︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠲᠥᠰᠥᠯ︾ ᠣᠶᠢᠷ᠎ᠠ ᠳᠤ | ᠬᠡᠷᠡᠭᠵᠢᠭᠦᠯᠦᠭᠳᠡᠵᠦ᠂ ᠬᠥᠳᠡᠭᠡ ᠲᠣᠰᠬᠤᠨ ᠤ ᠡᠮᠴᠢ ᠶᠢᠨ ᠦᠢᠯᠡᠴᠢᠯᠡᠬᠦ ᠵᠠᠭᠪᠤᠷ ᠪᠣᠯᠣᠨ ᠤᠷᠮᠠᠰᠢᠭᠤᠯᠬᠤ | ᠲᠣᠭᠲᠠᠴᠠ ᠶᠢ ᠥᠭᠡᠷᠡᠴᠢᠯᠡᠨ᠂ ᠬᠥᠳᠡᠭᠡ ᠲᠣᠰᠬᠤᠨ ᠤ ᠡᠮᠴᠢ ᠶᠢᠨ ᠨᠥᠬᠦᠪᠦᠷᠢ᠂ ᠨᠠᠰᠤᠵᠢᠯ ᠢ ᠠᠰᠠᠷᠠᠬᠤ ᠪᠣᠯᠣᠨ | ᠬᠥᠮᠥᠵᠢᠯ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ︽ | ᠨᠤᠲᠤᠭ ᠤᠨ ᠡᠮᠴᠢ︾ ᠶᠢᠨ ᠬᠠᠷᠠᠭᠠᠯᠵᠠᠯ ᠢ ᠤᠯᠠᠮ ᠨᠢᠭᠡ ᠠᠯᠬᠤᠮ ᠪᠠᠲᠤᠯᠠᠬᠤ ᠬᠡᠷᠡᠭᠲᠡᠢ ᠭᠡᠵᠦ ᠳᠤᠷᠠᠳᠪᠠ᠃ | ᠲᠥᠰᠥᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ 10 ᠵᠢᠯ ᠣᠷᠴᠢᠮ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠨ᠂ ᠪᠦᠬᠦ ᠣᠷᠣᠨ ᠤ ᠬᠥᠳᠡᠭᠡ ᠲᠣᠰᠬᠤᠨ ᠤ ᠡᠮᠴᠢ ᠨᠠᠷ ᠶᠡᠷᠦᠩᠬᠡᠢ ᠳᠡᠭᠡᠨ ᠳᠤᠮᠳᠠᠳᠤ | ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠣᠯᠭᠠᠵᠤ᠂ ᠠᠭᠠᠵᠢᠮ ᠢᠶᠠᠷ | ᠲᠤᠰᠠᠯᠠᠬᠤ ᠡᠮᠴᠢ ᠠᠴᠠ ᠳᠡᠭᠡᠭᠰᠢᠬᠢ ᠠᠵᠢᠯ ᠡᠷᠬᠢᠯᠡᠬᠦ ᠬᠢᠷᠢ ᠬᠡᠮ ᠢ ᠪᠦᠷᠢᠳᠦᠭᠦᠯᠬᠦ ᠪᠠᠷ ᠴᠢᠷᠮᠠᠶᠢᠨ᠎ᠠ᠃ 2020 | ᠣᠨ ᠪᠣᠯᠲᠠᠯ᠎ᠠ᠂ ᠪᠦᠬᠦ ᠣᠷᠣᠨ ᠤ 30% ᠳᠡᠭᠡᠭᠰᠢᠬᠢ ᠬᠥᠳᠡᠭᠡ ᠲᠣᠰᠬᠤᠨ ᠤ ᠡᠮᠴᠢ ᠬᠥᠳᠡᠭᠡ ᠲᠣᠰᠬᠤᠨ ᠤ ᠪᠦᠬᠦ | ᠰᠠᠯᠠᠭᠠᠨ ᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠣᠯᠵᠤ᠂ ᠬᠥᠳᠡᠭᠡ ᠲᠣᠰᠬᠤᠨ ᠤ ᠡᠮᠴᠢ ᠶᠢᠨ ᠵᠦᠢ | ᠶᠣᠰᠣᠨ ᠤ ᠬᠠᠷᠠᠭᠠᠯᠵᠠᠯ ᠢ ᠰᠠᠶᠢᠲᠤᠷ ᠪᠠᠲᠤᠯᠠᠵᠤ᠂ ᠲᠠᠷᠢᠶᠠᠯᠠᠬᠤ ᠮᠠᠯᠵᠢᠬᠤ ᠣᠷᠣᠨ ᠳᠤ ᠲᠣᠬᠢᠷᠠᠭᠰᠠᠨ ᠬᠥᠳᠡᠭᠡ | ᠲᠣᠰᠬᠤᠨ ᠤ ᠡᠮᠴᠢ ᠶᠢᠨ ᠡᠩᠨᠡᠭᠡ ᠶᠢ ᠦᠨᠳᠦᠰᠦᠨ ᠳᠤ ᠨᠢ ᠪᠦᠲᠦᠭᠡᠨ ᠪᠠᠶᠢᠭᠤᠯᠵᠤ ᠳᠠᠭᠤᠰᠬᠠᠨ᠎ᠠ᠃ | ᠲᠥᠰᠥᠯ ᠳᠤ ᠳᠤᠷᠠᠳᠤᠭᠰᠠᠨ ᠨᠢ᠂ ᠡᠯ᠎ᠡ ᠭᠠᠵᠠᠷ ᠣᠷᠣᠨ ᠨᠢ ᠬᠥᠳᠡᠭᠡ ᠲᠣᠰᠬᠤᠨ ᠤ ᠡᠮᠴᠢ ᠶᠢᠨ ᠠᠵᠢᠯ ᠤᠨ | ᠪᠣᠳᠠᠲᠤ ᠪᠠᠶᠢᠳᠠᠯ᠂ ᠦᠢᠯᠡᠴᠢᠯᠡᠬᠦ ᠴᠢᠳᠠᠪᠤᠷᠢ ᠪᠣᠯᠣᠨ ᠦᠢᠯᠡᠴᠢᠯᠡᠬᠦ ᠥᠷᠲᠡᠭ ᠢ ᠶᠡᠷᠦᠩᠬᠡᠢ ᠳᠤᠨᠢ ᠪᠣᠳᠣᠯᠬᠢᠯᠠᠵᠤ᠂ | ᠦᠢᠯᠡᠴᠢᠯᠡᠭᠡ ᠶᠢ ᠵᠠᠰᠠᠭ ᠤᠨ ᠣᠷᠳᠣᠨ ᠬᠤᠳᠠᠯᠳᠤᠨ ᠠᠪᠬᠤ ᠬᠡᠯᠪᠡᠷᠢ ᠶᠢ ᠠᠪᠴᠤ᠂ ᠬᠥᠳᠡᠭᠡ ᠲᠣᠰᠬᠤᠨ ᠤ ᠡᠮᠴᠢ | ᠶᠢᠨ ᠵᠦᠢ ᠶᠣᠰᠣᠨ ᠤ ᠣᠷᠣᠯᠭ᠎ᠠ ᠶᠢᠨ ᠲᠦᠪᠰᠢᠨ ᠢ ᠪᠠᠲᠤᠯᠠᠵᠤ᠂ ᠢᠷᠡᠭᠡᠳᠦᠢ ᠶᠢᠨ ᠰᠢᠨ᠎ᠡ ᠪᠠᠷ ᠨᠡᠮᠡᠭᠳᠡᠬᠦ | ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠠᠯᠠᠮᠵᠢ ᠶᠢᠨ ᠮᠥᠩᠭᠦ ᠶᠢ ᠤᠯᠤᠰ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ ᠬᠥᠳᠡᠭᠡ ᠲᠣᠰᠬᠤᠨ ᠤ ᠡᠮᠴᠢ ᠳᠤ ᠭᠤᠣᠯᠳᠠᠯᠭ᠎ᠠ ᠲᠠᠢ ᠪᠠᠷ ᠬᠡᠯᠪᠡᠶᠢᠯᠭᠡᠨ᠎ᠡ᠃ | ᠡᠭᠦᠨ ᠤ ᠵᠡᠷᠭᠡᠪᠡᠷ᠂ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠨᠡᠶᠢᠴᠡᠬᠦ ᠬᠥᠳᠡᠭᠡ ᠲᠣᠰᠬᠤᠨ ᠤ ᠡᠮᠴᠢ ᠨᠠᠷ᠂ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠵᠢᠯᠲᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠵᠤ ᠪᠣᠯᠣᠨ᠎ᠠ᠃ ᠠᠵᠤ ᠠᠬᠤᠶᠢᠯᠠᠯ ᠤᠨ ᠠᠵᠢᠯᠲᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠴᠡᠯ ᠳᠤ ᠨᠡᠶᠢᠴᠡᠬᠦ ᠦᠭᠡᠢ ᠨᠢ ᠡᠷᠦᠬᠡ ᠠᠮᠠ ᠶᠢᠨ ᠳᠠᠩᠰᠠ | ᠨᠢ ᠪᠠᠶᠢᠭ᠎ᠠ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ | ᠳᠤ ᠣᠷᠣᠯᠴᠠᠵᠤ ᠪᠣᠯᠣᠨ᠎ᠠ᠃ ᠡᠷᠡᠭᠲᠡᠢ ᠪᠦᠬᠦᠯᠢ 60 ᠨᠠᠰᠤ ᠬᠦᠷᠦᠭᠰᠡᠨ᠂ ᠡᠮᠡᠭᠲᠡᠢ ᠪᠦᠬᠦᠯᠢ 55 ᠨᠠᠰᠤ ᠬᠦᠷᠴᠦ᠂ | 10 ᠵᠢᠯ ᠠᠴᠠ ᠳᠡᠭᠡᠭᠰᠢ ᠠᠵᠢᠯᠯᠠᠭᠠᠳ ᠠᠵᠢᠯ ᠠᠴᠠ ᠪᠠᠨ ᠨᠢᠭᠡᠨᠲᠡ ᠪᠠᠭᠤᠭᠰᠠᠨ ᠬᠥᠳᠡᠭᠡ ᠲᠣᠰᠬᠤᠨ ᠤ ᠡᠮᠴᠢ ᠶᠢ᠂ | ᠡᠯ᠎ᠡ ᠭᠠᠵᠠᠷ ᠣᠷᠣᠨ ᠨᠤᠭᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠳᠡᠭᠡ ᠲᠣᠰᠬᠤᠨ ᠤ ᠡᠮᠴᠢ ᠶᠢᠨ | ᠬᠠᠷᠠᠭᠠᠯᠵᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠠ᠂ ᠰᠠᠷ᠎ᠠ ᠪᠦᠷᠢ ᠵᠣᠬᠢᠬᠤ ᠪᠠᠷᠢᠮᠵᠢᠶ᠎ᠠ ᠶᠤᠰᠤᠭᠠᠷ | ᠠᠮᠢᠳᠤᠷᠠᠯ ᠤᠨ ᠨᠥᠬᠦᠪᠦᠷᠢ ᠥᠭᠴᠦ᠂ ᠱᠠᠭᠠᠷᠳᠠᠭᠳᠠᠬᠤ ᠮᠥᠩᠭᠦ ᠶᠢ ᠠᠶᠢᠮᠠᠭ ᠬᠤᠲᠠ᠂ ᠬᠤᠰᠢᠭᠤ ᠰᠢᠶᠠᠨ ᠤ | ᠱᠠᠲᠤᠨ ᠤ ᠡᠳ᠋ ᠤᠨ ᠵᠠᠰᠠᠭ ᠠᠴᠠ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠲᠥᠰᠥᠯ ᠳᠤ ᠳᠤᠷᠠᠳᠤᠭᠰᠠᠨ ᠨᠢ | ᠂ ᠬᠥᠳᠡᠭᠡ ᠲᠣᠰᠬᠤᠨ ᠤ ᠡᠮᠴᠢ ᠶᠢᠨ ᠪᠠᠶᠢᠷᠢ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ | ᠡᠮᠴᠢ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠭᠡᠬᠦ ᠬᠡᠷᠡᠭᠲᠡᠢ᠃ ᠡᠯ᠎ᠡ ᠭᠠᠵᠠᠷ ᠣᠷᠣᠨ | ᠬᠠᠷᠠᠭᠠᠯᠵᠠᠯ ᠥᠵᠡᠭᠦᠯᠬᠦ ᠲᠥᠷᠥ ᠶᠢᠨ ᠪᠣᠳᠣᠯᠭ᠎ᠠ ᠲᠣᠭᠲᠠᠭᠠᠵᠤ᠂ ᠠᠵᠢᠯ ᠡᠷᠬᠢᠯᠡᠭᠰᠡᠨ ᠡᠮᠴᠢ᠂ ᠠᠵᠢᠯ ᠡᠷᠬᠢᠯᠡᠭᠰᠡᠨ | ᠲᠤᠰᠠᠯᠠᠬᠤ ᠡᠮᠴᠢ ᠪᠠ ᠡᠮᠴᠢ ᠶᠢᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ ᠭᠠᠴᠠᠭ᠎ᠠ ᠲᠣᠰᠬᠤᠨ ᠤ | ᠡᠷᠡᠭᠦᠯ ᠬᠠᠮᠠᠭᠠᠯᠠᠯ ᠤᠨ ᠭᠡᠷ ᠲᠤ ᠠᠵᠢᠯᠯᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠨᠢᠭᠡ ᠴᠤᠭᠴᠠᠵᠢᠭᠤᠯᠤᠨ | ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠡᠮᠴᠢ ᠶᠢ ᠡᠯᠰᠡᠨ ᠬᠡᠷᠡᠭᠯᠡᠬᠦ ᠬᠠᠮᠢᠶᠠᠷᠤᠯᠲᠠ ᠪᠠᠨ | ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠡᠮᠴᠢ ᠶᠢ ᠰᠢᠯᠭᠠᠯᠲᠠ᠂ ᠰᠢᠯᠭᠠᠨ | ᠪᠠᠶᠢᠴᠠᠭᠠᠯᠲᠠ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠨ᠂ ᠰᠢᠯᠢᠳᠡᠭ ᠢ ᠨᠢ ᠡᠯᠰᠡᠨ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠵᠢᠯᠯᠠᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ᠂ ᠲᠥᠰᠥᠯ ᠳᠤ ᠪᠠᠰᠠ | ᠡᠯ᠎ᠡ ᠭᠠᠵᠠᠷ ᠤᠨ ᠬᠢᠨ ᠬᠥᠳᠡᠭᠡ ᠲᠣᠰᠬᠤᠨ ᠤ ᠡᠮᠴᠢ ᠶᠢ ᠵᠣᠬᠢᠰᠲᠠᠢ ᠲᠣᠬᠢᠷᠠᠭᠤᠯᠵᠤ᠂ ᠵᠠᠷᠴᠢᠮ ᠳᠡᠭᠡᠷ᠎ᠡ ᠪᠠᠨ | ᠮᠢᠩᠭᠠᠨ ᠬᠦᠮᠦᠨ ᠠᠮᠠ ᠪᠦᠷᠢ ᠳᠤ 1 — 1.5 ᠨᠡᠷ᠎ᠡ ᠲᠣᠰᠬᠤᠨ ᠤ ᠡᠮᠴᠢ ᠲᠣᠬᠢᠷᠠᠭᠤᠯᠵᠤ᠂ 1000 ᠬᠦᠮᠦᠨ | ᠬᠦᠷᠬᠦ ᠦᠭᠡᠢ ᠭᠠᠴᠠᠭ᠎ᠠ ᠳᠤ 1 ᠨᠡᠷ᠎ᠡ ᠲᠣᠬᠢᠷᠠᠭᠤᠯᠵᠤ᠂ ᠭᠠᠴᠠᠭ᠎ᠠ ᠪᠣᠯᠭᠠᠨ ᠤ ᠡᠷᠡᠭᠦᠯ ᠬᠠᠮᠠᠭᠠᠯᠠᠯ ᠤᠨ ᠭᠡᠷ ᠲᠤ | ᠬᠠᠮᠤᠭ ᠠᠳᠠᠭ ᠲᠠᠭᠠᠨ ᠨᠢᠭᠡ ᠨᠡᠷ᠎ᠡ ᠭᠠᠴᠠᠭ᠎ᠠ ᠲᠣᠰᠬᠤᠨ ᠤ ᠠᠵᠢᠯ ᠡᠷᠬᠢᠯᠡᠭᠰᠡᠨ ᠡᠮᠴᠢ ᠪᠠᠶᠢᠬᠤ ᠬᠡᠷᠡᠭᠲᠡᠢ᠃ |