ᠪᠣᠬᠢᠷ ᠮᠠᠨᠠᠨ ᠲᠠᠢ ᠠᠭᠤᠷ ᠠᠮᠢᠰᠬᠤᠯ ᠵᠢᠴᠢ ᠠᠭᠠᠷ ᠮᠠᠨᠳᠤᠯ ᠤᠨ ᠪᠣᠬᠢᠷᠲᠤᠯ ᠢ ᠵᠠᠰᠠᠬᠤ ᠶᠢᠨ ᠲᠥᠯᠥᠭᠡ᠂ | ᠤᠯᠤᠰ ᠠᠴᠠ ᠭᠠᠵᠠᠷ ᠣᠷᠣᠨ ᠬᠦᠷᠲᠡᠯ᠎ᠡ ᠡᠯ᠎ᠡ ᠵᠦᠢᠯ ᠤᠨ ᠠᠷᠭ᠎ᠠ ᠠᠪᠴᠤ ᠪᠠᠶᠢᠨ᠎ᠠ᠃ ᠡᠭᠦᠨ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 2015 ᠣᠨ ᠤ ᠡᠬᠢᠨ | ᠳᠤ ᠰᠢᠲᠠᠮᠠᠬᠠᠢ ᠬᠡᠢ ᠶᠢ ᠬᠤᠷᠢᠶᠠᠨ ᠠᠪᠴᠤ ᠶᠡᠷᠦᠩᠬᠡᠶᠢᠯᠡᠨ ᠵᠠᠰᠠᠬᠤ ᠠᠵᠢᠯ ᠢ ᠡᠬᠢᠯᠡᠭᠦᠯᠪᠡ᠂ ᠡᠨᠡ ᠬᠦ ᠠᠵᠢᠯ ᠨᠢ | ᠮᠥᠨ ᠴᠦ ᠠᠭᠠᠷ ᠮᠠᠨᠳᠤᠯ ᠤᠨ ᠪᠣᠬᠢᠷᠲᠤᠯ ᠢ ᠵᠠᠰᠠᠬᠤ ᠠᠵᠢᠯᠯᠠᠭᠠᠨ ᠤ ᠲᠥᠯᠥᠪᠯᠡᠭᠡ ᠪᠣᠯᠣᠨ᠎ᠠ᠃ ᠣᠳᠣᠬᠠᠨ ᠪᠣᠯᠲᠠᠯ᠎ᠠ | ᠂ ᠮᠠᠨ ᠤ ᠣᠷᠣᠨ 2015 ᠣᠨ ᠤ ᠲᠣᠰᠣᠨ ᠤ ᠬᠥᠮᠥᠷᠭᠡ᠂ ᠲᠣᠰᠣ ᠨᠡᠮᠡᠬᠦ ᠥᠷᠲᠡᠭᠡ ᠶᠢᠨ ᠲᠤᠰᠤ ᠰᠢᠲᠠᠮᠠᠬᠠᠢ | ᠬᠡᠢ ᠶᠢ ᠬᠤᠷᠢᠶᠠᠨ ᠠᠪᠴᠤ ᠵᠠᠰᠠᠬᠤ ᠡᠭᠦᠷᠭᠡ ᠪᠠᠨ ᠨᠢᠭᠡᠨᠲᠡ ᠤᠷᠢᠳᠴᠢᠯᠠᠨ ᠪᠡᠶᠡᠯᠡᠭᠦᠯᠪᠡ᠃ ᠡᠭᠦᠨ ᠳᠤ᠂ | ᠲᠣᠰᠣᠨ ᠤ ᠬᠥᠮᠥᠷᠭᠡ ᠶᠢᠨ ᠵᠠᠰᠠᠯᠲᠠ ᠶᠢᠨ ᠨᠣᠷᠮ᠎ᠠ ᠨᠢ 100%᠂ ᠲᠣᠰᠣ ᠨᠡᠮᠡᠬᠦ ᠥᠷᠲᠡᠭᠡ ᠶᠢᠨ ᠵᠠᠰᠠᠯᠲᠠ ᠶᠢᠨ | ᠨᠢ 148.34% ᠳᠤ ᠬᠦᠷᠴᠡᠢ᠃ ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠨᠡᠶᠢᠲᠡ 12 | ᠲᠣᠰᠣᠨ ᠤ ᠬᠥᠮᠥᠷᠭᠡ ᠶᠢᠨ ᠲᠣᠰᠣ ᠰᠢᠲᠠᠮᠠᠬᠠᠢ ᠬᠡᠢ ᠶᠢ ᠬᠤᠷᠢᠶᠠᠨ ᠠᠪᠴᠤ᠂ ᠡᠭᠦᠨ ᠳᠤ ᠳᠤᠮᠳᠠᠳᠤ ᠤᠯᠤᠰ ᠤᠨ | ᠴᠢᠯᠠᠭᠤᠨ ᠲᠣᠰᠣᠨ ᠪᠦᠯᠦᠭᠯᠡᠯ 8 ᠰᠠᠭᠤᠷᠢ᠂ ᠤᠯᠤᠰ ᠤᠨ ᠥᠮᠴᠢᠯᠡᠯᠲᠥ ᠪᠤᠰᠤᠳ ᠠᠵᠤ ᠠᠬᠤᠶᠢᠯᠠᠯ 2 ᠰᠠᠭᠤᠷᠢ᠂ | ᠠᠷᠠᠳ ᠠᠴᠠ ᠡᠵᠡᠩᠨᠡᠭᠰᠡᠨ ᠲᠣᠰᠣᠨ ᠤ ᠬᠥᠮᠥᠷᠭᠡ 2 ᠰᠠᠭᠤᠷᠢ︔ ᠲᠣᠰᠣ ᠨᠡᠮᠡᠬᠦ ᠥᠷᠲᠡᠭᠡ 1657ᠰᠠᠭᠤᠷᠢ᠂ | ᠡᠭᠦᠨ ᠳᠤ ᠳᠤᠮᠳᠠᠳᠤ ᠤᠯᠤᠰ ᠤᠨ ᠴᠢᠯᠠᠭᠤᠨ ᠲᠣᠰᠣᠨ ᠪᠦᠯᠦᠭᠯᠡᠯ 988 ᠰᠠᠭᠤᠷᠢ᠂ ᠳᠤᠮᠳᠠᠳᠤ ᠤᠯᠤᠰ ᠤᠨ | ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ 208 ᠰᠠᠭᠤᠷᠢ᠂ ᠤᠯᠤᠰ ᠤᠨ ᠥᠮᠴᠢᠯᠡᠯᠲᠥ ᠪᠤᠰᠤᠳ ᠠᠵᠤ | ᠠᠬᠤᠶᠢᠯᠠᠯ 51ᠰᠠᠭᠤᠷᠢ᠂ ᠠᠷᠠᠳ ᠠᠴᠠ ᠡᠵᠡᠩᠨᠡᠭᠰᠡᠨ ᠲᠣᠰᠣ ᠨᠡᠮᠡᠬᠦ ᠥᠷᠲᠡᠭᠡ 410 ᠰᠠᠭᠤᠷᠢ ᠪᠣᠢ᠃ |