ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ | ᠦᠷᠭᠦᠯᠵᠢᠯᠡᠨ ᠳᠡᠮᠵᠢᠬᠦ ᠶᠠᠪᠤᠳᠠᠯ ᠢ ᠡᠳ᠋ ᠤᠨ ᠵᠠᠰᠠᠭ ᠤᠨ ᠳᠡᠮᠵᠢᠯᠭᠡ ᠶᠢᠨ ᠭᠤᠣᠯᠳᠠᠯᠭ᠎ᠠ ᠪᠠᠨ ᠪᠣᠯᠭᠠᠵᠤ᠂ ᠲᠥᠪ ᠤᠨ | ᠡᠳ᠋ ᠤᠨ ᠵᠠᠰᠠᠭ ᠠᠴᠠ ᠲᠤᠰᠬᠠᠶ ᠵᠦᠢᠯ ᠤᠨ ᠪᠡᠯᠡ ᠮᠥᠩᠭᠦ ᠵᠡᠷᠭᠡ ᠶᠢ ᠤᠯᠬᠤ ᠪᠠᠷ ᠳᠠᠮᠵᠢᠭᠤᠯᠤᠨ 24.4 | ᠳ᠋ᠦᠩᠰᠢᠭᠤᠷ ᠲᠦᠬᠦᠷᠢᠭ ᠪᠡᠯᠡ ᠮᠥᠩᠭᠦ ᠴᠤᠭᠯᠠᠭᠤᠯᠤᠭᠠᠳ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ | ᠰᠢᠨ᠎ᠡ ᠶᠢ ᠡᠭᠦᠳᠬᠦ ᠰᠠᠭᠤᠷᠢᠨ ᠭᠠᠵᠠᠷ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠪᠠᠷᠢᠴᠠᠭᠠᠨ ᠤ ᠮᠥᠩᠭᠦ | ᠲᠤᠰᠠᠯᠠᠬᠤ ᠵᠢᠭᠡᠯᠡᠯᠭᠡ︾᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠦᠭᠵᠢᠯᠲᠡ᠂ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠭᠦᠨᠵᠡᠭᠡᠶ ᠨᠡᠶᠢᠯᠡᠯ ᠵᠡᠷᠭᠡ ᠶᠢ | ᠲᠥᠪᠯᠡᠷᠡᠭᠦᠯᠦᠨ ᠳᠡᠮᠵᠢᠵᠦ᠂ ᠡᠳ᠋ ᠤᠨ ᠵᠠᠰᠠᠭ ᠠᠴᠠ ᠵᠢᠵᠢᠭ ᠪᠢᠴᠢᠯ ᠠᠵᠤ ᠠᠬᠤᠶᠢᠯᠠᠯ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠳᠡᠮᠵᠢᠬᠦ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠤᠨ᠎ᠠ᠃ | ᠤᠢᠢᠷ᠎ᠠ ᠶᠢᠨ ᠵᠢᠯ ᠳᠤ᠂ ᠮᠠᠨ ᠤ ᠣᠷᠣᠨ ᠤ ᠡᠳ᠋ ᠤᠨ ᠵᠠᠰᠠᠭ ᠠᠴᠠ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠪᠡᠯᠡ ᠮᠥᠩᠭᠦ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠤᠯᠠᠨ ᠳᠡᠰ | ᠳᠠᠪᠬᠤᠷᠭ᠎ᠠ ᠪᠠᠷ ᠠᠬᠢᠭᠤᠯᠤᠨ ᠪᠠᠶᠢᠭᠤᠯᠪᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ 2 — 3 ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ᠂ | ᠦᠢᠯᠡᠴᠢᠯᠡᠭᠡᠨ ᠤ ᠴᠢᠳᠠᠮᠵᠢ ᠪᠠᠷ ᠪᠦᠷᠢᠨ ᠲᠡᠭᠦᠯᠳᠡᠷ᠂ ᠣᠨᠴᠠᠯᠢᠭ ᠢᠶᠠᠷ ᠢᠯᠡ ᠲᠣᠳᠣ᠂ ᠠᠵᠢᠯᠯᠠᠭᠠᠨ ᠨᠢ ᠵᠢᠷᠤᠮᠵᠢᠯ | ᠲᠠᠢ᠂ ᠲᠦᠬᠦᠮ ᠮᠥᠷᠲᠡᠭᠡᠨ ᠲᠦᠷᠭᠡᠨ᠂ ᠨᠡᠶᠢᠭᠡᠮ ᠤᠨ ᠨᠦᠯᠦᠭᠡ ᠪᠠᠷ ᠶᠡᠭᠡ ᠪᠥᠭᠡᠳ ᠲᠦᠷᠦᠯ ᠲᠡᠮᠳᠡᠭ ᠤᠨ | ᠠᠯᠳᠠᠷᠰᠢᠯ ᠥᠨᠳᠥᠷ ᠳᠤᠮᠳᠠ ᠪᠠᠭ᠎ᠠ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ | ᠲᠣᠣᠷ ᠰᠦᠯᠵᠢᠶᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠲᠦᠭᠡᠨ ᠪᠠᠶᠢᠭᠤᠯᠤᠨ᠎ᠠ᠃ |