︽ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠤᠶᠤᠨ ᠤ ᠬᠥᠮᠥᠷᠭᠡ ᠶᠢᠨ ᠤᠯᠠᠨ ᠤᠯᠤᠰ ᠤᠨ ᠶᠠᠷᠢᠯᠴᠠᠭᠠᠨ ᠤ ᠲᠠᠪᠴᠠᠩ︾᠎ ᠢ 2016 ᠣᠨ ᠳᠤ ᠥᠪᠥᠷ ᠮᠣᠩᠭᠤᠯ ᠳᠤ ᠡᠷᠬᠢᠯᠡᠬᠦ ᠪᠠᠷ ᠪᠤᠢ
ᠨᠡᠶᠢᠲᠡᠯᠡᠭᠰᠡᠨ ᠴᠠᠭ᠄
2015/11/19
     11 ᠳ᠋ᠦ᠋ᠭᠡᠷ ᠰᠠᠷ᠎ᠠ ᠶᠢᠨ18᠎ ᠤ ᠡᠳᠦᠷ᠂ ᠥᠪᠥᠷ ᠮᠣᠩᠭᠤᠯ ᠤᠨ ᠬᠥᠭᠵᠢᠯᠲᠡ ᠶᠢᠨ ᠰᠤᠳᠤᠯᠤᠯ ᠤᠨ ᠲᠥᠪ ᠠᠴᠠ ︽ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠤᠶᠤᠨ ᠤ ᠬᠥᠮᠥᠷᠭᠡ ᠶᠢᠨ ᠤᠯᠠᠨ ᠤᠯᠤᠰ ᠤᠨ ᠶᠠᠷᠢᠯᠴᠠᠭᠠᠨ ᠤ ᠲᠠᠪᠴᠠᠩ︾᠎ ᠢ 2016 ᠣᠨ ᠳᠤ ᠥᠪᠥᠷ ᠮᠣᠩᠭᠤᠯ ᠳᠤ ᠡᠷᠬᠢᠯᠡᠬᠦ ᠶᠢ  ᠵᠢᠩᠬᠢᠨᠢ ᠪᠠᠷ ᠭᠠᠳᠠᠭᠰᠢ ᠨᠡᠶᠢᠲᠡᠯᠡᠪᠡ᠃  ᠭᠤᠷᠪᠠᠨ ᠲᠠᠯ᠎ᠠ ᠶᠢᠨ ᠡᠷᠳᠡᠮ ᠰᠢᠨᠵᠢᠯᠡᠭᠡᠨ ᠪᠣᠯᠣᠨ ᠤᠶᠤᠨ ᠤ ᠬᠥᠮᠥᠷᠭᠡ ᠶᠢᠨ ᠰᠣᠯᠢᠯᠴᠠᠭᠠᠨ ᠤ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠬᠠᠮᠠᠭᠠᠯᠠᠨ ᠪᠠᠬᠢᠵᠢᠭᠦᠯᠬᠦ ᠶᠢᠨ ᠲᠥᠯᠥᠭᠡ᠂ ︽ᠳᠤᠮᠳᠠᠳᠤ ᠣᠷᠣᠰ ᠮᠣᠩᠭᠤᠯ ᠤᠨ ᠤᠶᠤᠨ ᠤ ᠬᠥᠮᠥᠷᠭᠡ  ᠶᠢᠨ ᠬᠠᠮᠲᠤᠷᠠᠨ ᠠᠵᠢᠯᠯᠠᠬᠤ ᠬᠤᠯᠪᠣᠭ᠎ᠠ ᠪᠠᠶᠢᠭᠤᠯᠤᠭᠳᠠᠭᠰᠠᠨ ᠵᠢᠴᠢ ᠠᠩᠬᠠᠳᠤᠭᠠᠷ ᠬᠤᠭᠤᠴᠠᠭᠠᠨ ᠤ ᠭᠤᠷᠪᠠᠨ ᠲᠠᠯ᠎ᠠ ᠶᠢᠨ  ᠤᠶᠤᠨ ᠤ ᠬᠥᠮᠥᠷᠭᠡ ᠶᠢᠨ ᠣᠯᠠᠨ ᠤᠯᠤᠰ ᠤᠨ ᠶᠠᠷᠢᠯᠴᠠᠭᠠᠨ ᠤ ᠲᠠᠪᠴᠠᠩ︾᠎ ᠤᠨ ᠬᠤᠷᠠᠯᠳᠤᠭᠠᠨ ᠨᠢ  ᠭᠤᠷᠪᠠᠨ ᠲᠠᠯ᠎ᠠ ᠶᠢᠨ ᠤᠶᠤᠨ ᠤ ᠬᠥᠮᠥᠷᠭᠡ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠢ ᠵᠢᠯ ᠪᠦᠷᠢ ᠨᠢᠭᠡ ᠤᠳᠠᠭ᠎ᠠ ᠡᠷᠬᠢᠯᠡᠵᠦ᠂ ᠬᠡᠷᠡᠭ ᠡᠷᠬᠢᠯᠡᠭᠴᠢᠳ ᠤᠨ ᠬᠤᠷᠠᠯ ᠤᠨ ᠡᠭᠡᠯᠵᠢᠲᠦ ᠲᠡᠷᠢᠭᠦᠯᠡᠭᠴᠢ ᠲᠠᠯ᠎ᠠ ᠡᠷᠬᠢᠯᠡᠨ ᠬᠤᠷᠠᠯᠳᠤᠭᠤᠯᠵᠤ᠂ 2016 ᠣᠨ ᠳᠤ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠷᠬᠢᠯᠡᠬᠦ ᠪᠠᠷ ᠲᠣᠭᠲᠠᠭᠠᠪᠠ᠃      ᠣᠶᠢᠯᠠᠭᠠᠭᠰᠠᠨ ᠢᠶᠠᠷ᠂ ᠬᠤᠶᠠᠷ ᠰᠠᠷ᠎ᠠ ᠶᠢᠨ ᠡᠮᠦᠨ᠎ᠡ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠶᠠᠪᠣᠭᠲᠠᠭᠰᠠᠨ︽ᠳᠤᠮᠳᠠᠳᠤ ᠣᠷᠣᠰ ᠮᠣᠩᠭᠤᠯ ᠤᠨ ᠤᠶᠤᠨ ᠤ ᠬᠥᠮᠥᠷᠭᠡ  ᠶᠢᠨ ᠬᠠᠮᠲᠤᠷᠠᠨ ᠠᠵᠢᠯᠯᠠᠬᠤ ᠬᠤᠯᠪᠣᠭ᠎ᠠ ᠪᠠᠶᠢᠭᠤᠯᠤᠭᠳᠠᠭᠰᠠᠨ ᠵᠢᠴᠢ ᠠᠩᠬᠠᠳᠤᠭᠠᠷ ᠬᠤᠭᠤᠴᠠᠭᠠᠨ ᠤ ᠭᠤᠷᠪᠠᠨ ᠲᠠᠯ᠎ᠠ ᠶᠢᠨ ᠤᠶᠤᠨ ᠤ ᠬᠥᠮᠥᠷᠭᠡ ᠶᠢᠨ ᠣᠯᠠᠨ ᠤᠯᠤᠰ ᠤᠨ ᠶᠠᠷᠢᠯᠴᠠᠭᠠᠨ ᠤ ᠲᠠᠪᠴᠠᠩ︾ ᠳᠡᠭᠡᠷ᠎ᠡ᠂  ︽ᠳᠤᠮᠳᠠᠳᠤ ᠣᠷᠣᠰ ᠮᠣᠩᠭᠤᠯ ᠤᠨ ᠤᠶᠤᠨ ᠤ ᠬᠥᠮᠥᠷᠭᠡ ᠶᠢᠨ ᠬᠠᠮᠲᠤᠷᠠᠨ ᠠᠵᠢᠯᠯᠠᠬᠤ ᠬᠤᠯᠪᠣᠭᠠᠨ ᠤ ᠲᠦᠷᠢᠮ︾᠎ ᠢ ᠬᠢᠨᠠᠨ ᠪᠠᠲᠤᠯᠠᠭᠠᠳ᠂ ︽ᠳᠤᠮᠳᠠᠳᠤ ᠣᠷᠣᠰ ᠮᠣᠩᠭᠤᠯ ᠤᠨ ᠤᠶᠤᠨ ᠤ ᠬᠥᠮᠥᠷᠭᠡ ᠶᠢᠨ ᠬᠠᠮᠲᠤᠷᠠᠨ ᠠᠵᠢᠯᠯᠠᠬᠤ ᠬᠤᠯᠪᠣᠭᠠᠨ ᠤ ᠠᠵᠢᠯᠯᠠᠭᠠᠨ ᠤ ᠲᠥᠰᠦᠯ︾᠎ ᠢ ᠲᠣᠭᠲᠠᠭᠠᠵᠤ᠂ ᠤᠶᠤᠨ ᠤ ᠬᠥᠮᠥᠷᠭᠡ ᠶᠢᠨ ᠬᠠᠮᠲᠤᠷᠠᠨ ᠠᠵᠢᠯᠯᠠᠬᠤ ᠬᠤᠯᠪᠣᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠰᠤᠩᠭᠤᠵᠤ ᠭᠠᠷᠭᠠᠪᠠ᠃ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠤᠯ ᠤᠨ ᠲᠥᠪ᠂ ᠣᠷᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠯᠤᠰ ᠳᠣᠷᠣᠨᠠᠲᠤ ᠶᠢᠨ ᠰᠤᠳᠤᠯᠤᠯ ᠤᠨ ᠭᠠᠵᠠᠷ᠂ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ  ︽ᠳᠤᠮᠳᠠᠳᠤ ᠣᠷᠣᠰ ᠮᠣᠩᠭᠤᠯ ᠤᠨ ᠤᠶᠤᠨ ᠤ ᠬᠥᠮᠥᠷᠭᠡ ᠶᠢᠨ ᠬᠠᠮᠲᠤᠷᠠᠨ ᠠᠵᠢᠯᠯᠠᠬᠤ ᠬᠤᠯᠪᠣᠭ᠎ᠠ︾᠎  ᠬᠠᠮᠲᠤ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠡ ᠶᠢᠨ ᠲᠤᠰᠢᠶᠠᠯ ᠢ ᠬᠦᠯᠢᠶᠡᠪᠡ᠃ ᠳᠣᠰ ᠤᠳᠠᠭᠠᠨ ᠤ ᠶᠠᠷᠢᠶᠠᠨ ᠤ ᠲᠠᠪᠴᠠᠩ ᠤᠨ ᠬᠤᠷᠠᠯ ᠳᠤ ᠨᠡᠶᠢᠲᠡ 50 ᠭᠠᠷᠤᠶ ᠥᠭᠦᠯᠡᠯ ᠣᠯᠤᠭᠰᠠᠨ ᠪᠥᠭᠡᠳ ᠲᠤᠰᠬᠠᠶ ᠵᠣᠬᠢᠶᠠᠯ ᠪᠣᠯᠭᠠᠨ ᠡᠮᠬᠢᠳᠬᠡᠵᠦ ᠬᠡᠪᠯᠡᠨ ᠲᠠᠷᠬᠠᠭᠠᠨ᠎ᠠ᠃ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠤᠶᠤᠨ ᠤ ᠬᠥᠮᠥᠷᠭᠡ ᠶᠢᠨ ᠬᠠᠮᠲᠤᠷᠠᠨ ᠠᠵᠢᠯᠯᠠᠬᠤ ᠬᠤᠯᠪᠣᠭ᠎ᠠ ᠪᠠᠶᠢᠭᠤᠯᠤᠭᠳᠠᠭᠰᠠᠨ ᠶᠠᠪᠤᠳᠠᠯ ᠨᠢ ᠭᠤᠷᠪᠠᠨ ᠤᠯᠤᠰ ᠤᠨ ᠤᠶᠤᠨ ᠤ ᠬᠥᠮᠥᠷᠭᠡ ᠶᠢᠨ ᠬᠤᠭᠤᠷᠣᠨᠳᠣᠬᠢ ᠪᠤᠳᠠᠲᠠᠢ ᠶᠢ ᠡᠷᠬᠢᠮᠯᠡᠵᠦ ᠬᠠᠮᠲᠤᠷᠠᠨ ᠠᠵᠢᠯᠯᠠᠬᠤ ᠮᠠᠰᠢ ᠰᠠᠶᠢᠨ ᠡᠬᠢᠯᠡᠯᠲᠡ ᠮᠦᠨ᠂ ᠭᠤᠷᠪᠠᠨ ᠤᠯᠤᠰ ᠤᠨ ᠪᠠᠶᠢᠯᠳᠤᠬᠤ ᠪᠤᠳᠤᠯᠭ᠎ᠠ ᠶᠢ ᠬᠠᠷᠢᠯᠴᠠᠨ  ᠠᠪᠴᠠᠯᠳᠤᠭᠤᠯᠬᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠭᠤᠷᠪᠠᠨ ᠤᠯᠤᠰ ᠤᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠵᠦ ᠬᠠᠮᠲᠤᠷᠠᠨ ᠠᠵᠢᠯᠯᠠᠬᠤ ᠶᠢ  ᠭᠦᠨᠵᠡᠭᠡᠶᠢᠷᠡᠭᠦᠯᠬᠦ ᠳᠤ ᠯᠠᠪᠲᠠᠢ ᠦᠷᠭᠦᠯᠵᠢᠯᠡᠭᠰᠡᠨ ᠪᠦᠲᠦᠮᠵᠢᠲᠡᠶ ᠤᠶᠤᠨ ᠤ ᠬᠥᠮᠥᠷᠭᠡ ᠶᠢᠨ ᠳᠡᠮᠵᠢᠯᠭᠡ ᠬᠠᠩᠭᠠᠬᠤ ᠨᠢ ᠯᠠᠪᠲᠠᠢ ᠶᠤᠮ ᠭᠡᠵᠦ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠤᠶᠤᠨ ᠤ ᠬᠥᠮᠥᠷᠭᠡ ᠶᠢᠨ ᠬᠠᠮᠲᠤ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠨᠠᠷ ᠰᠠᠨᠠᠯ ᠨᠢᠭᠡᠲᠡᠶ ᠦᠵᠡᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号