ᠦᠪᠦᠷ ᠮᠣᠩᠭᠤᠯ ᠦᠨ᠎ᠡ ᠬᠠᠩᠰᠢ ᠰᠦᠢᠳᠬᠡᠯ ᠬᠤᠷᠢᠶᠠᠬᠤ ᠶᠢ ᠵᠢᠵᠢᠭ ᠢᠶᠠᠷ ᠬᠢᠨᠠᠨ ᠵᠦᠪᠰᠢᠶᠡᠷᠡᠵᠦ ᠪᠠᠶᠢᠭᠰᠠᠨ ᠢᠶᠠᠨ ᠪᠥᠭᠡᠮ ᠢᠶᠠᠷ ᠬᠢᠨᠠᠨ ᠵᠦᠪᠰᠢᠶᠡᠷᠡᠬᠦ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2015/11/19
       ︽ᠵᠢᠵᠢᠭ ᠢᠶᠠᠷ ᠬᠢᠨᠠᠨ ᠵᠦᠪᠰᠢᠶᠡᠷᠡᠬᠦ ᠬᠡᠯᠪᠡᠷᠢ ᠶᠢ ᠪᠥᠭᠡᠮ ᠢᠶᠠᠷ ᠬᠢᠨᠠᠨ ᠵᠦᠪᠰᠢᠶᠡᠷᠡᠬᠦ ᠬᠡᠯᠪᠡᠷᠢ ᠵᠦᠭ ᠬᠤᠪᠢᠷᠠᠭᠤᠯᠬᠤ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠤᠯᠠᠮᠵᠢᠯᠠᠯᠲᠤ ᠨᠢᠭᠡᠨ ᠰᠦᠢᠳᠭᠡᠯ ᠬᠤᠷᠢᠶᠠᠬᠤ ᠲᠦᠷᠦᠯ ᠵᠦᠢᠯ ᠳᠤ ᠨᠢᠭᠡᠨ ᠬᠢᠨᠠᠨ ᠵᠦᠪᠰᠢᠶᠡᠷᠡᠯ ᠤᠨ ᠪᠢᠴᠢᠭ ᠮᠠᠲ᠋ᠧᠷᠢᠶᠠᠯ ᠪᠠᠭᠤᠯᠭᠠᠬᠤ ᠠᠷᠭ᠎ᠠ ᠶᠢ ᠬᠤᠪᠢᠷᠠᠭᠤᠯᠵᠤ᠂ ᠰᠠᠯᠠᠭ᠎ᠠ ᠮᠦᠴᠢᠷ ᠢᠶᠠᠷ᠂ ᠠᠵᠢᠯ ᠲᠦᠷᠦᠯ ᠢᠶᠠᠷ᠂ ᠠᠳᠠᠯᠢ ᠲᠦᠷᠦᠯ ᠤᠨ ᠲᠦᠷᠦᠯ ᠵᠦᠢᠯ ᠢᠶᠠᠷ ᠨᠢ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ ᠪᠣᠯᠭᠠᠨ ᠬᠤᠪᠢᠷᠠᠭᠤᠯᠪᠠ︾᠃ ᠤᠶᠢᠷ᠎ᠠ ᠶᠢᠨ ᠵᠢᠯ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠰᠦᠢᠳᠭᠡᠯ ᠬᠤᠷᠢᠶᠠᠬᠤ ᠬᠠᠮᠢᠶᠠᠷᠤᠯᠲᠠ ᠶᠢᠨ ᠵᠠᠭᠪᠤᠷ ᠤᠨ ᠦᠭᠡᠷᠡᠴᠢᠯᠡᠯᠲᠡ ᠶᠢ ᠴᠢᠷᠮᠠᠶᠢᠨ ᠰᠦᠪᠡᠭᠴᠢᠯᠡᠵᠦ᠂ ᠰᠦᠢᠳᠭᠡᠯ ᠬᠤᠷᠢᠶᠠᠬᠤ ᠶᠢ ᠬᠢᠨᠠᠨ ᠵᠦᠪᠰᠢᠶᠡᠷᠡᠬᠦ ᠠᠷᠭ᠎ᠠ ᠮᠠᠶ᠋ᠢᠭ ᠢ ᠢᠳᠡᠪᠬᠢᠲᠡᠢ ᠰᠠᠶᠢᠵᠢᠷᠠᠭᠤᠯᠵᠤ᠂ ᠰᠦᠢᠳᠭᠡᠯ ᠬᠤᠷᠢᠶᠠᠬᠤ ᠲᠦᠷᠦᠯ ᠵᠦᠢᠯ ᠤᠨ ᠥᠪᠡᠷ ᠤᠨ ᠦᠷᠳᠡᠭ ᠢ ᠬᠢᠨᠠᠨ ᠪᠠᠶᠢᠴᠠᠭᠠᠬᠤ ᠶᠢ ᠴᠢᠩᠭᠠᠷᠠᠭᠤᠯᠵᠤ᠂ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠶᠠᠪᠤᠴᠠ ᠶᠢ ᠢᠯᠡ ᠪᠣᠯᠭᠠᠬᠤ᠂ ᠰᠦᠢᠳᠭᠡᠯ ᠬᠤᠷᠢᠶᠠᠬᠤ ᠶᠢ ᠬᠢᠨᠠᠨ ᠵᠦᠪᠰᠢᠶᠡᠷᠡᠬᠦ ᠶᠢ ᠢᠯᠡ ᠪᠣᠯᠭᠠᠬᠤ᠂ ᠲᠥᠪ ᠭᠤᠣᠯᠴᠢ ᠪᠠᠶᠢᠯᠭᠠᠬᠤ ᠶᠢ ᠴᠢᠷᠮᠠᠶᠢᠨ ᠪᠡᠶᠡᠯᠡᠭᠦᠯᠪᠡ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠨᠢᠭᠡᠳᠬᠡᠵᠦ᠂ ᠵᠠᠮ ᠪᠦᠷᠢ ᠳᠤ ᠠᠰ ᠢᠶᠠᠷ ᠨᠢ ᠳᠠᠬᠢᠨ ᠴᠣᠬᠤᠯᠠᠪᠤᠷᠢᠯᠠᠬᠤ ᠪᠠᠨ ᠪᠣᠯᠢᠵᠤ᠂ ᠬᠠᠮᠢᠶᠠᠷᠤᠯᠲᠠ ᠪᠠᠨ ᠴᠢᠩᠭᠠᠳᠬᠠᠭᠰᠠᠨ ᠤ ᠬᠠᠮᠲᠤ ᠪᠢᠴᠢᠭ ᠮᠠᠲ᠋ᠧᠷᠢᠶᠠᠯ ᠪᠠᠭᠤᠯᠭᠠᠬᠤ ᠲᠤᠭ᠎ᠠ ᠶᠢ ᠴᠦᠬᠡᠳᠭᠡᠪᠡ︔ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠰᠤᠷᠭᠠᠭᠤᠯᠢ ᠡᠷᠬᠢᠯᠡᠬᠦ ᠰᠦᠢᠳᠭᠡᠯ ᠬᠤᠷᠢᠶᠠᠬᠤ ᠪᠠᠷᠢᠮᠵᠢᠶ᠎ᠠ ᠶᠢ ᠨᠢᠭᠡᠳᠦᠯᠲᠡᠢ ᠪᠠᠭᠤᠷᠠᠭᠤᠯᠵᠤ᠂ ᠰᠤᠷᠤᠭᠴᠢ ᠪᠦᠷᠢ ᠠᠴᠠ ᠵᠢᠯ ᠤᠨ ᠰᠤᠷᠤᠯᠭ᠎ᠠ ᠶᠢᠨ ᠬᠤᠭᠤᠴᠠᠭ᠎ᠠ ᠳᠤ 13000 ~16700 ᠲᠦᠭᠦᠷᠢᠭ ᠬᠤᠷᠢᠶᠠᠵᠤ ᠪᠠᠶᠢᠭᠰᠠᠨ ᠢ 10000 ᠲᠦᠭᠦᠷᠢᠭ ᠪᠣᠯᠭᠠᠨ ᠪᠠᠭᠤᠷᠠᠭᠤᠯᠤᠭᠠᠳ᠂ ᠵᠢᠯ ᠪᠦᠷᠢ ᠰᠤᠷᠤᠭᠴᠢ ᠶᠢᠨ ᠳᠠᠷᠤᠭᠠᠰᠤ ᠶᠢ ᠨᠡᠶᠢᠲᠡ 1000 ᠲᠦᠮᠡᠨ ᠲᠦᠭᠦᠷᠢᠭ ᠬᠦᠩᠭᠡᠷᠡᠭᠦᠯᠪᠡ︔ ᠪᠦᠬᠦ ᠤᠷᠤᠨ ᠤ ᠳᠡᠭᠡᠳᠦ ᠰᠤᠷᠭᠠᠭᠤᠯᠢ ᠶᠢᠨ ᠪᠠᠶᠢᠷᠢ ᠶᠢᠨ ᠰᠦᠢᠳᠭᠡᠯ ᠤᠨ ᠪᠠᠷᠢᠮᠵᠢᠶ᠎ᠠ ᠶᠢ ᠨᠢᠭᠡᠳᠭᠡᠵᠦ᠂ ᠨᠡᠶᠢᠭᠡᠮ ᠤᠨ ᠬᠦᠷᠦᠩᠭᠡ ᠪᠠᠷ ᠪᠠᠶᠢᠭᠤᠯᠤᠭᠰᠠᠨ ᠰᠤᠷᠤᠭᠴᠢ ᠶᠢᠨ ᠨᠡᠶᠢᠲᠡ ᠶᠢᠨ ᠪᠠᠶᠢᠷᠢ ᠳᠤ ᠳᠡᠭᠡᠳᠦ ᠰᠤᠷᠭᠠᠭᠤᠯᠢ ᠠᠴᠠ ᠨᠢᠭᠡᠳᠦᠯᠲᠡᠢ ᠬᠠᠮᠢᠶᠠᠷᠬᠤ ᠵᠠᠭᠪᠤᠷ ᠢ ᠠᠪᠤᠪᠠ᠃ ᠡᠨᠡᠬᠦ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠠᠶᠢᠵᠢᠷᠠᠭᠤᠯᠤᠯᠲᠠ ᠨᠢ ᠰᠦᠢᠳᠭᠡᠯ ᠬᠤᠷᠢᠶᠠᠬᠤ ᠶᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢᠨ ᠠᠵᠢᠯ ᠤᠨ ᠬᠡᠮᠵᠢᠶ᠎ᠡ ᠶᠢ ᠶᠡᠬᠡᠪᠡᠷ ᠪᠠᠭᠠᠰᠬᠠᠭᠰᠠᠨ ᠪᠦᠭᠡᠳ ᠮᠦᠨ ᠬᠠᠮᠢᠶᠠᠷᠤᠭᠳᠠᠭᠰᠠᠳ ᠲᠤ ᠲᠦᠢᠯ ᠤᠨ ᠶᠡᠭᠡ ᠳᠥᠭᠦᠮ ᠳᠥᠲᠡ ᠪᠣᠯᠵᠤ᠂ ᠮᠡᠳᠡᠭᠦᠯᠦᠨ ᠵᠦᠪᠰᠢᠶᠡᠷᠡᠭᠦᠯᠬᠦ ᠶᠠᠪᠤᠴᠠ ᠶᠢ ᠪᠠᠭᠠᠰᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠣᠯᠪᠠ᠃ ᠡᠭᠦᠨ ᠠᠴᠠ ᠭᠠᠳᠠᠨ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠠᠵᠤ ᠠᠬᠤᠶᠢᠯᠠᠯ ᠤᠨ ᠳᠠᠷᠤᠭᠠᠰᠤ ᠶᠢ ᠶᠡᠬᠡᠪᠡᠷ ᠬᠦᠩᠭᠡᠷᠡᠭᠦᠯᠵᠦ᠂ ᠠᠵᠤ ᠠᠬᠤᠶᠢᠯᠠᠯ ᠳᠤ ᠬᠤᠯᠪᠤᠭᠳᠠᠭᠰᠠᠨ 5 ᠲᠦᠷᠦᠯ ᠤᠨ ᠰᠦᠢᠳᠭᠡᠯ ᠬᠤᠷᠢᠶᠠᠬᠤ ᠶᠢ ᠬᠦᠴᠦᠨ ᠦᠭᠡᠢ ᠪᠣᠯᠭᠠᠭᠠᠳ᠂ ᠵᠢᠯ ᠳᠤ ᠠᠵᠤ ᠠᠬᠤᠶᠢᠯᠠᠯ ᠤᠨ ᠳᠠᠷᠤᠭᠠᠰᠤ ᠶᠢ ᠪᠠᠷᠤᠭ 10 ᠳ᠋ᠦᠩᠰᠢᠭᠤᠷ ᠲᠦᠭᠦᠷᠢᠭ ᠬᠦᠩᠭᠡᠷᠡᠭᠦᠯᠵᠦ ᠪᠠᠶᠢᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ 12 ᠲᠥᠷᠥᠯ ᠵᠦᠢᠯ ᠢ ᠬᠦᠴᠦᠨ ᠦᠭᠡᠢ ᠪᠣᠯᠭᠠᠭᠰᠠᠨ ᠪᠣᠶᠤ ᠲᠠᠲᠠᠪᠤᠷᠢᠯᠠᠬᠤ ᠪᠠᠨ ᠲᠦᠷ ᠵᠣᠭᠰᠤᠭᠠᠵᠤ᠂ ᠵᠢᠵᠢᠭ ᠪᠢᠴᠢᠯ ᠠᠵᠤ ᠠᠬᠤᠶᠢᠯᠠᠯ ᠢ ᠵᠠᠰᠠᠭ ᠵᠠᠬᠢᠷᠭᠠᠨ ᠤ ᠠᠵᠢᠯ ᠦᠢᠯᠡᠰ ᠴᠢᠨᠠᠷᠲᠠᠢ ᠰᠦᠢᠳᠬᠡᠯ ᠬᠤᠷᠢᠶᠠᠬᠤ 42 ᠵᠦᠢᠯ ᠠᠴᠠ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠳᠡᠳᠬᠦᠵᠦ᠂ ᠵᠢᠯ ᠳᠤ 5 ᠳ᠋ᠦᠩᠰᠢᠭᠤᠷ ᠲᠦᠭᠦᠷᠢᠭ ᠤᠨ ᠳᠠᠷᠤᠭᠠᠰᠤ ᠶᠢ ᠬᠦᠩᠭᠡᠷᠡᠭᠦᠯᠪᠡ᠃ ᠦᠪᠡᠷᠲᠡᠭᠡᠨ ᠵᠠᠰᠠᠬᠤ ᠤᠷᠤᠨ ᠤ ᠠᠶᠤᠩᠭ᠎ᠠ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠣᠷᠤᠭᠰᠢᠯᠠᠭᠤᠯᠵᠤ᠂ ᠤᠤᠯ ᠤᠨ ᠪᠠᠷᠢᠮᠵᠢᠶ᠎ᠠ ᠠᠴᠠ ᠨᠢ 20%᠎ ᠪᠠᠷ ᠳᠣᠷᠤᠭᠰᠢᠯᠠᠭᠤᠯᠵᠤ᠂ ᠣᠨᠴᠠ ᠲᠦᠷᠦᠯ ᠤᠨ ᠲᠦᠬᠦᠭᠡᠷᠦᠮᠵᠢ ᠪᠠ ᠳᠠᠷᠤᠯᠲᠠᠲᠤ ᠰᠠᠪᠠ ᠰᠢᠯᠭᠠᠨ ᠪᠠᠶᠢᠴᠠᠭᠠᠬᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠣᠷᠤᠭᠰᠢᠯᠠᠭᠤᠯᠵᠤ᠂ ᠤᠤᠯ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 