ᠥᠪᠥᠷ ᠮᠣᠩᠭᠤᠯ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠬᠥᠭᠦᠷᠭᠡᠨ ᠪᠠᠬᠢᠯᠡᠯᠲᠡ ᠶᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2015/11/20
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠨᠠᠶᠢᠷᠠᠭᠤᠯᠤᠨ ᠵᠣᠬᠢᠶᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠬᠥᠭᠦᠷᠭᠡᠨ ᠪᠠᠬᠢᠯᠡᠯᠲᠡ ᠪᠣᠯᠤᠨ ᠬᠢᠯᠢ ᠳᠠᠭᠠᠤ ᠠᠵᠤ ᠠᠬᠤᠶ ᠶᠢᠨ ᠪᠦᠰᠡ ᠶᠢ ᠪᠦᠳᠦᠭᠡᠨ ᠪᠠᠶᠢᠭᠤᠯᠬᠤ ᠲᠥᠯᠥᠪᠵᠢᠭᠦᠯᠭᠡ︾᠎ ᠶᠢ ᠣᠷᠴᠢᠮᠬᠠᠨ ᠤᠯᠤᠰ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠠᠴᠠ ᠴᠣᠬᠤᠯᠠᠪᠤᠷᠢᠯᠠᠪᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠵᠡᠬᠦ ᠪᠠᠷ᠂ ︽ᠲᠥᠯᠥᠪᠵᠢᠭᠦᠯᠭᠡ︾  ᠎ ᠨᠢ ︽ᠨᠢᠭᠡ ᠪᠦᠰᠡ ᠨᠢᠭᠡ ᠵᠠᠮ︾᠎ ᠤᠨ ᠤᠯᠤᠰ ᠤᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ᠂ ︽ᠬᠢᠯᠢ ᠳᠠᠭᠠᠤ ᠭᠠᠵᠠᠷ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠥᠯᠥᠪᠵᠢᠭᠦᠯᠭᠡ︾ ᠵᠡᠷᠭᠡ ᠤᠯᠤᠰ ᠤᠨ ᠲᠥᠯᠥᠪᠵᠢᠭᠦᠯᠭᠡ ᠲᠠᠢ ᠪᠦᠬᠦ ᠲᠠᠯ᠎ᠠ ᠪᠠᠷ ᠨᠡᠶᠢᠴᠡᠵᠦ᠂ ︽ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠭᠦᠨᠵᠡᠭᠡᠶ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾᠂ ︽ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠲᠦᠷᠭᠡᠳᠬᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ᠵᠡᠷᠭᠡ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠤᠨ ᠶᠡᠷᠦᠩᠬᠡᠶ ᠱᠠᠭᠠᠷᠳᠠᠯᠭ᠎ᠠ ᠳᠤ ᠨᠡᠶᠢᠴᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠳᠠᠯᠳᠠ ᠬᠦᠴᠦᠨ ᠢ ᠨᠡᠮᠡᠭᠳᠡᠭᠦᠯᠬᠦ᠂ ᠤᠯᠤᠰ ᠤᠳ ᠤᠨ ᠪᠦᠬᠦ ᠲᠠᠯ᠎ᠠ ᠪᠠᠷ ᠭᠠᠳᠠᠭᠰᠢ ᠨᠡᠭᠡᠭᠡᠯᠲᠡ ᠬᠢᠬᠦ ᠪᠠᠶᠢᠷᠢᠰᠢᠯ ᠢ ᠲᠡᠭᠦᠯᠳᠡᠷᠵᠢᠭᠦᠯᠬᠦ᠂ ᠬᠥᠷᠰᠢ ᠤᠯᠤᠰ ᠤᠨ ᠬᠤᠭᠤᠷᠣᠨᠳᠣᠬᠢ ᠪᠣᠳᠠᠲᠤ ᠠᠵᠢᠯᠯᠠᠭ᠎ᠠ ᠶᠢ ᠡᠷᠬᠢᠮᠯᠡᠬᠦ ᠨᠥᠬᠦᠷᠰᠡᠭ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ᠂ ᠬᠢᠯᠢ ᠬᠢᠵᠠᠭᠠᠷ ᠤᠨ ᠡᠶ᠎ᠡ ᠵᠣᠬᠢᠴᠠᠯ ᠲᠠᠢ  ᠬᠥᠭᠵᠢᠨ ᠠᠮᠤᠷ ᠲᠦᠪᠰᠢᠨ ᠲᠣᠭᠲᠠᠭᠤᠨ ᠪᠠᠶᠢᠬᠤ ᠪᠠᠶᠢᠳᠠᠯ ᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠴᠣᠬᠤᠯᠠᠪᠤᠷᠢ ᠠᠴᠠ ᠮᠠᠨ ᠤ ᠣᠷᠣᠨ ᠤ ᠤᠷᠤᠰ ᠮᠣᠩᠭᠤᠯ ᠢ ᠬᠤᠯᠪᠣᠨ ᠨᠡᠪᠲᠡᠷᠡᠭᠦᠯᠬᠦ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤ ᠶᠢ ᠪᠦᠲᠦᠭᠡᠨ ᠪᠠᠶᠢᠭᠤᠯᠬᠤ ᠬᠡᠷᠡᠭᠲᠡᠢ︔ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ ᠂ ᠨᠡᠭᠡᠭᠡᠯᠳᠡ ᠶᠢ ᠥᠷᠭᠡᠳᠬᠡᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠷ ᠳᠠᠮᠵᠢᠨ᠂ ᠪᠣᠭᠤᠮᠲᠠ ᠶᠢᠨ ᠠᠵᠤ ᠠᠬᠤᠶ ᠶᠢ ᠬᠥᠭᠵᠢᠭᠦᠯᠵᠦ᠂ ᠡᠯ᠎ᠡ ᠬᠦᠷᠢᠶ᠎ᠠ ᠴᠠᠷᠠᠭ᠎ᠠ ᠶᠢᠨ ᠬᠤᠷᠰᠢᠯᠴᠠᠭ᠎ᠠ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ︔ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶᠢᠷᠡᠨ ᠣᠷᠣᠯᠴᠠᠬᠤ ᠪᠠᠷ ᠠᠵᠠ ᠲᠣᠬᠢᠶᠠᠯ ᠪᠣᠯᠭᠠᠨ᠂ ᠬᠠᠷᠢᠴᠠᠩᠭᠤᠢ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠣᠷᠣᠨ ᠪᠠᠶᠢᠷᠢ ᠭᠠᠵᠢᠨ ᠬᠥᠭᠵᠢᠭᠦᠯᠵᠦ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠶ ᠭᠡᠪᠡ᠃ ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ︽ᠲᠥᠯᠥᠪᠵᠢᠭᠦᠯᠭᠡ︾᠎ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠴᠢᠩᠭᠠᠳᠬᠠᠵᠤ᠂ ︽ᠲᠥᠯᠥᠪᠵᠢᠭᠦᠯᠭᠡ︾᠎ ᠳᠤ ᠳᠤᠷᠠᠳᠤᠭᠰᠠᠨ ᠬᠠᠷᠠᠯᠲᠠ᠂ ᠡᠭᠦᠷᠭᠡ ᠪᠠ ᠱᠠᠭᠠᠷᠳᠠᠯᠭ᠎ᠠ ᠶᠣᠰᠣᠭᠠᠷ᠂ ᠪᠣᠳᠠᠲᠠᠶ ᠡᠭᠦᠷᠭᠡ ᠶᠢ ᠵᠠᠳᠠᠯᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠲᠥᠯᠥᠪᠵᠢᠭᠦᠯᠭᠡ︾᠎ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号