ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠤ ᠤᠰᠤᠨ ᠭᠠᠷᠤᠯᠲᠠ ᠶᠢᠨ  ᠦᠷᠲᠡᠭᠡᠨ  ︵ᠭᠠᠵᠠᠷ᠂ ᠰᠠᠯᠪᠤᠷᠢ︶ ᠳᠠᠷᠤᠭ᠎ᠠ ᠨᠠᠷ ᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2015/11/20
     ᠪᠦᠬᠦ ᠤᠯᠤᠰ ᠤᠨ ᠵᠢᠭᠠᠰᠤᠨ ᠠᠵᠤ ᠠᠬᠤᠶ ᠶᠢᠨ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠪᠣᠯᠣᠨ ︽ᠤᠳᠤ ᠦᠶ᠎ᠡ ᠶᠢᠨ ᠵᠢᠭᠠᠰᠤᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠤᠳᠤ ᠦᠶ᠎ᠡ ᠶᠢᠨ ᠵᠢᠭᠠᠰᠤᠨ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠤᠰᠠᠳᠠ᠂ 2015 ᠣᠨ ᠤ 11 ᠳ᠋ᠦ᠋ᠭᠡᠷ ᠰᠠᠷ᠎ᠠ ᠶᠢᠨ 13᠎ ᠤ ᠡᠳᠦᠷ᠂ ᠬᠦᠬᠡᠬᠤᠲᠠ ᠳᠤ ᠪᠦᠬᠦ ᠣᠷᠣᠨ ᠤ ᠤᠰᠤᠨ ᠭᠠᠷᠤᠯᠲᠠ ᠶᠢᠨ ᠦᠷᠲᠡᠭᠡᠨ ︵ᠰᠠᠯᠪᠤᠷᠢ᠂ ᠭᠠᠵᠠᠷ︶ ᠳᠠᠷᠤᠭ᠎ᠠ ᠨᠠᠷ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠶᠢᠨ ᠤᠰᠤᠨ ᠭᠠᠷᠤᠯᠲᠠ ᠶᠢᠨ ᠦᠷᠲᠡᠭᠡᠨ ︵ᠰᠠᠯᠪᠤᠷᠢ᠂ ᠭᠠᠵᠠᠷ︶᠎ ᠤ ᠬᠠᠷᠢᠭᠤᠴᠠᠯᠭᠠᠲᠠᠳ᠂ ᠲᠢᠩᠬᠢᠮ ᠤᠨ ᠬᠠᠷᠢᠶ᠎ᠠ ᠵᠢᠭᠠᠰᠤᠨ ᠠᠵᠤ ᠠᠬᠤᠶ ᠶᠢᠨ ᠬᠤᠶᠠᠳᠤᠭᠠᠷ ᠱᠠᠲᠤᠨ ᠤ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠵᠢᠭᠠᠰᠤᠨ ᠠᠵᠤ ᠠᠬᠤᠶ ᠶᠢᠨ  ᠲᠣᠪᠴᠢᠶᠠᠨ ᠤ ᠪᠦᠬᠦ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠦᠬᠦ ᠤᠯᠤᠰ ᠤᠨ ᠵᠢᠭᠠᠰᠤᠨ ᠠᠵᠤ ᠠᠬᠤᠶ ᠶᠢᠨ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2015 ᠣᠨ ᠤ ᠲᠦᠷᠦᠭᠦᠦ ᠭᠤᠷᠪᠠᠨ ᠤᠯᠠᠷᠢᠯ ᠤᠨ ᠵᠢᠭᠠᠰᠤᠨ ᠠᠵᠤ ᠠᠬᠤᠶ ᠶᠢᠨ ᠠᠵᠢᠯ ᠢ ᠡᠷᠭᠢᠴᠡᠭᠦᠯᠦᠨ᠂ ᠣᠳᠣᠬᠠᠨ ᠤ ᠵᠢᠭᠠᠰᠤᠨ ᠠᠵᠤ ᠠᠬᠤᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠮᠠᠨ ᠤ ᠣᠷᠣᠨ ᠤ ᠤᠳᠤ  ᠦᠶ᠎ᠡ ᠶᠢᠨ ᠵᠢᠭᠠᠰᠤᠨ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠪᠠᠶᠢᠷᠢᠯᠠᠭᠤᠯᠤᠯᠲᠠ ᠬᠢᠪᠡ᠄ ᠨᠢᠭᠡ ᠳᠤ ᠠᠮᠢ ᠠᠬᠤᠶ ᠶᠢ ᠡᠩ ᠲᠡᠷᠢᠭᠦᠨ ᠳᠤ ᠲᠠᠯᠪᠢᠬᠤ ᠬᠦᠭᠵᠢᠭᠦᠯᠦᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠲᠡᠵᠢᠭᠡᠬᠦ ᠪᠠᠷ ᠭᠤᠣᠯ ᠪᠣᠯᠭᠠᠬᠤ︾ ᠬᠥᠭᠵᠢᠯᠲᠡ ᠶᠢᠨ ᠴᠢᠭᠯᠡᠯᠲᠡ ᠶᠢ ᠪᠠᠷᠢᠮᠲᠠᠯᠠᠵᠤ᠂ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠠᠮᠢ ᠠᠬᠤᠶ ᠶᠢᠨ ᠬᠡᠯᠪᠡᠷᠢ᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠤᠰᠦᠠ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠭᠦᠯᠦᠨ᠎ᠡ᠃  ᠵᠢᠭᠠᠰᠤᠨ ᠣᠩᠭᠤᠴᠠ ᠪᠣᠯᠣᠨ ᠵᠢᠭᠠᠰᠤ ᠠᠩᠨᠠᠬᠤ ᠪᠠᠭᠠᠵᠢ ᠬᠡᠷᠡᠭᠯᠡᠭᠦᠷ ᠤᠨ ᠳᠦᠷᠢᠮᠵᠢᠭᠰᠡᠨ ᠬᠠᠮᠢᠶᠠᠷᠣᠯᠲᠠ ᠶᠢ ᠴᠢᠩᠭᠠᠳᠬᠠᠵᠤ᠂ ᠵᠢᠭᠠᠰᠤ ᠥᠨᠵᠢᠭᠦᠯᠦᠨ ᠠᠩᠨᠠᠬᠤ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠦᠷᠡᠵᠢᠭᠦᠯᠬᠦ ᠪᠠ ᠤᠰᠤᠨ ᠳᠤ ᠨᠢ ᠪᠤᠴᠠᠭᠠᠬᠤ ᠡᠷᠴᠢᠮ ᠢ ᠴᠢᠩᠭᠠᠷᠠᠭᠤᠯᠵᠤ᠂ ᠪᠠᠶᠢᠭᠠᠯᠢᠯᠢᠭ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠪᠣᠯᠣᠨ ᠣᠷᠴᠢᠨ  ᠲᠣᠭᠤᠷᠢᠨ ᠢ ᠰᠠᠶᠢᠲᠤᠷ ᠬᠠᠮᠠᠭᠠᠯᠠᠨ᠎ᠠ᠃ ᠬᠤᠶᠠᠷ ᠲᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠡ ᠶᠢ ᠲᠦᠷᠭᠡᠳᠬᠡᠬᠦ ᠬᠡᠷᠡᠭᠲᠡᠢ᠃ ᠡᠭᠦᠯᠳᠡᠷ ᠤᠨ ᠪᠦᠲᠦᠴᠡ᠂ ᠲᠡᠵᠢᠭᠡᠨ ᠦᠷᠡᠵᠢᠭᠦᠯᠬᠦ ᠵᠠᠭᠪᠤᠷ ᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤᠨ ᠭᠠᠷᠤᠯᠲᠠ ᠶᠢᠨ ᠪᠣᠯᠪᠠᠰᠤᠷᠠᠭᠤᠯᠤᠯᠲᠠ᠂ ᠭᠦᠢᠯᠭᠡᠭᠡ ᠪᠣᠯᠣᠨ ᠰᠡᠯᠡᠭᠦᠴᠡᠯ ᠤᠨ ᠵᠢᠭᠠᠰᠤᠨ ᠤ ᠠᠵᠤ ᠠᠬᠤᠶ ᠶᠢ ᠬᠦᠭᠵᠢᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ᠎ᠠ᠃  ᠭᠤᠷᠪᠠ ᠳᠤ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠳᠡᠰ ᠳᠡᠪᠰᠢᠭᠦᠯᠬᠦ ᠬᠥᠳᠡᠯᠭᠡᠭᠦᠷ ᠪᠣᠯᠭᠠᠬᠤ ᠬᠡᠷᠡᠭᠲᠡᠶ᠃ ᠵᠠᠩᠭᠢᠯᠠᠭ᠎ᠠ ᠶᠢᠨ ᠮᠡᠷᠭᠡᠵᠢᠯ ᠢ ᠣᠷᠣᠭᠤᠯᠬᠤ᠂ ᠲᠡᠭᠦᠯᠳᠡᠷᠵᠢᠭᠦᠯᠬᠦ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠰᠢᠨ᠎ᠡ ᠶᠢ ᠡᠭᠦᠳᠬᠦ ᠶᠢ ᠬᠤᠷᠠᠮᠳᠤᠭᠤᠯᠬᠤ ᠶᠢ ᠰᠠᠶᠢᠲᠤᠷ ᠠᠳᠬᠤᠵᠤ᠂ ᠵᠢᠭᠠᠰᠤᠴᠢᠳ ᠤᠨ  ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠦᠷᠪᠡ ᠳᠤ ᠬᠠᠤᠯᠢ ᠶᠣᠰᠣᠭᠠᠷ ᠵᠢᠭᠠᠰᠤᠨ ᠠᠵᠤ ᠠᠬᠤᠶ ᠶᠢ ᠬᠦᠭᠵᠢᠭᠦᠯᠵᠦ ᠬᠠᠤᠯᠢ ᠶᠤᠰᠤᠭᠠᠷ ᠵᠢᠭᠠᠰᠤᠨ ᠠᠵᠤ ᠠᠬᠤᠶ ᠶᠢ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠵᠢᠭᠠᠰᠤᠨ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠠᠮᠢᠶᠠᠷᠬᠤ ᠶᠢ ᠪᠠᠷᠢᠮᠲᠠᠯᠠᠵᠤ᠂ ᠤᠯᠤᠰ ᠪᠠ ᠲᠠᠷᠢᠶᠠᠯᠠᠩ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠤ ᠳᠠᠷᠠᠭᠠᠬᠢ ᠡᠷᠬᠡ ᠶᠢᠨ ᠠᠪᠴᠠᠯᠳᠤᠯ ᠪᠠ ᠳᠠᠷᠠᠭᠠᠴᠢ ᠶᠢᠨ ᠬᠢᠨᠠᠨ  ᠬᠠᠮᠢᠶᠠᠷᠤᠯᠲᠠ ᠶᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠡᠩᠨᠡᠭᠡ᠂ ᠬᠠᠤᠯᠢ ᠬᠡᠷᠡᠭᠵᠢᠭᠦᠯᠬᠦ ᠲᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ  ᠳᠡᠭᠡᠭᠰᠢᠯᠡᠭᠦᠯᠦᠨ᠎ᠡ᠃ ᠲᠠᠪᠤ ᠳᠤ ᠵᠢᠭᠠᠰᠤᠨ ᠠᠵᠤ ᠠᠬᠤᠶ ᠶᠢᠨ ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︽ᠭᠤᠷᠪᠠᠨ ᠴᠢᠩᠭ᠎ᠠ ᠭᠤᠷᠪᠠᠨ ᠪᠣᠳᠠᠲᠠᠶ ᠪᠠᠶᠢᠬᠤ︾ ᠱᠠᠭᠠᠷᠳᠠᠯᠭ᠎ᠠ ᠶᠣᠰᠣᠭᠠᠷ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠠᠶᠢᠳᠠᠯ ᠢ ᠰᠤᠳᠤᠯᠤᠨ ᠮᠠᠭᠠᠳᠯᠠᠬᠤ᠂ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠬᠦ᠂  ᠳᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠣᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃      ᠬᠤᠷᠠᠯ ᠳᠡᠭᠡᠷ᠎ᠡ ᠵᠢᠭᠠᠰᠤᠨ ᠠᠵᠤ ᠠᠬᠤᠶ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠄ ᠡᠯ᠎ᠡ ᠠᠶᠢᠮᠠᠭ ᠬᠤᠳᠠ ᠨᠤᠭᠤᠳ ︽13 · 5︾᠎ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ᠂ ᠴᠢᠬᠤᠯᠠ ᠪᠣᠯᠬᠤ ᠤᠰᠦᠠ ᠤ ᠵᠢᠭᠠᠰᠤᠨ ᠠᠵᠤ ᠠᠬᠤᠶ ᠶᠢᠨ ᠬᠠᠮᠢᠶᠠᠷᠤᠯᠲᠠ᠂ ᠵᠢᠭᠠᠰᠤᠨ ᠠᠵᠤ ᠠᠬᠤᠶ ᠶᠢᠨ ᠡᠯ᠎ᠡ ᠲᠥᠷᠥᠯ ᠵᠦᠢᠯ ᠎ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠪᠣᠯᠤᠨ ᠤᠰᠤᠨ ᠭᠠᠷᠤᠯᠲᠠ ᠶᠢᠨ ᠶᠠᠰᠤ ᠴᠢᠨᠠᠷ ᠤᠨ  ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠭᠡᠨᠡᠳᠲᠡ ᠶᠢᠨ ᠬᠡᠷᠡᠭ ᠢ  ᠲᠣᠬᠢᠲᠠᠢ ᠰᠢᠢᠳᠪᠦᠷᠢᠯᠡᠵᠦ᠂ ᠵᠢᠭᠠᠰᠤᠨ ᠠᠵᠤ ᠠᠬᠤᠶ ᠶᠢᠨ ᠲᠤᠭ᠎ᠠ ᠪᠦᠷᠢᠳᠬᠡᠯ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢ ᠨᠢᠭᠡᠳᠦᠯᠲᠡᠶ ᠠᠰᠢᠭᠯᠠᠬᠤ ᠠᠵᠢᠯ᠂ ᠡᠪᠦᠯᠵᠢᠬᠦ ᠪᠠ ᠡᠪᠦᠯ ᠤᠨ ᠤᠯᠠᠷᠢᠯ ᠤᠨ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠤᠨ ᠠᠶᠤᠯ ᠦᠭᠡᠢ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ 2015 ᠣᠨ ᠤ ᠠᠵᠢᠯ ᠢᠶᠠᠨ ᠰᠠᠶᠢᠲᠤᠷ ᠳ᠋ᠦᠩᠨᠡᠵᠦ 2016 ᠣᠨ ᠤ ᠠᠵᠢᠯ ᠤᠨ ᠰᠠᠶᠢᠲᠤᠷ ᠲᠣᠬᠢᠷᠠᠭᠤᠯᠵᠤ᠂ ᠤᠳᠤ ᠦᠶ᠎ᠡ ᠶᠢᠨ ᠵᠢᠭᠠᠰᠤᠨ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号