᠦᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠪᠣᠯᠣᠨ ᠰᠢᠨ᠎ᠡ ᠬᠤᠳᠠ | ᠰᠢᠨ᠎ᠡ ᠲᠣᠭᠤᠷᠢᠭ ᠪᠠᠶᠢᠭᠤᠯᠬᠤ ᠶᠢ ᠬᠤᠷᠢᠭᠯᠠᠬᠤ ᠬᠡᠷᠡᠭᠲᠡᠢ᠃ ᠬᠥᠬᠡᠬᠤᠲᠠ ᠶᠢᠨ ᠡᠬᠢ ᠪᠠᠶᠠᠯᠢᠭ᠂ ᠣᠷᠴᠢᠨ | ᠲᠣᠭᠤᠷᠢᠨ ᠤ ᠪᠣᠳᠠᠲᠤ ᠨᠥᠬᠦᠴᠡᠯ ᠢ ᠦᠨᠳᠦᠰᠦᠯᠡᠨ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ | ᠬᠢᠵᠠᠭᠠᠷ ᠢ ᠰᠤᠳᠤᠯᠤᠨ ᠲᠣᠭᠲᠠᠭᠠᠵᠤ᠂ ᠭᠠᠵᠠᠷ ᠰᠢᠷᠤᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠪᠠᠷᠢᠮᠲᠠᠯᠠᠵᠤ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠨ᠎ᠡ ᠪᠠᠷ ᠨᠡᠮᠡᠬᠦ ᠶᠢ ᠴᠢᠩᠭ᠎ᠠ ᠬᠢᠵᠠᠭᠠᠷᠯᠠᠵᠤ᠂ ᠦᠯᠡᠳᠡᠭᠡᠯ ᠭᠠᠵᠠᠷ | ᠤᠨ ᠳᠠᠯᠳᠠ ᠬᠦᠴᠦᠨ ᠢ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠭᠠᠵᠠᠷ ᠳᠣᠣᠷᠠᠬᠢ ᠣᠷᠣᠨ | ᠵᠠᠶ ᠶᠢᠨ ᠡᠬᠢ ᠪᠠᠶᠠᠯᠢᠭ ᠤᠨ ᠵᠦᠢ ᠵᠣᠬᠢᠰᠲᠠᠶ ᠨᠡᠭᠡᠭᠡᠨ ᠠᠰᠢᠭᠯᠠᠵᠤ᠂ ᠭᠠᠵᠠᠷ ᠰᠢᠷᠣᠶ ᠶᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠨ ᠭᠠᠵᠠᠷ ᠢᠯᠠᠩᠭᠤᠶ᠎ᠠ ᠦᠨᠳᠦᠰᠦᠨ ᠲᠠᠷᠢᠶᠠᠨ ᠭᠠᠵᠠᠷ ᠢ ᠦᠨᠡᠨ ᠬᠦ | ᠰᠠᠶᠢᠲᠤᠷ ᠬᠠᠮᠠᠭᠠᠯᠠᠬᠤ ᠬᠡᠷᠡᠭᠲᠡᠶ᠃ | ᠬᠤᠳᠠ ᠶᠢᠨ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠮᠠᠯ ᠵᠠᠮ᠂ | ᠲᠡᠮᠦᠷ ᠵᠠᠮ᠂ ᠨᠢᠰᠬᠡᠯ ᠤᠨ ᠪᠠᠭᠤᠳᠠᠯ ᠵᠡᠷᠭᠡ ᠭᠠᠳᠠᠭᠰᠢ ᠭᠠᠷᠬᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠪᠠᠷ ᠥᠩᠭᠡᠷᠡᠬᠦ ᠵᠠᠮ ᠬᠠᠷᠢᠯᠴᠠᠭ᠎ᠠ ᠶᠢ | ᠰᠢᠯᠤᠭᠤᠳᠬᠠᠵᠤ᠂ ᠬᠤᠲᠠ ᠶᠢᠨ ᠳᠣᠲᠣᠷ᠎ᠠ ᠭᠠᠳᠠᠨᠠᠬᠢ ᠵᠠᠮ ᠬᠠᠷᠢᠯᠴᠠᠭᠠᠨ ᠤ ᠬᠤᠯᠪᠣᠯᠲᠠ ᠶᠢ ᠴᠢᠩᠭᠠᠳᠬᠠᠬᠤ | ᠬᠡᠷᠡᠭᠲᠡᠶ᠃ ᠤᠯᠠᠨ ᠨᠡᠶᠢᠳᠡ ᠶᠢᠨ ᠵᠠᠮ ᠬᠠᠷᠢᠯᠴᠠᠭ᠎ᠠ ᠪᠠᠷ ᠭᠤᠣᠯ ᠴᠣᠭᠴᠠ ᠪᠣᠯᠭᠠᠭᠰᠠᠨ᠂ ᠡᠯ᠎ᠡ ᠵᠦᠢᠯ ᠤᠨ ᠵᠠᠮ | ᠬᠠᠷᠢᠯᠴᠠᠭᠠᠨ ᠤ ᠬᠡᠯᠪᠡᠷᠢ ᠶᠢ ᠤᠶᠠᠯᠳᠤᠭᠤᠯᠤᠭᠰᠠᠨ ᠤᠯᠠᠨ ᠲᠡᠰ ᠳᠠᠪᠬᠤᠷᠭᠠᠲᠤ᠂ ᠤᠯᠠᠨ ᠬᠡᠯᠪᠡᠷᠢᠲᠤ ᠬᠤᠲᠠ ᠶᠢᠨ | ᠶᠡᠷᠦᠩᠭᠡᠶᠢᠯᠡᠭᠰᠡᠨ ᠵᠠᠮ ᠬᠠᠷᠢᠯᠴᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠵᠠᠮ ᠬᠠᠷᠢᠯᠴᠠᠭᠠᠨ ᠤ ᠠᠳᠠᠯᠢ ᠪᠤᠰᠤ | ᠠᠷᠭ᠎ᠠ ᠮᠠᠶ᠋ᠢᠭ ᠢ ᠳᠠᠮᠵᠢᠨ ᠶᠠᠪᠤᠵᠤ ᠰᠠᠭᠤᠬᠤ ᠳᠤ ᠳᠦᠭᠦᠮ ᠦᠵᠡᠭᠦᠯᠬᠦ ᠬᠡᠷᠡᠭᠲᠡᠢ᠃ ᠲᠡᠷᠭᠡᠨ ᠵᠣᠭᠰᠣᠭᠠᠯ ᠤᠨ | ᠲᠠᠯᠠᠪᠠᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠬᠤᠲᠠ ᠶᠢᠨ ᠲᠡᠷᠭᠡᠨ | ᠵᠣᠭᠰᠣᠭᠠᠯ ᠤᠨ ᠪᠦ᠋ᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠤᠷᠢᠳᠠᠪᠠᠷ ᠭᠠᠵᠠᠷ ᠳᠣᠣᠷᠠᠬᠢ᠂ | ᠲᠠᠷᠠᠭ᠎ᠠ ᠨᠢ ᠭᠠᠵᠠᠷ ᠳᠡᠭᠡᠷᠡᠬᠢ ᠵᠠᠷᠴᠢᠮ ᠢ ᠪᠠᠷᠢᠮᠲᠠᠯᠠᠵᠤ᠂ ᠬᠤᠲᠠ ᠶᠢᠨ ᠬᠠᠩᠭᠠᠯᠭ᠎ᠠ ᠶᠢᠨ ᠤᠰᠤᠨ ᠤ ᠰᠤᠷᠪᠤᠯᠵᠢ | ᠪᠣᠯᠣᠨ ᠤᠰᠤ ᠬᠠᠩᠭᠠᠬᠤ ᠤᠰᠤ ᠵᠠᠯᠠᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢ | ᠨᠢᠭᠡᠳᠦᠯᠲᠡᠶ ᠲᠥᠯᠥᠪᠯᠡᠨ ᠪᠠᠶᠢᠭᠤᠯᠵᠤ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠨᠡᠪᠲᠡᠷᠡᠬᠦ ᠬᠤᠩᠭᠢᠯ ᠤᠨ | ᠪᠦᠲᠦᠭᠡᠨ ᠪᠠᠶᠢᠭᠤᠯᠤᠯᠲᠠ ᠶᠢ ᠱᠠᠭᠠᠷᠳᠠᠯᠭ᠎ᠠ ᠶᠣᠰᠣᠭᠠᠷ ᠦᠷᠨᠢᠭᠦᠯᠵᠦ᠂ ᠰᠠᠭᠤᠷᠢ ᠪᠡᠯᠡᠳᠬᠡᠮᠵᠢ ᠳᠤ ᠰᠢᠷ᠎ᠠ | ᠱᠤᠭᠤᠮ ᠤᠨ ᠬᠠᠮᠠᠭᠠᠯᠠᠯᠲᠠ ᠶᠢᠨ ᠬᠡᠪᠴᠢᠶ᠎ᠡ ᠶᠢ ᠲᠣᠭᠲᠠᠵᠤ᠂ ᠡᠯ᠎ᠡ ᠲᠥᠷᠥᠯ ᠤᠨ ᠪᠡᠯᠡᠳᠬᠡᠮᠵᠢ ᠶᠢᠨ ᠬᠡᠷᠡᠭᠯᠡᠬᠦ | ᠭᠠᠵᠠᠷ ᠢ ᠲᠥᠯᠥᠪᠵᠢᠭᠦᠯᠦᠨ ᠬᠢᠵᠠᠭᠠᠷᠯᠠᠬᠤ ᠪᠠ ᠤᠷᠢᠳᠴᠢᠯᠠᠨ ᠦᠯᠡᠳᠡᠭᠡᠬᠦ ᠶᠢ ᠴᠢᠩᠭᠠᠳᠬᠠᠬᠤ ᠬᠡᠷᠡᠭᠲᠡᠢ᠃ | ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠬᠤᠯᠠᠴᠢᠯᠠᠨ ᠦᠵᠡᠵᠦ᠂ ᠭᠠᠮᠰᠢᠭ ᠢ | ᠰᠡᠷᠭᠡᠶᠢᠯᠡᠬᠦ ᠭᠤᠣᠯᠳᠠᠯᠭ᠎ᠠ ᠲᠠᠢ ᠪᠡᠯᠡᠳᠬᠡᠮᠵᠢ ᠪᠣᠯᠣᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ | ᠦᠶᠡᠷ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠬᠦ ᠪᠠ ᠭᠠᠵᠠᠷ ᠤᠨ ᠭᠠᠮᠰᠢᠭ ᠢ ᠰᠡᠷᠭᠡᠶᠢᠯᠡᠬᠦ ᠵᠡᠷᠭᠡ ᠶᠢ | ᠪᠠᠭᠲᠠᠭᠠᠭᠰᠠᠨ ᠬᠤᠳᠠ ᠶᠢᠨ ᠭᠠᠮᠰᠢᠭ ᠢ ᠰᠡᠷᠭᠡᠶᠢᠯᠡᠬᠦ ᠶᠡᠷᠦᠩᠬᠡᠶᠢᠯᠡᠭᠰᠡᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ | ᠡᠬᠢ ᠪᠠᠶᠠᠯᠢᠭ ᠠᠷᠪᠢᠯᠠᠬᠤ ᠬᠡᠯᠪᠡᠷᠢ ᠪᠠ ᠣᠷᠴᠢᠨᠲ᠋ᠣᠭᠤᠷᠢᠨ ᠨᠥᠬᠦᠷᠰᠡᠭ ᠬᠡᠯᠪᠡᠷᠢ ᠶᠢᠨ ᠬᠤᠳᠠ ᠶᠢ | ᠪᠥᠳᠥᠭᠡᠨᠪᠠᠶᠢᠭᠤᠯᠬᠤ ᠬᠡᠷᠡᠭᠲᠡᠢ᠃ ᠦᠢᠯᠡᠳᠪᠦᠷᠢᠯᠡᠯ ᠤᠨ ᠣᠷᠣᠨ ᠵᠠᠶ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ | ᠠᠮᠢᠳᠤᠷᠠᠯ ᠤᠨ ᠣᠷᠣᠨ ᠵᠠᠢ ᠲᠠᠭᠠᠯᠠᠮᠵᠢᠲᠠᠢ ᠮᠥᠷᠲᠡᠭᠡᠨ ᠲᠣᠬᠢᠷᠠᠮᠵᠢᠲᠠᠶ᠂ ᠠᠮᠢ ᠠᠬᠤᠶ ᠶᠢᠨ ᠣᠷᠣᠨ ᠵᠠᠶ ᠠᠭᠤᠯᠠ | ᠤᠰᠤ ᠦᠵᠡᠰᠬᠦᠯᠡᠩ ᠰᠠᠶᠢᠬᠠᠨ ᠪᠠᠶᠢᠬᠤ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠦᠢ ᠵᠣᠬᠢᠰᠲᠠᠶ | ᠬᠤᠳᠠ ᠶᠢᠨ ᠣᠷᠣᠨ ᠵᠠᠶ ᠶᠢᠨ ᠪᠦᠲᠦᠴᠡ ᠶᠢ ᠪᠣᠢ ᠪᠣᠯᠭᠠᠵᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠪᠦᠳᠦᠭᠡᠨ | ᠪᠠᠶᠢᠭᠤᠯᠤᠯᠲᠠ ᠶᠢᠨ ᠵᠡᠷᠭᠡ ᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠭᠤᠣᠯ | ᠴᠣᠭᠴᠠ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠴᠣᠷᠤᠩᠭᠤᠶ | ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ | ᠴᠢᠩᠭ᠎ᠠ ᠬᠢᠵᠠᠭᠠᠷᠯᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ | ᠪᠣᠬᠢᠷᠲᠤᠯ ᠥᠭᠡᠢ ᠪᠠᠷᠢᠯᠭ᠎ᠠ ᠶᠢᠨ ᠬᠥᠭᠵᠢᠯᠲᠡ ᠶᠢ ᠳᠡᠮᠵᠢᠬᠦ ᠬᠡᠷᠡᠭᠲᠡᠶ᠃ ᠬᠤᠳᠠ ᠶᠢᠨ ᠣᠷᠴᠢᠨ ᠲᠣᠭᠤᠷᠢᠨ ᠤ | ᠶᠡᠷᠦᠩᠬᠡᠶᠢᠯᠡᠨ ᠵᠠᠰᠠᠯᠲᠠ ᠶᠢ ᠴᠢᠩᠭᠠᠳᠬᠠᠵᠤ᠂ ᠪᠣᠬᠢᠷ ᠤᠰᠤ ᠰᠢᠢᠳᠪᠦᠷᠢᠯᠡᠬᠦ ᠨᠤᠷᠮ᠎ᠠ ᠪᠠ ᠬᠤᠭ ᠨᠣᠪᠰᠢ ᠶᠢ ᠬᠤᠣᠷ | ᠦᠭᠡᠶᠢᠵᠢᠭᠦᠯᠦᠨ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠵᠦ᠂ ᠲᠣᠭᠲᠠᠭᠰᠠᠨ ᠬᠤᠭᠤᠴᠠᠭᠠᠨ ᠳᠤ ︽ᠶᠡᠷᠦᠩᠬᠡᠶ | ᠲᠥᠯᠥᠪᠵᠢᠭᠦᠯᠭᠡ︾ ᠳᠤ ᠳᠤᠷᠠᠳᠤᠭᠰᠠᠨ ᠡᠯ᠎ᠡ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠳᠤ | ᠬᠦᠷᠦᠭᠦᠯᠬᠦ ᠬᠡᠷᠡᠭᠲᠡᠢ᠃ ᠬᠤᠳᠠ ᠶᠢᠨ ᠬᠥᠬᠡ ᠱᠤᠭᠤᠮ ᠤᠨ ᠬᠠᠮᠠᠭᠠᠯᠠᠬᠤ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ | ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠤᠰᠤ ᠠᠷᠪᠢᠯᠠᠬᠤ ᠮᠠᠶᠢᠭ ᠤᠨ ᠬᠤᠲᠠ ᠶᠢ ᠪᠦᠲᠦᠭᠡᠨ | ᠪᠠᠶᠢᠭᠤᠯᠬᠤ ᠬᠡᠷᠡᠭᠲᠡᠢ᠃ ᠳᠣᠣᠷ᠎ᠠ ᠨᠥᠯᠥᠭᠡ ᠪᠠᠷ ᠨᠡᠭᠡᠭᠡᠯᠳᠡ ᠬᠢᠬᠦ ᠵᠠᠭᠪᠤᠷ ᠢ ᠢᠳᠡᠪᠬᠢᠲᠡᠶ ᠶᠠᠪᠤᠭᠤᠯᠵᠤ᠂ ᠰᠡᠶᠢᠮᠡᠬᠡᠶ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠬᠠᠷ᠎ᠠ ᠤᠰᠤ᠂ ᠬᠤᠵᠢᠷ ᠭᠤᠤ | ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ ᠬᠢᠭᠡᠳ ᠨᠤᠭᠤ ᠭᠠᠵᠠᠷ᠂ | ᠤᠰᠤᠨ ᠰᠤᠷᠪᠤᠯᠵᠢ ᠶᠢᠨ ᠭᠠᠵᠠᠷ ᠵᠡᠷᠭᠡ ᠣᠨᠴᠠᠭᠠᠶ ᠠᠮᠢ ᠠᠬᠤᠶ ᠶᠢᠨ ᠴᠢᠳᠠᠮᠵᠢ ᠶᠢᠨ ᠣᠷᠣᠨ ᠤ ᠬᠠᠮᠠᠭᠠᠯᠠᠯᠲᠠ ᠶᠢ | ᠴᠢᠩᠭᠠᠳᠬᠠᠵᠤ᠂ ᠬᠠᠮᠠᠭᠠᠯᠠᠬᠤ ᠠᠷᠭ᠎ᠠ ᠬᠡᠮᠵᠢᠶ᠎ᠡ ᠲᠣᠭᠲᠠᠭᠠᠬᠤ ᠪᠥᠭᠡᠳ ᠴᠢᠩᠭ᠎ᠠ ᠬᠡᠷᠡᠭᠵᠢᠭᠦᠯᠬᠦ ᠬᠡᠷᠡᠭᠲᠡᠶ᠃ | ᠬᠥᠮᠥᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃ | ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠪᠡᠶ᠎ᠡ ᠶᠢᠨ ᠠᠰᠢᠭ ᠲᠤᠰᠠ ᠳᠤ | ᠬᠤᠯᠪᠣᠭᠳᠠᠭᠰᠠᠨ ᠰᠤᠷᠭᠠᠨ ᠬᠥᠮᠦᠵᠢᠯ᠂ ᠡᠮ ᠡᠮᠨᠡᠯᠭᠡ᠂ ᠬᠤᠳᠠ ᠶᠢᠨ ᠵᠠᠬᠢᠷᠭ᠎ᠠ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠦᠨ ᠪᠠᠶᠢᠷᠢᠰᠢᠭᠤᠯᠬᠤ ᠪᠠ ᠪᠦᠳᠦᠭᠡᠨ ᠪᠠᠶᠢᠭᠤᠯᠬᠤ ᠶᠢ | ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠣᠢᠢᠷ᠎ᠠ ᠶᠢᠨ ᠬᠤᠭᠤᠴᠠᠭᠠᠨ ᠤ ᠪᠥᠳᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠡᠷᠡᠭᠯᠡᠬᠦ ᠭᠠᠵᠠᠷ ᠤᠨ ᠬᠤᠭᠤᠴᠠᠭ᠎ᠠ ᠬᠤᠪᠢᠶᠠᠨ ᠬᠠᠩᠭᠠᠬᠤ ᠬᠡᠪᠴᠢᠶ᠎ᠡ᠂ ᠣᠷᠣᠨ ᠪᠠᠶᠢᠷᠢ ᠶᠢᠨ ᠪᠠᠶᠢᠷᠢᠯᠠᠭᠤᠯᠤᠯᠲᠠ ᠪᠠ | ᠬᠤᠯᠪᠣᠭᠳᠠᠯ ᠪᠦᠬᠦᠢ ᠪᠡᠯᠡ ᠮᠥᠩᠭᠦ ᠶᠢᠨ ᠣᠷᠣᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠳᠦᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠬᠤᠲᠠᠨ ᠳᠠᠬᠢ ᠲᠣᠰᠬᠤᠨ᠂ ᠬᠤᠳᠠ ᠬᠥᠳᠡᠭᠡ ᠶᠢᠨ ᠨᠤᠷᠠᠬᠤ | ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠢᠴᠢ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠬᠤᠳᠠ ᠶᠢᠨ ᠪᠣᠳᠠᠲᠠᠶ ᠬᠡᠷᠡᠭᠴᠡᠭᠡ ᠪᠠ ᠪᠣᠯᠤᠯᠴᠠᠭ᠎ᠠ ᠶᠢ ᠦᠨᠳᠦᠰᠦᠯᠡᠨ | ᠂ ᠬᠤᠳᠠ ᠶᠢᠨ ᠣᠷᠭᠠᠨᠢᠭ ᠢᠶᠠᠷ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠲᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ᠃ | ᠲᠡᠦᠬᠡ ᠰᠣᠶᠣᠯ ᠪᠠ ᠣᠨᠴᠠᠯᠢᠭ ᠪᠦᠬᠦᠢ ᠳᠦᠷᠰᠦ ᠪᠠᠶᠢᠳᠠᠯ ᠢ ᠴᠢᠬᠤᠯᠠᠴᠢᠯᠠᠨ ᠬᠠᠮᠠᠭᠠᠯᠠᠬᠤ ᠬᠡᠷᠡᠭᠲᠡᠢ᠃ | ᠬᠥᠭᠵᠢᠯᠲᠡ ᠪᠣᠯᠤᠨ ᠬᠠᠮᠠᠭᠠᠯᠠᠯᠲᠠ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠦᠬᠦᠯᠢ | ᠴᠣᠭᠴᠠ ᠪᠠᠷ ᠬᠠᠮᠠᠭᠠᠯᠠᠬᠤ ᠵᠠᠷᠴᠢᠮ ᠶᠣᠰᠣᠭᠠᠷ᠂ ᠬᠤᠲᠠ ᠶᠢᠨ ᠤᠯᠠᠮᠵᠢᠯᠠᠯᠲᠤ ᠳᠦᠷᠰᠦ ᠪᠠᠶᠢᠳᠠᠯ ᠪᠠ ᠪᠠᠶᠢᠷᠢᠰᠢᠯ ᠢ | ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠲᠡᠦᠬᠡ ᠰᠣᠶᠣᠯ ᠤᠨ ᠠᠯᠳᠠᠷᠲᠤ ᠬᠤᠲᠠ ᠶᠢ ᠬᠠᠮᠠᠭᠠᠯᠠᠬᠤ ᠲᠤᠰᠬᠠᠶ | ᠵᠦᠢᠯ ᠤᠨ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠲᠡᠦᠬᠡ ᠰᠣᠶᠣᠯ ᠤᠨ ᠥᠪ ᠬᠥᠷᠥᠩᠭᠡ ᠶᠢ ᠬᠠᠮᠠᠭᠠᠯᠠᠬᠤ | ᠪᠠ ᠪᠣᠷᠣ ᠱᠤᠭᠤᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠤ ᠭᠠᠵᠠᠷ ᠤᠨ ᠬᠠᠭᠤᠴᠢᠨ | ᠵᠡᠭᠡᠯᠢ ᠠᠴᠠ ᠶᠡᠭᠡ ᠵᠣᠣ ᠬᠦᠷᠬᠦ᠂ ᠰᠢᠷᠡᠭᠡᠲᠦ ᠵᠤᠤ ᠠᠴᠠ ᠳ᠋ᠠ ᠱᠧᠩ ᠺᠦᠢ ᠬᠦᠷᠬᠦ ᠵᠡᠷᠭᠡ ᠲᠡᠦᠬᠡ ᠰᠣᠶᠣᠯ ᠤᠨ | ᠵᠡᠭᠡᠯᠢ ᠲᠣᠭᠤᠷᠢᠭ ᠪᠣᠯᠣᠨ ᠬᠤᠷᠢᠨᠭᠡᠷ ᠤᠨ ᠲᠦ᠋ ᠴᠧᠩ ᠽᠢ᠂ ᠶᠦᠨ ᠵᠦᠩ ᠵᠢᠶᠦ᠋ᠨ ᠬᠠᠭᠤᠴᠢᠨ ᠬᠤᠳᠠ ᠵᠡᠷᠭᠡ | ᠴᠢᠬᠤᠯᠠ ᠰᠣᠶᠣᠯ ᠤᠨ ᠦᠯᠡᠳᠡᠭᠳᠡᠯ ᠵᠢᠴᠢ ᠬᠤᠰᠣᠢ ᠶᠢᠨ ᠺᠧ ᠵᠢᠩ ᠭᠦᠩᠵᠦ ᠶᠢᠨ ᠣᠷᠳᠣᠨ᠂ ᠸᠠᠩ ᠵᠣᠣ | ᠵᠢᠶᠦ᠋ᠨ ᠤ ᠤᠩᠭᠤᠨ ᠵᠡᠷᠭᠡ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠵᠢᠴᠢ | ᠲᠡᠭᠦᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠭᠤᠣᠯᠳᠠᠯᠭ᠎ᠠ ᠲᠠᠢ ᠪᠠᠷ ᠬᠠᠮᠠᠭᠠᠯᠠᠬᠤ ᠬᠡᠷᠡᠭᠲᠡᠢ᠃ | ᠨᠣᠭᠤᠭᠠᠷᠠᠭᠤᠯᠤᠯᠲᠠ ᠶᠢᠨ ᠠᠵᠢᠯ ᠢ ᠴᠢᠩᠭᠠᠳᠬᠠᠵᠤ᠂ ᠬᠤᠲᠠ ᠶᠢᠨ ᠨᠣᠭᠤᠭᠠᠨ ᠭᠠᠵᠠᠷ ᠤᠨ ᠰᠢᠰᠲ᠋ᠧᠮ ᠤᠨ | ᠨᠣᠭᠤᠭᠠᠨ ᠱᠤᠭᠤᠮ ᠤᠨ ᠬᠠᠮᠠᠭᠠᠯᠠᠬᠤ ᠬᠡᠪᠴᠢᠶ᠎ᠡ ᠶᠢ ᠵᠠᠭᠠᠭᠯᠠᠨ ᠲᠣᠭᠲᠠᠭᠠᠬᠤ ᠬᠡᠷᠡᠭᠲᠡᠢ᠃ ᠪᠠᠶᠢᠭᠠᠯᠢ ᠶᠢᠨ ᠠᠭᠤᠯᠠ | ᠪᠠ ᠤᠰᠦᠠ ᠴᠣᠭᠴᠠ ᠶᠢ ᠰᠠᠶᠢᠲᠤᠷ ᠬᠠᠮᠠᠭᠠᠯᠠᠵᠤ᠂ ᠪᠠᠷᠢᠯᠭ᠎ᠠ ᠶᠢᠨ ᠥᠨᠳᠥᠷ ᠤᠨ ᠬᠡᠮᠵᠢᠶ᠎ᠡ᠂ ᠡᠵᠡᠯᠡᠬᠦᠨ ᠪᠠ ᠬᠡᠯᠪᠡᠷᠢ | ᠮᠠᠶ᠋ᠢᠭ ᠤᠨ ᠡᠵᠡᠮᠳᠡᠨ ᠬᠢᠵᠠᠭᠠᠷᠯᠠᠬᠤ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠠᠭᠤᠯᠠ᠂ ᠭᠤᠣᠯ᠂ | ᠬᠤᠲᠠ᠂ ᠣᠢ ᠶᠢᠨ ᠣᠷᠭᠠᠨᠢᠭ ᠢᠶᠠᠷ ᠢᠳᠡᠭᠡᠰᠢᠨ ᠠᠪᠤᠴᠠᠯᠳᠤᠭᠰᠠᠨ ᠬᠤᠳᠠ ᠶᠢᠨ ᠪᠠᠶᠢᠭᠠᠯᠢ ᠶᠢᠨ ᠦᠵᠡᠮᠵᠢ ᠪᠠ | ᠣᠯᠠᠨ ᠦᠨᠳᠦᠰᠦᠲᠡᠨ ᠴᠤᠭᠯᠠᠷᠠᠨ ᠰᠠᠭᠤᠷᠢᠰᠢᠭᠰᠠᠨ ᠬᠥᠮᠦᠨ ᠨᠡᠶᠢᠭᠡᠮ ᠤᠨ ᠣᠨᠴᠠᠯᠢᠭ ᠢ ᠳᠣᠪᠣᠶᠢᠯᠭᠠᠬᠤ | ᠬᠡᠷᠡᠭᠲᠡᠢ᠃ | ︽ᠶᠡᠷᠦᠩᠬᠡᠶ ᠲᠥᠯᠥᠪᠵᠢᠭᠦᠯᠭᠡ︾ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠤᠳᠠ ᠶᠢᠨ ᠪᠦᠳᠦᠭᠡᠨ | ᠪᠠᠶᠢᠭᠤᠯᠤᠯᠲᠠ ᠨᠢ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠵᠦ᠂ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠢ ᠬᠠᠮᠲᠤ ᠪᠠᠷ ᠳᠠᠪᠰᠢᠭᠤᠯᠬᠤ ᠬᠡᠷᠡᠭᠲᠡᠢ᠃ ᠬᠤᠳᠠ ᠶᠢᠨ ᠬᠠᠮᠢᠶᠠᠷᠤᠯᠲᠠ ᠨᠢ | ᠠᠷᠠᠳᠴᠢᠯᠠᠯ ᠪᠠ ᠬᠠᠤᠯᠢ ᠲᠦᠷᠢᠮ ᠢ ᠲᠡᠭᠦᠯᠳᠡᠷᠵᠢᠭᠦᠯᠵᠦ᠂ ᠬᠠᠤᠯᠢ ᠪᠠᠷ ᠬᠤᠲᠠ ᠪᠠᠨ ᠵᠠᠰᠠᠬᠤ ᠶᠢ ᠪᠠᠷᠢᠮᠲᠠᠯᠠᠬᠤ᠂ | ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠬᠡᠷᠡᠭᠲᠡᠢ᠃ ︽ᠶᠡᠷᠦᠩᠬᠡᠶ ᠲᠥᠯᠥᠪᠵᠢᠭᠦᠯᠭᠡ︾ ᠪᠣᠯ | ᠬᠥᠬᠡᠬᠤᠲᠠ ᠶᠢᠨ ᠬᠥᠭᠵᠢᠯᠲᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠨᠳᠦᠰᠦᠨ ᠡᠰᠢ ᠪᠠᠷᠢᠮᠲᠠ | ᠪᠣᠯᠬᠤᠷ᠂ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠲᠣᠲᠣᠷᠠᠬᠢ ᠠᠯᠢᠪᠠ ᠪᠦᠳᠦᠭᠡᠨ ᠪᠠᠶᠢᠭᠤᠯᠤᠯᠲᠠ ᠶᠢᠨ | ᠠᠵᠢᠯᠯᠠᠭ᠎ᠠ ᠨᠢ ᠴᠥᠮ ︽ᠶᠡᠷᠦᠩᠬᠡᠶ ᠲᠥᠯᠥᠪᠵᠢᠭᠦᠯᠭᠡ︾ ᠳᠤ ᠨᠡᠶᠢᠴᠡᠭᠰᠡᠨ ᠪᠠᠶᠢᠬᠤ ᠬᠡᠷᠡᠭᠲᠡᠶ᠃ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠶᠠᠯᠳᠤᠭᠤᠯᠵᠤ᠂ ︽ | ᠶᠡᠷᠦᠩᠬᠡᠶ ᠲᠥᠯᠥᠪᠵᠢᠭᠦᠯᠭᠡ︾ ᠶᠢ ᠬᠡᠷᠡᠭᠵᠢᠭᠦᠯᠬᠦ ᠭᠤᠣᠯᠳᠠᠯᠭ᠎ᠠ ᠪᠠ ᠪᠦᠳᠦᠭᠡᠨ ᠪᠠᠶᠢᠭᠤᠯᠤᠯᠲᠠ ᠶᠢᠨ ᠴᠠᠭ | ᠬᠤᠭᠤᠴᠠᠭᠠᠨ ᠤ ᠲᠡᠰ ᠳᠠᠷᠠᠭᠠᠯᠠᠯ ᠢ ᠲᠣᠳᠣᠷᠬᠠᠶᠢᠯᠠᠬᠤ ᠬᠡᠷᠡᠭᠲᠡᠢ᠃ ᠬᠤᠲᠠ ᠶᠢᠨ ᠲᠥᠯᠥᠪᠵᠢᠭᠦᠯᠭᠡ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠶᠣᠰᠣᠭᠠᠷ ᠬᠤᠳᠠ ᠶᠢᠨ | ᠲᠥᠯᠥᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠠᠬᠢ ︵ᠡᠯ᠎ᠡ ᠲᠥᠷᠥᠯ ᠤᠨ ᠨᠡᠭᠡᠭᠡᠯᠳᠡ ᠶᠢᠨ ᠲᠣᠭᠤᠷᠢᠭ | ᠪᠠᠭᠲᠠᠨ᠎ᠠ︶ ᠠᠯᠢᠪᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠦᠳᠦᠭᠡᠠ ᠪᠠᠶᠢᠭᠤᠯᠤᠯᠲᠠ ᠶᠢᠨ | ᠠᠵᠢᠯᠯᠠᠭ᠎ᠠ ᠳᠤ ᠨᠢᠭᠡᠳᠦᠯᠲᠡᠶ᠂ ᠴᠢᠩᠭ᠎ᠠ ᠲᠥᠯᠥᠪᠵᠢᠭᠦᠯᠬᠦ ᠬᠠᠮᠢᠶᠠᠷᠤᠯᠲᠠa ᠶᠠᠪᠤᠭᠤᠯᠵᠤ᠂ ᠬᠤᠲᠠ ᠶᠢᠨ ᠱᠠᠲᠤᠨ ᠤ | ᠬᠤᠲᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠡᠷᠬᠡ ᠶᠢ ᠳᠣᠷᠣᠭᠰᠢ ᠪᠠᠭᠤᠯᠭᠠᠵᠤ ᠪᠣᠯᠬᠤ ᠥᠭᠡᠢ᠂ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ ᠣᠯᠠᠨ ᠲᠦᠮᠡᠨ ᠪᠠ ᠨᠡᠶᠢᠭᠡᠮ ᠤᠨ | ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠲᠠ ᠶᠢᠨ ᠲᠥᠯᠥᠪᠵᠢᠭᠦᠯᠭᠡ ᠶᠢ ᠨᠡᠢᠭᠡᠮ ᠳᠠᠶᠠᠭᠠᠷ ᠢᠶᠠᠨ ᠵᠢᠷᠤᠮᠯᠠᠬᠤ | ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠬᠥᠬᠡᠬᠤᠲᠠ ᠳᠤ ᠰᠠᠭᠤᠭ᠎ᠠ ᠡᠯ᠎ᠡ ᠨᠢᠭᠡᠴᠡ ᠴᠥᠮ ᠬᠤᠯᠪᠣᠭᠳᠠᠯ | ᠪᠦᠬᠦᠢ ᠬᠠᠤᠯᠢ ᠲᠣᠭᠲᠠᠭᠠᠯ ᠵᠢᠴᠢ ︽ᠶᠡᠷᠦᠩᠬᠡᠶ ᠲᠥᠯᠥᠪᠵᠢᠭᠦᠯᠭᠡ︾ ᠶᠢ ᠵᠢᠷᠤᠮᠯᠠᠵᠤ᠂ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠵᠢᠯ ᠢ ᠳᠡᠮᠵᠢᠨ᠂ ᠬᠠᠮᠲᠤ ᠪᠠᠷ ᠴᠢᠷᠮᠠᠶᠢᠵᠤ᠂ ᠬᠥᠬᠡᠬᠤᠲᠠ ᠪᠠᠨ ᠰᠠᠶᠢᠲᠤᠷ | ᠲᠥᠯᠥᠪᠵᠢᠭᠦᠯᠵᠦ᠂ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠬᠤ ᠬᠡᠷᠡᠭᠲᠡᠶ ᠭᠡᠪᠡ᠃ |