10 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ︽ | ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢ ᠲᠦᠯᠬᠢᠨ ᠠᠬᠢᠭᠤᠯᠬᠤ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠦᠭᠦᠳᠡ ᠬᠤᠷᠠᠯᠳᠤᠭᠠᠨ ᠢ ᠬᠤᠷᠠᠯᠳᠤᠭᠤᠯᠵᠤ᠂ | ᠤᠯᠤᠰ ᠤᠨ ︽ᠨᠢᠭᠡ ᠪᠦᠰᠡ ᠨᠢᠭᠡ ᠵᠠᠮ︾ ᠢ ᠲᠦᠯᠬᠢᠨ ᠠᠬᠢᠭᠤᠯᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠤᠯᠠᠮᠵᠢᠯᠠᠨ ᠲᠤᠤᠱᠯᠠᠭᠤᠯᠵᠤ᠂ ᠮᠠᠨ ᠤ ᠣᠷᠣᠨ ᠤ ᠠᠵᠢᠯ ᠤᠨ | ᠠᠬᠢᠴᠠ ᠶᠢᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠤᠨ ᠲᠣᠬᠢᠷᠠᠭᠤᠯᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢ ᠲᠦᠯᠬᠢᠨ ᠠᠬᠢᠭᠤᠯᠬᠤ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠹᠦ᠋ ᠲᠠᠢ ᠽᠧᠩ ᠬᠤᠷᠠᠯ | ᠡᠷᠬᠢᠯᠡᠵᠦ ᠶᠠᠷᠢᠶ᠎ᠠ ᠲᠠᠯᠪᠢᠪᠠ᠃ | ᠹᠦ᠋ ᠲᠠᠢ ᠽᠧᠩ ᠵᠢᠭᠠᠭᠰᠠᠨ ᠨᠢ᠂ ᠤᠯᠤᠰ ᠠᠴᠠ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠬᠦᠨᠳᠦᠳᠬᠡᠨ᠂ ᠮᠠᠨ ᠤ ᠣᠷᠣᠨ ᠢᠶᠠᠨ ᠤᠯᠤᠰ ᠤᠨ ︽ᠨᠢᠭᠡ ᠪᠦᠰᠡ ᠨᠢᠭᠡ ᠵᠠᠮ︾ | ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠦᠷᠢᠶ᠎ᠡ ᠬᠡᠪᠴᠢᠶᠡᠨ ᠳᠤ ᠣᠷᠤᠭᠤᠯᠬᠤ ᠪᠠᠷ ᠴᠢᠷᠮᠠᠶᠢᠵᠤ᠂ | ︽ᠥᠪᠥᠷ ᠮᠤᠩᠭᠤᠯ ᠤᠨ ︿ᠲᠣᠷᠭᠠᠨ ᠵᠠᠮ ᠤᠨ ᠠᠵᠤ ᠠᠬᠤᠢ ᠶᠢᠨ ᠪᠦᠰᠡ﹀ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠬᠡᠷᠡᠭᠵᠢᠭᠦᠯᠬᠦ ᠲᠥᠰᠥᠯ︾ ᠢ ᠴᠠᠭ ᠳᠠᠷᠤᠢ ᠳᠤᠨᠢ ᠨᠠᠶᠢᠷᠠᠭᠤᠯᠤᠨ ᠵᠣᠬᠢᠶᠠᠵᠤ᠂ ᠣᠷᠣᠰ ᠮᠣᠩᠭᠤᠯ | ᠯᠤᠭ᠎ᠠ ᠶᠢᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠣᠯᠠᠨ ᠬᠦᠷᠢᠶᠡᠨ ᠳᠠᠬᠢ ᠪᠣᠳᠠᠲᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠤᠮᠠᠷ᠎ᠠ ᠲᠡᠶᠢᠰᠢ ᠨᠡᠭᠡᠭᠡᠬᠦ ᠠᠯᠬᠤᠮ ᠢᠶᠠᠨ ᠪᠦᠬᠦ ᠬᠦᠴᠦᠨ ᠢᠶᠠᠷ ᠢᠶᠠᠨ | ᠲᠦᠷᠭᠡᠳᠬᠡᠵᠦ᠂ ᠳᠤᠮᠳᠠᠳᠤ ᠮᠣᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠢ ᠲᠦᠷᠦᠭᠦᠦ ᠪᠠᠷ | ᠠᠮᠵᠢᠯᠲᠠ ᠲᠠᠢ ᠪᠠᠷ ᠡᠷᠬᠢᠯᠡᠨ ᠶᠠᠪᠤᠭᠳᠠᠭᠤᠯᠪᠠ ᠭᠡᠪᠡ᠃ | ᠹᠦ᠋ ᠲᠠᠢ ᠽᠧᠩ ᠱᠠᠭᠠᠷᠳᠠᠭᠰᠠᠨ ᠨᠢ᠂ ᠤᠯᠤᠰ ᠤᠨ ᠭᠠᠳᠠᠭᠠᠳᠤ ᠨᠡᠭᠡᠭᠡᠯᠲᠡ ᠳᠤ ᠦᠢᠯᠡᠴᠢᠯᠡᠬᠦ ᠶᠡᠭᠡ | ᠲᠠᠯ᠎ᠠ ᠶᠢᠨ ᠲᠣᠭᠤᠷᠢᠨ ᠳᠤ᠂ ᠮᠤᠩᠭᠤᠯ ᠤᠯᠤᠰ ᠤᠨ ︽ᠲᠠᠯ᠎ᠠ ᠨᠤᠲᠤᠭ ᠤᠨ ᠵᠠᠮ︾ ᠢ ᠰᠠᠨᠠᠭᠠᠴᠢᠯᠠᠭ᠎ᠠ ᠠᠴᠠ ᠪᠠᠨ | ᠬᠤᠯᠪᠣᠬᠤ ᠪᠠ ᠣᠷᠣᠰ ᠲᠠᠢ ᠠᠯᠤᠰ ᠳᠣᠷᠣᠨᠠᠲᠤ ᠶᠢᠨ ᠭᠠᠵᠠᠷ ᠣᠷᠣᠨ ᠤ ᠨᠡᠭᠡᠭᠡᠯᠲᠡ ᠶᠢᠨ ᠪᠠᠶᠢᠯᠳᠤᠬᠤ | ᠪᠣᠳᠣᠯᠭ᠎ᠠ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ︔ ᠰᠠᠭᠤᠷᠢ ᠲᠥᠬᠦᠭᠡᠷᠦᠮᠵᠢ ᠶᠢᠨ ᠬᠤᠯᠪᠣᠭ᠎ᠠ | ᠬᠠᠷᠢᠯᠴᠠᠭ᠎ᠠ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ᠂ ᠤᠯᠤᠰ ᠤᠨ ᠬᠤᠭᠤᠷᠤᠨᠳᠤᠬᠢ ᠡᠨᠧᠷᠭᠢ ᠶᠢᠨ | ᠭᠠᠷᠭᠠᠯᠲᠠ ᠶᠢᠨ ᠬᠠᠮᠲᠤᠷᠠᠯᠴᠠᠭ᠎ᠠ᠂ ᠤᠯᠤᠰ ᠤᠨ ᠬᠤᠭᠤᠷᠤᠨᠳᠤᠬᠢ ᠪᠣᠳᠠᠰ ᠤᠨ ᠭᠦᠢᠯᠭᠡᠭᠡ᠂ ᠤᠯᠤᠰ ᠤᠨ | ᠬᠤᠭᠤᠷᠤᠨᠳᠤᠬᠢ ᠵᠢᠭᠤᠯᠴᠢᠯᠠᠯ᠂ ᠬᠥᠮᠥᠨ ᠨᠡᠶᠢᠭᠡᠮ ᠤᠨ ᠰᠣᠯᠢᠯᠴᠠᠭ᠎ᠠ ᠵᠡᠷᠭᠡ ᠪᠠᠷ ᠠᠵᠢᠯ ᠤᠨ ᠭᠤᠣᠯᠳᠠᠯᠭ᠎ᠠ ᠪᠣᠯᠭᠠᠨ᠂ | ᠢᠳᠡᠪᠬᠢᠲᠡᠢ ᠪᠠᠷ ᠲᠥᠰᠥᠪᠯᠡᠨ᠂ ᠨᠢᠭᠡ ᠪᠦᠯᠦᠭ ᠰᠠᠭᠤᠷᠢᠯᠠᠭ ᠦᠢᠯᠡᠳᠦᠯ ᠲᠠᠢ ᠪᠠ ᠵᠢᠱᠢᠶ᠎ᠡ ᠦᠵᠡᠭᠦᠯᠬᠦ ᠦᠷ᠎ᠡ | ᠪᠦᠲᠦᠮᠵᠢ ᠲᠠᠢ ᠭᠤᠣᠯᠳᠠᠯᠭᠠᠲᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ︔ ᠪᠣᠭᠤᠮᠲᠠ᠂ ᠨᠡᠭᠡᠭᠡᠯᠲᠡ ᠶᠢᠨ | ᠲᠤᠭᠤᠷᠢᠭ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠣᠭᠤᠮᠲᠠ ᠶᠢᠨ ᠠᠵᠤ ᠠᠬᠤᠢ ᠪᠣᠯᠣᠨ ᠬᠤᠯᠪᠤᠭᠳᠠᠯ ᠪᠦᠬᠦᠢ ᠠᠵᠤ ᠦᠢᠯᠡᠰ ᠤᠨ ᠵᠤᠬᠢᠴᠠᠯᠳᠤᠨ ᠬᠥᠭᠵᠢᠬᠦ ᠶᠢ | ᠠᠬᠢᠭᠤᠯᠬᠤ ᠬᠡᠷᠡᠭᠲᠡᠢ ᠭᠡᠪᠡ᠃ | ᠹᠦ᠋ ᠲᠠᠢ ᠽᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ | ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠴᠢᠩᠭᠠᠳᠬᠠᠵᠤ᠂ ᠣᠷᠣᠰ ᠮᠣᠩᠭᠤᠯ ᠲᠠᠢ ᠬᠠᠮᠲᠤᠷᠠᠯᠴᠠᠬᠤ | ᠲᠣᠭᠲᠠᠴᠠ ᠪᠠᠨ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠲᠥᠯᠥᠪᠵᠢᠭᠦᠯᠭᠡ ᠪᠣᠯᠣᠨ ᠲᠥᠰᠥᠪ ᠢ ᠰᠠᠶᠢᠲᠤᠷ | ᠨᠠᠶᠢᠷᠠᠭᠤᠯᠤᠨ ᠵᠣᠬᠢᠶᠠᠵᠤ᠂ ᠤᠬᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠤᠮᠠᠷ᠎ᠠ ᠲᠡᠶᠢᠰᠢ ᠨᠡᠭᠡᠭᠡᠬᠦ | ᠴᠢᠬᠤᠯᠠ ᠬᠦᠭᠦᠷᠭᠡ ᠪᠠ ᠠᠮᠢᠵᠢᠷᠠᠯ ᠤᠨ ᠬᠦᠴᠦᠨ ᠪᠢᠯᠬᠠᠮ᠎ᠠ ᠬᠢᠯᠢ ᠳᠠᠭᠠᠤ ᠣᠷᠣᠨ ᠤ ᠠᠵᠤ ᠠᠬᠤᠢ ᠶᠢᠨ ᠪᠦᠰᠡ ᠶᠢ | ᠲᠦᠷᠭᠡᠬᠡᠨ ᠪᠠᠶᠢᠭᠤᠯᠬᠤ ᠬᠡᠷᠡᠭᠲᠡᠢ ᠭᠡᠵᠡᠢ᠂ ᠬᠤᠷᠠᠯ ᠳᠤ᠂ ︽ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠪᠠᠶᠢᠭᠤᠯᠤᠮᠵᠢ ᠪᠠ ᠡᠭᠦᠷᠭᠡ ᠬᠠᠷᠢᠭᠤᠴᠠᠯᠭ᠎ᠠ︾ ︽ᠥᠪᠡᠷᠳᠡᠭᠡᠨ ᠵᠠᠰᠠᠬᠤ ᠣᠷᠣᠨ ᠤ ︿ᠲᠣᠷᠭᠠᠨ ᠵᠠᠮ ᠤᠨ ᠠᠵᠤ | ᠠᠬᠤᠢ ᠶᠢᠨ ᠪᠦᠰᠡ﹀ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠴᠢᠬᠤᠯᠠ ᠶᠡᠭᠡ ᠲᠦᠷᠦᠯ ᠵᠦᠢᠯ ᠤᠨ | ᠨᠥᠭᠡᠴᠡ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠰᠤᠳᠤᠯᠤᠨ ᠪᠠᠲᠤᠯᠠᠪᠠ᠃ |