ᠥᠪᠥᠷ ᠮᠣᠩᠭᠤᠯ᠄ ᠠᠳᠠᠯ ᠦᠢᠯᠡᠰ ᠴᠣᠭᠴᠠᠯᠠᠬᠤ 6 ᠵᠦᠢᠯ ᠤᠨ ᠲᠥᠯᠥᠪᠯᠡᠭᠡ 100 ᠲᠦᠮᠡᠨ ᠬᠥᠮᠦᠨ ᠢ ᠳᠠᠶᠢᠴᠢᠯᠠᠨ ᠠᠵᠢᠯ ᠣᠯᠭᠤᠬᠤ ᠪᠣᠯᠤᠨ᠎ᠠ
ᠨᠡᠶᠢᠲᠡᠯᠡᠭᠰᠡᠨ ᠴᠠᠭ᠄
2015/11/20
     2016 ᠣᠨ ᠠᠴᠠ ᠡᠬᠢᠯᠡᠨ᠂ ᠥᠪᠥᠷ ᠮᠣᠩᠭᠤᠯ ︽ᠡᠭᠦᠳᠦᠭᠴᠢᠳ ᠤᠨ ᠬᠦᠰᠡᠯ ᠵᠡᠭᠦᠳᠦ ᠶᠢ ᠲᠡᠷᠭᠡᠯᠰᠢᠭᠦᠯᠬᠦ ᠲᠥᠯᠥᠪᠯᠡᠭᠡ᠂ ᠠᠳᠠᠯ ᠦᠢᠯᠡᠰ ᠴᠤᠭᠴᠠᠯᠠᠬᠤ ᠶᠢ ᠳᠠᠭᠠᠭᠤᠯᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠬᠦᠯᠡᠮᠵᠢ ᠪᠠᠶᠢᠭᠤᠯᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠪᠡᠯᠡ ᠲᠤᠬᠢᠷᠠᠭᠤᠯᠭ᠎ᠠ  ᠶᠢᠨ ᠰᠠᠭᠠᠳ ᠦᠭᠡᠢ ᠨᠡᠪᠲᠡᠷᠡᠭᠦᠯᠬᠦ ᠲᠥᠯᠥᠪᠯᠡᠭᠡ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ ᠂ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ︾ ᠵᠡᠷᠭᠡ 6 ᠲᠦᠯᠦᠪᠯᠡᠭᠡ ᠶᠢ ᠭᠤᠤᠯᠳᠠᠯᠭ᠎ᠠ ᠲᠠᠢ ᠵᠤᠬᠢᠶᠠᠨ ᠪᠠᠶᠢᠭᠤᠯᠵᠤ ᠬᠡᠷᠡᠭᠵᠢᠭᠦᠯᠵᠦ᠂ 2020 ᠣᠨ ᠪᠣᠯᠬᠤ ᠳᠤ᠂ ᠪᠦᠬᠦ ᠣᠷᠣᠨ ᠤ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ ᠰᠢᠨ᠎ᠡ ᠪᠠᠷ 30 ᠲᠦᠮᠡ ᠨᠡᠮᠡᠭᠳᠡᠭᠦᠯᠵᠦ᠂100 ᠲᠦᠮᠡ ᠠᠴᠠ ᠳᠡᠭᠡᠭᠰᠢ ᠬᠦᠮᠦᠨ ᠢ ᠳᠠᠶᠢᠴᠢᠯᠠᠨ ᠠᠵᠢᠯ ᠤᠯᠭᠤᠬᠤ ᠪᠠᠷ ᠴᠢᠷᠮᠠᠶᠢᠨ᠎ᠠ᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠠᠴᠠ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠢᠯ ᠤᠯᠭᠤᠬᠤ ᠴᠢᠳᠠᠪᠤᠷᠢ ᠰᠠᠶᠢᠲᠠᠢ ᠠᠵᠤ ᠦᠢᠯᠡᠰ ᠢ ᠦᠷᠭᠦᠯᠵᠢᠯᠡᠨ ᠬᠥᠭᠵᠢᠭᠦᠯᠬᠦ᠂ ᠵᠢᠱᠢᠶᠡᠯᠡᠪᠡᠯ᠂ ᠮᠥᠩᠭᠦᠨ ᠭᠦᠢᠯᠭᠡᠭᠡᠨ ᠤ ᠲᠦᠷᠢᠶᠡᠰᠦᠯᠡᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠤᠳᠦ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠣᠯᠤᠨ ᠵᠢᠭᠤᠯᠴᠢᠯᠠᠯ ᠰᠡᠯᠡᠭᠦᠴᠡᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠭᠡᠷ ᠪᠦᠯᠢ ᠶᠢᠨ ᠦᠢᠯᠡᠴᠢᠯᠡᠭᠡ᠂ ᠨᠡᠶᠢᠭᠡᠮ ᠤᠨ ᠠᠵᠢᠯ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠠᠵᠢᠯ ᠣᠯᠭᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠬᠦ ᠶᠢ ᠵᠤᠷᠢᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ᠋ ᠢ ᠪᠠᠶᠢᠭᠤᠯᠤᠨ᠎ᠠ᠃ ᠥᠪᠡᠷ ᠤᠨ ᠦᠷᠳᠡᠭ ᠤᠨ ᠳᠠᠪᠠᠭᠤᠯᠢᠭ ᠡᠬᠢ ᠪᠠᠶᠠᠯᠢᠭ ᠢ ᠡᠳ᠋ᠰᠢᠭᠦᠯᠬᠦ ᠬᠡᠯᠪᠡᠷᠢ᠂ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠬᠦᠷᠦᠩᠭᠡ ᠨᠢᠭᠲᠠᠷᠠᠭᠰᠠᠨ ᠬᠡᠯᠪᠡᠷᠢ᠂ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠬᠦᠲᠦᠯᠦᠨ ᠳᠠᠭᠠᠭᠤᠯᠵᠤ ᠥᠪᠥᠷ ᠮᠣᠩᠭᠤᠯ ᠲᠡᠰᠢ ᠰᠢᠯᠵᠢᠭᠦᠯᠵᠦ᠂ ᠬᠤᠶᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠳᠠᠯᠳᠠ ᠬᠦᠴᠦᠨ ᠢ ᠠᠭᠤᠳᠠᠯᠤᠨ᠎ᠠ᠃ ᠡᠭᠦᠨ ᠠᠴᠠ ᠭᠠᠳᠠᠨ᠎ᠠ᠂ ᠬᠦᠴᠦ ᠶᠠᠪᠤᠭᠴᠢ ᠮᠠᠯᠴᠢᠨ ᠲᠠᠷᠢᠶᠠᠴᠢᠳ ᠪᠡᠯᠡ ᠮᠥᠩᠭᠦ᠂ ᠤᠶᠤᠨ ᠤᠬᠠᠭᠠᠨ ᠪᠠ ᠲᠤᠷᠰᠢᠯᠭ᠎ᠠ ᠪᠠᠨ ᠠᠪᠴᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠵᠤᠷᠢᠭᠵᠢᠭᠤᠯᠬᠤ ᠶᠢᠨ ᠲᠦᠯᠦᠭᠡ᠂ ᠢᠷᠡᠬᠦ 5 ᠵᠢᠯ ᠳᠤ᠂ ᠥᠪᠡᠷᠲᠡᠭᠡᠨ ᠵᠠᠰᠠᠭ ᠣᠷᠣᠨ ᠲᠡᠳᠡᠨᠦᠰ ᠤᠨ ᠰᠢᠶᠠᠨ ᠤ ᠬᠡᠪᠴᠢᠶᠡᠨ ᠤ ᠠᠵᠤ ᠠᠬᠤᠶ ᠪᠠ ᠥᠪᠡᠷᠮᠢᠴᠡ ᠣᠨᠴᠠᠯᠢᠭ ᠲᠠᠢ ᠠᠵᠤ ᠠᠬᠤᠶ ᠳᠤ ᠲᠦᠰᠢᠭᠯᠡᠨ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂  ᠮᠠᠯ ᠲᠠᠷᠢᠶᠠᠯᠠᠩ ᠎ ᠤᠨ ᠪᠦᠲᠦᠭᠡᠭᠳᠡᠬᠦᠨ ᠤ ᠡᠳ᠋ᠰᠢᠭᠦᠯᠭᠡ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠵᠢᠭᠤᠯᠴᠢᠯᠠᠯ᠂ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠵᠡᠷᠭᠡ ᠰᠢᠨ᠎ᠡ ᠮᠠᠶ᠋ᠢᠭ ᠤᠨ ᠠᠵᠤ ᠠᠬᠤᠶ ᠶᠢᠨ ᠴᠣᠭᠴᠠ ᠶᠢ ᠡᠭᠦᠳᠦᠨ ᠪᠠᠶᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号