ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠷᠠᠭᠠᠨ ᠳᠠᠪᠲᠠᠮᠵᠢᠲᠤ ᠬᠤᠷᠠᠯ ᠵᠢᠴᠢ ᠪᠦᠬᠦ | ᠣᠷᠣᠨ ᠤ ᠠᠶᠢᠮᠠᠭ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠳᠠᠷᠤᠭ᠎ᠠ ᠨᠠᠷ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ 11 ᠳ᠋ᠦ᠋ᠭᠡᠷ ᠰᠠᠷ᠎ᠠ ᠶᠢᠨ 12 ~ 26 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠰᠢᠮᠳᠠᠭᠤᠯᠤᠨ ᠪᠠᠶᠢᠴᠠᠭᠠᠬᠤ 6 ᠳᠤᠭᠤᠶᠢᠯᠠᠩ ᠲᠤᠰ ᠲᠤᠰ ᠪᠦᠬᠦ ᠣᠷᠣᠨ ᠤ 12 ᠠᠶᠢᠮᠠᠭ ᠬᠤᠳᠠ ᠶᠢᠨ 35 ᠠᠵᠤ | ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠳᠤ ᠶᠡᠷᠦᠩᠬᠡᠶᠢᠯᠡᠭᠰᠡᠨ | ᠰᠢᠮᠳᠠᠭᠤᠯᠤᠨ ᠪᠠᠶᠢᠴᠠᠭᠠᠯᠲᠠ ᠪᠠ ᠪᠠᠶᠢᠴᠠᠭᠠᠨ ᠰᠤᠳᠤᠯᠤᠯᠲᠠ ᠬᠢᠵᠦ ᠡᠬᠢᠯᠡᠭᠰᠡᠨ ᠪᠠᠶᠢᠨ᠎ᠠ᠃ ᠲᠤᠰ ᠤᠳᠠᠭᠠᠨ ᠤ | ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠠᠶᠤᠯ ᠦᠭᠡᠢ ᠦᠢᠯᠡᠳᠪᠦᠷᠢᠯᠡᠯ ᠤᠨ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠯᠡᠯᠲᠡ᠂ ᠪᠠᠶᠢᠴᠠᠭᠠᠨ ᠭᠡᠮᠵᠢᠬᠦ ᠰᠢᠯᠭᠠᠨ ᠪᠠᠶᠢᠴᠠᠭᠠᠬᠤ ᠵᠡᠷᠭᠡ | ᠮᠡᠳᠡᠭᠦᠯᠦᠯᠲᠡ ᠶᠢᠨ ᠪᠠᠶᠢᠳᠠᠯ᠂ 2014 ᠣᠨ ᠠᠴᠠ ᠨᠠᠰᠢᠬᠢ ᠥᠪᠡᠷᠲᠡᠭᠡᠨ ᠵᠠᠰᠠᠬᠤ ᠣᠷᠣᠨ ᠤ ᠫᠠᠶᠢᠰᠠ ᠡᠯᠭᠦᠵᠦ | ᠰᠢᠮᠳᠠᠭᠤᠯᠤᠨ ᠭᠦᠢᠴᠡᠳᠬᠡᠬᠦ ᠬᠡᠷᠡᠭ ᠢ ᠭᠦᠢᠴᠡᠳᠬᠡᠭᠰᠡᠨ ᠪᠠᠶᠢᠳᠠᠯ᠂ ᠠᠶᠤᠯ ᠥᠭᠡᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠦᠷᠨᠢᠭᠦᠯᠦᠭᠰᠡᠨ ᠪᠠᠶᠢᠳᠠᠯ᠂ ᠠᠶᠢᠮᠠᠭ ᠬᠤᠳᠠ ᠶᠢᠨ ᠠᠶᠤᠯ ᠥᠭᠡᠢ ᠦᠢᠯᠡᠳᠪᠦᠷᠢᠯᠡᠯ ᠤᠨ ᠣᠨ ᠤ | ᠰᠢᠯᠭᠠᠨ ᠬᠢᠨᠠᠬᠤ ᠲᠥᠰᠦᠯ ᠤᠨ ᠳᠤᠮᠳᠠ ᠣᠳᠣᠬᠠᠨ ᠳᠤ ᠬᠠᠷᠠᠬᠠᠨ ᠦᠷᠨᠢᠭᠦᠯᠦᠭᠡ ᠦᠭᠡᠢ ᠪᠠᠶᠢᠳᠠᠯ ᠪᠠᠭᠲᠠᠵᠤ᠂ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠰᠠ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠭᠤᠣᠯᠳᠠᠯᠭ᠎ᠠ | ᠪᠣᠯᠭᠠᠪᠠ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷ | ᠬᠡᠷᠡᠭᠵᠢᠭᠦᠯᠬᠦ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠲᠣᠭᠲᠠᠭᠠᠵᠤ | ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠯ᠎ᠡ ᠠᠶᠢᠮᠠᠭ ᠬᠤᠳᠠ ᠶᠢᠨ ᠨᠢᠭᠡᠴᠡ ᠳᠤ ᠮᠡᠳᠡᠭᠳᠡᠯ ᠪᠠᠭᠤᠯᠭᠠᠵᠤ᠂ ︽ᠲᠣᠭᠲᠠᠭᠠᠯ︾ | ᠢ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠵᠢᠷᠤᠮᠵᠢᠭᠤᠯᠬᠤ ᠶᠢ ᠱᠠᠭᠠᠷᠳᠠᠪᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ | ᠬᠢᠨ ︽ᠲᠣᠭᠲᠠᠭᠠᠯ︾ ᠤᠨ ᠱᠠᠭᠠᠷᠳᠠᠯᠭ᠎ᠠ ᠪᠠᠷ᠂ ᠲᠣᠬᠠᠢ ᠶᠢᠨ ᠭᠠᠵᠠᠷ ᠲᠤᠨᠢ ᠰᠤᠭᠤᠴᠢᠨ ᠪᠠᠶᠢᠴᠠᠭᠠᠬᠤ᠂ ᠳᠠᠩᠰᠠ | ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯ | ᠦᠭᠡᠢ ᠶᠢᠨ ᠲᠥᠷᠢᠮ ᠲᠣᠭᠲᠠᠭᠠᠯ ᠪᠣᠯᠣᠨ ᠠᠶᠤᠯ ᠦᠭᠡᠢ ᠶᠢᠨ ᠬᠠᠮᠢᠶᠠᠷᠤᠯᠲᠠ᠂ ᠠᠮᠤᠷ ᠲᠦᠪᠰᠢᠨ ᠤ | ᠣᠷᠣᠭᠤᠯᠤᠯᠲᠠ ᠪᠣᠯᠣᠨ ᠠᠶᠤᠯ ᠦᠬᠡᠢ ᠦᠢᠯᠡᠳᠪᠦᠷᠢᠯᠡᠯ ᠤᠨ ᠨᠥᠬᠦᠴᠡᠯ᠂ ᠠᠮᠤᠷ ᠲᠦᠪᠰᠢᠨ ᠤ ᠪᠣᠯᠪᠠᠰᠤᠷᠠᠭᠤᠯᠤᠯ | ᠪᠣᠯᠣᠨ ᠬᠠᠮᠢᠶ᠎ᠠ ᠪᠦᠬᠦᠢ ᠬᠥᠮᠦᠰ ᠤᠨ ᠬᠢᠷᠢ ᠬᠡᠮ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠰᠢᠮᠳᠠᠭᠤᠯᠤᠨ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠬᠠᠤᠯᠢ ᠲᠣᠭᠲᠠᠭᠠᠯ ᠶᠣᠰᠣᠭᠠᠷ ᠪᠠᠷᠢᠮᠵᠢᠶᠠᠲᠤ ᠬᠠᠤᠯᠢ | ᠬᠡᠷᠡᠭᠵᠢᠭᠦᠯᠬᠦ ᠪᠢᠴᠢᠭ ᠪᠠᠭᠤᠯᠭᠠᠵᠤ᠂ ᠪᠢᠲᠡᠭᠦᠦ ᠴᠠᠭᠠᠷᠢᠭ ᠢᠶᠠᠷ ᠬᠠᠣᠯᠢ ᠬᠡᠷᠡᠭᠵᠢᠭᠦᠯᠬᠦ ᠶᠢ ᠪᠦᠷᠢᠯᠳᠦᠭᠦᠯᠬᠦ ᠬᠡᠷᠡᠭᠲᠡᠢ᠃ | ᠡᠭᠦᠨ ᠤ ᠬᠠᠮᠲᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠨ ᠶᠠᠷᠢᠯᠴᠠᠬᠤ ᠬᠤᠷᠠᠯ ᠢ | ᠬᠤᠷᠠᠯᠳᠤᠭᠤᠯᠵᠤ᠂ ︽ᠲᠣᠭᠲᠠᠭᠠᠯ︾ ᠢ ᠤᠬᠠᠭᠤᠯᠬᠤ ᠶᠢᠨ ᠬᠠᠮᠲᠤ ᠨᠢᠭᠡᠨ ᠨᠡᠶᠢᠲᠡᠯᠢᠭ ᠵᠢᠱᠢᠶ᠎ᠡ ᠠᠵᠤ ᠠᠬᠤᠶᠢᠯᠠᠯ ᠢ | ᠰᠤᠩᠭᠤᠵᠤ ᠵᠢᠱᠢᠶ᠎ᠡ ᠪᠣᠯᠭᠠᠨ᠂ ᠪᠤᠰᠤᠳ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠶᠢ ᠮᠡᠳᠡᠭᠦᠯᠦᠨ᠎ᠡ᠃ ᠡᠭᠦᠨ ᠠᠴᠠ ᠭᠠᠳᠠᠨ᠎ᠠ᠂ | ᠡᠨᠡ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠳᠤ᠂ ᠪᠠᠰᠠ ᠠᠶᠤᠯ ᠥᠭᠡᠢ ᠦᠢᠯᠡᠳᠪᠦᠷᠢᠯᠡᠯ ᠤᠨ ︽ᠨᠠᠮ ᠵᠠᠰᠠᠭ | ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠨᠢ ᠬᠤᠶᠠᠷ ᠬᠠᠷᠢᠭᠤᠴᠠᠯᠭ᠎ᠠ ᠲᠠᠢ ᠪᠠᠶᠢᠬᠤ᠂ | ᠲᠤᠰᠢᠶᠠᠯ ᠳᠠᠭᠠᠨ ᠣᠰᠣᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ︾ ᠬᠠᠷᠢᠭᠤᠴᠠᠯᠭ᠎ᠠ ᠶᠢᠨ ᠰᠢᠰᠲ᠋ᠧᠮᠵᠢ ᠪᠣᠯᠣᠨ ︽ | ᠭᠤᠷᠪᠠᠨ ᠡᠷᠬᠡᠪᠰᠢ︾ ᠱᠠᠭᠠᠷᠳᠠᠯᠭ᠎ᠠ ᠶᠢ ᠬᠡᠷᠬᠢᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ᠂ | ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠡᠷᠬᠢᠨ | ᠠᠬᠢᠭᠤᠯᠤᠨ ᠨᠠᠶᠢᠳᠠᠪᠤᠷᠢᠵᠢᠭᠤᠯᠬᠤ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ᠂ ᠠᠶᠤᠯ ᠥᠭᠡᠢ ᠦᠢᠯᠡᠳᠪᠦᠷᠢᠯᠡᠯ ᠢ | ᠪᠠᠷᠢᠮᠵᠢᠶᠠᠵᠢᠭᠤᠯᠬᠤ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ᠂ ᠠᠶᠤᠯ ᠥᠭᠡᠢ | ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠡᠷᠬᠢᠨ ᠵᠢᠷᠤᠮᠵᠢᠭᠤᠯᠬᠤ᠂ ᠠᠶᠤᠯ ᠥᠭᠡᠢ | ᠦᠢᠯᠡᠳᠪᠦᠷᠢᠯᠡᠯ ᠬᠢᠭᠡᠳ ᠲᠤᠬᠠᠶᠢᠯᠠᠭᠰᠠᠨ ᠠᠵᠢᠯ ᠤᠨ ᠡᠷᠡᠭᠦᠯ ᠬᠠᠮᠠᠭᠠᠯᠠᠯ ᠤᠨ ᠨᠢᠭᠡ ᠴᠤᠭᠴᠠᠵᠢᠭᠤᠯᠤᠨ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ | ᠦᠢᠯᠡᠳᠦᠯ ᠢ ᠬᠡᠷᠬᠢᠨ ᠭᠦᠢᠴᠡᠳ ᠪᠠᠳᠠᠷᠠᠭᠤᠯᠬᠤ ᠳᠤ ᠴᠢᠭᠯᠡᠭᠦᠯᠦᠨ ᠪᠣᠳᠠᠲᠠᠶ ᠪᠠᠶᠢᠴᠠᠭᠠᠨ ᠰᠤᠳᠤᠯᠤᠯᠲᠠ ᠬᠢᠬᠦ | ᠪᠣᠯᠣᠨ᠎ᠠ᠃ |