ᠡᠨᠡ ᠵᠢᠯ ᠤᠨ 1 —10 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠵᠥᠪᠰᠢᠶᠡᠷᠡᠭᠰᠡᠨ ᠪᠠᠶᠢᠭᠤᠯᠤᠭᠰᠠᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠨᠡᠶᠢᠲᠡ 39 ᠪᠠᠶᠢᠵᠤ᠂ | ᠡᠭᠦᠨ ᠳᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ 21᠂ ᠳᠤᠮᠳᠠᠳᠤ | ᠭᠠᠳᠠᠭᠠᠳᠤ ᠶᠢᠨ ᠬᠠᠮᠲᠤᠷᠠᠯᠴᠠᠭᠰᠠᠨ ᠠᠵᠤ ᠠᠬᠤᠶᠢᠯᠠᠯ 2᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ | ᠪᠡᠯᠡᠲᠦ ᠠᠵᠤ ᠠᠬᠤᠶᠢᠯᠠᠯ 16 ᠪᠤᠢ︔ ᠰᠢᠨ᠎ᠡ ᠪᠠᠷ ᠵᠥᠪᠰᠢᠶᠡᠷᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ | ᠨᠢ ᠭᠤᠣᠯᠳᠠᠭᠤ ᠰᠢᠶᠠᠩᠭᠠᠩ᠂ ᠺᠤᠷᠢᠶᠠ᠂ ᠣᠷᠣᠰ᠂ ᠮᠠᠦ᠋ᠷᠢᠲ᠋ᠢᠦ᠋ᠰ᠂ ᠺᠠᠶᠢᠮᠠᠨ ᠣᠯᠲᠣᠷᠢᠭ᠂ ᠮᠣᠩᠭᠤᠯ ᠵᠡᠷᠭᠡ | ᠤᠯᠤᠰ ᠠᠴᠠ ᠢᠷᠡᠯᠲᠡ ᠲᠠᠢ ᠪᠠᠶᠢᠨ᠎ᠠ᠃ ᠪᠤᠲᠠᠲᠠᠢ ᠬᠡᠷᠡᠭᠯᠡᠭᠰᠡᠨ ᠭᠠᠳᠠᠭᠠᠳᠤ ᠪᠡᠯᠡ 156687 ᠳ᠋ᠦᠩᠰᠢᠭᠤᠷ | ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ᠃ ᠠᠵᠢᠯ ᠲᠥᠷᠥᠯ ᠠᠴᠠ | ᠠᠪᠴᠤ ᠦᠵᠡᠪᠡᠯ᠂ ᠭᠤᠣᠯᠳᠠᠭᠤ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦᠨ | ᠰᠢᠲᠠᠭᠴᠢ ᠬᠡᠢ ᠬᠢᠭᠡᠳ ᠤᠰᠤ ᠬᠠᠩᠭᠠᠬᠤ ᠦᠢᠯᠡᠰ᠂ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ | ᠠᠬᠤᠢ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠲᠡᠮᠦᠷᠯᠢᠭ ᠪᠤᠰᠤ ᠶᠢ | ᠬᠠᠶᠢᠯᠠᠭᠤᠯᠬᠤ ᠪᠠ ᠬᠤᠨᠤᠭ᠂ ᠢᠳᠡᠭᠡᠨ ᠤᠮᠳᠠᠭᠠᠨ ᠤ ᠦᠢᠯᠡᠰ ᠲᠤ ᠲᠥᠪᠯᠡᠷᠡᠵᠦ᠂ ᠭᠠᠵᠠᠷ ᠣᠷᠣᠨ ᠤ | ᠲᠠᠷᠬᠠᠯᠲᠠ ᠠᠴᠠ ᠦᠵᠡᠪᠡᠯ᠂ ᠭᠤᠣᠯᠳᠠᠭᠤ ᠣᠷᠳᠣᠰ ᠬᠤᠲᠠ᠂ ᠬᠥᠬᠡᠬᠤᠲᠠ᠂ ᠪᠣᠭᠤᠲᠤ ᠬᠤᠲᠠ᠂ ᠪᠠᠶᠠᠨᠨᠠᠭᠤᠷ | ᠬᠤᠲᠠ᠂ ᠬᠥᠯᠥᠨ ᠪᠤᠶᠢᠷ ᠬᠤᠲᠠ᠂ ᠰᠢᠯᠢᠨ ᠭᠤᠣᠯ ᠠᠶᠢᠮᠠᠭ ᠪᠠ ᠬᠢᠩᠭᠠᠨ ᠠᠶᠢᠮᠠᠭ ᠲᠤ ᠲᠥᠪᠯᠡᠷᠡᠵᠦ ᠪᠤᠢ᠃ | |