ᠥᠪᠥᠷ ᠮᠣᠩᠭᠤᠯ ᠤᠨ ᠵᠡᠭᠦᠨ ᠬᠤᠶᠢᠲᠤ ᠬᠡᠰᠡᠭ ᠲᠤ ᠡᠪᠦᠯ ᠤᠨ ᠠᠭᠤᠷ ᠠᠴᠠ ᠨᠠᠰᠢ ᠠᠩᠬ᠎ᠠ ᠤᠳᠠᠭ᠎ᠠ ᠬᠦᠢᠲᠡᠷᠡᠵᠦ ᠤᠷᠴᠢᠮ ᠤᠨ 3ᠡᠳᠦᠷ ᠬᠡᠰᠡᠭ ᠭᠠᠵᠠᠷ ᠤᠷᠤᠨ ᠢᠶᠠᠷ ᠶᠡᠭᠡ ᠴᠠᠰᠤ ᠲᠠᠢ
ᠨᠡᠶᠢᠲᠡᠯᠡᠭᠰᠡᠨ ᠴᠠᠭ᠄
2015/11/19
     ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠰᠢᠨᠵᠢᠯᠡᠨ ᠲᠦᠰᠦᠭᠡᠯᠡᠭᠰᠡᠨ ᠢᠶᠠᠷ᠂ ᠬᠦᠢᠲᠡᠨ ᠠᠭᠤᠷ ᠠᠮᠢᠰᠬᠤᠯ ᠪᠣᠯᠤᠨ ᠪᠤᠷᠤᠭ᠎ᠠ ᠴᠠᠰᠤᠨ ᠤ ᠬᠠᠮᠲᠤ ᠶᠢᠨ ᠨᠦᠯᠦᠭᠡᠨ ᠠᠴᠠ ᠪᠤᠯᠵᠤ᠂ 17᠎ ᠤ ᠡᠳᠦᠷ ᠥᠪᠥᠷ ᠮᠣᠩᠭᠤᠯ ᠤᠨ ᠵᠡᠭᠦᠨ ᠬᠤᠶᠢᠲᠤ ᠬᠡᠰᠡᠭ ᠤᠨ ᠣᠯᠠᠨ ᠭᠠᠵᠠᠷ ᠲᠤ ᠡᠪᠦᠯ ᠠᠴᠠ ᠨᠠᠰᠢ ᠠᠩᠬ᠎ᠠ ᠤᠳᠠᠭ᠎ᠠ ᠬᠦᠢᠲᠡᠷᠡᠪᠡ᠃ ᠡᠭᠦᠨ ᠳᠤ᠂ ᠮᠠᠨᠵᠤᠤᠷ ᠬᠤᠲᠠ ᠳᠤ -23.6 ℃᠂ ᠭᠡᠭᠡᠨ ᠭᠤᠣᠯ ᠬᠤᠳᠠ ᠶᠢᠨ ᠶᠢᠨ ᠾᠧ ᠪᠠᠯᠭᠠᠰᠤᠨ ᠳᠤ -38.2 ℃᠂ ᠵᠡᠯᠡᠨ ᠠᠶᠢᠯ ᠬᠤᠲᠠ ᠳᠤ -16.4 ℃ ᠬᠦᠢᠲᠡᠷᠡᠪᠡ᠃ ᠪᠦᠷᠢᠳᠬᠡᠯ ᠢ ᠦᠨᠳᠦᠰᠦᠯᠡᠪᠡᠯ᠂ ᠬᠥᠯᠥᠨ ᠪᠤᠶᠢᠷ ᠬᠤᠳᠠ ᠳᠤ ᠳᠤᠮᠳᠠᠴᠢ ᠪᠠᠷ -14.5 ℃ ᠬᠦᠢᠲᠡᠷᠡᠵᠦ᠂ ᠲᠦᠷᠦᠭᠦᠦ ᠵᠢᠯ ᠤᠨ ᠬᠢ ᠠᠴᠠ 1.4 ℃ ᠬᠦᠢᠲᠡᠷᠡᠵᠦ᠂ ᠡᠪᠦᠯ ᠤᠨ ᠠᠭᠤᠷ ᠠᠴᠠ ᠨᠠᠰᠢ ᠡᠯ᠎ᠡ ᠭᠠᠵᠠᠷ ᠤᠨ ᠠᠭᠤᠷ ᠠᠮᠢᠰᠬᠤᠯ ᠪᠠᠭ᠋ᠠᠨ ᠬᠦᠢᠲᠡᠷᠡᠪᠡ᠃ ᠵᠢᠱᠢᠬᠦ ᠳᠤ ᠢᠷᠡᠬᠦ ᠭᠤᠷᠪᠠᠨ ᠡᠳᠦᠷ᠂ ᠥᠪᠥᠷ ᠮᠣᠩᠭᠤᠯ ᠤᠨ ᠪᠦᠬᠦ ᠣᠷᠣᠨ ᠤ ᠶᠡᠬᠡᠩᠬᠢ ᠭᠠᠵᠠᠷ ᠲᠤ ᠪᠠᠭ᠎ᠠ ᠪᠤᠷᠤᠭ᠎ᠠ ᠪᠤᠶᠤ ᠴᠠᠰᠤ ᠪᠤᠷᠤᠭᠠᠨ ᠬᠤᠯᠢᠯᠳᠤᠨ ᠤᠷᠤᠨ᠎ᠠ᠃ ᠡᠭᠦᠨ ᠳᠤ᠂ ᠤᠯᠠᠭᠠᠨᠴᠠᠪ ᠬᠤᠲᠠ ᠶᠢᠨ ᠵᠡᠭᠦᠨ ᠡᠮᠦᠨ᠎ᠡ ᠬᠡᠰᠡᠭ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠡᠮᠦᠨ᠎ᠡ ᠬᠡᠰᠡᠭ ᠲᠤ ᠳᠤᠮᠳᠠ ᠵᠡᠷᠭᠡ ᠶᠢᠨ ᠴᠠᠰᠤ ᠲᠠᠢ᠂ ᠶᠡᠭᠡᠩᠬᠢ ᠬᠡᠰᠡᠭ ᠭᠠᠵᠠᠷ ᠣᠷᠣᠨ ᠳᠤ ᠶᠡᠭᠡ ᠴᠠᠰᠤ ᠲᠠᠢ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠪᠠᠷᠠᠭᠤᠨ ᠬᠤᠶᠢᠨ᠎ᠠ ᠠᠴᠠ4᠂ 5 ᠳᠡᠰ ᠤᠨ ᠰᠠᠯᠬᠢ ᠲᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号