ᠥᠪᠥᠷ ᠮᠣᠩᠭᠤᠯ ᠤᠨ 12 ᠠᠶᠢᠮᠠᠭ ᠬᠤᠲᠠ ᠶᠢᠨ 30 ᠭᠠᠷᠤᠢ ᠰᠤᠷᠭᠠᠭᠤᠯᠢ ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ᠡᠬᠢᠯᠡᠵᠦ    ᠴᠢᠨᠠᠷᠵᠢᠭᠤᠨ ᠵᠢᠭᠠᠨ ᠰᠤᠷᠭᠠᠯᠲᠠ ᠶᠢ ᠬᠠᠮᠲᠤᠪᠠᠷ ᠬᠤᠪᠢᠶᠠᠯᠴᠠᠵᠦ ᠪᠣᠢ
ᠨᠡᠶᠢᠲᠡᠯᠡᠭᠰᠡᠨ ᠴᠠᠭ᠄
2015/11/20
     ᠣᠶᠢᠷ᠎ᠠ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠳᠡᠭᠡᠳᠦ ᠳᠤᠮᠳᠠᠳᠤ ᠶᠢᠨ ᠨᠢᠭᠡᠳᠦᠭᠡᠷ ᠣᠨ ᠤ ᠬᠢᠲᠠᠳ ᠢᠶᠠᠷ ᠬᠢᠴᠢᠶᠡᠯᠯᠡᠬᠦ ᠬᠢᠴᠢᠶᠡᠯ ᠤᠨ ᠠᠭᠤᠯᠭ᠎ᠠ ᠢᠨᠲ᠋ᠧᠷ ᠰᠦᠯᠵᠢᠶᠡᠨ ᠤ ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ᠢ ᠭᠠᠳᠠᠭᠰᠢ ᠳᠠᠮᠵᠢᠭᠤᠯᠵᠤ᠂ ᠬᠡᠳᠦᠨ ᠮᠢᠩᠭᠠᠨ ᠭᠠᠵᠠᠷ ᠤᠨ ᠠᠯᠤᠰ ᠲᠠᠬᠢ ᠠᠶᠢᠮᠠᠭ ᠬᠤᠲᠠ ᠬᠤᠰᠢᠭᠤ ᠰᠢᠶᠠᠨ ᠤ ᠰᠤᠷᠭᠠᠭᠤᠯᠢ ᠶᠢᠨ ᠪᠠᠭᠰᠢ ᠰᠤᠷᠤᠭᠴᠢ ᠬᠢᠴᠢᠶᠡᠯ ᠢ ᠦᠵᠡᠨ ᠰᠤᠨᠤᠰᠴᠦ᠂ ᠠᠯᠣᠰ ᠠᠴᠠ ᠬᠢᠴᠢᠶᠡᠯ ᠢ ᠦᠨᠡᠯᠡᠡ ᠰᠣᠯᠢᠯᠴᠠᠵᠤ᠂ 10 ᠭᠠᠷᠤᠢ ᠰᠤᠷᠭᠠᠭᠤᠯᠢ ᠴᠢᠨᠠᠷᠵᠢᠭᠤᠨ ᠬᠢᠴᠢᠶᠡᠯ ᠢ ᠠᠳᠠᠯᠢ ᠨᠢᠭᠡᠨ ᠴᠠᠭ ᠲᠤ ᠬᠠᠮᠲᠤᠪᠠᠷ ᠬᠤᠪᠢᠶᠠᠯᠴᠠᠪᠠ᠃      ᠥᠪᠥᠷ ᠮᠣᠩᠭᠤᠯ ᠤᠨ ᠰᠠᠭᠤᠷᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠢᠵᠢᠯ ᠳᠠᠪᠲᠠᠮᠵᠢ ᠪᠠᠷ ᠨᠡᠪᠲᠡᠷᠡᠯᠴᠡᠬᠦ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠨ ᠺᠠᠢ ᠶᠢᠩ ᠤᠨ ᠲᠠᠨᠢᠯᠴᠠᠭᠤᠯᠤᠭᠰᠠᠨ ᠢᠶᠠᠷ᠄ ︽ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ᠨᠢ ᠮᠡᠳᠡᠭᠡ ᠵᠠᠩᠭᠢᠵᠢᠯᠲᠠ ᠶᠢᠨ ᠬᠡᠯᠪᠡᠷᠢ ᠶᠢ ᠠᠰᠢᠭᠯᠠᠨ ᠬᠤᠲᠠ ᠪᠠᠯᠭᠠᠰᠤ ᠶᠢᠨ ᠰᠤᠷᠭᠠᠭᠤᠯᠢ ᠶᠢᠨ ᠴᠢᠨᠠᠷᠵᠢᠭᠤᠨ ᠬᠢᠴᠢᠶᠡᠯ ᠢ ᠢᠵᠢᠯ ᠳᠠᠪᠲᠠᠮᠵᠢ ᠪᠠᠷ ᠬᠥᠳᠡᠭᠡ ᠲᠣᠰᠬᠤᠨ ᠤ ᠠᠨᠠᠢ ᠰᠤᠷᠭᠠᠭᠤᠯᠢ ᠳᠤ ᠳᠠᠮᠵᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠪᠠᠭᠰᠢ ᠰᠤᠷᠤᠭᠴᠢᠳ ᠰᠦᠯᠵᠢᠶᠡᠨ ᠳᠡᠭᠡᠷ᠎ᠡ ᠰᠤᠷᠤᠯᠴᠠᠬᠤ᠂ ᠵᠢᠭᠠᠨ ᠰᠤᠷᠭᠠᠯᠲᠠ ᠪᠠᠨ ᠨᠡᠪᠲᠡᠷᠡᠯᠴᠡᠬᠦ᠂ ᠢᠨᠲ᠋ᠧᠷ ᠰᠦᠯᠵᠢᠶ᠎ᠡ ᠪᠠᠷ ᠵᠢᠭᠠᠨ ᠰᠣᠳᠣᠯᠬᠤ᠂ ᠬᠥᠳᠡᠭᠡ ᠲᠣᠰᠬᠤᠨ ᠤ ᠰᠤᠷᠭᠠᠭᠤᠯᠢ ᠡᠷᠬᠢᠯᠡᠬᠦ ᠨᠥᠬᠦᠴᠡᠯ ᠵᠢᠭᠠᠨ ᠰᠤᠷᠭᠠᠯᠲᠠ ᠳᠤ ᠱᠠᠭᠠᠷᠳᠠᠭᠳᠠᠬᠤ ᠪᠠᠭᠰᠢ ᠬᠦᠷᠦᠯᠴᠡᠬᠦ ᠦᠭᠡᠢ ᠠᠰᠠᠭᠤᠳᠠᠯ ᠎ ᠢ ᠦᠨᠳᠦᠰᠦᠨ ᠳᠤ ᠨᠢ ᠬᠠᠩᠭᠠᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ ᠶᠢᠨ ᠬᠤᠭᠤᠷᠣᠨᠳᠤᠬᠢ ᠵᠥᠷᠢᠶ᠎ᠡ ᠶᠢ ᠪᠠᠭᠠᠰᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠢᠵᠢᠯ ᠳᠠᠪᠲᠠᠮᠵᠢ ᠪᠠᠷ ᠨᠡᠪᠲᠡᠷᠡᠯᠴᠡᠬᠦ ᠬᠡᠯᠪᠡᠷᠢ ᠪᠠᠷ ᠳᠠᠮᠵᠢᠨ᠂ ᠬᠤᠲᠠ ᠬᠥᠳᠡᠭᠡ ᠶᠢᠨ ᠴᠢᠨᠠᠷᠵᠢᠭᠤᠨ ᠬᠢᠴᠢᠶᠡᠯ ᠬᠦᠮᠦᠵᠢᠯ ᠤᠨ ᠡᠬᠢ ᠪᠠᠶᠠᠯᠢᠭ ᠢ ᠲᠦᠭᠡᠮᠡᠯᠵᠢᠭᠦᠯᠦᠨ ᠬᠠᠮᠲᠤᠪᠠᠷ ᠡᠳ᠋ᠯᠡᠬᠦ᠂ ᠬᠢᠴᠢᠶᠡᠯ ᠬᠦᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠨᠠᠢ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠦᠮᠦᠵᠢᠯ ᠤᠨ ᠲᠡᠩᠴᠡᠭᠦᠷᠢᠲᠡᠢ ᠪᠠᠷ ᠬᠦᠭᠵᠢᠬᠦ ᠶᠢ ᠠᠬᠢᠭᠤᠯᠬᠤ ᠪᠣᠯᠣᠨ᠎ᠠ︾᠃ ᠡᠨᠡ ᠵᠢᠯ ᠤᠨ 3 ᠳ᠋ᠤᠭᠠᠷ ᠰᠠᠷ᠎ᠠ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ︽︿ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ﹀᠎ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠭᠡ ᠶᠢ ᠠᠬᠢᠭᠤᠯᠬᠤ ᠲᠤᠬᠠᠢ ᠮᠡᠳᠡᠭᠳᠡᠯ︾᠎ ᠢ ᠲᠠᠷᠬᠠᠭᠠᠭᠰᠠᠨ ᠤ ᠳᠠᠷᠠᠭ᠎ᠠ᠂ ᠡᠯ᠎ᠡ ᠠᠶᠢᠮᠠᠭ ᠬᠤᠲᠠ ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠭᠡ ᠶᠢ ᠱᠠᠯᠠᠪᠳᠠᠨ ᠠᠬᠢᠭᠤᠯᠵᠤ᠂ ᠢᠵᠢᠯ ᠳᠠᠪᠲᠠᠮᠵᠢ ᠪᠠᠷ ᠨᠡᠪᠲᠡᠷᠡᠯᠴᠡᠬᠦ ᠢᠨᠲ᠋ᠧᠷ ᠰᠦᠯᠵᠢᠶᠡᠨ ᠤ ᠰᠤᠷᠭᠠᠨ ᠬᠥᠮᠥᠵᠢᠯ ᠤᠨ ᠵᠢᠭᠠᠨ ᠰᠤᠷᠭᠠᠯᠲᠠ ᠶᠢᠨ ᠰᠢᠨ᠎ᠡ ᠠᠯᠬᠤᠮ ᠢ ᠲᠦᠯᠬᠢᠨ ᠤᠷᠤᠭᠰᠢᠯᠠᠭᠤᠯᠵᠠᠢ᠃ 11 ᠳ᠋ᠦ᠋ᠭᠡᠷ ᠰᠠᠷ᠎ᠠ ᠪᠣᠯᠲᠠᠯ᠎ᠠ᠂ ᠪᠦᠬᠦ ᠣᠷᠣᠨ ᠤ 12 ᠠᠶᠢᠮᠠᠭ ᠬᠤᠲᠠ ᠶᠢᠨ 30 ᠭᠠᠷᠤᠢ ᠰᠤᠷᠭᠠᠭᠤᠯᠢ ᠵᠡᠷᠭᠡᠪᠡᠷ ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ᠡᠬᠢᠯᠡᠵᠦ ᠨᠡᠷᠡᠲᠦ ᠰᠤᠷᠭᠠᠭᠤᠯᠢ ᠶᠢᠨ ᠮᠣᠩᠭᠤᠯ ᠂ ᠬᠢᠲᠠᠳ ᠢᠶᠠᠷ ᠬᠢᠴᠢᠶᠡᠯᠯᠡᠬᠦ ᠴᠢᠨᠠᠷᠵᠢᠭᠤᠨ ᠬᠢᠴᠢᠶᠡᠯ ᠢ ᠬᠠᠮᠲᠤᠪᠠᠷ ᠬᠤᠪᠢᠶᠠᠯᠴᠠᠪᠠ᠂ ᠲᠡᠭᠦᠨ ᠤ ᠠᠭᠤᠯᠭ᠎ᠠ ᠨᠢ 9 ᠬᠢᠴᠢᠶᠡᠯ ᠢ ᠬᠠᠮᠤᠷᠴᠤ᠂ ᠵᠢᠱᠢᠭᠰᠡᠨ ᠢᠶᠠᠷ ᠵᠢᠯ ᠤᠨ ᠡᠴᠦᠰ ᠲᠤ᠂ ᠪᠦᠬᠦ ᠣᠷᠣᠨ ᠤ ︽ᠢᠵᠢᠯ ᠳᠠᠪᠲᠠᠮᠵᠢ ᠪᠠᠷ ᠨᠡᠪᠲᠡᠷᠡᠯᠴᠡᠬᠦ ᠬᠢᠴᠢᠶᠡᠯ ︾᠎ ᠤᠨ ᠪᠦᠲᠦᠮᠵᠢᠲᠠᠢ ᠬᠡᠷᠡᠭᠯᠡᠭᠡᠨ ᠤ ᠪᠦᠷᠬᠦᠬᠦ ᠨᠤᠷᠮ᠎ᠠ ᠨᠢ 60%᠎ ᠳᠤ ᠬᠦᠷᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号