30%᠎ ᠪᠠᠷ ᠳᠣᠷᠤᠭᠰᠢᠯᠠᠭᠤᠯᠵᠤ᠂ ᠵᠢᠯ ᠳᠤ ᠠᠵᠤ ᠠᠬᠤᠶᠢᠯᠠᠯ ᠳᠤ 0.3 ᠳ᠋ᠦᠩᠰᠢᠭᠤᠷ ᠲᠦᠭᠦᠷᠢᠭ ᠤᠨ ᠳᠠᠷᠤᠭᠠᠰᠤ ᠬᠦᠩᠭᠡᠷᠡᠭᠦᠯᠵᠦ ᠥᠭᠪᠡ᠃ ᠬᠡᠰᠡᠭ ᠪᠦᠯᠦᠭ ᠵᠠᠰᠠᠭ ᠵᠠᠬᠢᠷᠭᠠᠨ ᠤ ᠠᠵᠢᠯ ᠦᠢᠯᠡᠰ ᠴᠢᠨᠠᠷᠲᠠᠢ ᠰᠦᠢᠳᠭᠡᠯ ᠬᠤᠷᠢᠶᠠᠬᠤ 18 ᠲᠦᠷᠦᠯ ᠢ ᠬᠦᠴᠦᠨ ᠦᠭᠡᠢ ᠪᠣᠯᠭᠠᠵᠤ᠂ 6 ᠲᠦᠷᠦᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠣᠷᠤᠭᠰᠢᠯᠠᠭᠤᠯᠵᠤ᠂ ᠵᠢᠯ ᠳᠤ ᠨᠡᠶᠢᠭᠡᠮ ᠤᠨ ᠳᠠᠷᠤᠭᠠᠰᠤ ᠶᠢ 2 ᠳ᠋ᠦᠩᠰᠢᠭᠤᠷ ᠲᠦᠭᠦᠷᠢᠭ ᠬᠦᠩᠭᠡᠷᠡᠭᠦᠯᠪᠡ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠰᠦᠢᠳᠭᠡᠯ ᠬᠤᠷᠢᠶᠠᠬᠤ ᠲᠦᠷᠦᠯ ᠵᠦᠢᠯ ᠢ ᠬᠦᠴᠦᠨ ᠦᠭᠡᠢ ᠪᠣᠯᠭᠠᠬᠤ᠂ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠣᠷᠤᠭᠰᠢᠯᠠᠭᠤᠯᠬᠤ ᠵᠢᠴᠢ ᠴᠠᠬᠢᠯᠭᠠᠨ ᠤ ᠦᠨ᠎ᠡ ᠶᠢᠨ ᠲᠣᠬᠢᠷᠠᠭᠤᠯᠤᠯᠲᠠ  ᠬᠢᠬᠦ᠂ ᠴᠠᠬᠢᠯᠭᠠᠨ ᠳᠠᠮᠵᠢᠭᠤᠯᠬᠤ ᠪᠠ ᠬᠦᠷᠭᠡᠬᠦ ᠦᠨ᠎ᠡ ᠶᠢᠨ ᠦᠭᠡᠷᠴᠢᠯᠡᠬᠦ ᠠᠴᠠ ᠣᠯᠤᠭᠰᠠᠨ ᠴᠡᠪᠡᠷ ᠠᠰᠢᠭ ᠪᠠᠷ ᠳᠠᠮᠵᠢᠭᠤᠯᠤᠨ᠂ ᠪᠦᠬᠦ ᠤᠷᠤᠨ ᠤ ᠠᠵᠤ ᠠᠬᠤᠢ ᠶᠢᠨ ᠲᠣᠭᠳᠠᠭᠤᠨ ᠢᠶᠠᠷ ᠨᠡᠮᠡᠭᠳᠡᠬᠦ ᠳᠤ ᠢᠳᠡᠪᠬᠢᠲᠡᠢ ᠲᠦᠯᠬᠢᠨ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号